ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ 2024 ᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠲᠤᠰᠬᠠᠢ ᠰᠡᠳᠦᠪᠲᠦ ᠢᠯᠡᠳᠭᠡᠯ ᠤᠨ ᠠᠩᠬᠠᠳᠠᠭᠴᠢ ᠲᠠᠶᠢᠯᠤᠮᠵᠢ ᠶᠢ ᠬᠢᠪᠡ
ᠨᠡᠶᠢᠲᠡᠯᠡᠭᠰᠡᠨ ᠴᠠᠭ᠄
2024/5/22
  5 ᠳ᠋ᠤᠭᠠᠷ ᠰᠠᠷ᠎ᠠ ᠶᠢᠨ 21 ᠤ ᠡᠳᠦᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ 2024 ᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠲᠤᠰᠬᠠᠢ ᠰᠡᠳᠦᠪᠲᠦ ᠢᠯᠡᠳᠭᠡᠯ ᠤᠨ ᠠᠩᠬᠠᠳᠠᠭᠴᠢ ᠲᠠᠶᠢᠯᠤᠮᠵᠢ ᠶᠢ ᠬᠢᠪᠡ᠃ ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠋ ᠮᠢᠨ ᠬᠤᠷᠠᠯ ᠳᠤ ᠣᠷᠣᠯᠴᠠᠭᠰᠠᠨ ᠪᠥᠭᠡᠳ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠢᠯᠡᠳᠭᠡᠯ ᠬᠢᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᠭᠦᠸᠧ ᠷᠦᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃  ᠢᠯᠡᠳᠭᠡᠯ ᠳᠤ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ ᠠᠭᠤᠯᠤᠭᠳᠠᠬᠤᠨ ᠡᠯᠪᠡᠭ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠢ᠂ ᠢᠯᠡ ᠲᠣᠳᠣ ᠪᠠᠶᠢᠵᠤ᠂ ᠦᠨᠡᠨ ᠪᠣᠳᠠᠲᠠᠢ ᠬᠡᠷᠡᠭᠯᠡᠵᠦ᠂ ᠰᠢᠰᠲ᠋ᠧᠮ ᠲᠠᠢ ᠪᠦᠷᠢᠨ ᠲᠡᠭᠦᠯᠳᠡᠷ᠂ ᠯᠣᠭᠢᠭ ᠨᠢᠭᠲᠠ ᠴᠢᠩᠭ᠎ᠠ᠂ ᠳᠣᠲᠣᠭᠠᠳᠤ ᠨᠢᠭᠡᠳᠦᠯᠲᠡᠢ ᠤᠨᠤᠯ ᠤᠨ ᠲᠣᠭᠲᠠᠯᠴᠠᠭ᠎ᠠ ᠪᠣᠯᠤᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠢ ᠬᠠᠩᠭᠠᠵᠤ᠂ ᠡᠨᠡ ᠬᠦ ᠴᠢᠬᠤᠯᠠ ᠦᠵᠡᠯ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠦᠢᠯᠡᠳᠦᠯᠭᠡᠵᠢᠭᠦᠯᠬᠦ ᠪᠣᠯ ᠦᠵᠡᠯ ᠰᠠᠨᠠᠭ᠎ᠠ ᠰᠤᠷᠲᠠᠯ ᠤᠬᠠᠭᠤᠯᠭ᠎ᠠ ᠰᠣᠶᠣᠯ ᠤᠨ ᠹᠷᠣᠨᠲ ᠤᠨ ᠵᠠᠪᠠᠯ ᠰᠤᠷᠬᠤ ᠬᠢᠴᠢᠶᠡᠯ ᠮᠥᠨ᠂ ᠤᠷᠳᠤ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠲᠣᠰ ᠤᠳᠠᠭᠠᠨ ᠤ ᠪᠣᠯᠪᠠᠰᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠲᠤᠰᠬᠠᠶ ᠰᠡᠳᠦᠪ ᠪᠣᠯᠭᠠᠵᠤ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠬᠦᠷᠢᠶᠡᠨ ᠳᠠᠬᠢ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠨᠠᠮ ᠤᠨ ᠭᠡᠰᠢᠭᠦᠨ ᠺᠠᠳ᠋ᠷᠴᠤᠳ ᠤᠨ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ ᠪᠠᠶᠢᠩᠭᠤᠵᠢᠭᠤᠯᠵᠤ ᠳᠦᠷᠢᠮᠵᠢᠭᠦᠯᠬᠦ ᠲᠣᠬᠢᠷᠠᠭᠤᠯᠤᠯᠲᠠ ᠮᠥᠨ ᠭᠡᠵᠡᠢ᠃  ᠢᠯᠡᠳᠭᠡᠯ ᠳᠤ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠪᠣᠯᠤᠨ ᠷᠠᠳᠢᠣ᠋ ᠲᠧᠯᠸᠢᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠡᠵᠡᠮᠳᠡᠬᠦ ᠬᠡᠷᠡᠭᠲᠡᠢ᠃ ᠨᠢᠭᠡ ᠳᠤ᠂ ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠷᠠᠳᠢᠣ᠋ ᠲᠧᠯᠸᠢᠰ ᠤᠨ ᠠᠵᠢᠯ ᠢ ᠦᠵᠡᠵᠦ ᠰᠣᠨᠣᠰᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠬᠤᠶᠠᠷ ᠲᠤ᠂ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ︽ᠡᠭᠡᠯ ᠠᠷᠠᠳ ᠤᠨ ᠭᠡᠷ ᠲᠤ ᠣᠷᠣᠭᠤᠯᠬᠤ︾ ᠶᠢ ᠶᠡᠭᠡ ᠪᠠᠷ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ ᠭᠤᠷᠪᠠ ᠳᠤ᠂ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ ᠴᠢᠨᠠᠷ ᠰᠠᠶᠢᠲᠠᠶ ᠬᠥᠭᠵᠢᠯᠲᠡ ᠪᠠᠷ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ ᠲᠦᠷᠪᠡ ᠳᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠵᠡᠵᠦ ᠰᠣᠨᠣᠰᠬᠤ ᠪᠦᠲᠦᠭᠡᠯ᠂ ᠡᠯ᠎ᠡ ᠲᠦᠷᠦᠯ ᠤᠨ ᠫᠷᠤᠭ᠍ᠷᠠᠮ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠵᠡᠷᠭᠡ ᠶᠢ ᠬᠦᠳᠦᠯᠦᠨ ᠵᠢᠯᠣᠭᠤᠳᠴᠤ ᠪᠠᠶᠢᠭᠠᠳ ᠵᠥᠪ ᠦᠷᠳᠡᠭ ᠤᠨ ᠬᠠᠨᠳᠤᠰᠢ ᠶᠢ ᠪᠤᠢ ᠪᠣᠯᠭᠠᠵᠤ᠂ ᠦᠨᠡᠨ ᠰᠠᠶᠢᠨ ᠰᠠᠶᠢᠬᠠᠨ ᠢ ᠪᠠᠳᠠᠷᠠᠭᠤᠯᠵᠤ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠲᠠᠪᠤ ᠳᠤ᠂ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠣᠷᠠᠬᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢᠨ ᠡᠷᠬᠡ ᠶᠢ ᠡᠵᠡᠮᠰᠢᠵᠦ᠂ ᠰᠢᠨ᠎ᠡ ᠮᠡᠷᠭᠡᠵᠢᠯ ᠰᠢᠨ᠎ᠡ ᠣᠶᠢᠯᠠᠭᠠᠭᠳᠠᠬᠤᠨ ᠢᠶᠠᠷ ᠤᠯᠠᠮᠵᠢᠯᠠᠯᠲᠤ ᠷᠠᠳᠢᠣ᠋ ᠲᠧᠯᠸᠢᠰ ᠢ ᠪᠠᠬᠢᠵᠢᠭᠦᠯᠦᠨ ᠳᠡᠭᠡᠭᠰᠢᠯᠡᠭᠦᠯᠵᠦ᠂ ᠵᠠᠭᠤᠴᠢᠯᠠᠭᠤᠷ ᠤᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠵᠢᠷᠭᠤᠭ᠎ᠠ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠷᠠᠳᠢᠣ᠋ ᠲᠧᠯᠸᠢᠰ ᠤᠨ ᠠᠷᠠᠳ ᠤᠨ ᠲᠥᠯᠥᠭᠡ ᠵᠢᠳᠬᠦᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠠᠮ ᠤᠨ ᠳᠠᠭᠤᠨ ᠢ ᠰᠠᠶᠢᠲᠤᠷ ᠳᠠᠮᠵᠢᠭᠤᠯᠵᠤ᠂ ᠠᠷᠠᠳ ᠤᠯᠠᠨ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠲᠤᠯᠤᠭ᠎ᠠ ᠳᠤ᠂ ᠤᠯᠠᠨ ᠤᠯᠤᠰ ᠤᠨ ᠳᠠᠮᠵᠢᠭᠤᠯᠭ᠎ᠠ ᠶᠢ ᠴᠢᠩᠭᠠᠳᠬᠠᠵᠤ᠂ ᠰᠢᠰᠲ᠋ᠧᠮ ᠲᠠᠢ ᠲᠥᠯᠥᠪᠵᠢᠭᠦᠯᠭᠡ ᠶᠢ ᠴᠢᠩᠭᠠᠳᠬᠠᠵᠤ᠂ ᠠᠷᠭ᠎ᠠ ᠪᠠᠷᠢᠯ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠤᠯᠤᠰ ᠤᠨ ᠦᠯᠢᠭᠡᠷ ᠢ ᠭᠠᠳᠠᠭᠠᠲᠤ ᠳᠤ ᠰᠠᠶᠢᠲᠤᠷ ᠶᠠᠷᠢᠬᠤ ᠬᠡᠷᠡᠭᠲᠡᠢ ᠭᠡᠵᠡᠢ᠃  ᠢᠯᠡᠳᠬᠡᠯ ᠳᠤ ᠴᠢᠬᠤᠯᠠᠴᠢᠯᠠᠭᠰᠠᠨ ᠨᠢ᠂ ᠭᠤᠣᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠭᠤᠷᠪᠠ ᠳᠥᠷᠪᠡ︾ ᠶᠢᠨ ᠠᠵᠢᠯ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ︽ᠤᠯᠠᠮᠵᠢᠯᠠᠯᠲᠤ ᠷᠠᠳᠢᠣ᠋ ᠲᠧᠯᠸᠢᠰ ᠢ ᠪᠠᠬᠢᠵᠢᠭᠦᠯᠦᠨ ᠳᠡᠭᠡᠭᠰᠢᠯᠡᠭᠦᠯᠵᠦ᠂ ᠵᠠᠭᠤᠴᠢᠯᠠᠭᠤᠷ ᠤᠨ ᠠᠭᠤᠰᠤᠯᠴᠠᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠡᠶᠢᠳᠬᠡᠬᠦ︾ ᠭᠤᠷᠪᠠᠨ ᠶᠡᠭᠡ ᠠᠵᠢᠯ ᠤᠨ ᠴᠢᠭᠯᠡᠯ ᠢ ᠡᠵᠡᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ 2024 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃  ᠢᠯᠡᠳᠭᠡᠯ ᠳᠤ ᠱᠠᠭᠠᠷᠳᠠᠭᠰᠠᠨ ᠨᠢ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠠᠷᠭ᠎ᠠ ᠶᠢ ᠡᠷᠬᠢᠮᠯᠡᠵᠦ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠷᠠᠭᠤᠯᠵᠤ᠂ ᠰᠤᠷᠤᠯᠴᠠᠯᠭ᠎ᠠ ᠪᠠᠨ ᠴᠢᠩᠭᠠᠳᠬᠠᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠠᠢ ᠦᠷ᠎ᠡ ᠪᠦᠲᠦᠮᠵᠢ ᠶᠢ ᠡᠷᠬᠢᠮᠯᠡᠵᠦ᠂ ᠰᠤᠷᠤᠯᠴᠠᠬᠤ᠂ ᠰᠡᠳᠬᠢᠬᠦ᠂ ᠠᠵᠢᠯᠯᠠᠬᠤ ᠶᠢ ᠦᠨᠡᠨ ᠬᠦ ᠤᠶᠠᠯᠳᠤᠭᠤᠯᠵᠤ᠂ ᠠᠬᠢᠭᠤᠯᠬᠤ ᠠᠵᠢᠯ ᠢ ᠲᠣᠭᠲᠠᠯᠴᠠᠭᠠᠵᠢᠭᠤᠯᠤᠨ᠂ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤ ᠲᠠᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃  ᠲᠣᠰ ᠤᠳᠠᠭᠠᠨ ᠤ ᠪᠣᠯᠪᠠᠰᠤᠷᠠᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠲᠤᠯᠤᠭᠠᠨ ᠲᠠᠯᠠᠪᠤᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠢᠯᠡᠳᠭᠡᠯ ᠢ ᠵᠣᠬᠢᠶᠠᠨ ᠪᠠᠶᠢᠭᠤᠯᠵᠤ᠂ 6 ᠳ᠋ᠤᠭᠠᠷ ᠰᠠᠷ᠎ᠠ ᠶᠢᠨ ᠠᠷᠪᠠᠳ ᠢᠶᠠᠷ ᠥᠨᠳᠦᠷᠯᠡᠨ᠎ᠡ᠃ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠠᠵᠢᠯᠲᠠᠨ᠂ ᠰᠢᠭᠤᠳ ᠬᠠᠷᠢᠶ᠎ᠠ ᠨᠢᠭᠡᠴᠢ ᠶᠢᠨ ᠭᠠᠵᠠᠷ ᠤᠨ ᠲᠠᠰ ︵ᠳᠤᠮᠳᠠ ᠳᠠᠪᠬᠤᠷᠭ᠎ᠠ︶ ᠵᠢᠴᠢ ᠲᠡᠭᠦᠨ ᠠᠴᠠ ᠳᠡᠭᠡᠭᠰᠢᠬᠢ ᠨᠠᠮ ᠤᠨ ᠭᠡᠰᠢᠭᠦᠨ᠂ ᠺᠠᠳ᠋ᠷ ᠪᠣᠯᠪᠠᠰᠤᠷᠠᠯ ᠳᠤ ᠣᠷᠣᠯᠴᠠᠪᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map