︽ᠥᠪᠥᠷ ᠮᠣᠩᠭᠤᠯ ᠤᠨ ︿ᠣᠶᠤᠨᠲᠤ ᠷᠠᠳᠢᠣ᠋ ᠲᠧᠯᠸᠢᠰ﹀ ᠤᠨ ᠰᠦᠯᠵᠢᠶᠡᠨ ᠤ ᠦᠢᠯᠡᠴᠢᠯᠡᠭᠡ ᠶᠢ ᠲᠣᠰᠬᠤᠨ ᠡᠷᠦᠬᠡ ᠳᠤ ᠣᠷᠣᠭᠤᠯᠬᠤ ᠪᠠ ︿ᠲᠧᠯᠸᠢᠰ ᠦᠵᠡᠬᠦ﹀ ᠶᠢ ︿ᠲᠧᠯᠸᠢᠰ ᠬᠡᠷᠡᠭᠯᠡᠬᠦ﹀ ᠪᠣᠯᠭᠠᠨ ᠬᠤᠪᠢᠷᠠᠭᠤᠯᠬᠤ ᠶᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/5/30
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ ᠂ ᠲᠣᠪᠴᠢᠶ᠎ᠠ ᠳᠤ᠄  ︽ᠥᠪᠥᠷ ᠮᠣᠩᠭᠤᠯ ᠤᠨ ︿ᠤᠶᠤᠨᠲᠤ ᠷᠠᠳᠢᠣ᠋ ᠲᠧᠯᠸᠢᠰ﹀ ᠤᠨ ᠰᠦᠯᠵᠢᠶᠡᠨ ᠤ ᠦᠢᠯᠡᠴᠢᠯᠡᠭᠡ ᠶᠢ ᠲᠣᠰᠬᠤᠨ ᠡᠷᠦᠬᠡ ᠳᠤ ᠣᠷᠣᠭᠤᠯᠬᠤ ᠪᠠ ︿ᠲᠧᠯᠸᠢᠰ ᠦᠵᠡᠬᠦ﹀ ᠶᠢ ︿ᠲᠧᠯᠸᠢᠰ ᠬᠡᠷᠡᠭᠯᠡᠬᠦ﹀ ᠪᠣᠯᠭᠠᠨ ᠬᠤᠪᠢᠷᠠᠭᠤᠯᠬᠤ ᠶᠢ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ2020 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ       ᠥᠪᠥᠷ ᠮᠣᠩᠭᠤᠯ ᠤᠨ ︿ᠣᠶᠤᠨᠲᠤ ᠷᠠᠳᠢᠣ᠋ ᠲᠧᠯᠸᠢᠰ﹀ ᠤᠨ ᠰᠦᠯᠵᠢᠶᠡᠨ ᠤ ᠦᠢᠯᠡᠴᠢᠯᠡᠭᠡ ᠶᠢ ᠲᠣᠰᠬᠤᠨ ᠡᠷᠦᠬᠡ ᠳᠤ ᠣᠷᠣᠭᠤᠯᠬᠤ ᠪᠠ ︿ᠲᠧᠯᠸᠢᠰ ᠦᠵᠡᠬᠦ﹀ ᠶᠢ ︿ᠲᠧᠯᠸᠢᠰ ᠬᠡᠷᠡᠭᠯᠡᠬᠦ﹀ ᠪᠣᠯᠭᠠᠨ ᠬᠤᠪᠢᠷᠠᠭᠤᠯᠬᠤ ᠶᠢ ᠬᠡᠷᠡᠭᠵᠢᠭᠦᠯᠬᠦ ᠲᠥᠰᠥᠯ        ᠶᠡᠷᠦᠩᠬᠡᠶ ᠱᠦᠵᠢ ᠰᠢ ᠶᠢᠨ ᠫᠢᠩ ᠤᠨ ︽ᠤᠶᠤᠨᠲᠤ ᠷᠠᠳᠢᠣ᠋ ᠲᠧᠯᠸᠢᠰ ᠤᠨ ᠵᠠᠭᠤᠴᠢᠯᠠᠭᠤᠷ ᠢ ᠪᠠᠶᠢᠭᠤᠯᠵᠤ᠂ ᠤᠶᠤᠨᠲᠤ ᠷᠠᠳᠢᠣ᠋ ᠲᠧᠯᠸᠢᠰ ᠤᠨ ᠰᠦᠯᠵᠢᠶ᠎ᠡ ᠶᠢ ᠬᠥᠭᠵᠢᠭᠦᠯᠬᠦ︾ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠷᠠᠳᠢᠣ᠋ ᠲᠧᠯᠸᠢᠰ ᠤᠨ ᠰᠦᠯᠵᠢᠶ᠎ᠡ ᠶᠢᠨ 5G ᠫᠠᠶᠢᠰᠠ ᠦᠨᠡᠮᠯᠡᠯ ᠤᠯᠬᠤ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ᠷᠠᠳᠢᠣ᠋ ᠲᠧᠯᠸᠢᠰ ᠤᠨ ᠰᠦᠯᠵᠢᠶ᠎ᠡ ᠶᠢᠨ ᠤᠯᠤᠰ ᠤᠨ ᠴᠢᠬᠤᠯᠠ ᠰᠠᠭᠤᠷᠢ ᠮᠡᠳᠡᠭᠡ ᠵᠠᠩᠭᠢ ᠶᠢᠨ ᠰᠦᠯᠵᠢᠶ᠎ᠡ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠴᠢᠬᠤᠯᠠ ᠵᠢᠭᠰᠠᠭᠠᠯ ᠤᠨ ᠭᠠᠵᠠᠷ ᠪᠣᠯᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠪᠥᠬᠦ ᠣᠷᠣᠨ ᠤ ᠠᠵᠢᠯ ᠤᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠶᠢᠨ ᠲᠤᠰᠠᠳᠠ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃  ᠨᠢᠭᠡ᠂ ᠵᠢᠯᠣᠭᠤᠳᠬᠤ ᠦᠵᠡᠯ ᠰᠠᠨᠠᠭ᠎ᠠ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠪᠥᠷ ᠮᠣᠩᠭᠤᠯ ᠤᠨ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠶᠢᠨ ᠳᠠᠮᠵᠢᠭᠤᠯᠬᠤ ᠪᠦᠷᠬᠦᠴᠡ ᠶᠢᠨ ᠳᠠᠪᠠᠭᠤᠯᠢᠭ᠂ ᠰᠦᠯᠵᠢᠶᠡᠨ ᠤ ᠠᠮᠤᠷ ᠲᠦᠪᠰᠢᠨ ᠤ ᠳᠠᠪᠠᠭᠤᠯᠢᠭ᠂ ᠦᠢᠯᠡᠴᠢᠯᠡᠭᠡᠨ ᠤ ᠴᠢᠳᠠᠪᠤᠷᠢ ᠶᠢᠨ ᠳᠠᠪᠠᠭᠤᠯᠢᠭ᠂ ᠲᠤᠬᠠᠶᠢᠯᠠᠭᠰᠠᠨ ᠠᠵᠢᠯ ᠤᠨ ᠰᠠᠭᠤᠷᠢ ᠳᠠᠪᠠᠭᠤᠯᠢᠭ ᠪᠣᠯᠤᠨ ᠢᠷᠡᠭᠡᠳᠦᠶ ᠶᠢᠨ ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠪᠥᠬᠦ ᠲᠠᠯ᠎ᠠ ᠪᠠᠷ ᠬᠠᠮᠤᠷᠤᠭᠰᠠᠨ᠂ ᠪᠣᠬᠢᠷᠲᠤᠯ ᠥᠬᠡᠶ ᠠᠮᠤᠷ ᠲᠦᠪᠰᠢᠨ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠶᠢ ᠪᠦᠲᠦᠭᠡᠨ ᠪᠠᠶᠢᠭᠤᠯᠬᠤ ᠪᠠᠷ ᠰᠠᠭᠤᠷᠢ ᠪᠣᠯᠭᠠᠵᠤ᠂ ᠷᠠᠳᠢᠣ᠋ ᠲᠧᠯᠸᠢᠰ ᠤᠨ ᠰᠦᠯᠵᠢᠶ᠎ᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠠᠭᠠᠭᠠᠬᠤ ᠪᠠᠷ ᠵᠢᠯᠣᠭᠤᠳᠤᠮᠵᠢ ᠪᠣᠯᠭᠠᠵᠤ᠂ ︽ᠲᠧᠯᠸᠢᠰ ᠦᠵᠡᠬᠦ︾ ᠶᠢ ︽ᠲᠧᠯᠸᠢᠰ ᠬᠡᠷᠡᠭᠯᠡᠬᠦ︾ ᠲᠡᠶᠢᠰᠢ ᠬᠤᠪᠢᠷᠠᠭᠤᠯᠬᠤ ᠪᠠ ᠪᠥᠬᠦ ᠲᠠᠯ᠎ᠠ ᠶᠢᠨ ᠤᠯᠤᠰ ᠲᠥᠷᠥ ᠶᠢᠨ ᠬᠡᠷᠡᠭᠯᠡᠯᠲᠡ᠂ ᠠᠷᠠᠳ ᠤᠨ ᠬᠡᠷᠡᠭᠯᠡᠭᠡ᠂ ᠬᠤᠳᠠᠯᠳᠤᠭᠠᠨ ᠤ ᠬᠡᠷᠡᠭᠯᠡᠭᠡᠨ ᠤ ᠦᠢᠯᠡᠴᠢᠯᠡᠭᠡ ᠶᠢ ᠬᠠᠩᠭᠠᠬᠤ ᠪᠠᠷ ᠭᠤᠤᠯᠳᠠᠯᠭ᠎ᠠ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠯᠲᠠ ᠶᠢᠨ ᠲᠣᠭᠲᠠᠯᠴᠠᠭ᠎ᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠣᠯᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠭᠡ ᠲᠠᠯ᠎ᠠ ᠳᠤ ᠪᠥᠬᠦ ᠲᠠᠯ᠎ᠠ ᠪᠠᠷ ᠦᠢᠯᠡᠴᠢᠯᠡᠨ᠎ᠡ᠃  ᠬᠤᠶᠠᠷ᠂ ᠦᠨᠳᠦᠰᠦᠨ ᠵᠠᠷᠴᠢᠮ  ︵ᠨᠢᠭᠡ︶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠶ᠃ ᠷᠠᠳᠢᠣ᠋ ᠲᠧᠯᠸᠢᠰ ᠤᠨ ᠦᠵᠡᠯ ᠤᠬᠠᠮᠰᠠᠷ ᠤᠨ ᠬᠡᠯᠪᠡᠷᠢ ᠶᠢᠨ ᠰᠢᠨᠵᠢ ᠴᠢᠨᠠᠷ ᠢ ᠪᠠᠲᠤ ᠡᠵᠡᠮᠳᠡᠵᠦ ᠂ ᠵᠥᠪ ᠤᠯᠤᠰ ᠲᠥᠷᠥ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠥᠷᠲᠡᠭ ᠤᠨ ᠬᠠᠨᠳᠤᠰᠢ ᠶᠢ ᠷᠠᠳᠢᠣ᠋ ᠲᠧᠯᠸᠢᠰ ᠤᠨ ᠠᠵᠢᠯ ᠤᠨ ᠰᠦᠭ ᠰᠦᠨᠡᠰᠦ ᠪᠣᠯᠭᠠᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢ ᠪᠠᠲᠤ ᠪᠣᠶ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠢᠳᠡᠪᠬᠢᠲᠡᠶ ᠠᠬᠢᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠵᠤ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠭᠦᠨᠵᠡᠭᠡᠶ ᠤᠬᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ᠂ ᠰᠣᠶᠣᠯ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠰᠣᠶᠣᠯ ᠤᠨ ᠲᠤᠯᠭᠠᠭᠤᠷᠢᠯᠠᠯ ᠬᠠᠩᠭᠠᠨ᠎ᠠ᠃  ︵ᠬᠤᠶᠠᠷ︶ ᠬᠡᠷᠡᠭᠴᠡᠭᠡ ᠪᠠᠷ ᠴᠢᠭᠯᠡᠯ ᠲᠣᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠦᠢᠯᠡᠳᠦᠯᠭᠡᠵᠢᠭᠦᠯᠵᠦ᠂ ᠠᠷᠠᠳ ᠣᠯᠠᠨ ᠤ ᠣᠷᠣᠨ ᠪᠦᠰᠡᠴᠢᠯᠡᠭᠰᠡᠨ᠂ ᠥᠪᠡᠷᠮᠢᠴᠡ᠂ ᠲᠣᠭᠲᠠᠭᠠᠵᠤ ᠬᠢᠬᠦ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠠᠭᠤᠯᠭ᠎ᠠ᠂ ᠠᠷᠭ᠎ᠠ ᠵᠠᠮ᠂ ᠲᠠᠪᠴᠠᠩ ᠤᠨ ᠡᠬᠢ ᠪᠠᠶᠠᠯᠢᠭ ᠢ ᠠᠭᠤᠰᠤᠯᠴᠠᠭᠤᠯᠤᠨ᠂ ᠴᠠᠭ ᠦᠶ᠎ᠡ ᠶᠢᠨ ᠣᠨᠴᠠᠯᠢᠭ᠂ ᠳᠤᠮᠳᠠᠳᠤ ᠤᠯᠤᠰ ᠤᠨ ᠵᠣᠷᠢᠭ ᠰᠠᠨᠠᠭ᠎ᠠ ᠪᠠ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠢᠯᠡᠷᠡᠭᠦᠯᠬᠦ ᠰᠣᠳᠣᠨ ᠠᠭᠤᠯᠭ᠎ᠠ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ︽ᠲᠧᠯᠸᠢᠰ ᠦᠵᠡᠬᠦ︾ ᠶᠢ ︽ᠲᠧᠯᠸᠢᠰ ᠬᠡᠷᠡᠭᠯᠡᠬᠦ︾ ᠲᠡᠶᠢᠰᠢ ᠬᠤᠪᠢᠷᠠᠭᠤᠯᠬᠤ ᠰᠢᠨ᠎ᠡ ᠶᠢ ᠡᠭᠦᠳᠬᠦ ᠶᠢ ᠠᠬᠢᠭᠤᠯᠵᠤ᠂ ᠥᠷᠭᠡᠨ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ ᠬᠤᠳᠠᠯᠳᠤᠭᠠᠨ ᠤ ᠶᠠᠪᠤᠳᠠᠯ᠂ ᠨᠡᠶᠢᠭᠡᠮ ᠠᠷᠠᠳ ᠤᠨ ᠠᠮᠢᠳᠤᠷᠠᠯ᠂ ᠰᠣᠨᠢᠨ ᠮᠡᠳᠡᠭᠡᠨ ᠤ ᠮᠡᠳᠡᠭᠡ ᠵᠠᠩᠭᠢ᠂ ᠲᠣᠭᠠᠴᠢᠯᠠᠭᠰᠠᠨ ᠵᠤᠭ᠎ᠠ ᠴᠡᠩᠭᠡᠯ᠂ ᠤᠶᠤᠨᠲᠤ ᠬᠡᠷ ᠤᠨ ᠡᠳ᠋ᠯᠡᠯ ᠬᠡᠷᠡᠭᠰᠡᠯ ᠵᠡᠷᠭᠡ ᠣᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ︽ᠤᠶᠤᠨᠲᠤ ᠷᠠᠳᠢᠣ᠋ ᠲᠧᠯᠸᠢᠰ︾ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠠᠶᠢᠪᠣᠩ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃  ︵ᠭᠤᠷᠪᠠ︶ ᠬᠡᠷᠡᠭᠯᠡᠭᠡᠨ ᠤ ᠴᠢᠭᠯᠡᠯ ᠢ ᠪᠠᠷᠢᠮᠲᠠᠯᠠᠬᠤ ᠬᠡᠷᠡᠭᠲᠡᠢ᠃ ᠰᠦᠯᠵᠢᠶᠡᠨ ᠤ ᠬᠦᠴᠦᠷᠬᠡᠭ ᠤᠯᠤᠰ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠢᠳᠡᠪᠬᠢᠲᠡᠢ ᠵᠣᠯᠭᠠᠭᠤᠯᠵᠤ᠂ ᠲᠧᠯᠸᠢᠰ ᠤᠨ ᠣᠷᠣᠭᠤᠯᠤᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠪᠠ ᠬᠡᠷᠡᠭᠯᠡᠭᠴᠢᠳ ᠤᠨ ᠥᠪᠡᠷᠮᠢᠴᠡ ᠬᠡᠷᠡᠭᠴᠡᠭᠡ ᠶᠢ ᠬᠠᠩᠭᠠᠬᠤ ᠪᠠᠷ ᠬᠦᠴᠦᠯᠡᠬᠦ ᠴᠡᠭ ᠪᠣᠯᠭᠠᠵᠤ᠂ ︽ᠤᠶᠤᠨᠲᠤ ᠷᠠᠳᠢᠣ᠋ ᠲᠧᠯᠸᠢᠰ +︾ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠦᠢᠯᠡᠳᠦᠯ ᠢ ᠪᠠᠳᠠᠷᠠᠭᠤᠯᠵᠤ᠂ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠳᠠᠮᠵᠢᠭᠤᠯᠭ᠎ᠠ ᠶᠢᠨ ᠠᠷᠭ᠎ᠠ ᠬᠡᠯᠪᠡᠷᠢ ᠶᠢ ᠭᠠᠭᠴᠠ ᠴᠢᠭᠯᠡᠯ ᠤᠨ ᠳᠠᠮᠵᠢᠭᠤᠯᠭ᠎ᠠ ᠪᠠᠶᠢᠭᠰᠠᠨ ᠠᠴᠠ ᠬᠤᠯᠪᠣᠯᠳᠤᠨ ᠨᠡᠪᠲᠡᠷᠡᠯᠴᠡᠬᠦ᠂ ᠬᠤᠣᠰ ᠴᠢᠭᠯᠡᠯ ᠢᠶᠠᠷ ᠬᠥᠳᠡᠯᠦᠯᠴᠡᠬᠦ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢ ᠱᠤᠭᠤᠮᠯᠢᠭ ᠴᠢᠨᠠᠷᠲᠠᠶ ᠫᠷᠤᠭ᠍ᠷᠠᠮ ᠠᠴᠠ ᠤᠯᠤᠰ ᠲᠥᠷᠥ ᠶᠢᠨ ᠬᠡᠷᠡᠭᠯᠡᠭᠡ᠂ ᠬᠤᠳᠠᠯᠳᠤᠭᠠᠨ ᠤ ᠬᠡᠷᠡᠭᠯᠡᠭᠡ᠂ ᠠᠷᠠᠳ ᠤᠨ ᠬᠡᠷᠡᠭᠯᠡᠭᠡ ᠵᠡᠷᠭᠡ ᠶᠡᠷᠦᠩᠬᠡᠶᠢᠯᠡᠭᠰᠡᠨ ᠰᠣᠶᠣᠯ ᠤᠨ ᠮᠡᠳᠡᠭᠡ ᠵᠠᠩᠭᠢ ᠶᠢᠨ ᠦᠢᠯᠡᠴᠢᠯᠡᠭᠡ ᠲᠡᠶᠢᠰᠢ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠳᠤ ᠬᠡᠷᠡᠭᠯᠡᠭᠡᠨ ᠤ ᠲᠤᠯᠭᠠᠭᠤᠷᠢᠯᠠᠯ ᠬᠠᠩᠭᠠᠨ᠎ᠠ᠃  ︵ᠲᠦᠷᠪᠡ︶ ᠠᠭᠤᠰᠤᠯᠴᠠᠭᠤᠯᠬᠤ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ᠃ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠠᠭᠤᠰᠤᠯᠴᠠᠨ ᠬᠥᠭᠵᠢᠬᠦ᠂ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ᠂ ᠶᠡᠷᠦᠩᠬᠡᠶᠢᠯᠡᠨ ᠠᠰᠢᠭᠯᠠᠬᠤ ᠲᠣᠭᠤᠷᠢᠨ ᠳᠤ᠂ ᠲᠣᠪᠴᠢᠶ᠎ᠠ᠂ ᠲᠠᠪᠴᠠᠩ᠂ ᠰᠦᠯᠵᠢᠶᠡᠨ ᠤ ᠡᠬᠢ ᠪᠠᠶᠠᠯᠢᠭ ᠢ ᠭᠦᠨᠵᠡᠭᠡᠶ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠠᠮ ᠵᠠᠭᠤᠴᠢᠯᠠᠭᠤᠷ ᠤᠨ ᠲᠥᠪ᠂ ᠵᠠᠰᠠᠭ ᠤᠨ ᠶᠠᠪᠤᠳᠠᠯ ᠤᠨ ᠲᠥᠪ ᠪᠣᠯᠤᠨ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠲᠠᠪᠴᠠᠩ ᠲᠠᠢ ᠢᠳᠡᠪᠬᠢᠲᠡᠶ ᠵᠣᠯᠭᠠᠭᠤᠯᠤᠨ᠎ᠠ᠃ ︽ᠬᠡᠷᠡᠭᠯᠡᠵᠦ ᠳᠡᠶᠢᠯᠬᠦ ᠶᠢ ᠨᠢ ᠪᠦᠬᠦᠨ ᠢ ᠬᠡᠷᠡᠭᠯᠡᠬᠦ︾᠂ ︽ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠦᠭᠡᠢ︾ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ᠂ ᠮᠡᠳᠡᠭᠡ ᠵᠠᠩᠭᠢ ᠶᠢᠨ ᠲᠤᠰᠠᠭᠠᠷᠯᠠᠭᠳᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠡᠮᠬᠢᠯᠡᠨ ᠨᠡᠶᠢᠯᠡᠭᠦᠯᠵᠦ᠂ ᠴᠢᠳᠠᠮᠵᠢ ᠪᠠᠷ ᠨᠡᠩ ᠬᠦᠴᠦᠷᠬᠡᠭ ᠶᠡᠭᠡ ᠭᠤᠣᠯ ᠵᠠᠭᠤᠴᠢᠯᠠᠭᠤᠷ ᠤᠨ ᠨᠡᠶᠢᠯᠡᠯ ᠰᠦᠯᠵᠢᠶ᠎ᠡ᠂ ᠲᠣᠭᠠᠴᠢᠯᠠᠭᠰᠠᠨ ᠰᠣᠶᠣᠯ ᠤᠨ ᠳᠠᠮᠵᠢᠭᠤᠯᠭ᠎ᠠ ᠶᠢᠨ ᠰᠦᠯᠵᠢᠶ᠎ᠡ᠂ ᠰᠠᠭᠤᠷᠢ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠲᠣᠣᠷ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠲᠤᠮᠤ ᠲᠤᠭ᠎ᠠ ᠪᠠᠷᠢᠮᠲᠠ ᠶᠢᠨ ᠬᠡᠷᠡᠭᠯᠡᠭᠡᠨ ᠤ ᠰᠢᠰᠲ᠋ᠧᠮ ᠢ ᠪᠠᠶᠢᠭᠤᠯᠤᠨ᠎ᠠ᠃  ᠭᠤᠷᠪᠠ᠂ ᠭᠤᠣᠯ ᠡᠭᠦᠷᠭᠡ  ︵ᠨᠢᠭᠡ︶ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ  ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠪᠠᠶᠢᠯᠳᠤᠬᠤ ᠪᠣᠳᠣᠯᠭ᠎ᠠ ᠶᠢᠨ ᠰᠠᠭᠤᠷᠢ᠂ ᠪᠣᠬᠢᠷᠲᠤᠯ ᠥᠬᠡᠶ ᠠᠮᠤᠷ ᠲᠦᠪᠰᠢᠨ᠂ ᠬᠠᠮᠢᠶᠠᠷᠴᠤ ᠪᠣᠯᠬᠤ ᠡᠵᠡᠮᠳᠡᠵᠦ ᠪᠣᠯᠬᠤ ᠪᠠ ᠰᠥᠪᠡᠭᠴᠢᠯᠡᠨ ᠬᠥᠲᠦᠯᠵᠦ᠂ ᠮᠡᠳᠡᠭᠡ ᠵᠠᠩᠭᠢ ᠶᠢᠨ ᠲᠤᠰᠠᠭᠠᠷᠯᠠᠭᠳᠠᠬᠤ᠂ ︽ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠬᠦ︾ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ︽ᠤᠶᠤᠨᠲᠤ ᠷᠠᠳᠢᠣ᠋ ᠲᠧᠯᠸᠢᠰ︾ ᠤᠨ ᠬᠠᠮ ᠰᠦᠯᠵᠢᠶ᠎ᠡ ᠪᠠ ᠶᠡᠷᠦᠩᠬᠡᠶᠢᠯᠡᠨ ᠠᠰᠢᠭᠯᠠᠬᠤ ᠲᠣᠮᠣ ᠲᠤᠭ᠎ᠠ ᠪᠠᠷᠢᠮᠲᠠ ᠶᠢᠨ ᠬᠡᠷᠡᠭᠯᠡᠭᠡᠨ ᠤ ᠰᠢᠰᠲ᠋ᠧᠮ ᠢ ᠪᠠᠶᠢᠭᠤᠯᠤᠨ᠎ᠠ᠃  1. ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠶᠢ ᠪᠠᠶᠢᠭᠤᠯᠤᠨ᠎ᠠ᠃ ᠤᠲᠠᠰᠤᠲᠤ᠂ ᠤᠲᠠᠰᠤ ᠥᠬᠡᠶ᠂ ᠳᠠᠭᠠᠭᠤᠯᠢ ᠣᠳᠣ᠂ ᠪᠢᠴᠢᠯ ᠳᠣᠯᠭᠢᠶᠠᠨ ᠵᠡᠷᠭᠡ ᠳᠠᠮᠵᠢᠭᠤᠯᠬᠤ ᠠᠷᠭ᠎ᠠ ᠬᠡᠯᠪᠡᠷᠢ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠦᠢᠯᠡᠴᠢᠯᠡᠭᠡ ᠶᠢ ᠲᠣᠰᠬᠤᠨ ᠡᠷᠦᠬᠡ ᠳᠤ ᠣᠷᠣᠭᠤᠯᠬᠤ᠂ ᠷᠠᠳᠢᠣ᠋ ᠲᠧᠯᠸᠢᠰ ᠤᠨ ᠬᠡᠷᠡᠯ ᠰᠢᠷᠬᠡᠭ ᠤᠨ ᠰᠦᠯᠵᠢᠶ᠎ᠡ ᠶᠢ ᠲᠠᠰ ᠳᠡᠪᠰᠢᠭᠦᠯᠦᠨ ᠥᠭᠡᠷᠡᠴᠢᠯᠡᠬᠦ ᠪᠠ ᠷᠠᠳᠢᠣ᠋ ᠲᠧᠯᠸᠢᠰ ᠤᠨ 5G ᠶᠢᠨ ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠲᠠᠰᠤ ᠥᠬᠡᠶ ᠰᠣᠯᠢᠯᠴᠠᠬᠤ ᠠᠷᠭ᠎ᠠ ᠬᠡᠯᠪᠡᠷᠢ ᠶᠢ ᠬᠡᠷᠡᠭᠯᠡᠨ ᠪᠤᠶᠢᠳᠠ ᠪᠥᠭᠯᠡᠭᠦᠤ ᠮᠠᠯᠵᠢᠬᠤ ᠣᠷᠣᠨ᠂ ᠬᠢᠯᠢ ᠬᠢᠵᠠᠭᠠᠷ ᠣᠷᠣᠨ ᠳᠤ ᠪᠦᠲᠦᠮᠵᠢᠲᠡᠶ ᠪᠦᠷᠬᠦᠭᠦᠯᠬᠦ ᠶᠢ ᠪᠡᠶᠡᠯᠡᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ᠂ ᠴᠢᠳᠠᠮᠵᠢ ᠪᠦᠷᠢᠨ᠂ ᠪᠣᠬᠢᠷᠲᠤᠯ ᠥᠬᠡᠶ ᠠᠮᠤᠷ ᠲᠦᠪᠰᠢᠨ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠶᠢ ᠪᠠᠶᠢᠭᠤᠯᠤᠨ᠎ᠠ᠃ 2025 ᠣᠨ ᠪᠣᠯᠬᠤ ᠳᠤ᠂ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠦᠢᠯᠡᠴᠢᠯᠡᠭᠡ ᠶᠢ ᠪᠣᠶ ᠪᠥᠬᠦᠶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠪᠦᠷᠬᠦᠭᠦᠯᠵᠦ᠂ ᠪᠣᠶ ᠪᠥᠬᠦᠶ ᠮᠠᠯᠵᠢᠬᠤ ᠲᠠᠷᠢᠶᠠᠯᠠᠬᠤ ᠡᠷᠦᠬᠡ ᠳᠤ ᠦᠢᠯᠡᠴᠢᠯᠡᠨ᠎ᠡ᠃  2. ︽ᠲᠣᠮᠣ ᠲᠤᠭ᠎ᠠ ᠪᠠᠷᠢᠮᠲᠠ︾ ᠶᠢᠨ ᠲᠥᠪ ᠢ ᠪᠥᠲᠥᠭᠡᠨ ᠪᠠᠶᠢᠭᠤᠯᠤᠨ᠎ᠠ᠃ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠲᠦᠩᠯᠢᠶᠣᠤ ᠶᠢᠨ ᠲᠤᠭ᠎ᠠ ᠪᠠᠷᠢᠮᠲᠠ ᠶᠢᠨ ᠲᠥᠪ ᠪᠠ ᠬᠥᠬᠡᠬᠤᠲᠠ ᠶᠢᠨ ᠲᠤᠭ᠎ᠠ ᠪᠠᠷᠢᠮᠲᠠ ᠶᠢᠨ ᠲᠥᠪ ᠢ ᠭᠦᠢᠴᠡᠳ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ ᠣᠲᠣ ᠶᠢᠨ ᠪᠠᠶᠢᠭ᠎ᠠ ᠲᠤᠭ᠎ᠠ ᠪᠠᠷᠢᠮᠲᠠ ᠶᠢᠨ ᠲᠥᠪ᠂ ᠲᠤᠭ᠎ᠠ ᠪᠠᠷᠢᠮᠲᠠ ᠶᠢᠨ ᠲᠠᠪᠴᠠᠩ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ︽ᠲᠣᠮᠣ ᠲᠤᠭ᠎ᠠ ᠪᠠᠷᠢᠮᠲᠠ︾ ᠶᠢᠨ ᠪᠦᠲᠦᠴᠡ ᠶᠢ ᠪᠠᠶᠢᠭᠤᠯᠤᠨ᠂ ᠲᠤᠭ᠎ᠠ ᠪᠠᠷᠢᠮᠲᠠ ᠶᠢᠨ ᠠᠭᠤᠯᠭ᠎ᠠ ᠶᠢ ᠱᠠᠲᠤ ᠬᠤᠪᠢᠶᠠᠨ ᠬᠠᠳᠠᠭᠠᠯᠠᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠲᠥᠪ ᠪᠠ ᠲᠤᠭ᠎ᠠ ᠪᠠᠷᠢᠮᠲᠠ ᠶᠢᠨ ᠵᠠᠩᠭᠢᠯᠠᠭ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠦᠨ᠎ᠡ᠃  3. ︽ᠲᠣᠮᠣ ᠲᠤᠭ᠎ᠠ ᠪᠠᠷᠢᠮᠲᠠ︾ ᠶᠢᠨ ᠡᠭᠦᠯᠡ ᠶᠢ ᠬᠠᠮᠲᠤ ᠪᠠᠷ ᠡᠳ᠋ᠯᠡᠨ᠎ᠡ᠃ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ︽ᠲᠠᠯ᠎ᠠ ᠨᠤᠲᠤᠭ ᠤᠨ ᠡᠭᠦᠯᠡ︾ ᠪᠠ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ︽ᠲᠩᠷᠢ ᠡᠭᠦᠯᠡᠨ︾ ᠵᠡᠷᠭᠡ ᠡᠭᠦᠯᠡᠨ ᠲᠠᠪᠴᠠᠩ ᠢ ᠭᠦᠢᠴᠡᠳ ᠠᠰᠢᠭᠯᠠᠨ᠂ ᠬᠠᠳᠠᠭᠠᠯᠠᠮᠵᠢᠲᠤ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠠᠭᠤᠯᠭ᠎ᠠ ᠵᠢ‌ᠨᠢᠭᠲᠠᠷᠠᠭᠤᠯᠬᠤ᠂ ᠮᠡᠳᠡᠭᠡ ᠵᠠᠩᠭᠢ ᠰᠣᠯᠢᠯᠴᠠᠬᠤ᠂ ᠡᠬᠢ ᠪᠠᠶᠠᠯᠢᠭ ᠢ ᠬᠠᠮᠢᠶᠠᠷᠤᠨ ᠡᠵᠡᠮᠳᠡᠬᠦ᠂ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠲᠣᠮᠣ ᠲᠤᠭ᠎ᠠ ᠪᠠᠷᠢᠮᠲᠠ ᠶᠢᠨ ᠬᠡᠷᠡᠭᠯᠡᠭᠡᠨ ᠤ ᠡᠭᠦᠯᠡᠨ ᠲᠠᠪᠴᠠᠩ ᠢ ᠪᠠᠶᠢᠭᠤᠯᠵᠤ᠂ ᠪᠥᠲᠥᠭᠡᠨ ᠪᠠᠶᠢᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃  ︵ᠬᠤᠶᠠᠷ︶ ᠠᠭᠤᠰᠤᠯᠴᠠᠭᠤᠯᠤᠨ ᠳᠠᠮᠵᠢᠭᠤᠯᠬᠤ ᠲᠠᠪᠴᠠᠩ ᠢ ᠪᠠᠶᠢᠭᠤᠯᠤᠨ᠎ᠠ  ᠰᠦᠯᠵᠢᠶ᠎ᠡ ᠶᠢ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠮᠡᠳᠡᠭᠡ ᠵᠠᠩᠭᠢ ᠶᠢᠨ ᠰᠦᠯᠵᠢᠶᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠲᠣᠮᠣ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠪᠦᠲᠦᠭᠡᠨ ᠪᠠᠶᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠳᠡᠵᠦ᠂ ᠡᠬᠡ ᠤᠯᠤᠰ ᠤᠨ ᠤᠮᠠᠷᠠᠲᠤ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃  4. ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠲᠠᠢ ᠪᠦᠲᠦᠮᠵᠢᠲᠡᠶ ᠵᠣᠯᠭᠠᠭᠤᠯᠤᠨ᠎ᠠ᠃ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠰᠢᠯᠵᠢᠬᠦ᠂ ᠨᠡᠶᠢᠭᠡᠮ ᠤᠨ ᠬᠠᠷᠢᠯᠴᠠᠭ᠎ᠠ᠂ ᠸᠢᠳᠢᠣᠵᠢᠭᠤᠯᠬᠤ᠂ ᠬᠤᠷᠰᠢᠯᠴᠠᠬᠤ ᠬᠠᠨᠳᠤᠰᠢ ᠳᠤ ᠵᠣᠬᠢᠴᠠᠭᠤᠯᠤᠨ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ︽ᠤᠶᠤᠨᠲᠤ ᠷᠠᠳᠢᠣ᠋ ᠲᠧᠯᠸᠢᠰ︾ ᠤᠨ ᠵᠠᠭᠤᠴᠢᠯᠠᠭᠤᠷ ᠤᠨ ᠮᠡᠳᠡᠭᠡ ᠵᠠᠩᠭᠢ ᠶᠢᠨ ᠠᠭᠤᠯᠭ᠎ᠠ᠂ ᠮᠡᠷᠭᠡᠵᠢᠯ ᠤᠨ ᠬᠡᠷᠡᠭᠯᠡᠯᠲᠡ᠂ ᠲᠠᠪᠴᠠᠩ ᠤᠨ ᠦᠵᠦᠭᠦᠷ᠂ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠳᠣᠬᠢᠴᠢᠯᠠᠭᠰᠠᠨ᠂ ᠨᠢᠭᠡ ᠴᠣᠭᠴᠠᠵᠢᠭᠤᠯᠤᠭᠰᠠᠨ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠳᠠᠮᠵᠢᠭᠤᠯᠭ᠎ᠠ ᠶᠢᠨ ᠲᠣᠭᠲᠠᠯᠴᠠᠭ᠎ᠠ ᠪᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠯᠳᠦᠭᠦᠯᠵᠦ᠂ ᠰᠣᠨᠢᠨ ᠮᠡᠳᠡᠭᠡᠨ ᠤ ᠦᠢᠯᠡᠳᠪᠦᠷᠢᠯᠡᠯ ᠤᠨ ᠪᠦᠬᠦ ᠶᠠᠪᠤᠴᠠ ᠶᠢ ᠵᠣᠬᠢᠴᠠᠭᠤᠯᠤᠨ ᠲᠣᠬᠢᠷᠠᠭᠤᠯᠬᠤ᠂ ᠡᠬᠢ ᠪᠠᠶᠠᠯᠢᠭ ᠢ ᠭᠦᠢᠴᠡᠳ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃  5. ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠦᠲᠦᠮᠵᠢᠲᠡᠶ ᠵᠣᠯᠭᠠᠭᠤᠯᠤᠨ᠎ᠠ᠃ ᠪᠠᠷᠢᠮᠵᠢᠶ᠎ᠠ ᠨᠢᠭᠡᠳᠦᠯᠲᠡᠶ᠂ ᠵᠠᠯᠭᠠᠰᠤ ᠵᠢᠷᠤᠮᠵᠢᠯ ᠲᠠᠢ᠂ ᠨᠡᠭᠡᠭᠡᠯᠲᠡ ᠲᠠᠢ ᠣᠶᠣᠨᠲᠤ ᠪᠠᠶᠢᠬᠤ ᠱᠠᠭᠠᠷᠳᠠᠯᠭ᠎ᠠ ᠶᠣᠰᠣᠭᠠᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠲᠧᠯᠸᠢᠰ ᠤᠨ ᠦᠵᠦᠭᠦᠷ︾ ᠤᠨ ᠬᠡᠷᠡᠭᠯᠡᠭᠡᠨ ᠤ ᠲᠠᠪᠴᠠᠩ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡ ᠬᠠᠮᠢᠶᠠᠷᠤᠯᠲᠠ ᠶᠢᠨ ᠦᠵᠦᠭᠦᠷ᠂ ᠲᠠᠪᠴᠠᠩ᠂ ᠵᠢᠭᠰᠠᠭᠠᠯ ᠤᠨ ᠭᠠᠵᠠᠷ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠨ᠎ᠠ᠃ ᠣᠨᠣᠯ ᠤᠨ ᠤᠬᠠᠭᠤᠯᠭ᠎ᠠ᠂ ᠰᠤᠷᠭᠠᠨ ᠬᠥᠮᠦᠵᠢᠯ ᠤᠨ ᠦᠢᠯᠡᠴᠢᠯᠡᠭᠡ᠂ ᠰᠣᠶᠣᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡ᠂ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠦᠢᠯᠡᠴᠢᠯᠡᠭᠡ ᠵᠡᠷᠭᠡ ︽ᠲᠠᠪᠤᠨ ᠶᠡᠭᠡ ᠲᠠᠪᠴᠠᠩ︾ ᠤᠨ ᠦᠢᠯᠡᠴᠢᠯᠡᠭᠡᠨ ᠤ ᠠᠭᠤᠯᠭ᠎ᠠ ᠪᠠ ᠣᠯᠠᠨ ᠲᠦᠮᠡᠨ ᠤ ᠵᠠᠬᠢᠶᠠᠯᠠᠭ᠎ᠠ ᠶᠢᠨ ᠬᠠᠭᠤᠳᠠᠰᠤ᠂ ᠤᠬᠠᠭᠤᠯᠤᠨ ᠳᠠᠶᠢᠴᠢᠯᠠᠬᠤ ᠵᠡᠷᠭᠡ ᠴᠢᠳᠠᠮᠵᠢ ᠶᠢ ᠬᠤᠷᠠᠮᠳᠤᠭᠤᠯᠵᠤ᠂ ᠬᠠᠩᠭᠠᠯᠭ᠎ᠠ ᠬᠡᠷᠡᠭᠴᠡᠭᠡ ᠶᠢᠨ ᠬᠠᠮᠢᠶᠠᠷᠤᠯᠲᠠ ᠶᠢᠨ ᠭᠤᠷᠪᠠᠨ ᠲᠠᠯ᠎ᠠ ᠠᠴᠠ ᠬᠤᠯᠪᠣᠯᠳᠤᠭᠰᠠᠨ ︽ᠲᠧᠯᠸᠢᠰ ᠤᠨ ᠨᠡᠪᠲᠡᠷᠡᠬᠦ ᠵᠠᠮ︾ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠨᠠᠷᠢᠯᠢᠭ ᠣᠨᠣᠪᠴᠢᠲᠠᠢ ᠪᠣᠯᠭᠠᠬᠤ᠂ ᠣᠯᠠᠨ ᠲᠦᠮᠡᠨ ᠣᠷᠣᠯᠴᠠᠬᠤ ᠶᠢ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃  6. ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠠᠪᠴᠠᠩ ᠢ ᠪᠦᠲᠦᠮᠵᠢᠲᠡᠶ ᠵᠤᠯᠭᠠᠭᠤᠯᠤᠨ᠎ᠠ᠃ ᠡᠯ᠎ᠡ ᠱᠠᠲᠤᠨ ᠤ ᠨᠠᠮ ᠤᠨ ᠪᠠᠶᠢᠭᠤᠯᠤᠯᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠠᠰᠢᠭᠯᠠᠨ᠂ ︽ᠲᠧᠯᠸᠢᠰ ᠰᠣᠨᠢᠨ ᠮᠡᠳᠡᠭᠡ ᠡᠷᠭᠢᠨ ᠬᠠᠷᠠᠬᠤ︾᠂ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠪᠠ ︽ᠨᠠᠮ ᠤᠨ ᠰᠣᠨᠢᠨ ᠨᠠᠮ ᠤᠨ ᠰᠡᠳᠬᠦᠯ︾ ᠤᠨ ᠣᠶᠤᠨᠴᠢ ᠲᠧᠯᠸᠢᠰ ᠤᠨ ᠬᠡᠷᠡᠭᠯᠡᠯᠲᠡ ᠶᠢ ᠲᠡᠭᠦᠯᠳᠡᠷᠵᠢᠭᠦᠯᠵᠦ᠂ ︽ᠨᠠᠮ ᠤᠨ ᠪᠠᠶᠢᠭᠤᠯᠤᠯᠲᠠ ᠶᠢᠨ ᠬᠤᠰᠢᠭᠤᠴᠢ︾ ᠵᠡᠷᠭᠡ ᠪᠤᠯᠤᠩ ᠢ ᠨᠡᠭᠡᠭᠡᠵᠦ᠂ ᠨᠠᠮ ᠤᠨ ᠪᠠᠶᠢᠭᠤᠯᠤᠯᠲᠠ ᠶᠢᠨ ᠬᠥᠳᠡᠯᠦᠯ ᠪᠠᠶᠢᠳᠠᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠮᠡᠳᠡᠭᠡ ᠵᠠᠩᠭᠢ ᠶᠢᠨ ᠠᠯᠪᠠᠨ ᠵᠠᠷ᠂ ᠴᠠᠭ ᠤᠨ ᠤᠯᠤᠰ ᠲᠥᠷᠥ ᠶᠢᠨ ᠲᠤᠰᠬᠠᠶ ᠰᠡᠳᠦᠪ᠂ ᠨᠠᠮ ᠤᠨ ᠭᠡᠰᠢᠭᠦᠨ ᠤ ᠬᠥᠮᠦᠵᠢᠯ᠂ ᠴᠠᠭ ᠦᠶ᠎ᠡ ᠶᠢᠨ ᠬᠤᠰᠢᠭᠤᠴᠢ᠂ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠶᠢ ᠴᠠᠭ ᠲᠤᠬᠠᠶ ᠳᠤ ᠨᠢ ᠤᠯᠠᠮᠵᠢᠯᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠢᠯᠡᠴᠢᠯᠡᠭᠡᠨ ᠤ ᠲᠠᠪᠴᠠᠩ ᠢ ᠪᠣᠶ ᠪᠣᠯᠭᠠᠨ᠎ᠠ᠃  7. ᠦᠨᠳᠦᠰᠦᠨ ᠱᠠᠲᠤᠨ ᠤ ᠰᠣᠶᠣᠯ ᠤᠨ ᠲᠥᠪ ︵ᠥᠷᠲᠡᠭᠡ︶ ᠲᠠᠢ ᠪᠦᠲᠦᠮᠵᠢᠲᠡᠶ ᠵᠣᠯᠭᠠᠭᠤᠯᠤᠨ᠎ᠠ᠃ ᠤᠯᠠᠭᠠᠨᠮᠥ᠋ᠴᠢᠷ᠂ ᠰᠣᠶᠣᠯ ᠤᠨ ᠴᠢᠨᠡᠭᠡᠯᠢᠭᠵᠢᠯ᠂ ᠲᠧᠯᠸᠢᠰ ᠤᠨ ᠨᠣᠮ ᠤᠨ ᠰᠠᠩ ᠵᠡᠷᠭᠡ ᠲᠤᠰᠬᠠᠢ ᠪᠤᠯᠤᠩ ᠢ ᠭᠠᠷᠭᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠪᠠ ᠰᠢᠶᠠᠨ ᠤ ᠱᠠᠲᠤᠨ ᠤ ᠨᠣᠮ ᠤᠨ ᠰᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠬᠤᠨ ᠭᠠᠯᠠᠭᠤ ᠠᠮᠲᠠᠷᠬᠠᠨ ᠤᠩᠰᠢᠬᠤᠢ︾ ᠶᠢ ᠠᠬᠢᠭᠤᠯᠤᠨ᠂ ᠶᠡᠭᠡ ᠬᠡᠮᠵᠢᠶᠡᠨ ᠤ ᠰᠣᠶᠣᠯ ᠤᠷᠠᠯᠢᠭ ᠤᠨ ᠡᠬᠢ ᠪᠠᠶᠠᠯᠢᠭ ᠢ ᠬᠤᠷᠠᠮᠳᠤᠭᠤᠯᠵᠤ᠂ ᠥᠷᠭᠡᠨ ᠣᠯᠠᠨ ᠲᠦᠮᠡᠨ ᠳᠤ ᠨᠠᠩ ᠡᠯᠪᠡᠭ ᠪᠠᠶᠠᠯᠢᠭ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠬᠠᠩᠭᠠᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠣᠶᠤᠨ ᠤ ᠰᠣᠶᠣᠯ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃  ︵ᠭᠤᠷᠪᠠ︶ ᠦᠢᠯᠡᠴᠢᠯᠡᠭᠡᠨ ᠤ ᠵᠠᠰᠠᠭ ᠤᠨ ᠶᠠᠪᠤᠳᠠᠯ ᠤᠨ ᠳᠠᠪᠴᠠᠩ ᠢ ᠪᠠᠶᠢᠭᠤᠯᠤᠨ᠎ᠠ  ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠬᠠᠮᠤᠷᠬᠤ ᠳᠠᠪᠠᠭᠤᠯᠢᠭ ᠢ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠲᠦᠷᠭᠡᠳᠬᠡᠨ ᠠᠬᠢᠭᠤᠯᠤᠨ᠎ᠠ᠃  8. ᠷᠠᠳᠢᠣ᠋ ᠲᠧᠯᠸᠢᠰ ᠤᠨ ᠰᠦᠯᠵᠢᠶᠡᠨ ᠤ ᠳᠠᠯᠳᠠ ᠬᠦᠴᠦᠨ ᠢ ᠠᠭᠤᠳᠠᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠰᠠᠭᠤᠷᠢ ᠰᠦᠯᠵᠢᠶᠡᠨ ᠤ ᠲᠤᠯᠭᠠᠭᠤᠷᠢᠯᠠᠯ ᠬᠠᠩᠭᠠᠨ᠎ᠠ᠃ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠶᠢ ᠤᠳᠠᠭᠠᠰᠢᠷᠠᠭᠤᠯᠬᠤ᠂ ᠥᠨᠳᠥᠷ ᠨᠠᠶᠢᠳᠠᠪᠤᠷᠢᠲᠠᠶ ᠪᠠᠶᠢᠯᠭᠠᠬᠤ᠂ ᠥᠷᠭᠡᠨ ᠬᠠᠮᠤᠷᠬᠤ ᠪᠠ ᠰᠦᠯᠵᠢᠶ᠎ᠡ ᠶᠢ ᠵᠣᠬᠢᠶᠠᠨ ᠪᠠᠶᠢᠭᠤᠯᠬᠤ ᠨᠢ ᠲᠦᠷᠭᠡᠨ᠂ ᠠᠵᠢᠯᠯᠠᠭᠤᠯᠵᠤ ᠬᠠᠮᠠᠭᠠᠯᠠᠬᠤ ᠳᠤ ᠳᠥᠭᠦᠮ ᠪᠣᠯᠭᠠᠬᠤ ᠣᠨᠴᠠᠯᠢᠭ ᠢ ᠭᠦᠢᠴᠡᠳ ᠠᠰᠢᠭᠯᠠᠨ᠂ ᠵᠠᠰᠠᠭ ᠤᠨ ᠶᠠᠪᠤᠳᠠᠯ ᠤᠨ ᠰᠦᠯᠵᠢᠶ᠎ᠡ᠂ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠰᠠᠭᠤᠷᠢ ᠰᠦᠯᠵᠢᠶ᠎ᠡ ᠶᠢᠨ ᠲᠤᠯᠭᠠᠭᠤᠷᠢᠯᠠᠯ ᠬᠠᠩᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰ ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠠᠭᠤᠰᠤᠯᠴᠠᠭᠤᠯᠤᠨ ᠬᠠᠮᠲᠤ ᠪᠠᠷ ᠡᠳ᠋ᠯᠡᠬᠦ᠂ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃  9. ᠰᠦᠯᠵᠢᠶᠡᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠡᠭᠦᠯᠡᠨ ᠸᠢᠳᠢᠣ᠋ ᠶᠢᠨ ᠪᠠᠲᠤᠯᠠᠭ᠎ᠠ ᠬᠠᠩᠭᠠᠨ᠎ᠠ᠃ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠳᠤ ᠲᠦᠰᠢᠭᠯᠡᠨ᠂ ᠣᠷᠣᠨ ᠪᠦᠰᠡ ᠠᠯᠤᠰᠯᠠᠭᠰᠠᠨ ᠠᠵᠢᠯ ᠲᠥᠷᠥᠯ ᠠᠯᠤᠰᠯᠠᠭᠰᠠᠨ᠂ ᠭᠤᠯᠳᠤ ᠴᠢᠭᠯᠡᠯ ᠢᠶᠠᠷ ᠭᠠᠴᠠᠭ᠎ᠠ ᠲᠣᠰᠬᠤᠨ ᠲᠠᠪᠤᠨ ᠱᠠᠲᠤ ᠶᠢ ᠬᠤᠯᠪᠣᠭᠰᠠᠨ ᠡᠭᠦᠯᠡᠨ ᠸᠢᠳᠢᠣ᠋ ᠶᠢᠨ ᠰᠢᠰᠲ᠋ᠧᠮ ᠢ ᠪᠠᠶᠢᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠨᠠᠮ ᠵᠠᠰᠠᠭ ᠤᠨ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠠᠯᠤᠰ ᠡᠵᠡᠮᠰᠢᠯᠲᠦ ᠬᠤᠷᠠᠯ᠂ ᠠᠯᠤᠰ ᠡᠵᠡᠮᠰᠢᠯᠲᠦ ᠪᠣᠯᠪᠠᠰᠤᠷᠠᠯ᠂ ᠠᠯᠤᠰ ᠡᠵᠡᠮᠰᠢᠯᠲᠦ ᠤᠷᠢᠯᠭ᠎ᠠ᠂ ᠠᠯᠤᠰ ᠡᠵᠡᠮᠰᠢᠯᠲᠦ ᠬᠠᠮᠵᠢᠯᠴᠠᠭ᠎ᠠ ᠵᠡᠷᠭᠡ ᠡᠭᠦᠯᠡᠨ ᠸᠢᠳᠢᠣ᠋ ᠶᠢᠨ ᠦᠢᠯᠡᠴᠢᠯᠡᠭᠡ ᠶᠢ ᠬᠠᠩᠭᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃  10. ᠦᠢᠯᠡᠴᠢᠯᠡᠭᠡᠨ ᠤ ᠳᠥᠭᠦᠮ ᠳᠥᠲᠡ ᠪᠠᠶᠢᠬᠤ ᠳᠠᠪᠠᠭᠤᠯᠢᠭ ᠢ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠵᠦᠭᠦᠷ ᠢ ᠨᠡᠪᠲᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠲᠠᠢ ᠢᠳᠡᠪᠬᠢᠲᠡᠶ ᠪᠠᠷ ᠵᠣᠯᠭᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠧᠯᠸᠢᠰ ᠤᠨ ᠦᠵᠦᠭᠦᠷ ᠢ ᠨᠡᠭᠡᠭᠡᠨ ᠬᠥᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠪᠠ ᠮᠠᠯᠵᠢᠬᠤ ᠲᠠᠷᠢᠶᠠᠯᠠᠬᠤ ᠡᠷᠦᠬᠡ ᠲᠡᠶᠢᠰᠢ ᠪᠦᠲᠦᠮᠵᠢᠲᠡᠶ ᠤᠷᠲᠤᠳᠬᠠᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠬᠤᠲᠠ ᠪᠠᠯᠭᠠᠰᠤ᠂ ᠨᠡᠶᠢᠭᠡᠮ ᠲᠣᠭᠤᠷᠢᠭ᠂ ᠰᠢᠶᠠᠩ ᠪᠠᠯᠭᠠᠰᠤ ᠰᠤᠮᠤ᠂ ᠭᠠᠴᠠᠭ᠎ᠠ ᠲᠣᠰᠬᠤᠨ ᠢ ᠬᠤᠯᠪᠣᠭᠰᠠᠨ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠪᠡᠷᠲᠡᠭᠡᠨ ᠦᠢᠯᠡᠴᠢᠯᠡᠬᠦ ᠦᠵᠦᠭᠦᠷ ᠤᠨ ᠲᠣᠭᠲᠠᠯᠴᠠᠭ᠎ᠠ ᠶᠢ ᠪᠦᠲᠦᠭᠡᠨ ᠪᠠᠶᠢᠭᠤᠯᠵᠤ᠂ ᠣᠯᠠᠨ ᠲᠦᠮᠡᠨ ᠳᠤ ︽ᠭᠡᠷ ᠠᠴᠠ ᠪᠠᠨ ᠭᠠᠷᠬᠤ ᠦᠭᠡᠢ︾᠂ ︽ᠨᠡᠶᠢᠭᠡᠮ ᠲᠣᠭᠤᠷᠢᠭ ᠠᠴᠠ ᠭᠠᠷᠬᠤ ᠦᠭᠡᠢ︾᠂ ︽ᠭᠠᠴᠠᠭ᠎ᠠ ᠲᠣᠰᠬᠤᠨ ᠠᠴᠠ ᠭᠠᠷᠬᠤ ᠦᠭᠡᠢ︾ ᠳᠥᠭᠦᠮ ᠳᠥᠲᠡ ᠦᠢᠯᠡᠴᠢᠯᠡᠭᠡ ᠶᠢ ᠬᠠᠩᠭᠠᠨ᠎ᠠ   ︵ᠲᠦᠷᠪᠡ︶ ᠨᠡᠶᠢᠭᠡᠮ ᠤᠨ ᠵᠠᠰᠠᠯᠲᠠ ᠶᠢᠨ ᠲᠠᠪᠴᠠᠩ ᠢ ᠪᠠᠶᠢᠭᠤᠯᠤᠨ᠎ᠠ  ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠣᠶᠤᠨᠴᠢ ᠥᠨᠳᠥᠷ ᠪᠦᠲᠦᠮᠵᠢᠲᠡᠶ ᠨᠡᠶᠢᠭᠡᠮ ᠤᠨ ᠵᠠᠰᠠᠯᠲᠠ ᠶᠢᠨ ᠲᠠᠪᠴᠠᠩ ᠢ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃  11. ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠳᠤ ᠦᠢᠯᠡᠴᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠡᠭᠦᠯᠡᠨ ᠸᠢᠳᠢᠤ᠋ ᠬᠤᠷᠠᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠲᠣᠮᠣ ᠲᠤᠭ᠎ᠠ ᠪᠠᠷᠢᠮᠲᠠ ᠶᠢᠨ ᠬᠡᠷᠡᠭᠯᠡᠭᠡᠨ ᠤ ᠰᠢᠰᠲ᠋ᠧᠮ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠨᠢᠭᠡᠳᠦᠯᠲᠡᠶ ᠵᠢᠯᠣᠭᠤᠳᠤᠨ ᠲᠣᠬᠢᠷᠠᠭᠤᠯᠬᠤ ᠲᠠᠪᠴᠠᠩ ᠢ ᠪᠦᠲᠦᠭᠡᠨ ᠪᠠᠶᠢᠭᠤᠯᠵᠤ᠂ ᠤᠶᠤᠨᠴᠢᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠬᠥᠳᠡᠯᠦᠯᠴᠡᠬᠦ ᠰᠦᠯᠵᠢᠶᠡᠨ ᠤ ᠲᠣᠭᠲᠠᠯᠴᠠᠭ᠎ᠠ ᠶᠢ ᠪᠦᠷᠢᠯᠳᠦᠭᠦᠯᠵᠦ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠢᠴᠢ ᠠᠳᠠᠯᠢ ᠪᠤᠰᠤ ᠴᠠᠭᠳᠠᠭᠠᠨ ᠤ ᠲᠥᠷᠥᠯ ᠤᠨ ᠬᠤᠭᠤᠷᠣᠨᠳᠣᠬᠢ ᠨᠢᠭᠡᠳᠦᠯᠲᠡᠶ ᠵᠢᠯᠣᠭᠤᠳᠣᠯᠭ᠎ᠠ ᠵᠣᠬᠢᠴᠠᠭᠤᠯᠭ᠎ᠠ ᠶᠢ ᠪᠡᠶᠡᠯᠡᠭᠦᠯᠵᠦ᠂ ᠨᠢᠭᠡ ᠭᠠᠵᠠᠷ ᠣᠷᠣᠨ ᠤ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠳᠤᠮᠳᠠ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃  12. ᠦᠢᠯᠡᠴᠢᠯᠡᠭᠡᠨ ᠤ ᠭᠤᠣᠯᠳᠠᠯᠭ᠎ᠠ ᠲᠠᠢ ᠬᠦᠷᠢᠶᠡᠨ ᠳᠤ ᠸᠢᠳᠢᠣ᠋ ᠪᠠᠷ ᠬᠢᠨᠠᠨ ᠡᠵᠡᠮᠳᠡᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ︽ᠰᠢᠤᠸᠠᠢ ᠯᠢᠶᠠᠩ ᠢᠨᠵᠧᠨᠧᠷᠢᠩ︾ ᠲᠠᠢ ᠢᠳᠡᠪᠬᠢᠲᠡᠶ ᠪᠠᠷ ᠵᠣᠯᠭᠠᠭᠤᠯᠵᠤ᠂ ᠨᠢᠭᠡᠳᠦᠯᠲᠡᠶ ᠲᠥᠯᠥᠪᠵᠢᠭᠦᠯᠬᠦ᠂ ᠰᠢᠨᠵᠢᠯᠡᠬᠦ ᠤᠬᠠᠭᠠᠨᠴᠢ ᠪᠠᠷ ᠴᠡᠭ ᠪᠠᠶᠢᠷᠢᠯᠠᠭᠤᠯᠬᠤ ᠵᠠᠷᠴᠢᠮ ᠶᠣᠰᠣᠭᠠᠷ᠂ ᠪᠥᠬᠦ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠣ᠋ ᠪᠠᠷ ᠬᠢᠨᠠᠨ ᠡᠵᠡᠮᠳᠡᠬᠦ ᠰᠢᠰᠲ᠋ᠧᠮ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠡᠷᠡᠭᠴᠡᠭᠡ ᠶᠣᠰᠣᠭᠠᠷ ᠰᠢᠯᠵᠢᠭᠦᠯᠦᠨ ᠬᠡᠷᠡᠭᠯᠡᠬᠦ ᠶᠢ ᠬᠠᠩᠭᠠᠨ᠎ᠠ᠃ ᠡᠨᠡ ᠬᠦ ᠰᠠᠭᠤᠷᠢᠨ ᠳᠡᠭᠡᠷ᠎ᠡ᠂ ᠠᠶᠤᠯᠭᠦᠢ ᠦᠢᠯᠡᠳᠪᠦᠷᠢᠯᠡᠯ᠂ ᠤᠢ ᠰᠢᠭᠤᠢ ᠶᠢᠨ ᠭᠠᠯ ᠰᠡᠷᠭᠡᠶᠢᠯᠡᠯᠲᠡ᠂ ᠬᠢᠯᠢ ᠶᠢᠨ ᠬᠠᠮᠢᠶᠠᠷᠤᠯᠲᠠ ᠡᠵᠡᠮᠳᠡᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠸᠢᠳᠢᠣ᠋ ᠪᠠᠷ ᠬᠢᠨᠠᠨ ᠡᠵᠡᠮᠳᠡᠬᠦ ᠰᠢᠰᠲ᠋ᠧᠮ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠭᠤᠣᠯᠳᠠᠯᠭ᠎ᠠ ᠲᠠᠢ ᠣᠷᠣᠨ ᠪᠠᠶᠢᠷᠢ᠂ ᠬᠠᠯᠠᠮᠰᠢᠯ ᠴᠡᠭ᠂ ᠰᠡᠷᠭᠡᠭ ᠭᠠᠵᠠᠷ ᠣᠷᠣᠨ ᠵᠡᠷᠭᠡ ᠶᠢ ᠴᠠᠭ ᠲᠤᠬᠠᠢ ᠳᠤ ᠨᠢ ᠬᠢᠨᠠᠨ ᠡᠵᠡᠮᠳᠡᠬᠦ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃  13. ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠵᠦ᠂ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠪᠥᠬᠦ ᠣᠷᠣᠨ ᠤ ᠬᠤᠲᠠ ᠬᠥᠳᠡᠭᠡ ᠶᠢ ᠬᠠᠮᠤᠷᠤᠭᠰᠠᠨ ᠷᠠᠳᠢᠣ᠋ ᠲᠧᠯᠸᠢᠰ ᠤᠨ ᠬᠡᠷᠡᠭᠯᠡᠭᠴᠢ ᠪᠠ ᠪᠥᠬᠦ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ 12388 ᠦᠵᠦᠭᠦᠷ ᠲᠤ ᠲᠦᠰᠢᠭᠯᠡᠨ᠂ ᠨᠢᠭᠡᠳᠦᠯᠲᠡᠶ ᠲᠠᠪᠴᠠᠩ᠂ ᠱᠠᠲᠤ ᠬᠤᠪᠢᠶᠠᠨ ᠬᠠᠮᠢᠶᠠᠷᠬᠤ ᠶᠡᠷᠦᠩᠬᠡᠶᠢᠯᠡᠭᠰᠡᠨ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠪᠠᠶᠢᠭᠤᠯᠵᠤ᠂ ᠬᠠᠮᠤᠭ ᠤᠨ ᠲᠦᠷᠭᠡᠨ ᠠᠷᠭ᠎ᠠ ᠬᠡᠯᠪᠡᠷᠢ ᠪᠠᠷ ᠬᠠᠮᠤᠭ ᠤᠨ ᠦᠨᠳᠦᠰᠦᠨ ᠱᠠᠲᠤᠨ ᠤ ᠣᠯᠠᠨ ᠲᠦᠮᠡᠨ ᠳᠤ ᠬᠠᠮᠤᠭ ᠤᠨ ᠡᠷᠬᠡ ᠰᠦᠷᠲᠦ ᠮᠡᠳᠡᠭᠡ ᠵᠠᠩᠭᠢ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠣᠯᠭ᠎ᠠ ᠬᠢᠬᠦ ᠵᠡᠷᠭᠡ ᠲᠠᠯ᠎ᠠ ᠪᠠᠷ ᠳᠡᠭᠡᠳᠦ ᠳᠣᠤᠷᠠᠳᠤ ᠱᠠᠲᠤᠨ ᠤ ︽ᠰᠢᠭᠤᠳ ᠨᠡᠪᠲᠡᠷᠡᠬᠦ ᠲᠡᠷᠭᠡ︾ ᠶᠢᠨ ᠦᠢᠯᠡᠳᠦᠯ ᠢ ᠪᠠᠳᠠᠷᠠᠭᠤᠯᠤᠨ᠎ᠠ᠃  14. ᠡᠯ᠎ᠡ ᠠᠵᠢᠯ ᠲᠥᠷᠥᠯ ᠳᠤ ᠦᠢᠯᠡᠴᠢᠯᠡᠵᠦ᠂ ᠣᠶᠣᠨᠲᠤ ᠬᠠᠮᠢᠶᠠᠷᠤᠯᠲᠠ ᠶᠢᠨ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠦᠢᠯᠡᠴᠢᠯᠡᠭᠡ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠲᠣᠮᠣ ᠲᠤᠭ᠎ᠠ ᠪᠠᠷᠢᠮᠲᠠ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠠᠭᠤᠰᠤᠯᠴᠠᠨ ᠬᠥᠭᠵᠢᠬᠦ ᠪᠠ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠶᠢ ᠬᠤᠲᠠ ᠬᠥᠳᠡᠭᠡ ᠶᠢᠨ ᠣᠶᠣᠨᠲᠤ ᠬᠠᠮᠢᠶᠠᠷᠤᠯᠲᠠ ᠶᠢᠨ ᠴᠢᠬᠤᠯᠠ ᠲᠤᠯᠭᠠᠭᠤᠷᠢᠯᠠᠯ ᠪᠣᠯᠭᠠᠨ᠎ᠠ᠃  ︵ᠲᠠᠪᠤ︶ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ  ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠳᠤ ᠰᠠᠭᠤᠷᠢᠯᠠᠨ᠂ ᠲᠧᠯᠸᠢᠰ ᠤᠨ ᠦᠵᠦᠭᠦᠷ ᠤᠨ ᠣᠶᠤᠨᠴᠢ ᠬᠡᠷᠡᠭᠯᠡᠯᠲᠡ ᠪᠠᠷ ᠲᠤᠯᠭᠠᠭᠤᠷᠢᠯᠠᠯ ᠪᠣᠯᠭᠠᠵᠤ᠂ ᠪᠥᠬᠦ ᠲᠠᠯ᠎ᠠ ᠶᠢᠨ ︽ᠤᠶᠤᠨᠲᠤ ᠷᠠᠳᠢᠣ᠋ ᠲᠧᠯᠸᠢᠰ +︾ ᠤᠨ ᠦᠢᠯᠡᠴᠢᠯᠡᠭᠡ ᠬᠠᠩᠭᠠᠵᠤ᠂ ᠬᠤᠲᠠ ᠪᠠᠯᠭᠠᠰᠤ ᠨᠡᠶᠢᠭᠡᠮ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ ᠳᠤ ᠦᠢᠯᠡᠴᠢᠯᠡᠬᠦ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠂ ᠲᠣᠭᠠᠴᠢᠯᠠᠭᠰᠠᠨ ᠬᠡᠷ ᠪᠦᠯᠢ ᠶᠢᠨ ᠠᠮᠢᠳᠤᠷᠠᠯ ᠤᠨ ᠬᠡᠷᠡᠭᠯᠡᠭᠡᠨ ᠤ ᠲᠥᠪ ᠢ ᠪᠣᠶ ᠪᠣᠯᠭᠠᠨ᠎ᠠ᠃  15. ᠰᠣᠶᠣᠯ ᠤᠨ ᠦᠢᠯᠡᠴᠢᠯᠡᠭᠡᠨ ᠤ ᠲᠠᠪᠴᠠᠩ ᠢ ᠥᠷᠭᠡᠳᠭᠡᠨ᠎ᠡ᠃ ᠣᠯᠠᠨ ᠲᠦᠮᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠪᠠᠶᠠᠯᠢᠭᠵᠢᠭᠤᠯᠵᠤ᠂ ᠢᠯᠠᠩᠭᠤᠶ᠎ᠠ ᠮᠣᠩᠭᠤᠯ ᠬᠡᠯᠡᠨ ᠤ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠬᠠᠩᠭᠠᠵᠤ᠂ ᠣᠶᠣᠨᠴᠢ ᠦᠵᠦᠭᠦᠷ᠂ ᠣᠶᠤᠨᠴᠢ ᠭᠡᠷ ᠤᠨ ᠬᠡᠷᠡᠭᠰᠡᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠳᠡᠯᠭᠡᠷᠡᠭᠦᠯᠦᠨ᠂ ︽ᠪᠢᠴᠢᠭ ᠤᠨ ᠰᠤᠷᠪᠤᠯᠵᠢᠲᠤ ᠥᠪᠥᠷ ᠮᠣᠩᠭᠤᠯ — ᠲᠧᠯᠸᠢᠰ ᠤᠨ ᠨᠣᠮ ᠤᠨ ᠰᠠᠩ︾ ᠵᠡᠷᠭᠡ ᠣᠶᠤᠨᠴᠢ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠣᠶ ᠪᠣᠯᠭᠠᠵᠤ᠂ ᠷᠠᠳᠢᠣ᠋ ᠲᠧᠯᠸᠢᠰ᠂ ᠺᠢᠨᠣ᠋᠂ ᠲᠠᠭᠤ ᠳᠦᠷᠰᠦ ᠰᠢᠩᠭᠡᠭᠡᠯᠲᠡ᠂ ᠳᠠᠭᠤᠷᠢᠯᠢᠭ᠂ ᠵᠢᠷᠤᠭᠲᠤ ᠨᠣᠮ᠂ ᠰᠣᠨᠢᠨ᠂ ᠰᠡᠳᠬᠦᠯ᠂ ᠤᠯᠠᠭᠠᠨᠮᠥ᠋ᠴᠢᠷ᠂ ᠮᠦᠽᠧᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠵᠡᠷᠭᠡ ᠰᠣᠶᠣᠯ ᠤᠨ ᠡᠬᠢ ᠪᠠᠶᠠᠯᠢᠭ ᠤᠨ ᠬᠤᠷᠠᠮᠳᠤᠯ ᠢ ᠮᠠᠯᠵᠢᠬᠤ ᠲᠠᠷᠢᠶᠠᠯᠠᠬᠤ ᠣᠷᠣᠨ ᠳᠤ ᠬᠦᠷᠭᠡᠵᠦ᠂ ᠬᠤᠲᠠ ᠬᠥᠳᠡᠭᠡ ᠶᠢᠨ ᠭᠡᠷ ᠪᠦᠯᠢ ᠰᠠᠭᠤᠭᠠᠯᠢ ᠡᠷᠦᠬᠡ ᠳᠤ ᠬᠦᠷᠭᠡᠨ᠎ᠡ᠃  16. ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠲᠧᠯᠸᠢᠰ ᠤᠨ ᠲᠣᠮᠣ ᠳᠡᠯᠭᠡᠴᠡ ᠶᠢᠨ ᠳᠠᠪᠠᠭᠤᠯᠢᠭ ᠲᠤ ᠲᠦᠰᠢᠭᠯᠡᠨ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠤᠨ ᠲᠠᠪᠴᠠᠩ ᠢ ᠨᠡᠭᠡᠭᠡᠨ ᠬᠥᠭᠵᠢᠭᠦᠯᠵᠦ᠂ ᠠᠳᠠᠯᠢ ᠪᠤᠰᠤ ᠪᠥᠯᠬᠦᠮ ᠤᠨ ᠰᠤᠷᠤᠯᠴᠠᠬᠤ ᠬᠡᠷᠡᠭᠴᠡᠭᠡ ᠶᠢ ᠴᠠᠭ ᠲᠤᠬᠠᠶ ᠳᠤ ᠨᠢ ᠬᠠᠩᠭᠠᠨ᠎ᠠ︔ 5G ᠶᠢᠨ ᠲᠧᠯᠸᠢᠰ ᠤᠨ ᠦᠵᠦᠭᠦᠷ ᠤᠨ ᠡᠷᠡᠭᠦᠯ ᠮᠡᠨᠳᠦ ᠶᠢᠨ ᠡᠮᠴᠢᠯᠡᠭᠡᠨ ᠤ ᠬᠡᠷᠡᠭᠯᠡᠭᠡᠨ ᠤ ᠰᠤᠳᠤᠯᠤᠨ ᠨᠡᠭᠡᠭᠡᠬᠦ ᠶᠢ ᠰᠦᠪᠡᠭᠴᠢᠯᠡᠵᠦ᠂ ᠰᠦᠯᠵᠢᠶᠡᠨ ᠳᠡᠭᠡᠷ᠎ᠡ ᠲᠣᠭᠤᠷᠢᠨ ᠡᠮᠨᠡᠬᠦ᠂ ᠰᠦᠯᠵᠢᠶᠡᠨ ᠳᠡᠭᠡᠷ᠎ᠡ ᠬᠠᠮᠲᠤᠷᠠᠨ ᠣᠨᠣᠰᠢᠯᠠᠬᠤ᠂ ᠮᠡᠰᠡ ᠵᠠᠰᠠᠯ ᠢ ᠲᠣᠭᠤᠷᠢᠨ ᠦᠵᠡᠬᠦ᠂ ᠰᠦᠯᠵᠢᠶᠡᠨ ᠳᠡᠭᠡᠷ᠎ᠡ ᠵᠥᠪᠯᠡᠯᠭᠡ ᠥᠭᠬᠦ᠂ ᠣᠨᠣᠰᠢᠯᠠᠨ ᠡᠮᠨᠡᠬᠦ ᠶᠢ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠶᠢ ᠬᠠᠩᠭᠠᠨ᠎ᠠ︔ ᠲᠧᠯᠸᠢᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠣᠯᠠᠨ ᠲᠦᠮᠡᠨ ᠳᠤ ᠴᠠᠭ ᠲᠤᠬᠠᠶ ᠳᠤ ᠨᠢ ᠲᠥᠷᠥ ᠶᠢᠨ ᠪᠣᠳᠣᠯᠭ᠎ᠠ ᠶᠢᠨ ᠬᠠᠷᠢᠭᠤᠯᠲᠠ ᠥᠭᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠪᠢᠴᠢᠭ ᠮᠠᠲ᠋ᠧᠷᠢᠶᠠᠯ ᠪᠠᠭᠤᠯᠭᠠᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡ ᠶᠢ ᠬᠠᠩᠭᠠᠨ᠎ᠠ᠃  17. ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠦᠲᠦᠭᠡᠨ ᠪᠠᠶᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠢ ᠪᠦᠲᠦᠭᠡᠨ ᠪᠠᠶᠢᠭᠤᠯᠵᠤ᠂ ︽ᠤᠶᠤᠨᠲᠤ ᠷᠠᠳᠢᠣ᠋ ᠲᠧᠯᠸᠢᠰ︾ ᠤᠨ ᠡᠯᠧᠺᠲᠷᠣᠨ ᠬᠤᠳᠠᠯᠳᠤᠭᠠᠨ ᠤ ᠲᠠᠪᠴᠠᠩ ᠢ ᠪᠣᠶ ᠪᠣᠯᠭᠠᠵᠤ᠂ ᠤᠯᠤᠰ ᠤᠨ ᠳᠣᠲᠣᠭᠠᠳᠤ ᠶᠢᠨ ᠭᠤᠤᠯ ᠤᠷᠤᠰᠬᠠᠯ ᠤᠨ ᠡᠯᠧᠺᠲᠷᠣᠨ ᠬᠤᠳᠠᠯᠳᠤᠭ᠎ᠠ ᠲᠠᠢ ᠵᠣᠯᠭᠠᠭᠤᠯᠵᠤ᠂ ᠲᠠᠪᠴᠠᠩ᠂ ᠪᠠᠷᠠᠭᠠᠨ ᠤ ᠭᠦᠢᠯᠭᠡᠭᠡ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ︽ᠲᠠᠷᠢᠶᠠᠯᠠᠩ ᠮᠠᠯ ᠠᠵᠤ ᠠᠬᠤᠶ ᠶᠢᠨ ᠣᠨᠴᠠᠭᠠᠢ︾ ᠪᠦᠲᠦᠭᠡᠭᠳᠡᠬᠦᠨ ᠢ ᠲᠠᠨᠢᠯᠴᠠᠭᠤᠯᠵᠤ ᠡᠵᠡᠩᠨᠡᠨ ᠪᠣᠷᠣᠯᠠᠭᠤᠯᠬᠤ ᠰᠢᠨ᠎ᠡ ᠵᠠᠭᠪᠤᠷ ᠢ ᠪᠣᠶ ᠪᠣᠯᠭᠠᠵᠤ᠂ ᠬᠠᠮᠤᠭ ᠤᠨ ᠳᠣᠤᠷ᠎ᠠ ᠥᠪᠡᠷ ᠤᠨ ᠥᠷᠲᠡᠭ᠂ ᠬᠠᠮᠤᠭ ᠤᠨ ᠰᠢᠯᠢᠳᠡᠭ ᠶᠠᠰᠤ ᠴᠢᠨᠠᠷ᠂ ᠬᠠᠮᠤᠭ ᠤᠨ ᠥᠨᠳᠥᠷ ᠴᠢᠨᠠᠷ ᠦᠨ᠎ᠡ ᠶᠢᠨ ᠬᠠᠷᠢᠴᠠᠯ ᠢᠶᠠᠷ ᠪᠥᠬᠦ ᠣᠷᠣᠨ ᠤ ᠬᠡᠷᠡᠭᠯᠡᠭᠴᠢᠳ ᠲᠤ ᠬᠠᠮᠤᠭ ᠤᠨ ᠶᠡᠭᠡ ᠪᠣᠳᠠᠲᠤ ᠠᠰᠢᠭ ᠬᠦᠷᠲᠡᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠣᠨ᠎ᠠ᠃  ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ᠂ ᠷᠠᠳᠢᠣ᠋ ᠲᠧᠯᠸᠢᠰ᠂ ᠲᠣᠮᠣ ᠲᠤᠭ᠎ᠠ ᠪᠠᠷᠢᠮᠲᠠ᠂ ᠵᠠᠰᠠᠭ ᠤᠨ ᠶᠠᠪᠤᠳᠠᠯ ᠵᠡᠷᠭᠡ ᠨᠢᠭᠡᠴᠢ ᠬᠠᠮᠵᠢᠯᠴᠠᠵᠤ᠂ ᠦᠵᠦ ᠲᠥᠯᠥᠪᠯᠡᠭᠡ ᠶᠢ ᠴᠢᠩᠭᠠᠳᠬᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠨᠢ ᠢᠨᠵᠧᠨᠧᠷᠢᠩ ᠤᠨ ᠬᠡᠷᠡᠭᠵᠢᠭᠦᠯᠦᠯᠲᠡ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ᠂ ᠵᠣᠬᠢᠴᠠᠭᠤᠯᠤᠨ ᠨᠠᠶᠢᠳᠠᠪᠤᠷᠢᠵᠢᠭᠤᠯᠬᠤ᠂ ᠵᠣᠬᠢᠶᠠᠨ ᠪᠠᠶᠢᠭᠤᠯᠤᠨ ᠠᠬᠢᠭᠤᠯᠬᠤ᠂ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠨ᠎ᠠ᠃  ︵ᠬᠤᠶᠠᠷ︶ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ  ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠠᠵᠤ ᠠᠬᠤᠶᠢᠯᠠᠯ ᠢ ᠬᠡᠷᠡᠭᠵᠢᠭᠦᠯᠬᠦ ᠶᠢ ᠪᠠᠷᠢᠮᠲᠠᠯᠠᠨ᠂ ᠤᠯᠤᠰ ᠤᠨ ᠥᠮᠴᠢᠯᠡᠯᠲᠦ ᠰᠣᠶᠣᠯ ᠤᠨ ᠠᠵᠤ ᠠᠬᠤᠶᠢᠯᠠᠯ ᠤᠨ ᠴᠢᠳᠠᠮᠠᠭᠠᠶ ᠦᠢᠯᠡᠳᠦᠯ ᠢ ᠲᠣᠪᠤᠶᠢᠯᠭᠠᠵᠦ᠂ ᠵᠠᠬ᠎ᠠ ᠳᠡᠯᠭᠡᠭᠦᠷ ᠤᠨ ᠵᠣᠬᠢᠴᠠᠮᠵᠢ ᠶᠢᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠦᠴᠦᠨ ᠤ ᠣᠷᠣᠯᠴᠠᠯᠭ᠎ᠠ ᠶᠢ ᠳᠡᠶᠢᠴᠢᠯᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠤᠯ ᠴᠣᠭᠴᠠ ᠶᠢ ᠨᠡᠩ ᠣᠯᠠᠨ ᠡᠰᠢᠲᠦ᠂ ᠵᠣᠬᠢᠴᠠᠮᠵᠢ ᠨᠢ ᠨᠡᠩ ᠠᠮᠢᠳᠤᠯᠢᠭ᠂ ᠶᠠᠰᠤ ᠴᠢᠨᠠᠷ ᠨᠢ ᠨᠡᠩ ᠰᠢᠯᠢᠳᠡᠭ᠂ ᠦᠢᠯᠡᠴᠢᠯᠡᠭᠡ ᠨᠢ ᠨᠡᠩ ᠦᠷᠭᠦᠯᠵᠢᠯᠡᠬᠦᠶᠢᠴᠡ ᠪᠣᠯᠭᠠᠨ᠎ᠠ᠃ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠪᠦᠷᠬᠦᠴᠡ ᠬᠢᠭᠡᠳ ᠬᠡᠷᠡᠭᠯᠡᠯᠲᠡ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠨᠢᠭᠡ ᠴᠣᠭᠴᠠᠵᠢᠭᠰᠠᠨ ᠪᠥᠲᠥᠭᠡᠨ ᠪᠠᠶᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠪᠠᠯᠠ ᠮᠥᠩᠭᠦ ᠶᠢᠨ ᠣᠷᠣᠭᠤᠯᠤᠯᠲᠠ᠂ ᠠᠵᠤ ᠦᠢᠯᠡᠰ ᠤᠨ ᠲᠤᠯᠭᠠᠭᠤᠷᠢᠯᠠᠯ᠂ ᠲᠥᠷᠥᠯ ᠵᠦᠢᠯ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃  ︵ᠭᠤᠷᠪᠠ︶ ᠵᠢᠱᠢᠶ᠎ᠡ ᠦᠵᠡᠭᠦᠯᠵᠦ ᠬᠦᠲᠦᠯᠦᠨ ᠵᠢᠯᠤᠭᠤᠳᠬᠤ ᠶᠢ ᠴᠢᠩᠭᠠᠳᠬᠠᠨ᠎ᠠ  ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠶᠢ ᠴᠢᠩᠭᠠᠷᠠᠭᠤᠯᠵᠤ᠂ ᠪᠣᠳᠠᠲᠤ ᠪᠠᠶᠢᠳᠠᠯ ᠪᠠ ᠬᠡᠷᠡᠭᠴᠡᠭᠡ ᠳᠤ ᠴᠢᠭᠯᠡᠭᠦᠯᠦᠨ᠂ ︽ᠨᠢᠭᠡ ᠬᠡᠷᠡᠭ ᠢ ᠨᠢᠭᠡ ᠵᠥᠪᠯᠡᠬᠦ︾᠂ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ︽ᠨᠢᠭᠡ ᠵᠦᠢᠯᠡᠰ ᠲᠤ ᠨᠢᠭᠡ ᠲᠦᠰᠦᠯ ᠲᠠᠢ ᠪᠠᠶᠢᠬᠤ︾ ᠠᠷᠭ᠎ᠠ ᠶᠢ ᠠᠪᠴᠤ᠂ ᠠᠶᠢᠮᠠᠭ ᠬᠤᠲᠠ᠂ ᠬᠤᠰᠢᠭᠤ ᠰᠢᠶᠠᠨ ᠳᠤ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠪᠠ ᠭᠠᠴᠠᠭ᠎ᠠ ᠲᠣᠰᠬᠤᠨ ︵ᠨᠡᠶᠢᠭᠡᠮ ᠲᠤᠭᠤᠷᠢᠭ︶ ᠳᠤ ᠨᠢᠭᠡ ᠨᠢ ᠪᠣᠯᠪᠠᠰᠤᠷᠠᠩᠭᠤᠶ ᠪᠣᠯᠪᠠᠯ ᠨᠢᠭᠡ ᠶᠢ ᠪᠦᠲᠦᠭᠡᠨ ᠪᠠᠶᠢᠭᠤᠯᠬᠤ ᠵᠡᠷᠭᠡ ᠠᠳᠠᠯᠢ ᠪᠤᠰᠤ ᠬᠡᠯᠪᠡᠷᠢ ᠪᠠᠷ ᠳᠠᠮᠵᠢᠭᠤᠯᠤᠨ᠂ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠷᠠᠭᠤᠯᠵᠤ᠂ ᠣᠲᠣ ᠶᠢᠨ ᠪᠠᠶᠢᠭ᠎ᠠ ᠪᠦᠬᠦ᠋ᠢᠯᠡ ᠠᠶᠢᠮᠠᠭ ᠬᠤᠲᠠ᠂ ᠪᠥᠬᠦ ᠬᠤᠰᠢᠭᠤ ᠰᠢᠶᠠᠨ ᠢᠶᠠᠷ ᠢᠶᠠᠨ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠪᠦᠷᠬᠦᠴᠡ ᠬᠢᠭᠡᠳ ᠬᠡᠷᠡᠭᠯᠡᠭᠡᠨ ᠤ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠠᠬᠢᠭᠤᠯᠵᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠥᠬᠡᠬᠤᠲᠠ ᠶᠢᠨ ᠴᠢᠩ ᠴᠢᠤᠸᠠᠨ ᠨᠡᠶᠢᠭᠡᠮ ᠲᠣᠭᠤᠷᠢᠭ᠂ ᠪᠤᠭᠤᠲᠤ ᠬᠤᠲᠠ ᠶᠢᠨ ᠪᠸᠢ ᠯᠢᠶᠠᠩ ᠨᠡᠶᠢᠭᠡᠮ ᠲᠣᠭᠤᠷᠢᠭ ᠵᠡᠷᠭᠡ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠦᠢᠯᠡᠴᠢᠯᠡᠭᠡ ᠪᠠ ︽ᠲᠧᠯᠸᠢᠰ ᠦᠵᠡᠬᠦ︾ ᠪᠠᠶᠢᠭᠰᠠᠨ ᠠᠴᠠ ︽ᠲᠧᠯᠸᠢᠰ ᠬᠡᠷᠡᠭᠯᠡᠬᠦ︾ ᠪᠣᠯᠭᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃  ︵ᠲᠦᠷᠪᠡ︶ ᠰᠦᠯᠵᠢᠶᠡᠨ ᠤ ᠬᠠᠮᠠᠭᠠᠯᠠᠯᠲᠠ ᠶᠢ ᠴᠢᠩᠭᠠᠳᠬᠠᠨ᠎ᠠ  ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠮᠡᠳᠡᠷᠡᠬᠦ ᠲᠠᠪᠴᠠᠩ ᠳᠤ ᠲᠦᠰᠢᠭᠯᠡᠨ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠶᠢ ᠴᠢᠩᠭᠠᠳᠬᠠᠨ᠎ᠠ᠃ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠪᠦᠷᠬᠦᠴᠡ ᠶᠢ ᠬᠡᠷᠡᠭᠯᠡᠯᠲᠡ ᠬᠢᠭᠡᠳ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠪᠥᠲᠥᠭᠡᠨ ᠪᠠᠶᠢᠭᠤᠯᠵᠤ᠂ ᠵᠡᠷᠭᠡ ᠪᠠᠷ ᠬᠡᠷᠡᠭᠯᠡᠵᠦ᠂ ᠳᠠᠭᠠᠷᠢᠯᠲᠠ ᠶᠢ ᠰᠡᠷᠭᠡᠶᠢᠯᠡᠬᠦ᠂ ᠸᠢᠷᠦ᠋ᠰ ᠢ ᠰᠡᠷᠭᠡᠶᠢᠯᠡᠬᠦ᠂ ᠥᠭᠡᠷᠡᠲᠦᠭᠦᠯᠬᠦ ᠶᠢ ᠰᠡᠷᠭᠡᠶᠢᠯᠡᠬᠦ᠂ ᠲᠠᠮᠪᠠᠷᠠᠬᠤ ᠶᠢ ᠰᠡᠷᠭᠡᠶᠢᠯᠡᠬᠦ᠂ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠵᠤ᠂ ᠪᠣᠬᠢᠷᠲᠤᠯ ᠥᠬᠡᠶ ᠠᠮᠤᠷ ᠲᠦᠪᠰᠢᠨ᠂ ᠬᠠᠮᠢᠶᠠᠷᠴᠤ ᠡᠵᠡᠮᠳᠡᠵᠦ ᠪᠣᠯᠬᠤ ︽ᠤᠶᠤᠨᠲᠤ ᠷᠠᠳᠢᠣ᠋ ᠲᠧᠯᠸᠢᠰ︾ ᠤᠨ ᠰᠦᠯᠵᠢᠶ᠎ᠡ ᠶᠢ ᠪᠥᠲᠥᠭᠡᠨ ᠪᠠᠶᠢᠭᠤᠯᠤᠨ᠎ᠠ᠃  ᠬᠠᠭᠤᠯᠤᠨ ᠬᠦᠷᠭᠡᠬᠦ᠄ ᠡᠯ᠎ᠡ ᠠᠶᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ      ᠪᠢᠴᠢᠭ ᠮᠠᠲ᠋ᠧᠷᠢᠶᠠᠯ ᠢ ᠪᠠᠭᠤᠯᠭᠠᠬᠤ᠄ ᠥᠪᠥᠷ ᠮᠣᠩᠭᠤᠯ ᠤᠨ ︽ᠤᠶᠤᠨᠲᠤ ᠷᠠᠳᠢᠣ᠋ ᠲᠧᠯᠸᠢᠰ︾ ᠤᠨ ᠰᠦᠯᠵᠢᠶᠡᠨ ᠤ ᠦᠢᠯᠡᠴᠢᠯᠡᠭᠡ ᠶᠢ ᠲᠣᠰᠬᠤᠨ ᠳᠤ ᠣᠷᠣᠭᠤᠯᠬᠤ ᠪᠠ ︽ᠲᠧᠯᠸᠢᠰ ᠦᠵᠡᠬᠦ︾ ᠶᠢ ︽ᠲᠧᠯᠸᠢᠰ ᠬᠡᠷᠡᠭᠯᠡᠬᠦ︾ ᠪᠣᠯᠭᠠᠨ ᠬᠤᠪᠢᠷᠠᠭᠤᠯᠬᠤ ᠶᠢᠨ ᠬᠡᠷᠡᠭᠵᠢᠭᠦᠯᠬᠦ ᠲᠥᠰᠦᠯ.doc

 

ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map