ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠣᠯᠤᠨ ᠠᠷᠠᠪ ᠤᠨ ᠬᠤᠯᠪᠣᠭᠠᠲᠤ ᠠᠬᠠᠮᠠᠳᠳᠦ ᠤᠯᠤᠰ ᠤᠨ ᠵᠠᠭᠤᠴᠢᠯᠠᠭᠤᠷ ᠤᠨ ᠵᠥᠪᠯᠡᠯ ᠬᠠᠮᠲᠤᠷᠠᠨ ᠠᠵᠢᠯᠯᠠᠬᠤ ᠠᠭᠤᠴᠢᠯᠠᠯ ᠤᠨ ᠰᠠᠨᠠᠮᠵᠢ ᠪᠢᠴᠢᠭ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/5/31
  5 ᠳ᠋ᠤᠭᠠᠷ ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠠᠷᠠᠪ ᠤᠨ ᠬᠤᠯᠪᠣᠭᠠᠲᠤ ᠠᠬᠠᠮᠠᠳᠳᠤ ᠤᠯᠤᠰ ᠤᠨ ᠶᠡᠷᠦᠩᠬᠡᠶᠢᠯᠡᠭᠴᠢ ᠮᠤᠬᠠᠮᠤᠳ ᠬᠠᠮᠲᠤ ᠶᠢᠨ ᠭᠡᠷᠡᠴᠢᠯᠡᠭᠡ ᠪᠠᠷ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠪᠴᠢᠶᠠᠨ ᠳᠠᠷᠤᠭ᠎ᠠ ᠼᠤᠤ ᠱᠤ᠋ ᠮᠢᠨ ᠪᠣᠯᠤᠨ ᠠᠷᠠᠪ ᠤᠨ ᠬᠤᠯᠪᠣᠭᠠᠲᠤ ᠠᠬᠠᠮᠠᠳᠳᠤ ᠤᠯᠤᠰ ᠤᠨ ᠤᠯᠤᠰ ᠤᠨ ᠵᠠᠭᠤᠴᠢᠯᠠᠭᠤᠷ ᠤᠨ ᠠᠯᠪᠠᠨ ᠬᠡᠷ ᠤᠨ ᠡᠷᠬᠢᠯᠡᠭᠴᠢ᠂ ᠵᠠᠭᠤᠴᠢᠯᠠᠭᠤᠷ ᠤᠨ ᠵᠥᠪᠯᠡᠯ ᠤᠨ ᠲᠡᠷᠢᠭᠦᠯᠡᠭᠴᠢ ᠠᠪᠳᠦ᠋ᠯᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠪᠣᠯᠤᠨ ᠠᠷᠠᠪ ᠤᠨ ᠬᠤᠯᠪᠣᠭᠠᠲᠤ ᠠᠬᠠᠮᠠᠳᠳᠤ ᠤᠯᠤᠰ ᠤᠨ ᠵᠠᠭᠤᠴᠢᠯᠠᠭᠤᠷ ᠤᠨ ᠵᠥᠪᠯᠡᠯ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃ ᠬᠤᠶᠠᠷ ᠲᠠᠯ᠎ᠠ ᠪᠠᠷ ᠢᠶᠠᠨ ᠲᠦᠷᠦ ᠶᠢᠨ ᠪᠤᠳᠤᠯᠭ᠎ᠠ ᠶᠢᠨ ᠨᠡᠪᠲᠡᠷᠡᠯᠴᠡᠭᠡ᠂ ᠠᠭᠤᠯᠭ᠎ᠠ ᠶᠢᠨ ᠬᠠᠮᠲᠤᠷᠠᠯᠴᠠᠭ᠎ᠠ᠂ ᠫᠷᠤᠭ᠍ᠷᠠᠮ ᠤᠨ ᠰᠣᠯᠢᠯᠴᠠᠭ᠎ᠠ᠂ ᠠᠵᠢᠯᠳᠠᠨ ᠤ ᠰᠣᠯᠢᠯᠴᠠᠭ᠎ᠠ᠂ ᠮᠡᠷᠭᠡᠵᠢᠯ ᠤᠨ ᠬᠡᠷᠡᠭᠯᠡᠯᠲᠡ ᠵᠢᠴᠢ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠣᠯᠣᠨ᠎ᠠ ᠃  ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠵᠠᠭᠤᠴᠢᠯᠠᠭᠤᠷ ᠤᠨ ᠵᠥᠪᠯᠡᠯ ᠪᠣᠯ ᠠᠷᠠᠪ ᠤᠨ ᠤᠯᠤᠰ ᠤᠨ ᠳᠣᠲᠣᠭᠠᠳᠤ ᠶᠢᠨ ᠵᠠᠭᠤᠴᠢᠯᠠᠭᠤᠷ ᠤᠨ ᠬᠦᠷᠢᠶᠡᠨ ᠤ ᠲᠥᠷᠥ ᠶᠢᠨ ᠪᠣᠳᠣᠯᠭ᠎ᠠ ᠲᠣᠭᠲᠠᠭᠠᠬᠤ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠵᠠᠰᠠᠭ ᠤᠨ ᠣᠷᠳᠣᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠲᠤᠰ ᠤᠯᠤᠰ ᠤᠨ ᠬᠡᠪᠯᠡᠯ ᠮᠡᠳᠡᠭᠡᠯᠡᠯ ᠤᠨ ᠦᠢᠯᠡᠰ ᠤᠨ ᠬᠥᠭᠵᠢᠯ ᠢ ᠠᠬᠢᠭᠤᠯᠵᠤ᠂ ᠲᠡᠭᠦᠨ ᠤ ᠵᠠᠭᠤᠴᠢᠯᠠᠭᠤᠷ ᠤᠨ ᠦᠢᠯᠡᠰ ᠤᠨ ᠳᠡᠯᠡᠬᠡᠢ ᠳᠡᠭᠡᠷᠡᠬᠢ ᠨᠦᠯᠦᠭᠡᠯᠡᠬᠦ ᠬᠦᠴᠦᠨ ᠢ ᠳᠡᠭᠡᠭᠰᠢᠯᠡᠭᠦᠯᠵᠦ ᠪᠣᠢ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map