ᠹᠷᠠᠨᠼᠢ ᠶᠢᠨ ᠷᠠᠳᠢᠤ᠋ ᠲᠧᠯᠸᠢᠰ ᠤᠨ ᠵᠠᠭᠤᠴᠢᠯᠠᠭᠤᠷ ᠤᠨ ᠲᠣᠭᠠᠴᠢᠯᠠᠯᠲᠠ ᠶᠢᠨ ᠬᠤᠪᠢᠷᠠᠭᠤᠯᠤᠯᠲᠠ
ᠨᠡᠶᠢᠲᠡᠯᠡᠭᠰᠡᠨ ᠴᠠᠭ᠄
2024/5/7
  ᠪᠦᠬᠦ ᠪᠥᠮᠪᠥᠷᠴᠡᠭ ᠤᠨ ᠲᠣᠭᠠᠴᠢᠯᠠᠯᠲᠠ ᠶᠢᠨ ᠳᠠᠪᠠᠯᠭᠠᠨ ᠤ ᠡᠮᠦᠨ᠎ᠡ᠂ ᠹᠷᠠᠨᠼᠢ ᠶᠢᠨ ᠤᠯᠠᠮᠵᠢᠯᠠᠯᠲᠤ ᠲᠧᠯᠸᠢᠰ ᠬᠤᠷᠢᠶ᠎ᠠ ᠵᠠᠭᠤᠴᠢᠯᠠᠭᠤᠷ ᠤᠨ ᠠᠭᠤᠰᠤᠯᠴᠠᠯ ᠢ ᠢᠳᠡᠪᠬᠢᠲᠡᠢ ᠰᠦᠪᠡᠭᠴᠢᠯᠡᠵᠦ᠂ ᠥᠪᠡᠷ ᠢᠶᠠᠨ ᠪᠠᠶᠢᠭᠤᠯᠤᠭᠰᠠᠨ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠤᠯᠠᠨ ᠵᠦᠢᠯ ᠤᠨ ᠰᠦᠯᠵᠢᠶᠡᠨ ᠤ ᠦᠵᠡᠵᠦ ᠰᠣᠨᠣᠰᠬᠤ ᠦᠢᠯᠡᠴᠢᠯᠡᠭᠡ ᠶᠢ ᠬᠠᠩᠭᠠᠬᠤ᠂ ᠠᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠮᠲᠤᠷᠠᠨ ᠳᠡᠯᠭᠡᠬᠦ᠂ ᠬᠠᠮ ᠵᠠᠭᠤᠴᠢᠯᠠᠭᠤᠷ ᠤᠨ ᠪᠦᠷᠬᠦᠯᠲᠡ ᠶᠢ ᠠᠬᠢᠭᠤᠯᠬᠤ᠂ ᠤᠯᠠᠨ ᠤᠯᠤᠰ ᠤᠨ ᠳᠠᠮᠵᠢᠭᠤᠯᠭ᠎ᠠ ᠶᠢ ᠴᠢᠩᠭᠠᠳᠬᠠᠬᠤ ᠵᠡᠷᠭᠡ ᠠᠷᠭ᠎ᠠ ᠬᠡᠯᠪᠡᠷᠢ ᠪᠠᠷ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠪᠡ᠃  ᠹᠷᠠᠨᠼᠢ ᠶᠢᠨ ᠲᠣᠯᠣᠭᠠᠶᠢᠯᠠᠭᠴᠢ ᠲᠧᠯᠸᠢᠰ ᠤᠨ ᠪᠠᠶᠢᠭᠤᠯᠤᠮᠵᠢ ᠨᠢ ᠹᠷᠠᠨᠼᠢ ᠶᠢᠨ ᠤᠯᠤᠰ ᠤᠨ ᠲᠧᠯᠸᠢᠰ ᠤᠨ ᠪᠦᠯᠦᠭᠯᠡᠯ ︵France Télévisions︶᠂ ᠹᠷᠠᠨᠼᠢ ᠶᠢᠨ ᠲᠧᠯᠸᠢᠰ ᠤᠨ ᠨᠢᠭᠡᠳᠦᠭᠡᠷ ᠰᠤᠪᠠᠭ ︵TF1᠂ ᠪᠦ᠋ ᠢ ᠭᠧ ᠪᠦᠯᠦᠭᠯᠡᠯ ᠳᠤ ᠬᠠᠷᠢᠶᠠᠯᠠᠭᠳᠠᠨ᠎ᠠ︶᠂ ᠹᠷᠠᠨᠼᠢ ᠶᠢᠨ ᠲᠧᠯᠸᠢᠰ ᠤᠨ ᠵᠢᠷᠭᠤᠳᠤᠭᠠᠷ ᠰᠤᠪᠠᠭ ︵TV6 / M6᠂ RTL ᠪᠦᠯᠦᠭᠯᠡᠯ ᠳᠤ ᠬᠠᠷᠢᠶᠠᠯᠠᠭᠳᠠᠨ᠎ᠠ ︶ ᠪᠣᠯᠤᠨ ᠺᠠᠶᠢᠷᠧᠫᠯᠠᠰ ᠤᠨ ᠲᠧᠯᠸᠢᠰ ᠬᠤᠷᠢᠶ᠎ᠠ ︵Canal+ ᠂ ᠸᠢᠸᠠᠨᠳᠢ ᠪᠦᠯᠦᠭᠯᠡᠯ ᠳᠤ ᠬᠠᠷᠢᠶᠠᠯᠠᠭᠳᠠᠨ᠎ᠠ︶ ᠶᠢ ᠪᠠᠭᠲᠠᠭᠠᠪᠠ᠃ ᠡᠭᠦᠨ ᠳᠤ᠂ ᠹᠷᠠᠨᠼᠢ ᠶᠢᠨ ᠤᠯᠤᠰ ᠤᠨ ᠲᠧᠯᠸᠢᠰ ᠤᠨ ᠪᠦᠯᠦᠭᠯᠡᠯ ᠨᠢ ᠣᠯᠠᠨ ᠨᠡᠶᠢᠲᠡ ᠶᠢᠨ ᠦᠢᠯᠡᠴᠢᠯᠡᠭᠡᠨ ᠤ ᠷᠠᠳᠢᠣ᠋ ᠲᠧᠯᠸᠢᠰ ᠤᠨ ᠪᠠᠶᠢᠭᠤᠯᠤᠮᠵᠢ ᠨᠢ 2022 ᠣᠨ ᠳᠤ ᠲᠧᠯᠸᠢᠰ ᠤᠨ ᠦᠨᠡᠮᠯᠡᠯ ᠤᠨ ᠰᠦᠢᠳᠬᠡᠯ ᠢ ᠬᠦᠴᠦᠨ ᠦᠭᠡᠢ ᠪᠣᠯᠭᠠᠵᠤ ᠂ ᠬᠦᠯᠢᠶᠡᠨ ᠠᠪᠤᠭᠰᠠᠨ ᠬᠤᠪᠢ ᠶᠢᠨ ᠲᠤᠭ᠎ᠠ ᠨᠢ ᠨᠢᠭᠡᠳᠦᠭᠡᠷ ᠲᠤ ᠣᠷᠣᠵᠤ᠂ 30% ᠳᠤ ᠣᠶᠢᠷᠠᠳᠪᠠ ︵ᠨᠢᠭᠡᠳᠦᠭᠡᠷ ᠬᠦᠰᠦᠨᠦᠭᠲᠦ ᠠᠴᠠ ᠦᠵᠡ︶᠃ TF1 ᠪᠠ M6 ᠨᠢ 2021 ᠣᠨ ᠤ 5 ᠳ᠋ᠤᠭᠠᠷ ᠰᠠᠷ᠎ᠠ ᠠᠴᠠ ᠡᠬᠢᠯᠡᠨ ᠨᠡᠶᠢᠯᠡᠭᠦᠯᠪᠡ᠂ ᠭᠡᠪᠡᠴᠦ ᠭᠠᠭᠴᠠᠭᠠᠷ ᠡᠵᠡᠮᠰᠢᠯ ᠢ ᠡᠰᠡᠷᠭᠦᠴᠡᠬᠦ ᠱᠠᠭᠠᠷᠳᠠᠯᠭ᠎ᠠ ᠠᠴᠠ ᠪᠣᠯᠵᠤ᠂ 2022 ᠣᠨ ᠤ 9 ᠳ᠋ᠦ᠋ᠭᠡᠷ ᠰᠠᠷ᠎ᠠ ᠳᠤ ᠨᠡᠶᠢᠯᠡᠭᠦᠯᠬᠦ ᠲᠥᠯᠥᠪᠯᠡᠭᠡ ᠪᠠᠨ ᠣᠷᠬᠢᠭᠰᠠᠨ ᠪᠠᠶᠢᠨ᠎ᠠ᠃ Canal+ ᠪᠦᠯᠦᠭᠯᠡᠯ ᠨᠢ ᠰᠤᠪᠠᠭ ᠰᠦᠯᠵᠢᠶ᠎ᠡ ᠶᠢ ᠨᠢᠭᠡ ᠴᠣᠭᠴᠠᠵᠢᠭᠤᠯᠬᠤ ᠡᠵᠡᠩᠨᠡᠯᠲᠡ ᠶᠢᠨ ᠵᠠᠭᠪᠤᠷ ᠪᠣᠯᠵᠤ᠂ ᠲᠧᠯᠸᠢᠰ ᠬᠤᠷᠢᠶ᠎ᠠ ᠪᠣᠯᠤᠨ ᠳᠠᠭᠠᠭᠤᠯᠢ ᠣᠳᠣᠨ ᠤ ᠲᠧᠯᠸᠢᠰ ᠤᠨ ᠰᠦᠯᠵᠢᠶ᠎ᠡ ᠲᠠᠢ᠃ ᠹᠷᠠᠨᠼᠢ ᠶᠢᠨ ᠲᠣᠯᠣᠭᠠᠶᠢᠯᠠᠭᠴᠢ ᠲᠧᠯᠸᠢᠰ ᠬᠤᠷᠢᠶ᠎ᠠ ᠪᠦᠷᠢ ᠨᠢ ᠰᠦᠯᠵᠢᠶᠡᠨ ᠤ ᠦᠵᠡᠵᠦ ᠰᠣᠨᠣᠰᠬᠤ ᠠᠵᠢᠯ ᠤᠨ ᠰᠢᠯᠢᠳᠡᠭ ᠦᠷ᠎ᠡ ᠪᠦᠲᠦᠮᠵᠢ ᠶᠢ ᠣᠯᠵᠠᠢ᠃  ᠨᠢᠭᠡ᠂ ᠬᠠᠮ ᠵᠠᠭᠤᠴᠢᠯᠠᠭᠤᠷ ᠤᠨ ᠲᠠᠪᠴᠠᠩ ᠢ ᠭᠠᠷᠭᠠᠵᠤ᠂ ᠣᠯᠠᠨ ᠵᠦᠢᠯ ᠤᠨ ᠸᠢᠳᠢᠤ᠋ ᠶᠢᠨ ᠦᠢᠯᠡᠴᠢᠯᠡᠭᠡ ᠬᠠᠩᠭᠠᠪᠠ1.ᠡᠯᠪᠡᠭ ᠪᠠᠶᠠᠯᠢᠭ ᠲᠥᠷᠥᠯ ᠬᠡᠯᠪᠡᠷᠢ ᠶᠢᠨ ᠸᠢᠳᠢᠤ᠋ ᠶᠢᠨ ᠦᠢᠯᠡᠴᠢᠯᠡᠭᠡ ᠬᠠᠩᠭᠠᠪᠠ  ᠨᠢᠭᠡᠳᠦᠭᠡᠷ ᠲᠤ᠂ ᠡᠷᠭᠢᠵᠦ ᠦᠵᠡᠬᠦ ᠪᠠ ᠤᠷᠢᠳᠴᠢᠯᠠᠨ ᠨᠡᠪᠲᠡᠷᠡᠭᠦᠯᠬᠦ ᠴᠡᠭ ᠭᠠᠷᠭᠠᠬᠤ ᠦᠢᠯᠡᠴᠢᠯᠡᠭᠡ ᠬᠠᠩᠭᠠᠬᠤ ᠪᠣᠯ ᠲᠧᠯᠸᠢᠰ ᠬᠤᠷᠢᠶᠠᠨ ᠤ ᠰᠦᠯᠵᠢᠶᠡᠨ ᠤ ᠦᠵᠡᠵᠦ ᠰᠣᠨᠣᠰᠬᠤ ᠦᠨᠳᠦᠰᠦᠨ ᠦᠢᠯᠡᠴᠢᠯᠡᠭᠡ ᠪᠣᠯᠣᠨ᠎ᠠ᠃ 2022 ᠣᠨ ᠤ 12 ᠳ᠋ᠤᠭᠠᠷ ᠰᠠᠷ᠎ᠠ ᠪᠣᠯᠲᠠᠯ᠎ᠠ᠂ ᠪᠦᠬᠦ ᠤᠯᠤᠰ ᠤᠨ ᠴᠢᠨᠠᠷᠲᠠᠢ ᠰᠤᠪᠠᠭ TF1᠂ France 2᠂ France 3᠂ Canal + ᠂ France 5᠂ M6᠂ Arte ᠳᠤᠮᠳᠠ᠂ 52% ᠪᠦᠬᠦᠢ ᠫᠷᠦᠭᠷᠠᠮ ᠨᠢ ︽ᠲᠧᠯᠸᠢᠰ ᠤᠨ ᠡᠷᠭᠢᠵᠦ ᠦᠵᠡᠬᠦ︾ ᠵᠠᠭᠪᠤᠷ ᠢᠶᠠᠷ ᠳᠠᠮᠵᠢᠨ ᠬᠦᠯᠢᠶᠡᠨ ᠠᠪᠴᠤ ᠦᠵᠡᠪᠡ᠃ 2023 ᠣᠨ ᠤ 11 ᠳ᠋ᠦ᠋ᠭᠡᠷ ᠤᠨ ᠰᠠᠷ᠎ᠠ ᠳᠤ᠂ 1030 ᠲᠦᠮᠡ ᠢᠯᠡᠭᠦᠦ ᠬᠥᠮᠦᠨ France.tv᠂ MyTF1 ︵ᠡᠳᠦᠭᠡ TF1+︶᠂ 6Play᠂ MyCanal ᠵᠡᠷᠭᠡ ᠲᠠᠪᠴᠠᠩ ᠳᠡᠭᠡᠷᠡᠬᠢ ᠤᠷᠢᠳᠴᠢᠯᠠᠨ ᠦᠵᠡᠭᠦᠯᠬᠦ ᠠᠭᠤᠯᠭ᠎ᠠ ᠶᠢ ᠰᠣᠨᠢᠷᠬᠠᠪᠠ᠃  ᠬᠤᠶᠠᠳᠤᠭᠠᠷ ᠲᠤ᠂ ᠵᠠᠬᠢᠶᠠᠯᠠᠵᠤ ᠨᠡᠪᠲᠡᠷᠡᠭᠦᠯᠬᠦ ᠦᠢᠯᠡᠴᠢᠯᠡᠭᠡ ᠬᠠᠩᠭᠠᠪᠠ᠃ ᠹᠷᠠᠨᠼᠢ ᠶᠢᠨ ᠤᠯᠤᠰ ᠤᠨ ᠲᠧᠯᠧᠢᠰ ᠤᠨ ᠪᠦᠯᠦᠭᠯᠡᠯ ᠨᠢ 2012 ᠤᠨ ᠳᠤ ᠸᠢᠳᠢᠣ᠋ ᠶᠢᠨ ᠵᠠᠬᠢᠶᠠᠯᠠᠭ᠎ᠠ ᠶᠢᠨ ᠨᠡᠪᠲᠡᠷᠡᠭᠦᠯᠬᠡ ᠶᠢᠨ ᠲᠠᠪᠴᠠᠩ Pluzz VOD ᠢ ᠭᠠᠷᠭᠠᠵᠤ᠂ 300 ᠭᠠᠷᠤᠢ ᠪᠦᠯᠦᠭ ᠺᠢᠨᠣ᠋ ᠪᠠ ᠲᠧᠯᠧᠢᠰ ᠵᠦᠴᠦᠭᠡ ᠬᠠᠩᠭᠠᠵᠤ᠂ ᠡᠭᠦᠨ ᠤ ᠲᠤᠲᠤᠷ᠎ᠠ 50 ᠰᠢᠬᠠᠮ ᠪᠦᠯᠦᠭ ᠨᠢ ᠤᠨᠴᠠ ᠲᠤᠲᠤ ᠬᠡᠯᠪᠡᠷᠢ ᠶᠢᠨ ᠪᠠᠶᠢᠪᠠ᠃ 2017 ᠣᠨ ᠳᠤ᠂ ᠪᠦᠯᠦᠭᠯᠡᠯ ᠨᠢ France.tv ᠲᠠᠪᠴᠠᠩ ᠢ ᠭᠠᠷᠭᠠᠵᠤ᠂ ᠪᠣᠶ ᠪᠥᠬᠦᠶ ᠰᠦᠯᠵᠢᠶᠡᠨ ᠳᠡᠭᠡᠷᠡᠬᠢ ᠠᠭᠤᠯᠭ᠎ᠠ ᠶᠢ ᠡᠮᠬᠢᠯᠡᠨ ᠨᠡᠶᠢᠯᠡᠭᠦᠯᠵᠦ᠂ ᠰᠢᠭᠤᠳ ᠨᠡᠪᠲᠡᠷᠡᠭᠦᠯᠬᠦ᠂ ᠳᠠᠬᠢᠨ ᠨᠡᠪᠲᠡᠷᠡᠭᠦᠯᠬᠦ᠂ ᠵᠠᠬᠢᠶᠠᠯᠠᠭ᠎ᠠ ᠶᠢᠨ ᠨᠡᠪᠲᠡᠷᠡᠭᠦᠯᠭᠡ ᠵᠡᠷᠭᠡ ᠦᠢᠯᠡᠴᠢᠯᠡᠭᠡ ᠶᠢ ᠬᠠᠩᠭᠠᠪᠠ ᠃ TF1+᠂ 6Play ᠲᠣᠰ ᠲᠣᠰ 1.5 ᠲᠦᠮᠡᠨ ᠴᠠᠭ᠂ 6500 ᠴᠠᠭ ᠠᠴᠠ ᠬᠡᠲᠦᠷᠡᠭᠰᠡᠨ ᠵᠠᠬᠢᠶᠠᠯᠠᠭ᠎ᠠ ᠶᠢᠨ ᠠᠭᠤᠯᠭ᠎ᠠ ᠶᠢ ᠬᠠᠩᠭᠠᠪᠠ᠃  ᠭᠤᠷᠪᠠᠳᠤᠭᠠᠷ ᠲᠤ᠂ ᠰᠢᠭᠤᠳ ᠨᠡᠪᠲᠡᠷᠡᠭᠦᠯᠭᠡ ᠶᠢᠨ ᠰᠤᠪᠠᠭ ᠤᠨ ᠦᠢᠯᠡᠴᠢᠯᠡᠭᠡ ᠬᠠᠩᠭᠠᠪᠠ᠃ France.tv ᠨᠢ ᠰᠦᠢᠳᠭᠡᠯ ᠬᠤᠷᠢᠶᠠᠬᠤ ᠥᠬᠡᠢ ᠪᠠᠷ ᠪᠦᠬᠦᠶᠢᠯᠡ ᠰᠢᠭᠤᠳ ᠨᠡᠪᠲᠡᠷᠡᠭᠦᠯᠬᠦ ᠰᠤᠪᠠᠭ ᠤᠨ ᠠᠭᠤᠯᠭ᠎ᠠ ᠶᠢ ᠬᠠᠩᠭᠠᠪᠠ︔ TF1+᠂ 6Play ᠲᠤᠰ ᠲᠤᠰ 5 ︵TF1᠂ TMC ᠂ TFX ᠂ TF1 Séries Films ᠂ LCI ︶᠂ 6 ︵M6᠂ W9᠂ 6ter ᠂ Gulli ᠂ Paris Premiére ᠂ Téva ︶ ᠰᠢᠭᠤᠳ ᠨᠡᠪᠲᠡᠷᠡᠭᠦᠯᠭᠡ ᠶᠢᠨ ᠰᠤᠪᠠᠭ ᠢ ᠬᠠᠩᠭᠠᠪᠠ᠃  ᠳᠥᠷᠪᠡᠳᠦᠭᠡᠷ ᠲᠤ᠂ FAST ᠰᠤᠪᠠᠭ ᠪᠣᠢ ᠪᠣᠯᠪᠠ᠃ FAST ᠨᠢ ᠲᠧᠯᠸᠢᠰ ᠤᠨ ᠰᠢᠭᠤᠳ ᠨᠡᠪᠲᠡᠷᠡᠭᠦᠯᠭᠡ ᠶᠢ ᠳᠠᠬᠢᠨ ᠱᠤᠭᠤᠬᠤ ᠰᠢᠨ᠎ᠡ ᠠᠷᠭ᠎ᠠ ᠬᠡᠯᠪᠡᠷᠢ ᠪᠣᠯᠵᠤ᠂ 2023 ᠣᠨ ᠤ ᠡᠴᠦᠰ ᠪᠣᠯᠲᠠᠯ᠎ᠠ᠂ ᠹᠷᠠᠨᠼᠢ ᠳᠤ 500 ᠭᠠᠷᠤᠢ FAST ᠰᠤᠪᠠᠭ ᠲᠠᠢ ᠪᠣᠯᠪᠠ᠃ TF1 ᠶᠢᠨ ᠦᠨ᠎ᠡ ᠲᠥᠯᠥᠪᠦᠷᠢ ᠦᠭᠡᠢ ᠬᠡᠪᠯᠡᠯ ᠮᠡᠳᠡᠭᠡᠯᠡᠯ ᠤᠨ ᠲᠠᠪᠴᠠᠩ TF1+ ᠨᠢ ᠪᠠᠷᠤᠭ 50 FAST ᠰᠤᠪᠠᠭ ᠢ ᠨᠡᠶᠢᠯᠡᠭᠦᠯᠵᠦ ᠂ ᠢᠨᠠᠭ ᠳᠤᠷᠠᠯᠠᠯ ᠤᠨ ᠺᠢᠨᠣ᠋᠂ ᠬᠤᠱᠤᠩ ᠵᠦᠴᠦᠭᠡ᠂ ᠠᠶᠤᠮᠰᠢᠭᠲᠤ ᠺᠢᠨᠣ᠋᠂ ᠺᠠᠷᠲ᠋ᠤᠨ ᠵᠢᠷᠤᠭ ᠵᠡᠷᠭᠡ ᠭᠤᠤᠯ ᠰᠡᠳᠦᠪ ᠲᠠᠢ ᠪᠠᠶᠢᠳᠠᠭ᠃  2. ᠵᠠᠷ ᠮᠡᠳᠡᠭᠡᠨ ᠤ ᠣᠷᠣᠯᠭ᠎ᠠ + ᠵᠠᠬᠢᠶᠠᠯᠠᠭᠰᠠᠨ ᠬᠤᠯᠢᠮᠠᠭ ᠬᠤᠳᠠᠯᠳᠤᠭᠠᠨ ᠤ ᠵᠠᠭᠪᠤᠷ ᠢ ᠬᠡᠷᠡᠭᠵᠢᠭᠦᠯᠪᠡ  ᠵᠠᠬ᠎ᠠ ᠳᠡᠯᠭᠡᠭᠦᠷ ᠤᠨ ᠣᠯᠠᠨ ᠡᠰᠢᠲᠦ ᠬᠡᠷᠡᠭᠴᠡᠭᠡ ᠶᠢᠨ ᠡᠮᠦᠨ᠎ᠡ᠂ ᠲᠧᠯᠸᠢᠰ ᠬᠤᠷᠢᠶᠠᠨ ᠤ ᠰᠢᠨ᠎ᠡ ᠵᠠᠭᠤᠴᠢᠯᠠᠭᠤᠷ ᠤᠨ ᠲᠠᠪᠴᠠᠩ ᠵᠠᠷ ᠮᠡᠳᠡᠭᠡᠨ ᠤ ᠳᠡᠮᠵᠢᠯᠭᠡ ᠶᠢᠨ ᠰᠦᠢᠳᠬᠡᠯ ᠬᠤᠷᠢᠶᠠᠬᠤ ᠦᠭᠡᠢ ᠪᠠᠷ ᠵᠠᠬᠢᠶᠠᠯᠠᠭ᠎ᠠ ᠨᠡᠪᠲᠡᠷᠡᠭᠦᠯᠬᠦ ᠪᠠ ᠰᠦᠢᠳᠬᠡᠯ ᠲᠤᠰᠢᠶᠠᠬᠤ ᠵᠠᠬᠢᠶᠠᠯᠠᠭ᠎ᠠ ᠶᠢᠨ ᠵᠠᠭᠪᠤᠷ ᠵᠡᠷᠭᠡ ᠤᠯᠠᠨ ᠵᠦᠢᠯ ᠤᠨ ᠥᠪᠡᠷᠮᠢᠴᠡ ᠦᠢᠯᠡᠴᠢᠯᠡᠭᠡ ᠶᠢ ᠬᠠᠩᠭᠠᠵᠤ᠂ ᠠᠳᠠᠯᠢ ᠪᠤᠰᠤ ᠬᠦᠯᠢᠶᠡᠨ ᠠᠪᠤᠭᠴᠢᠳ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ ᠠᠰᠢᠭ ᠣᠯᠵᠠᠪᠤᠷᠢ ᠶᠢᠨ ᠵᠠᠭᠪᠤᠷ ᠢ ᠪᠠᠶᠠᠯᠢᠭᠵᠢᠭᠤᠯᠪᠠ᠃ ᠡᠭᠦᠨ ᠳᠤ᠂ ᠣᠯᠠᠨ ᠨᠡᠶᠢᠲᠡ ᠶᠢᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ᠶᠢᠨ ᠹᠷᠠᠨᠼᠢ ᠶᠢᠨ ᠤᠯᠤᠰ ᠤᠨ ᠲᠧᠯᠸᠢᠰ ᠤᠨ ᠪᠦᠯᠦᠭᠯᠡᠯ ᠤᠨ France.tv ᠨᠢ ᠰᠦᠢᠳᠬᠡᠯ ᠬᠤᠷᠢᠶᠠᠬᠤ ᠥᠬᠡᠶ ᠲᠠᠪᠴᠠᠩ ᠪᠠᠶᠢᠵᠤ᠂ TF1 ᠪᠠ M6 ᠪᠦᠯᠦᠭᠯᠡᠯ ᠨᠢ ᠰᠦᠢᠳᠬᠡᠯ ᠬᠤᠷᠢᠶᠠᠬᠤ ᠥᠬᠡᠶ ᠪᠠ ᠰᠦᠢᠳᠬᠡᠯ ᠲᠤᠰᠢᠶᠠᠬᠤ ᠬᠤᠶᠠᠷ ᠵᠦᠢᠯ ᠤᠨ ᠦᠢᠯᠡᠴᠢᠯᠡᠭᠡ ᠬᠠᠩᠭᠠᠨ᠎ᠠ᠃  2024 ᠣᠨ ᠤ 1 ᠳ᠋ᠦ᠋ᠭᠡᠷ ᠰᠠᠷ᠎ᠠ ᠳᠤ᠂ TF1 ᠨᠢ ᠦᠨ᠎ᠡ ᠲᠥᠯᠥᠪᠦᠷᠢ ᠦᠭᠡᠢ ᠵᠠᠷ ᠮᠡᠳᠡᠭᠡᠨ ᠤ ᠳᠡᠮᠵᠢᠯᠭᠡ ᠶᠢᠨ ᠤᠷᠤᠰᠬᠠᠯ ᠵᠠᠭᠤᠴᠢᠯᠠᠭᠤᠷ ᠤᠨ ᠲᠠᠪᠴᠠᠩ TF1 ᠶᠢ ᠭᠠᠷᠭᠠᠵᠤ᠂ 1.5 ᠲᠦᠮᠡᠨ ᠴᠠᠭ ᠤᠨ ᠠᠭᠤᠯᠭ᠎ᠠ ᠶᠢᠨ ᠬᠥᠮᠥᠷᠭᠡ ︵MYTF1 ᠠᠴᠠ 50% ᠢᠯᠡᠭᠦᠦ︶ ᠶᠢ ᠬᠠᠩᠭᠠᠵᠤ᠂ ᠤᠤᠯ ᠤᠨ ᠰᠦᠢᠳᠬᠡᠯ ᠬᠤᠷᠢᠶᠠᠬᠤ ᠦᠭᠡᠢ ᠵᠠᠷ ᠮᠡᠳᠡᠭᠡ ᠶᠢ ᠳᠡᠮᠵᠢᠬᠦ BVOD ᠦᠢᠯᠡᠴᠢᠯᠡᠭᠡ MyTF1 ᠪᠠ ᠵᠠᠷ ᠮᠡᠳᠡᠭᠡ ᠦᠭᠡᠢ ᠵᠠᠬᠢᠶᠠᠯᠠᠭ᠎ᠠ ᠶᠢᠨ ᠬᠡᠯᠪᠡᠷᠢ ᠶᠢᠨ MyTF1Max ᠢ ᠣᠷᠤᠯᠠᠪᠠ᠃ ᠡᠭᠦᠨ ᠤ ᠬᠠᠮᠲᠤ ᠂ ᠰᠦᠢᠳᠭᠡᠯ ᠲᠤᠰᠢᠶᠠᠬᠤ ᠵᠠᠷ ᠮᠡᠳᠡᠭᠡ ᠦᠭᠡᠢ ᠬᠡᠯᠪᠡᠷᠢ ᠶᠢᠨ TF1+Premium ᠤᠨ ᠦᠨ᠎ᠡ ᠨᠢ 5.99 ᠧᠦ᠋ᠷᠣᠫᠠ ᠵᠣᠭᠤᠰ / ᠰᠠᠷ᠎ᠠ ᠪᠣᠯᠤᠨ᠎ᠠ᠃  M6 ᠪᠦᠯᠦᠭᠯᠡᠯ ᠣᠳᠣᠬᠠᠨ ᠳᠤ ᠦᠨ᠎ᠡ ᠲᠥᠯᠥᠪᠦᠷᠢ ᠦᠭᠡᠢ ᠨᠡᠪᠲᠡᠷᠡᠭᠦᠯᠬᠦ ᠲᠠᠪᠴᠠᠩ 6Play ᠪᠣᠯᠤᠨ ᠵᠠᠷ ᠮᠡᠳᠡᠭᠡ ᠦᠭᠡᠢ ᠵᠠᠬᠢᠶᠠᠯᠠᠭ᠎ᠠ ᠶᠢᠨ ᠬᠡᠯᠪᠡᠷᠢ ᠶᠢᠨ 6Play max ᠢ ᠠᠵᠢᠯᠯᠠᠭᠤᠯᠵᠤ ᠪᠣᠢ᠃ ᠡᠭᠦᠨ ᠳᠤ 6Play ᠨᠢ 2024 ᠣᠨ ᠤ 3 ᠳ᠋ᠤᠭᠠᠷ ᠰᠠᠷ᠎ᠠ ᠳᠤ 2310 ᠲᠦᠮᠡᠨ ᠬᠡᠷᠡᠭᠯᠡᠭᠴᠢ ᠲᠠᠢ ᠪᠠᠶᠢᠵᠤ᠂ ᠭᠤᠷᠪᠠᠨ ᠤ ᠬᠤᠶᠠᠷ ᠬᠤᠪᠢ ᠶᠢᠨ ᠬᠡᠷᠡᠭᠯᠡᠭᠴᠢᠳ ᠤᠨ ᠨᠠᠰᠤ ᠨᠢ 50 ᠨᠠᠰᠤ ᠠᠴᠠ ᠳᠤᠷᠤᠭᠰᠢ ᠪᠠᠶᠢᠵᠤ᠂ ᠹᠷᠠᠨᠼᠢ ᠶᠢᠨ ᠵᠠᠬ᠎ᠠ ᠳᠡᠯᠭᠡᠭᠦᠷ ᠳᠡᠭᠡᠷᠡᠬᠢ ᠬᠠᠮᠤᠭ ᠤᠨ ᠵᠠᠯᠠᠭᠤᠵᠢᠭᠰᠠᠨ ᠲᠠᠪᠴᠠᠩ ᠪᠣᠯᠤᠨ᠎ᠠ᠃ 6Play max ᠤᠨ ᠰᠦᠢᠳᠭᠡᠯ ᠲᠤᠰᠢᠶᠠᠭᠰᠠᠨ ᠬᠡᠷᠡᠭᠯᠡᠭᠴᠢ ᠨᠢ ᠪᠠᠭᠤᠯᠭᠠᠭᠠᠳ ᠦᠵᠡᠬᠦ ᠵᠡᠷᠭᠡ ᠣᠯᠠᠨ ᠵᠦᠢᠯ ᠤᠨ ᠴᠢᠳᠠᠮᠵᠢ ᠶᠢ ᠡᠳ᠋ᠯᠡᠵᠦ ᠪᠣᠯᠤᠨ᠎ᠠ᠃ M6 ᠪᠦᠯᠦᠭᠯᠡᠯ ᠨᠢ 2024 ᠣᠨ ᠤ 5 ᠳ᠋ᠤᠭᠠᠷ ᠰᠠᠷ᠎ᠠ ᠳᠤ ᠰᠦᠢᠳᠭᠡᠯ ᠬᠤᠷᠢᠶᠠᠬᠤ ᠦᠭᠡᠢ ᠰᠢᠨ᠎ᠡ ᠵᠠᠭᠤᠴᠢᠯᠠᠭᠤᠷ ᠤᠨ ᠲᠠᠪᠴᠠᠩ M6+ ᠶᠢ ᠭᠠᠷᠭᠠᠬᠤ ᠪᠠᠷ ᠲᠥᠯᠥᠪᠯᠡᠵᠦ ᠪᠣᠢ᠂ ᠲᠡᠷᠡ ᠨᠢ 6Play ᠲᠠᠪᠴᠠᠩ ᠢ ᠣᠷᠣᠯᠠᠨ᠂ M6 ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠲᠦᠷᠭᠡᠳᠭᠡᠬᠦ ᠪᠣᠯᠤᠨ᠎ᠠ᠃  ᠬᠤᠶᠠᠷ᠂ ᠠᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭ᠋ᠤᠷᠰᠢᠯᠴᠠᠭ᠎ᠠ ᠶᠢ ᠥᠷᠭᠡᠨ ᠢᠶᠠᠷ ᠥᠷᠨᠢᠭᠦᠯᠪᠡ  1. ᠠᠭᠤᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠭᠤᠷᠪᠠᠨ ᠶᠡᠭᠡ ᠲᠧᠯᠸᠢᠰ ᠤᠨ ᠪᠦᠯᠦᠭᠯᠡᠯ ᠬᠠᠮᠲᠤᠷᠠᠨ ᠤᠷᠤᠰᠬᠠᠯ ᠵᠠᠭᠤᠴᠢᠯᠠᠭᠤᠷ ᠤᠨ ᠲᠠᠪᠴᠠᠩ ᠢ ᠪᠠᠶᠢᠭᠤᠯᠪᠠ  2020 ᠣᠨ ᠤ 10 ᠳ᠋ᠤᠭᠠᠷ ᠰᠠᠷ᠎ᠠ ᠳᠤ᠂ ᠹᠷᠠᠨᠼᠢ ᠶᠢᠨ ᠤᠯᠤᠰ ᠤᠨ ᠲᠧᠯᠸᠢᠰ ᠤᠨ ᠪᠦᠯᠦᠭᠯᠡᠯ᠂ TF1 ᠪᠦᠯᠦᠭᠯᠡᠯ ᠪᠣᠯᠤᠨ M6 ᠪᠦᠯᠦᠭᠯᠡᠯ ᠬᠠᠮᠲᠤᠷᠠᠨ ᠤᠷᠤᠰᠬᠠᠯ ᠵᠠᠭᠤᠴᠢᠯᠠᠭᠤᠷ ᠤᠨ ᠲᠠᠪᠴᠠᠩ Salto ᠢ ᠭᠠᠷᠭᠠᠵᠤ᠂ ︽ᠹᠷᠠᠨᠼᠢ ᠬᠡᠪᠯᠡᠯ ᠤᠨ Netflix ︾ ᠢ ᠪᠠᠶᠢᠭᠤᠯᠬᠤ ᠪᠠᠷ ᠴᠢᠷᠮᠠᠶᠢᠵᠤ᠂ SVOD ᠦᠢᠯᠡᠴᠢᠯᠡᠭᠡ᠂ ᠱᠤᠭᠤᠮ ᠤᠨ ᠴᠢᠨᠠᠷᠲᠠᠢ ᠰᠤᠪᠠᠭ ᠵᠢᠴᠢ ᠲᠡᠭᠦᠨ ᠤ ᠬᠤᠯᠪᠣᠭᠳᠠᠯ ᠪᠦᠬᠦᠢ ᠦᠢᠯᠡᠴᠢᠯᠡᠭᠡ ᠶᠢ ᠬᠠᠩᠭᠠᠵᠤ᠂ ᠠᠭᠤᠯᠭ᠎ᠠ ᠨᠢ ᠡᠬᠡ ᠺᠣᠮᠫᠠᠨᠢ ᠵᠢᠴᠢ ᠧᠦ᠋ᠷᠣᠫᠠ ᠲᠢᠪ ᠪᠣᠯᠤᠨ ᠳᠡᠯᠡᠬᠡᠢ ᠶᠢᠨ ᠪᠤᠰᠤᠳ ᠭᠠᠵᠠᠷ ᠣᠷᠣᠨ ᠠᠴᠠ ᠬᠤᠳᠠᠯᠳᠤᠨ ᠠᠪᠤᠭᠰᠠᠨ ᠲᠤᠰᠠᠭᠠᠷ ᠫᠷᠤᠭ᠍ᠷᠠᠮ ᠠᠴᠠ ᠢᠷᠡᠯᠲᠡᠢ᠃  Salto ᠤᠨ ᠭᠦᠢᠴᠡᠳ ᠠᠭᠤᠯᠭ᠎ᠠ ᠬᠠᠩᠭᠠᠬᠤ ᠶᠢ ᠪᠠᠲᠤᠯᠠᠬᠤ ᠶᠢᠨ ᠲᠥᠯᠥᠭᠡ᠂ ᠹᠷᠠᠨᠼᠢ ᠶᠢᠨ ᠤᠯᠤᠰ ᠤᠨ ᠲᠧᠯᠸᠢᠰ ᠤᠨ ᠪᠦᠯᠦᠭᠯᠡᠯ ᠪᠣᠯᠤᠨ ᠹᠷᠠᠨᠼᠢ ᠶᠢᠨ ᠭᠤᠣᠯ ᠺᠢᠨᠣ᠋ ᠦᠢᠯᠡᠳᠦᠭᠴᠢ ᠶᠢᠨ ᠨᠡᠶᠢᠭᠡᠮᠯᠢᠭ ᠭᠤᠷᠪᠠᠨ ᠵᠢᠯ ᠤᠨ ᠬᠤᠭᠤᠴᠠᠭ᠎ᠠ ᠲᠠᠢ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠲᠡᠳᠡᠨ ᠢ ᠬᠠᠮᠲᠤ ᠪᠠᠷ ᠲᠤᠰᠠᠯᠠᠵᠤ ᠪᠠᠶᠢᠭᠰᠠᠨ ᠲᠧᠯᠸᠢᠰ ᠵᠦᠴᠦᠭᠡ᠂ ᠪᠠᠷᠢᠮᠲᠠᠲᠤ ᠺᠢᠨᠣ᠋ ᠪᠣᠯᠤᠨ ᠺᠠᠷᠲ᠋ᠣᠨ ᠺᠢᠨᠣ᠋ ᠶᠢᠨ ᠭᠦᠢᠯᠭᠡᠭᠡᠨ ᠤ ᠵᠠᠭᠤᠴᠢᠯᠠᠭᠤᠷ ᠤᠨ ᠨᠡᠪᠲᠡᠷᠡᠭᠦᠯᠬᠦ ᠡᠷᠬᠡ ᠶᠢ ᠦᠨᠡᠨ ᠬᠦ ᠪᠠᠲᠤᠯᠠᠵᠠᠢ᠃  Salto ᠲᠠᠪᠴᠠᠩ ᠠᠵᠢᠯᠯᠠᠭᠤᠯᠤᠭᠰᠠᠨ ᠤ 3 ᠵᠢᠯ ᠤᠨ ᠳᠠᠷᠠᠭ᠎ᠠ᠂ 2023 ᠣᠨ ᠤ 3 ᠳ᠋ᠤᠭᠠᠷ ᠰᠠᠷ᠎ᠠ ᠳᠤ ᠠᠵᠢᠯᠯᠠᠭᠤᠯᠬᠤ ᠶᠢ ᠨᠢ ᠵᠣᠭᠰᠤᠭᠠᠵᠤ᠂ ᠬᠠᠭᠠᠬᠤ ᠠᠴᠠ ᠡᠮᠦᠨᠡᠬᠢ ᠵᠠᠬᠢᠶᠠᠯᠠᠭ᠎ᠠ ᠶᠢᠨ ᠬᠡᠷᠡᠭᠯᠡᠭᠴᠢ ᠶᠢᠨ ᠬᠡᠪᠴᠢᠶ᠎ᠡ ᠨᠢ 100 ᠲᠦᠮᠡ ᠪᠠᠶᠢᠪᠠ᠃ Salto ᠲᠠᠪᠴᠠᠩ ᠤᠨ ᠢᠯᠠᠭᠳᠠᠯ ᠨᠢ ᠭᠤᠣᠯᠳᠠᠭᠤ ᠭᠤᠷᠪᠠᠨ ᠰᠢᠯᠲᠠᠭᠠᠨ ᠪᠣᠢ᠄ ᠨᠢᠭᠡ ᠳᠤ᠂ ᠠᠮᠧᠷᠢᠺᠠ ᠶᠢᠨ ᠲᠣᠣᠷ ᠰᠦᠯᠵᠢᠶᠡᠨ ᠤ ᠦᠵᠡᠵᠦ ᠰᠣᠨᠣᠰᠬᠤ ᠲᠤᠬᠠᠶᠢᠯᠠᠭᠰᠠᠨ ᠠᠵᠢᠯ ᠤᠨ ᠲᠠᠪᠴᠠᠩ ᠲᠠᠢ ᠬᠠᠷᠢᠴᠠᠭᠤᠯᠪᠠᠯ᠂ Salto ᠲᠠᠪᠴᠠᠩ ᠤᠨ ᠠᠭᠤᠯᠭ᠎ᠠ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠨᠢ ᠬᠠᠷᠢᠴᠠᠩᠭᠤᠢ ᠪᠠᠷ ᠬᠢᠵᠠᠭᠠᠷᠲᠠᠢ ᠪᠥᠭᠡᠳ ᠭᠠᠭᠴᠠᠭᠠᠷ ᠬᠡᠯᠪᠡᠷᠢ ᠶᠢᠨ ᠠᠭᠤᠯᠭ᠎ᠠ ᠳᠤᠲᠠᠵᠤ᠂ ᠲᠠᠪᠴᠠᠩ ᠳᠡᠭᠡᠷᠡᠬᠢ ᠣᠯᠠᠩᠬᠢ ᠹᠷᠠᠨᠼᠢ ᠬᠡᠯᠡᠨ ᠤ ᠫᠷᠤᠭ᠍ᠷᠠᠮ ᠨᠢ ᠴᠦ ᠹᠷᠠᠨᠼᠢ ᠶᠢᠨ ᠰᠢᠭᠤᠳ ᠲᠧᠯᠸᠢᠰ ᠤᠨ ᠰᠤᠪᠠᠭ ᠳᠡᠭᠡᠷ᠎ᠡ ᠨᠡᠪᠲᠡᠷᠡᠭᠦᠯᠳᠡᠭ᠃ ᠬᠤᠶᠠᠷ ᠲᠤ ᠂ ᠲᠠᠷᠬᠠᠭᠠᠬᠤ ᠵᠣᠬᠢᠴᠠᠮᠵᠢ  ᠨᠢ ᠲᠡᠭᠦᠯᠳᠡᠷ ᠪᠤᠰᠤ ᠪᠠᠶᠢᠪᠠ᠂ Salto ᠵᠥᠪᠬᠡᠨ ᠹᠷᠠᠨᠼᠢ ᠶᠢᠨ ᠴᠠᠬᠢᠯᠭᠠᠨ ᠬᠤᠯᠪᠣᠭᠠᠨ ᠤ ᠪᠦᠯᠦᠭᠯᠡᠯ ᠤᠨ ᠪᠦ᠋ ᠢ ᠭᠧ ︵Bouygues︶ ᠲᠠᠢ ᠲᠠᠷᠬᠠᠭᠠᠬᠤ ᠬᠡᠯᠡᠯᠴᠡᠭᠡᠷ ᠲᠣᠭᠲᠠᠵᠤ᠂ ᠠᠳᠠᠯᠢᠳᠬᠠᠪᠠᠯ᠂ Netflix ᠨᠢ ᠹᠷᠠᠨᠼᠢ ᠶᠢᠨ ᠭᠤᠣᠯ ᠫᠠᠷᠦᠭᠷᠠᠮ  ᠲᠠᠢ ᠬᠤᠪᠢᠶᠠᠨ ᠲᠠᠷᠬᠠᠭᠠᠬᠤ ᠪᠦᠯᠦᠭᠯᠡᠯ ᠲᠠᠢ ᠴᠥᠮ ᠬᠠᠮᠲᠤᠷᠠᠨ ᠠᠵᠢᠯᠯᠠᠵᠤ᠂ Canal+ ᠂ Orange᠂ Free᠂ Bouygues ᠪᠠ SFR ᠶᠢ ᠪᠠᠭᠲᠠᠭᠠᠨ᠎ᠠ᠃ ᠭᠤᠷᠪᠠ ᠳᠤ᠂ ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠨᠥᠯᠥᠭᠡ ᠠᠴᠠ ᠪᠣᠯᠵᠣ᠂ TF1 ᠪᠠ M6 ᠨᠢ 2021 ᠣᠨ ᠤ 5 ᠳ᠋ᠤᠭᠠᠷ ᠰᠠᠷ᠎ᠠ ᠠᠴᠠ ᠡᠬᠢᠯᠡᠨ ᠨᠡᠶᠢᠯᠡᠭᠦᠯᠵᠦ᠂ ᠨᠡᠶᠢᠯᠡᠭᠦᠯᠦᠭᠰᠡᠨ ᠤ ᠳᠠᠷᠠᠭᠠᠬᠢ ᠪᠦᠯᠦᠭᠯᠡᠯ ᠨᠢ 4500 ᠲᠦᠮᠡᠨ ᠧᠦ᠋ᠷᠣᠫᠠ ᠵᠣᠭᠤᠰ ᠢᠶᠠᠷ ᠹᠷᠠᠨᠼᠢ ᠶᠢᠨ ᠤᠯᠤᠰ ᠤᠨ ᠲᠧᠯᠸᠢᠰ ᠤᠨ ᠪᠦᠯᠦᠭᠯᠡᠯ ᠤᠨ ᠭᠠᠷ ᠲᠤ ᠪᠠᠶᠢᠭ᠎ᠠ 33.33% ᠶᠢᠨ ᠰᠲ᠋ᠣᠺ ᠤᠨ ᠡᠷᠬᠡ ᠶᠢ ᠬᠤᠳᠠᠯᠳᠤᠨ ᠠᠪᠴᠤ᠂ Salto ᠶᠢ ᠨᠠᠩ ᠰᠠᠶᠢᠨ ᠨᠡᠭᠡᠭᠡᠨ ᠠᠰᠢᠭᠯᠠᠬᠤ ᠳᠤ ᠲᠥᠬᠦᠮ ᠦᠵᠡᠭᠦᠯᠦᠨ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠵᠠᠭᠠᠷᠯᠠᠯ ᠢ ᠡᠴᠦᠰᠯᠡᠭᠦᠯᠦᠭᠰᠡᠨ ᠤ ᠳᠠᠷᠠᠭ᠎ᠠ᠂ TF1 ᠪᠠ M6 ᠪᠦᠯᠦᠭᠯᠡᠯ ᠨᠢ 2022 ᠣᠨ ᠤ 11 ᠳ᠋ᠦ᠋ᠭᠡᠷ ᠰᠠᠷ᠎ᠠ ᠳᠤ Salto ᠶᠢ ᠪᠤᠴᠠᠭᠠᠵᠤ ᠭᠠᠷᠭᠠᠬᠤ ᠪᠠᠷ ᠲᠣᠭᠲᠠᠭᠠᠳ ᠡᠴᠦᠰ ᠲᠤ ᠨᠢ ᠲᠠᠪᠴᠠᠩ ᠢ ᠬᠠᠭᠠᠯᠭᠠᠪᠠ ᠃  2.ᠡᠸᠦ᠋ᠷᠣᠫᠠ ᠶᠢᠨ ᠣᠯᠠᠨ ᠨᠠᠶᠢᠲᠠ ᠶᠢᠨ ᠲᠧᠯᠧᠢᠰ ᠤᠨ ᠪᠠᠶᠢᠭᠤᠯᠣᠮᠵᠢ ᠲᠠᠢ ᠬᠠᠮᠲᠣᠷᠠᠨ  ᠠᠵᠢᠯᠯᠠᠵᠤ᠂ ᠬᠠᠮᠲᠣᠷᠠᠨ ᠵᠣᠭᠢᠶᠠᠬᠤ ᠠᠵᠢᠯ ᠢ ᠴᠢᠩᠭᠠᠳᠬᠠᠪᠠ  2018 ᠣᠨ ᠳᠤ᠂ ᠹᠷᠠᠨᠼᠢ ᠶᠢᠨ ᠤᠯᠤᠰ ᠤᠨ ᠲᠧᠯᠸᠢᠰ ᠤᠨ ᠪᠦᠯᠦᠭᠯᠡᠯ ᠨᠢ ᠧᠦ᠋ᠷᠣᠫᠠ ᠲᠢᠪ ᠤᠨ ᠣᠯᠠᠨ ᠨᠡᠶᠢᠲᠡ ᠶᠢᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ᠶᠢᠨ ᠯᠠᠢ ᠢ ᠷᠠᠳᠢᠣ᠋ ᠨᠡᠪᠲᠡᠷᠡᠭᠦᠯᠭᠡ ᠶᠢᠨ ᠺᠣᠮᠫᠠᠨᠢ ︵Rai︶ ᠪᠣᠯᠤᠨ ᠭᠧᠷᠮᠠᠨ ᠤ ᠲᠧᠯᠸᠢᠰ ᠤᠨ ᠬᠤᠶᠠᠳᠤᠭᠠᠷ ᠰᠤᠪᠠᠭ ︵ZDF︶ ᠲᠠᠢ ᠬᠤᠯᠪᠣᠭ᠎ᠠ ᠪᠠᠶᠢᠭᠤᠯᠵᠤ᠂ ᠣᠯᠠᠨ ᠤᠯᠤᠰ ᠤᠨ ᠲᠠᠲᠠᠬᠤ ᠬᠦᠴᠦᠨ ᠲᠠᠢ ᠲᠧᠯᠸᠢᠰ ᠵᠦᠴᠦᠭᠡ ᠶᠢᠨ ᠫᠷᠤᠭ᠍ᠷᠠᠮ ᠢ ᠬᠠᠮᠲᠤᠷᠠᠨ ᠵᠣᠬᠢᠶᠠᠵᠤ᠂ ᠣᠷᠣᠯᠴᠠᠵᠤ ᠪᠣᠯᠬᠤ ᠣᠯᠠᠨ ᠨᠡᠶᠢᠲᠡ ᠶᠢᠨ ᠲᠧᠯᠸᠢᠰ ᠤᠨ ᠺᠣᠮᠫᠠᠨᠢ ᠶᠢᠨ ᠫᠷᠤᠭ᠍ᠷᠠᠮ ᠤᠨ ᠬᠡᠪᠯᠡᠯ ᠤᠨ ᠡᠷᠬᠡ ᠶᠢ ᠦᠯᠡᠳᠡᠭᠡᠵᠦ᠂ Netflix ᠪᠣᠯᠤᠨ ᠪᠤᠰᠤᠳ ᠸᠢᠳᠢᠣ᠋ ᠶᠢᠨ ᠨᠡᠪᠲᠡᠷᠡᠭᠦᠯᠬᠦ ᠲᠠᠪᠴᠠᠩ ᠠᠴᠠ ᠪᠣᠯᠤᠭᠰᠠᠨ ᠥᠷᠢᠰᠦᠯᠳᠦᠭᠡᠨ ᠢ ᠠᠷᠭᠠᠴᠠᠭᠠᠪᠠ ᠃  3. ᠭᠠᠳᠠᠭᠠᠳᠤ ᠶᠢᠨ ᠸᠢᠳᠢᠤ᠋ ᠵᠠᠬᠢᠶᠠᠯᠠᠭ᠎ᠠ ᠶᠢᠨ ᠲᠠᠪᠴᠠᠩ ᠲᠠᠢ ᠠᠭᠤᠯᠭ᠎ᠠ ᠦᠢᠯᠡᠳᠬᠦ ᠬᠠᠮᠲᠤᠷᠠᠯᠴᠠᠭᠠᠨ ᠤ ᠬᠠᠨᠢᠲᠠᠨ ᠪᠣᠯᠪᠠ  ᠹᠷᠠᠨᠼᠢ ᠶᠢᠨ ᠷᠠᠳᠢᠣ᠋ ᠲᠧᠯᠧᠢᠰ ᠤᠨ ᠺᠣᠮᠫᠠᠨᠢ ᠪᠣᠯᠣᠨ ᠸᠢᠳᠢᠣ᠋ ᠪᠠᠷ ᠨᠡᠪᠲᠡᠷᠡᠭᠦᠯᠬᠦ ᠲᠠᠪᠴᠠᠩ ᠨᠢ ᠪᠡᠯᠡ ᠲᠣᠬᠢᠷᠠᠭᠤᠯᠬᠤ ᠠᠩᠬᠠᠨ ᠤ ᠱᠠᠲᠤᠨ ᠳᠤ ᠬᠡᠯᠡᠯᠴᠡᠭᠡᠷ ᠲᠣᠭᠲᠠᠵᠤ᠂ ᠹᠷᠠᠨᠼᠢ ᠬᠡᠯᠡᠨ ᠤ ᠰᠢᠯᠢᠳᠡᠭ ᠪᠥᠲᠥᠭᠡᠯ ᠢ ᠵᠣᠬᠢᠶᠠᠨ ᠪᠥᠲᠥᠭᠡᠪᠡ᠃ ᠲᠤᠬᠠᠶᠢᠯᠠᠪᠠᠯ᠂ 2019 ᠣᠨ ᠤ ᠡᠬᠢ ᠪᠠᠷ᠂ TF1 ᠪᠣᠯᠤᠨ Netflix ᠬᠠᠮᠲᠤ ᠪᠠᠷ ᠲᠡᠦᠬᠡᠲᠦ ᠵᠦᠴᠦᠭᠡ ︽Le Bazar de la  Charité ︾ ᠢ ᠲᠤᠰᠠᠯᠠᠨ ᠳᠡᠮᠵᠢᠵᠦ᠂ Netflix ᠨᠢ ᠲᠤᠰ ᠵᠦᠴᠦᠭᠡ ᠶᠢ TF1 ᠠᠴᠠ ᠨᠢᠭᠡ ᠰᠠᠷ᠎ᠠ ᠶᠢᠨ ᠳᠠᠷᠠᠭᠠᠬᠢ ᠳᠥᠷᠪᠡᠨ ᠵᠢᠯ ᠤᠨ ᠲᠤᠷᠰᠢᠬᠢ ᠪᠦᠬᠦ ᠳᠡᠯᠡᠬᠡᠢ ᠶᠢᠨ ᠴᠣᠷ ᠤᠨ ᠭᠠᠭᠴᠠ ᠨᠡᠪᠲᠡᠷᠡᠭᠦᠯᠬᠦ ᠡᠷᠬᠡ ᠶᠢ ᠣᠯᠪᠠ᠃ ᠡᠨᠡ ᠪᠣᠯ Netflix ᠶᠢᠨ ᠠᠩᠬ᠎ᠠ ᠤᠳᠠᠭ᠎ᠠ ᠹᠷᠠᠨᠼᠢ ᠶᠢᠨ ᠷᠠᠳᠢᠣ᠋ ᠲᠧᠯᠸᠢᠰ ᠤᠨ ᠺᠣᠮᠫᠠᠨᠢ ᠪᠣᠯᠤᠨ ᠺᠢᠨᠣ᠋ ᠦᠢᠯᠡᠳᠬᠦ ᠺᠣᠮᠫᠠᠨᠢ ᠳᠤ ᠡᠭᠦᠰᠦᠭᠰᠡᠨ ᠠᠩᠬᠠᠨ ᠤ ᠵᠦᠴᠦᠭᠡ ᠶᠢᠨ ᠲᠡᠭᠦᠪᠦᠷᠢ ᠪᠣᠯᠤᠨ᠎ᠠ᠃  ᠭᠤᠷᠪᠠ᠂ ᠣᠶᠤᠨᠴᠢ ᠦᠵᠦᠭᠦᠷ ᠤᠨ ᠬᠦᠷᠢᠶᠡᠨ ᠳᠤ ᠣᠷᠣᠵᠤ᠂ ᠤᠯᠠᠨ ᠵᠠᠭᠤᠴᠢᠯᠠᠭᠤᠷ ᠤᠨ ᠪᠦᠷᠬᠦᠴᠡ ᠶᠢ ᠪᠡᠶᠡᠯᠡᠭᠦᠯᠪᠡ  ᠹᠷᠠᠨᠼᠢ ᠶᠢᠨ ᠠᠷᠠᠳ ᠣᠯᠠᠨ ᠤ ᠸᠢᠳᠢᠣ᠋ ᠶᠢᠨ ᠬᠡᠷᠡᠭᠯᠡᠭᠡᠨ ᠤ ᠳᠠᠳᠬᠠᠯ ᠤᠨ ᠬᠤᠪᠢᠷᠠᠯᠲᠠ ᠳᠤ ᠵᠣᠬᠢᠴᠠᠭᠤᠯᠬᠤ ᠶᠢᠨ ᠲᠥᠯᠥᠭᠡ᠂ ᠷᠠᠳᠢᠣ᠋ ᠲᠧᠯᠸᠢᠰ ᠤᠨ ᠪᠠᠶᠢᠭᠤᠯᠤᠮᠵᠢ ᠨᠢ ᠸᠢᠳᠢᠤ᠋ ᠶᠢᠨ ᠠᠭᠤᠯᠭ᠎ᠠ ᠶᠢ ᠣᠯᠠᠨ ᠵᠦᠢᠯ ᠤᠨ ᠤᠶᠤᠨᠲᠤ ᠦᠵᠦᠭᠦᠷ ᠲᠤ ᠪᠦᠷᠬᠦᠭᠦᠯᠬᠦ ᠪᠠᠷ ᠴᠢᠷᠮᠠᠶᠢᠵᠤ ᠪᠠᠶᠢᠨ᠎ᠠ᠃ ᠨᠢᠭᠡ ᠳᠤ᠂ ᠤᠶᠤᠨᠲᠤ ᠳᠠᠭᠤᠨ ᠤ ᠬᠠᠶᠢᠷᠴᠠᠭ᠃ 2023 ᠣᠨ ᠳᠤ 18% ᠹᠷᠠᠨᠼᠢ ᠶᠢᠨ ᠭᠡᠷ ᠪᠦᠯᠢ ᠣᠶᠤᠨᠲᠤ ᠳᠠᠭᠤᠨ ᠤ ᠬᠠᠶᠢᠷᠴᠠᠭ ᠲᠠᠢ ᠪᠠᠶᠢᠪᠠ᠃ ᠹᠷᠠᠨᠽᠢ ᠶᠢᠨ ᠤᠯᠤᠰ ᠤᠨ ᠲᠧᠯᠸᠢᠰ ᠤᠨ ᠪᠦᠯᠦᠭᠯᠡᠯ ᠤᠨ France.tv ᠨᠢ Google ᠣᠶᠣᠨᠲᠤ ᠳᠠᠭᠤᠨ ᠤ ᠬᠠᠶᠢᠷᠴᠠᠭ Nest Hub ᠲᠠᠢ ᠵᠠᠯᠭᠠᠵᠤ ᠪᠣᠯᠬᠤ ᠪᠥᠭᠡᠳ GoogleCast ᠮᠡᠷᠭᠡᠵᠢᠯ ᠤᠨ ᠳᠡᠮᠵᠢᠯᠭᠡ ᠶᠢᠨ ᠶᠠᠮᠠᠷᠪᠠ ᠳᠡᠯᠭᠡᠴᠡ ᠳᠡᠭᠡᠷ᠎ᠡ ᠪᠦᠷ ᠵᠠᠯᠭᠠᠵᠤ ᠪᠣᠯᠤᠨ᠎ᠠ᠃ ᠬᠤᠶᠠᠷ ᠲᠤ᠂ ᠣᠶᠣᠨᠲᠤ ᠲᠧᠯᠸᠢᠰ᠃ TF1+ ᠨᠢ 4 ᠵᠦᠢᠯ ᠤᠨ ᠳᠡᠯᠭᠡᠴᠡ ︵ᠲᠧᠯᠸᠢᠰ᠂ ᠺᠣᠮᠫᠢᠦ᠋ᠲ᠋ᠧᠷ᠂ ᠭᠠᠷ ᠤᠲᠠᠰᠤ ᠪᠠ ᠬᠠᠪᠲᠠᠭᠠᠢ ᠺᠣᠮᠫᠢᠦ᠋ᠲ᠋ᠧᠷ︶ ᠳᠡᠭᠡᠷ᠎ᠡ ᠬᠡᠷᠡᠭᠯᠡᠵᠦ ᠪᠣᠯᠬᠤ ᠪᠥᠭᠡᠳ ᠲᠧᠯᠸᠢᠰ ᠤᠨ ᠳᠠᠪᠲᠠᠮᠵᠢ ᠬᠦᠯᠢᠶᠡᠭᠦᠷ ︵Orange᠂ Bouygues Telecom᠂ 2024 ᠣᠨ ᠤ 1 ᠳ᠋ᠦ᠋ᠭᠡᠷ ᠰᠠᠷ᠎ᠠ ᠶᠢᠨ Freebox ᠪᠠ 2024 ᠣᠨ ᠤ 3 ᠳ᠋ᠤᠭᠠᠷ ᠰᠠᠷ᠎ᠠ ᠶᠢᠨ SFR︶ ᠵᠢᠴᠢ ᠪᠠᠷᠤᠭ ᠪᠣᠢ ᠪᠦᠬᠦᠢ ᠣᠶᠣᠨᠲᠤ ᠲᠧᠯᠸᠢᠰ ︵Google  TV᠂ Android TV᠂ SamSung ᠂ LG᠂ Philips ᠂ Hisense ᠂ Amazon Fire TV᠂ Apple TV ᠵᠡᠷᠭᠡ︶ ᠢᠶᠠᠷ ᠳᠠᠮᠵᠢᠭᠤᠯᠤᠨ ᠠᠶᠢᠯᠴᠢᠯᠠᠵᠤ ᠪᠣᠯᠤᠨ᠎ᠠ᠃ 2024 ᠣᠨ ᠤ 4 ᠳ᠋ᠦ᠋ᠭᠡᠷ ᠰᠠᠷ᠎ᠠ ᠠᠴᠠ ᠡᠬᠢᠯᠡᠨ᠂ Hisense 2024 ᠣᠨ ᠤ ᠰᠦᠯᠵᠢᠶᠡᠨ ᠤ ᠲᠧᠯᠸᠢᠰ ᠤᠨ ᠠᠯᠤᠰ ᠡᠵᠡᠮᠰᠢᠯ ᠤᠨ ᠮᠠᠰᠢᠨ ᠳᠤ TF1+ ᠳᠠᠷᠤᠭᠤᠯ ᠢ ᠲᠣᠬᠢᠷᠠᠭᠤᠯᠪᠠ᠃  ᠳᠥᠷᠪᠡ᠂ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠵᠦ᠂ ᠳᠠᠮᠵᠢᠭᠤᠯᠭ᠎ᠠ ᠶᠢᠨ ᠰᠢᠯᠢᠳᠡᠭ ᠦᠷ᠎ᠡ ᠪᠦᠲᠦᠮᠵᠢ ᠶᠢ ᠣᠯᠪᠠ  ᠣᠳᠣᠬᠠᠨ ᠳᠤ ᠪᠣᠯᠲᠠᠯ᠎ᠠ᠂ ᠠᠮᠧᠷᠢᠺᠠ ᠶᠢᠨ ᠪᠤᠰᠤ ᠰᠦᠯᠵᠢᠶᠡᠨ ᠤ ᠦᠵᠡᠵᠦ ᠰᠣᠨᠣᠰᠬᠤ ᠲᠠᠪᠴᠠᠩ ᠬᠠᠷᠠᠬᠠᠨ ᠶᠡᠭᠡ ᠬᠡᠪᠴᠢᠶᠡᠨ ᠤ ᠤᠯᠠᠨ ᠤᠯᠤᠰ ᠤᠨ ᠪᠠᠶᠢᠷᠢᠯᠠᠭᠤᠯᠤᠯᠲᠠ ᠶᠢ ᠪᠡᠶᠡᠯᠡᠭᠦᠯᠦᠭᠡᠳᠦᠢ ᠪᠠᠶᠢᠭᠰᠠᠭᠠᠷ᠃ ᠹᠷᠠᠨᠼᠢ ᠶᠢᠨ ᠷᠠᠳᠢᠣ᠋ ᠲᠧᠯᠸᠢᠰ ᠤᠨ ᠪᠠᠶᠢᠭᠤᠯᠤᠮᠵᠢ ᠨᠢ ᠭᠤᠣᠯᠳᠠᠭᠤ ᠳᠠᠪᠠᠭᠤᠯᠢᠭ ᠣᠷᠣᠨ ᠪᠦᠰᠡ ᠶᠢ ᠪᠠᠶᠢᠷᠢᠯᠠᠭᠤᠯᠬᠤ᠂ ᠲᠤᠬᠠᠢ ᠶᠢᠨ ᠭᠠᠵᠠᠷ ᠤᠨ ᠲᠠᠪᠴᠠᠩ ᠲᠠᠢ ᠬᠠᠮᠲᠤᠷᠠᠯᠴᠠᠬᠤ ᠪᠠ ᠪᠦᠬᠦ ᠪᠥᠮᠪᠥᠷᠴᠡᠭ ᠲᠤ ᠲᠠᠷᠬᠠᠭᠠᠬᠤ ᠭᠤᠷᠪᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠣᠯᠳᠠᠭᠤ ᠧᠦ᠋ᠷᠣᠫᠠ ᠲᠢᠪ᠂ ᠠᠮᠧᠷᠢᠺᠠ ᠪᠠ ᠠᠹᠷᠢᠺᠠ ᠲᠢᠪ ᠤᠨ ᠹᠷᠠᠨᠼᠢ ᠬᠡᠯᠡᠨ ᠤ ᠲᠣᠭᠤᠷᠢᠭ ᠲᠤ ᠬᠠᠨᠳᠤᠭᠤᠯᠤᠨ ᠰᠦᠯᠵᠢᠶᠡᠨ ᠤ ᠦᠵᠡᠵᠦ ᠰᠣᠨᠣᠰᠬᠤ ᠲᠤᠬᠠᠶᠢᠯᠠᠭᠰᠠᠨ ᠠᠵᠢᠯ ᠢ ᠭᠠᠳᠠᠭᠠᠳᠤ ᠳᠤ ᠭᠠᠷᠭᠠᠨ᠎ᠠ᠃  ᠨᠢᠭᠡᠳᠦᠭᠡᠷ ᠲᠤ᠂ ᠹᠷᠠᠨᠼᠢ ᠬᠡᠯᠡᠨ ᠤ ᠳᠠᠪᠠᠭᠤᠯᠢᠭ ᠢ ᠪᠠᠳᠠᠷᠠᠭᠤᠯᠵᠤ ᠠᠹᠷᠢᠺᠠ ᠲᠢᠪ ᠤᠨ ᠵᠠᠬ᠎ᠠ ᠳᠡᠯᠭᠡᠭᠦᠷ ᠢ ᠡᠵᠡᠯᠡᠪᠡ᠃ 2015 ᠣᠨ ᠳᠤ᠂ TF1 ᠨᠢ ᠠᠹᠷᠢᠺᠠ ᠲᠢᠪ ᠲᠤ ᠬᠠᠨᠳᠤᠭᠤᠯᠤᠭᠰᠠᠨ ᠸᠢᠳᠢᠣ᠋ ᠶᠢᠨ ᠨᠡᠪᠲᠡᠷᠡᠭᠦᠯᠬᠦ ᠲᠠᠪᠴᠠᠩ Afrostream᠂ ᠲᠤᠰ ᠲᠠᠪᠴᠠᠩ ᠳᠤ ᠧᠦ᠋ᠷᠣᠫᠠ ᠲᠢᠪ ᠤᠨ ᠠᠹᠷᠢᠺᠠ ᠲᠢᠪ ᠤᠨ ᠬᠠᠮᠤᠭ ᠶᠡᠭᠡ ᠪᠦᠲᠦᠭᠡᠯ ᠤᠨ ᠬᠥᠮᠥᠷᠭᠡ ᠲᠠᠢ ᠪᠠᠶᠢᠵᠤ᠂ ᠹᠷᠠᠨᠼᠢ᠂ ᠪᠧᠯᠭᠢ᠂ ᠰᠸᠢᠰ᠂ ᠯᠦᠺᠰᠧᠮᠪᠦ᠋ᠷᠡᠭ ᠵᠢᠴᠢ ᠠᠹᠷᠢᠺᠠ ᠲᠢᠪ ᠤᠨ 24 ᠤᠯᠤᠰ ᠪᠠ ᠭᠠᠵᠠᠷ ᠣᠷᠣᠨ ᠳᠤ ᠠᠹᠷᠢᠺᠠ ᠲᠢᠪ ᠤᠨ ᠺᠠᠷᠲ᠋ᠣᠨ ᠺᠢᠨᠣ᠋᠂ ᠪᠠᠷᠢᠮᠲᠠᠲᠤ ᠹᠢᠯᠢᠮ ᠪᠠ ᠺᠢᠨᠣ᠋ ᠶᠢ ᠬᠠᠩᠭᠠᠪᠠ᠃  ᠬᠤᠶᠠᠳᠤᠭᠠᠷ ᠲᠤ᠂ ᠤᠯᠠᠨ ᠤᠯᠤᠰ ᠤᠨ ᠲᠠᠪᠴᠠᠩ ᠲᠠᠢ ᠬᠠᠮᠳᠤᠷᠠᠨ ᠫᠷᠦᠭᠷᠡᠮ ᠲᠠᠷᠬᠠᠭᠠᠪᠠ᠃ 2022 ᠣᠨ ᠳᠤ᠂ ᠹᠷᠠᠨᠼᠢ ᠶᠢᠨ ᠵᠦᠴᠦᠭᠡ ᠶᠢᠨ ᠲᠡᠭᠦᠪᠦᠷᠢ ᠨᠢ Prime Video ︵ᠹᠷᠠᠨᠼᠢ  ᠠᠴᠠ ᠭᠠᠳᠠᠨᠠᠬᠢ ᠭᠠᠵᠠᠷ ᠣᠷᠣᠨ︶ ᠶᠢᠨ ᠬᠠᠩᠭᠠᠭᠰᠠᠨ ᠵᠦᠴᠦᠭᠡ ᠶᠢᠨ ᠲᠡᠭᠦᠪᠦᠷᠢ ᠶᠢᠨ 4.6% ᠶᠢ ᠡᠵᠡᠯᠡᠪᠡ︔ ᠲᠤᠰ ᠬᠠᠷᠢᠴᠠᠯ ᠨᠢ Netflix ᠪᠠ Disney+ ᠳᠤ 2.5% ᠪᠣᠯᠤᠨ᠎ᠠ᠃ ᠠᠮᠧᠷᠢᠺᠠ ᠶᠢᠨ ᠳᠡᠯᠡᠬᠡᠶᠢᠴᠢᠯᠡᠯᠲᠡ ᠶᠢᠨ ᠲᠠᠪᠴᠠᠩ ᠠᠴᠠ ᠭᠠᠳᠠᠨ᠎ᠠ᠂ ᠹᠷᠠᠨᠼᠢ ᠶᠢᠨ ᠪᠤᠰᠤᠳ ᠠᠩᠬᠠᠨ ᠤ ᠬᠠᠮᠲᠤᠷᠠᠯᠴᠠᠭᠠᠨ ᠤ ᠬᠠᠨᠢᠲᠠᠨ ᠪᠣᠯ ᠲᠤᠰ ᠭᠠᠵᠠᠷ ᠤᠨ ᠲᠠᠪᠴᠠᠩ ᠪᠣᠯᠤᠨ᠎ᠠ᠄ ᠹᠷᠠᠨᠼᠢ ᠶᠢᠨ ᠵᠦᠴᠦᠭᠡ ᠶᠢᠨ ᠲᠡᠭᠦᠪᠦᠷᠢ Movistar+ ︵ᠢᠰᠫᠠᠨᠢ︶ ᠪᠠ MagentaTV ︵ᠭᠧᠷᠮᠠᠨ︶ 5.8% ᠶᠢ ᠡᠵᠡᠯᠡᠵᠦ᠂ Cmore ︵ᠰᠺᠠᠨᠳᠢᠨᠠᠸᠢᠶ᠎ᠠ︶ 3.8% ᠶᠢ ᠡᠵᠡᠯᠡᠵᠦ᠂ Shahid ︵ᠳᠤᠮᠳᠠᠳᠤ ᠳᠣᠷᠣᠨᠠᠲᠤ︶ 3.5% ᠶᠢ ᠡᠵᠡᠯᠡᠵᠦ ᠪᠠᠶᠢᠪᠠ᠃  ᠭᠤᠷᠪᠠᠳᠤᠭᠠᠷ ᠲᠤ᠂ ᠪᠦᠬᠦ ᠳᠡᠯᠡᠬᠡᠢ ᠶᠢᠨ ᠲᠠᠷᠬᠠᠭᠠᠯᠲᠠ ᠶᠢ ᠥᠷᠨᠢᠭᠦᠯᠪᠡ᠃ ᠹᠷᠠᠨᠼᠢ ᠶᠢᠨ ᠲᠧᠯᠸᠢᠰ ᠤᠨ ᠣᠯᠠᠨ ᠤᠯᠤᠰ ᠤᠨ ᠲᠠᠪᠤᠳᠤᠭᠠᠷ ᠰᠤᠪᠠᠭ ︵TV5 Monde︶ ᠪᠦᠬᠦ ᠪᠥᠮᠪᠥᠷᠴᠡᠭ ᠲᠤ ᠰᠦᠢᠳᠭᠡᠯ ᠬᠤᠷᠢᠶᠠᠬᠤ ᠥᠬᠡᠢ ᠸᠢᠳᠢᠣ᠋ ᠶᠢᠨ ᠨᠡᠪᠲᠡᠷᠡᠭᠦᠯᠬᠦ ᠦᠢᠯᠡᠴᠢᠯᠡᠭᠡ TV5 Mondeplus ᠢ ᠲᠠᠷᠬᠠᠭᠠᠵᠤ᠂ 194 ᠤᠯᠤᠰ ᠲᠤ 3000 ᠭᠠᠷᠤᠢ ᠴᠠᠭ ᠤᠨ ᠹᠷᠠᠨᠼᠢ ᠬᠡᠯᠡᠨ ᠤ ᠫᠷᠤᠭ᠍ᠷᠠᠮ ᠢ ᠬᠠᠩᠭᠠᠪᠠ᠃  ᠣᠯᠠᠨ ᠵᠦᠢᠯ ᠤᠨ ᠭᠠᠳᠠᠭᠠᠲᠤ ᠳᠤ ᠭᠠᠷᠬᠤ ᠬᠡᠯᠪᠡᠷᠢ ᠪᠠᠷ ᠹᠷᠠᠨᠼᠢ ᠶᠢᠨ ᠰᠦᠯᠵᠢᠶᠡᠨ ᠤ ᠦᠵᠡᠵᠦ ᠰᠣᠨᠣᠰᠬᠤ ᠠᠵᠢᠯ ᠭᠠᠳᠠᠭᠠᠳᠤ ᠳᠤ ᠰᠠᠶᠢᠨ ᠦᠷ᠎ᠡ ᠪᠦᠲᠦᠮᠵᠢ ᠣᠯᠵᠠᠶ᠃ ᠠᠮᠫᠧᠷ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠯᠤᠭᠰᠠᠨ ᠢᠶᠠᠷ᠂ 2023 ᠣᠨ ᠤ 4 ᠳ᠋ᠦ᠋ᠭᠡᠷ ᠰᠠᠷ᠎ᠠ ᠳᠤ᠂ ᠹᠷᠠᠨᠼᠢ ᠶᠢᠨ ᠲᠧᠯᠸᠢᠰ ᠤᠨ ᠫᠷᠤᠭ᠍ᠷᠠᠮ ᠤᠨ ᠤᠯᠠᠨ ᠤᠯᠤᠰ ︵ᠹᠷᠠᠨᠼᠢ ᠠᠴᠠ ᠭᠠᠳᠠᠨ᠎ᠠ︶ SVOD ᠲᠠᠪᠴᠠᠩ ᠳᠤ ᠨᠡᠪᠲᠡᠷᠡᠭᠦᠯᠦᠭᠰᠡᠨ ᠬᠤᠪᠢ ᠶᠢᠨ ᠲᠤᠭ᠎ᠠ ᠨᠢ 2.3% ᠪᠠᠶᠢᠵᠤ᠂ ᠡᠸᠦ᠋ᠷᠦᠫᠡ ᠲᠢᠪ ᠲᠤ ᠬᠤᠶᠠᠳᠤᠭᠠᠷ ᠲᠤ ᠣᠷᠣᠵᠤ᠂ ᠪᠦᠬᠦ ᠳᠡᠯᠡᠬᠡᠢ ᠳᠤ ᠵᠢᠷᠭᠤᠳᠤᠭᠠᠷ ᠲᠤ ᠵᠢᠭᠰᠠᠭᠠᠭᠳᠠᠪᠠ᠃ 2022 ᠣᠨ ᠳᠤ᠂ ᠹᠷᠠᠨᠼᠢ ᠶᠢᠨ ᠫᠷᠤᠭ᠍ᠷᠠᠮ ᠤᠨ ᠭᠠᠳᠠᠭᠠᠳᠤ ᠳᠤ ᠭᠠᠷᠭᠠᠭᠰᠠᠨ ᠣᠷᠣᠯᠭ᠎ᠠ ᠨᠢ 43.1% ᠶᠢ ᠡᠵᠡᠯᠡᠵᠦ᠂ 2021 ᠣᠨ ᠲᠠᠢ ᠬᠠᠷᠢᠴᠠᠭᠤᠯᠪᠠᠯ ᠵᠠᠭᠤᠨ ᠤ 9.6 ᠵᠠᠭᠤᠨ ᠤ ᠨᠢᠭᠡᠴᠢ ᠳᠡᠭᠡᠭᠰᠢᠯᠡᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map