| | | | | | ᠽᠢ ᠶᠠᠩ ᠪᠣᠯ ᠴᠧᠩ ᠢᠦᠢ ᠶᠢᠨ ᠲᠥᠪ᠂ ᠲᠡᠭᠦᠨ ᠤ ᠭᠤᠣᠯ ᠲᠡᠩᠭᠡᠯᠢᠭ ᠤᠨ ᠵᠠᠩᠭᠢᠯᠠᠭ᠎ᠠ ᠶᠢᠨ ᠬᠤᠳᠠ᠂ ᠴᠧᠩᠳᠦ᠋ ᠶᠢᠨ ᠬᠤᠳᠠ ᠶᠢᠨ ᠲᠣᠭᠤᠷᠢᠭ ᠤᠨ | ᠪᠦᠷᠢᠯᠳᠦᠬᠦᠨ ᠬᠡᠰᠡᠭ ᠪᠣᠯᠤᠨ᠎ᠠ᠂ 2022 ᠣᠨ ᠤ 4 ᠳ᠋ᠦ᠋ᠭᠡᠷ ᠰᠠᠷ᠎ᠠ ᠳᠤ ᠪᠦᠬᠦ ᠤᠯᠤᠰ ᠤᠨ ᠲᠦᠷᠦᠭᠦᠦ ᠪᠦᠯᠦᠭ ᠲᠤᠰᠬᠠᠢ ᠣᠷᠣᠨ ᠬᠤᠳᠠ ᠶᠢᠨ ᠲᠡᠰ ᠤᠨ ᠬᠠᠮ | ᠵᠠᠭᠤᠴᠢᠯᠠᠭᠤᠷ ᠤᠨ ᠲᠥᠪ ᠤᠨ ᠪᠦᠳᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠳᠠ ᠪᠠᠷ ᠲᠣᠭᠲᠠᠭᠠᠭᠳᠠᠪᠠ᠃ ᠽᠢ ᠶᠠᠩ ᠨᠢ ᠰᠢ ᠶᠢᠨ ᠫᠢᠩ ᠤᠨ ᠰᠣᠶᠣᠯ ᠤᠨ | ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠵᠠᠭᠤᠴᠢᠯᠠᠭᠤᠷ ᠤᠨ ᠠᠭᠤᠰᠤᠯᠴᠠᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠤᠬᠠᠭᠤᠯᠬᠤ ᠬᠡᠯᠲᠡᠰ ᠵᠡᠷᠭᠡ ᠠᠴᠠ ᠳᠠᠷᠤᠮᠠᠯᠯᠠᠨ ᠲᠠᠷᠬᠠᠭᠠᠭᠰᠠᠨ ︽ᠲᠤᠰᠬᠠᠶ ᠣᠷᠣᠨ ᠬᠤᠲᠠ ᠶᠢᠨ | ᠱᠠᠲᠤᠨ ᠤ ᠵᠠᠭᠤᠴᠢᠯᠠᠭᠤᠷ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠳᠥᠷᠪᠡᠨ ᠲᠠᠯ᠎ᠠ ᠠᠴᠠ ᠭᠠᠷᠳᠠᠵᠤ᠂ ᠪᠥᠬᠦ ᠮᠤᠵᠢ ᠶᠢᠨ ᠲᠡᠷᠢᠭᠦᠨ ᠤ᠂ ᠪᠥᠬᠦ ᠤᠯᠤᠰ ᠤᠨ ᠲᠡᠷᠢᠭᠦᠨ ᠤ ᠲᠤᠰᠬᠠᠶ ᠣᠷᠣᠨ ᠬᠤᠲᠠ ᠶᠢᠨ ᠱᠠᠲᠤᠨ ᠤ ᠭᠤᠤᠯ | ᠵᠠᠭᠤᠴᠢᠯᠠᠭᠤᠷ ᠢ ᠴᠢᠷᠮᠠᠶᠢᠨ ᠪᠠᠶᠢᠭᠤᠯᠤᠨ᠎ᠠ᠃ | ᠨᠢᠭᠡ᠂ ᠥᠨᠳᠥᠷ ᠪᠠᠶᠢᠷᠢᠨ ᠠᠴᠠ ᠠᠷᠭ᠎ᠠ ᠰᠦᠪᠡᠭᠴᠢᠯᠡᠨ ᠠᠬᠢᠭᠤᠯᠬᠤ ᠶᠢ ᠪᠠᠷᠢᠮᠲᠠᠯᠠᠵᠤ᠂ ︽ᠥᠭᠡᠷᠡᠴᠢᠯᠡᠬᠦ ᠰᠠᠨᠠᠭ᠎ᠠ ᠥᠬᠡᠶ᠂ ᠠᠭᠤᠰᠤᠯᠴᠠᠬᠤ ᠵᠣᠷᠢᠭ | ᠥᠬᠡᠶ︾ ᠬᠦᠴᠢᠷ ᠠᠰᠠᠭᠤᠳᠠᠯ ᠢ ᠰᠢᠢᠳᠪᠦᠷᠢᠯᠡᠪᠡ | ᠵᠠᠭᠤᠴᠢᠯᠠᠭᠤᠷ ᠤᠨ ᠬᠥᠭᠵᠢᠯᠲᠡ᠂ ᠠᠵᠢᠯᠲᠠᠨ ᠠᠵᠢᠯᠴᠢᠨ ᠤ ᠠᠰᠢᠭ ᠲᠤᠰᠠ ᠵᠡᠷᠭᠡ ᠭᠤᠣᠯ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ | ᠥᠭᠡᠷᠡᠴᠢᠯᠡᠯᠲᠡ ᠶᠢᠨ ᠰᠠᠨᠠᠭᠠᠴᠢᠯᠠᠭᠠᠲᠤ ᠡᠷᠬᠡ᠂ ᠭᠤᠣᠯᠯᠠᠬᠤ ᠡᠷᠬᠡ ᠶᠢ ᠪᠠᠲᠤ ᠡᠵᠡᠮᠰᠢᠨ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠴᠢᠭᠯᠡᠯ ᠨᠢ ᠵᠥᠪ | ᠣᠨᠣᠪᠴᠢᠲᠠᠶ᠂ ᠪᠦᠲᠦᠮᠵᠢᠲᠡᠶ ᠠᠬᠢᠬᠤ ᠶᠢ ᠦᠨᠡᠨ ᠬᠦ ᠪᠠᠲᠤᠯᠠᠪᠠ᠃ ᠨᠢᠭᠡ ᠳᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠵᠠᠷᠴᠢᠮ ᠢ ᠪᠠᠷᠢᠮᠲᠠᠯᠠᠪᠠ᠃ ᠬᠤᠲᠠ ᠶᠢᠨ | ᠨᠠᠮ ᠤᠨ ᠬᠤᠷᠢᠶ᠎ᠠ ᠵᠠᠭᠤᠴᠢᠯᠠᠭᠤᠷ ᠢ ᠠᠭᠤᠰᠤᠯᠴᠠᠭᠤᠯᠬᠤ ᠥᠭᠡᠷᠡᠴᠢᠯᠡᠯᠲᠡ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠬᠤᠲᠠ ᠶᠢᠨ | ᠨᠠᠮ ᠤᠨ ᠬᠤᠷᠢᠶᠠᠨ ᠤ ᠪᠥᠬᠦᠳᠡ ᠬᠤᠷᠠᠯ ᠤᠨ ᠮᠡᠳᠡᠭᠦᠯᠦᠯᠲᠡ ᠳᠤ ᠪᠢᠴᠢᠨ ᠣᠷᠣᠭᠤᠯᠵᠤ᠂ ᠪᠥᠬᠦ ᠬᠤᠲᠠ ᠶᠢᠨ ᠶᠡᠷᠦᠩᠬᠡᠶ ᠠᠵᠢᠯ ᠤᠨ ᠲᠣᠬᠢᠷᠠᠭᠤᠯᠤᠯᠲᠠ ᠪᠠ | ᠥᠭᠡᠷᠡᠴᠢᠯᠡᠯᠲᠡ ᠶᠢᠨ ᠴᠢᠬᠤᠯᠠ ᠵᠦᠢᠯᠡᠰ ᠲᠤ ᠤᠷᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠳ ᠪᠡᠶ᠎ᠡ ᠪᠠᠷ ᠢᠶᠠᠨ ᠠᠷᠭ᠎ᠠ | ᠰᠦᠪᠡᠭᠴᠢᠯᠡᠨ ᠠᠬᠢᠭᠤᠯᠵᠤ᠂ ︽ᠰᠢᠯᠵᠢᠯᠲᠡ᠂ ᠸᠢᠳᠢᠣ᠋ᠵᠢᠯᠲᠡ᠂ ᠨᠡᠶᠢᠭᠡᠮ ᠤᠨ ᠬᠠᠷᠢᠯᠴᠠᠭ᠎ᠠ︾ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ 4 ᠤᠳᠠᠭ᠎ᠠ | ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ 7 ᠤᠳᠠᠭ᠎ᠠ ᠲᠤᠰᠬᠠᠶ ᠰᠡᠳᠦᠪ ᠢᠶᠠᠷ ᠰᠤᠳᠤᠯᠵᠤ᠂ ᠪᠠᠯᠠ ᠮᠥᠩᠭᠦ ᠶᠢᠨ ᠪᠠᠲᠤᠯᠠᠭ᠎ᠠ᠂ | ᠵᠢᠭᠰᠠᠭᠠᠯ ᠤᠨ ᠭᠠᠵᠠᠷ ᠢ ᠨᠡᠭᠦᠯᠭᠡᠬᠦ᠂ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠲᠦᠷᠦᠭᠦᠯᠡᠨ ᠶᠡᠷᠦᠩᠬᠡᠶᠢᠯᠡᠨ ᠠᠳᠬᠤᠵᠤ᠂ ᠥᠭᠡᠷᠡᠴᠢᠯᠡᠯᠲᠡ ᠶᠢᠨ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ 6 | ᠠᠵᠢᠯᠯᠠᠬᠤ ᠳᠤᠭᠤᠶᠢᠯᠠᠩ ᠪᠠᠶᠢᠭᠤᠯᠵᠤ᠂ ᠭᠠᠷᠠᠭ ᠪᠦᠷᠢ ᠵᠢᠯᠣᠭᠤᠳᠤᠨ ᠲᠣᠬᠢᠷᠠᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠥᠨᠳᠥᠷ ᠪᠦᠲᠦᠮᠵᠢᠲᠡᠶ ᠠᠬᠢᠭᠤᠯᠪᠠ᠃ ᠬᠤᠶᠠᠷ ᠲᠤ᠂ ᠪᠡᠯᠡ ᠣᠷᠣᠭᠤᠯᠤᠯᠲᠠ ᠶᠢ ᠪᠠᠲᠤᠯᠠᠬᠤ ᠡᠷᠴᠢᠮ ᠢ ᠴᠢᠩᠭᠠᠷᠠᠭᠤᠯᠪᠠ᠃ ᠤᠤᠯ ᠤᠨ ᠷᠠᠳᠢᠣ᠋ ᠲᠧᠯᠸᠢᠰ | ᠬᠤᠷᠢᠶᠠᠨ ᠤ ᠲᠡᠤᠬᠡ ᠶᠢᠨ ᠥᠷᠢ ᠥᠭᠴᠡᠭᠡ ᠶᠢ ᠠᠷᠢᠯᠭᠠᠵᠤ᠂ ᠬᠤᠲᠠ ᠶᠢᠨ ᠡᠳ᠋ ᠤᠨ ᠵᠠᠰᠠᠭ ᠤᠨ ᠵᠢᠯ ᠪᠦᠷᠢ ᠶᠢᠨ ᠲᠥᠰᠦᠪ ᠤᠨ ᠲᠤᠰᠬᠠᠶ ᠵᠠᠷᠤᠳᠠᠯ ᠤᠨ | ᠪᠠᠲᠤᠯᠠᠭ᠎ᠠ ᠶᠢᠨ ᠠᠵᠢᠯ ᠤᠨ ᠠᠵᠢᠯᠯᠠᠭᠠᠨ ᠢ ᠥᠷᠭᠡᠳᠭᠡᠪᠡ︔ ᠬᠤᠲᠠ ᠶᠢᠨ ᠲᠣᠭᠤᠷᠢᠭ ᠤᠨ ᠭᠤᠤᠯ ᠬᠡᠰᠡᠭ ᠤᠨ 1.2 ᠲᠦᠮᠡᠨ ᠲᠡᠭᠰᠢ ᠳᠥᠷᠪᠡᠯᠵᠢᠨ ᠮᠧᠲᠷ ᠤᠨ | ᠠᠯᠪᠠᠨ ᠭᠡᠷ᠂ ᠢᠵᠢ ᠪᠦᠷᠢᠳᠦᠭᠦᠯᠬᠦ ᠲᠤᠰᠬᠠᠶ ᠪᠡᠯᠡ ᠮᠥᠩᠭᠦ ᠶᠢ ᠲᠣᠬᠢᠷᠠᠭᠤᠯᠵᠤ᠂ ᠪᠦᠬᠦ ᠮᠤᠵᠢ ᠶᠢᠨ ᠲᠡᠷᠢᠭᠦᠨ ᠤ ᠬᠠᠮ ᠵᠠᠭᠤᠴᠢᠯᠠᠭᠤᠷ ᠤᠨ ᠲᠣᠭᠯᠠᠯᠲᠠ ᠶᠢᠨ | ᠲᠠᠰᠤᠭ ᠢ ᠪᠠᠶᠢᠭᠤᠯᠪᠠ︔ ᠬᠠᠷᠢᠶ᠎ᠠ ᠵᠠᠭᠤᠴᠢᠯᠠᠭᠤᠷ ᠤᠨ ᠪᠦᠯᠦᠭᠯᠡᠯ ᠳᠤ ᠪᠣᠳᠠᠲᠤ ᠶᠠᠭᠤᠮ᠎ᠠ ᠪᠠᠷ ᠪᠡᠯᠡ ᠣᠷᠣᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ | ᠴᠢᠳᠠᠪᠤᠷᠢ ᠶᠢ ᠨᠡᠮᠡᠭᠳᠡᠭᠦᠯᠪᠡ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠮᠣ ᠲᠤᠭ᠎ᠠ ᠪᠠᠷᠢᠮᠲᠠ ᠶᠢ ᠡᠷᠬᠡ ᠣᠯᠭᠤᠨ ᠬᠡᠷᠡᠭᠯᠡᠵᠦ ᠨᠡᠭᠡᠭᠡᠨ ᠬᠥᠭᠵᠢᠭᠦᠯᠵᠦ᠂ | ᠣᠯᠠᠨ ᠲᠦᠮᠡᠨ ᠳᠤ ᠦᠢᠯᠡᠴᠢᠯᠡᠬᠦ ᠴᠢᠳᠠᠮᠵᠢ ᠶᠢ ᠥᠷᠭᠡᠳᠭᠡᠪᠡ᠃ ᠭᠤᠷᠪᠠ ᠳᠤ᠂ ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠥᠭᠡᠷᠡᠴᠢᠯᠡᠯᠲᠡ ᠶᠢ | ᠠᠬᠢᠭᠤᠯᠪᠠ᠃ ︽ᠠᠵᠢᠯ ᠦᠢᠯᠡᠰ ᠤᠨ ᠨᠢᠭᠡᠴᠢ ᠶᠢ ᠠᠵᠤ ᠠᠬᠤᠶᠢᠵᠢᠭᠤᠯᠬᠤ︾ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠠᠵᠢᠯᠲᠠᠨ ᠤ | ᠠᠵᠢᠯ ᠤᠨ ᠪᠠᠶᠢᠷᠢ ᠶᠢᠨ ᠬᠠᠮᠢᠶᠠᠷᠤᠯᠲᠠ᠂ ᠥᠷᠢᠰᠥᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠶᠢ ᠬᠡᠷᠡᠭᠵᠢᠭᠦᠯᠦᠨ᠂ ᠲᠣᠰ ᠲᠣᠰ ᠤᠨ ᠣᠨᠴᠠᠯᠢᠭ ᠲᠤ | ᠨᠡᠶᠢᠴᠡᠭᠰᠡᠨ ᠲᠤᠰᠢᠶᠠᠯ ᠤᠨ ᠲᠠᠰ ᠤᠨ ᠲᠣᠭᠲᠠᠯᠴᠠᠭ᠎ᠠ᠂ ᠰᠢᠯᠭᠠᠨ ᠬᠢᠨᠠᠬᠤ ᠳᠡᠰ ᠳᠡᠪᠰᠢᠭᠦᠯᠬᠦ ᠵᠠᠮ ᠢ ᠲᠣᠰ ᠲᠣᠰ ᠲᠣᠭᠲᠠᠭᠠᠪᠠ︔ ︽ᠳᠣᠣᠷ᠎ᠠ ᠪᠠᠲᠤᠯᠠᠭ᠎ᠠ᠂ | ᠥᠨᠳᠥᠷ ᠠᠵᠢᠯ ᠤᠨ ᠪᠦᠲᠦᠮᠵᠢ︾ ᠶᠢᠨ ᠴᠠᠯᠢᠩ ᠬᠥᠯᠥᠰᠥ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠵᠢᠯ ᠤᠨ ᠪᠠᠶᠢᠷᠢ ᠶᠢᠨ ᠶᠣᠰᠣᠭᠠᠷ ᠬᠡᠮᠵᠢᠶᠡᠵᠢᠭᠦᠯᠦᠨ ᠰᠢᠯᠭᠠᠨ | ᠬᠢᠨᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠵᠢᠯ ᠤᠨ ᠪᠦᠲᠦᠮᠵᠢ ᠨᠢ ᠠᠵᠢᠯᠲᠠᠨ ᠤ ᠪᠦᠬᠦᠯᠢ ᠴᠣᠭᠴᠠ ᠶᠢᠨ ᠴᠠᠯᠢᠩ ᠬᠥᠯᠥᠰᠥ ᠶᠢᠨ ᠳᠣᠲᠣᠷ᠎ᠠ | 60% ᠠᠴᠠ ᠳᠡᠭᠡᠭᠰᠢᠬᠢ ᠶᠢ ᠡᠵᠡᠯᠡᠪᠡ᠃ ᠲᠤᠰᠬᠠᠶ ᠵᠦᠢᠯ ᠢᠶᠠᠷ ᠤᠷᠮᠠᠰᠢᠭᠤᠯᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠲᠠᠩ ᠵᠦᠢᠯ ᠤᠨ ᠱᠠᠩᠨᠠᠨ ᠬᠥᠬᠢᠭᠦᠯᠬᠦ | ᠲᠦᠷᠢᠮ ᠢ ᠪᠠᠶᠢᠭᠤᠯᠤᠨ᠂ ᠲᠦᠷᠦᠭᠦᠴᠢ ᠲᠦᠷᠢᠮ᠂ ᠲᠦᠷᠦᠭᠦᠯᠡᠭᠦ ᠲᠦᠷᠢᠮ ᠵᠡᠷᠭᠡ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠲᠦᠷᠢᠮ ᠢ ᠪᠠᠶᠢᠭᠤᠯᠵᠤ᠂ | ᠠᠭᠤᠯᠭ᠎ᠠ ᠶᠢᠨ ᠶᠠᠰᠤ ᠴᠢᠨᠠᠷ ᠪᠠ ᠡᠩᠨᠡᠭᠡ ᠶᠢᠨ ᠠᠮᠢᠵᠢᠷᠠᠯ ᠤᠨ ᠬᠦᠴᠦᠨ ᠤ ︽ᠬᠤᠶᠠᠷ ᠢ ᠳᠡᠭᠡᠭᠰᠢᠯᠡᠭᠦᠯᠬᠦ︾ ᠶᠢ ᠠᠬᠢᠭᠤᠯᠪᠠ᠃ | ᠬᠤᠶᠠᠷ᠂ ᠵᠠᠭᠤᠴᠢᠯᠠᠭᠤᠷ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠵᠤ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ | ᠳᠠᠮᠵᠢᠭᠤᠯᠭ᠎ᠠ ᠶᠢᠨ ᠰᠢᠨ᠎ᠡ ᠪᠠᠶᠢᠷᠢᠰᠢᠯ ᠢ ᠳᠠᠬᠢᠨ ᠪᠣᠶ ᠪᠣᠯᠭᠠᠪᠠ | ᠢᠨᠲ᠋ᠧᠷ ᠰᠦᠯᠵᠢᠶᠡᠨ ᠤ ᠰᠡᠳᠬᠢᠬᠦᠶ ᠪᠠᠷ ᠳᠠᠮᠵᠢᠭᠤᠯᠬᠤ ᠠᠷᠭ᠎ᠠ ᠪᠠᠷᠢᠯ ᠢᠶᠠᠨ ᠰᠢᠨᠡᠴᠢᠯᠡᠵᠦ᠂ ᠬᠠᠨᠳᠤᠯᠭᠠᠲᠤ ᠰᠡᠳᠬᠢᠬᠦᠶ ᠪᠠᠷ ᠦᠢᠯᠡᠴᠢᠯᠡᠭᠡᠨ ᠤ | ᠴᠢᠳᠠᠪᠤᠷᠢ ᠪᠠᠨ ᠴᠢᠩᠭᠠᠳᠬᠠᠵᠤ᠂ ᠬᠡᠷᠡᠭᠯᠡᠭᠴᠢ ᠶᠢᠨ ᠦᠵᠦᠭᠦᠷ ᠤᠨ ᠳᠠᠩᠰᠠᠯᠠᠭᠤᠯᠤᠭᠰᠠᠨ ᠬᠡᠷᠡᠭᠯᠡᠭᠴᠢ ᠶᠢᠨ ᠲᠤᠭ᠎ᠠ 31 ᠲᠦᠮᠡ ᠪᠠᠶᠢᠭᠰᠠᠨ ᠠᠴᠠ ᠪᠠᠨ 139 | ᠲᠦᠮᠡ ᠪᠣᠯᠤᠨ ᠳᠡᠭᠡᠭᠰᠢᠯᠡᠵᠦ᠂ ᠬᠤᠲᠠ ᠶᠢᠨ ᠬᠡᠪᠴᠢᠶᠡᠨ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ 61.2% ᠢ ᠬᠠᠮᠤᠷᠴᠤ᠂ ᠡᠳᠦᠷ ᠤᠨ ᠢᠳᠡᠪᠬᠢᠲᠦ | ᠬᠡᠷᠡᠭᠯᠡᠭᠴᠢ 3 ᠮᠢᠩᠭ᠎ᠠ ᠬᠦᠷᠬᠦ ᠥᠬᠡᠶ ᠪᠠᠶᠢᠭᠰᠠᠨ ᠠᠴᠠ ᠪᠠᠨ 4.3 ᠲᠦᠮᠡ ᠪᠣᠯᠵᠣ ᠨᠡᠮᠡᠭᠳᠡᠪᠡ᠃ ᠨᠢᠭᠡ ᠳᠤ᠂ ᠨᠠᠷᠢᠯᠢᠭ ᠣᠨᠣᠪᠴᠢᠲᠠᠢ ᠪᠠᠷ ᠳᠠᠮᠵᠢᠭᠤᠯᠬᠤ ︽ | ᠭᠤᠤᠯ ᠬᠥᠳᠡᠯᠭᠡᠭᠦᠷ︾ ᠢ ᠪᠣᠶ ᠪᠣᠯᠭᠠᠪᠠ᠃ ᠪᠥᠬᠦ ᠤᠯᠤᠰ ᠤᠨ ᠠᠩᠬᠠᠳᠠᠭᠴᠢ ︽ᠰᠣᠨᠢᠨ ᠮᠡᠳᠡᠭᠡᠨ ᠤ ᠤᠬᠠᠭᠤᠯᠭ᠎ᠠ + ᠵᠠᠰᠠᠭ ᠤᠨ ᠶᠠᠪᠤᠳᠠᠯ ᠤᠨ ᠲᠣᠮᠣ ᠲᠤᠭ᠎ᠠ | ᠪᠠᠷᠢᠮᠲᠠ + ᠲᠡᠷᠢᠭᠦᠨ ᠤ ᠪᠤᠳᠤᠬᠤ ᠠᠷᠭ᠎ᠠ︾ ᠶᠢᠨ ᠣᠶᠤᠨᠴᠢ ᠵᠠᠭᠤᠴᠢᠯᠠᠭᠤᠷ ᠤᠨ ᠰᠠᠭᠤᠷᠢ ᠶᠢ ᠪᠣᠶ ᠪᠣᠯᠭᠠᠵᠤ᠂ ᠲᠠᠨᠢᠯᠴᠠᠭᠤᠯᠭ᠎ᠠ ᠶᠢᠨ ᠪᠤᠳᠤᠬᠤ ᠠᠷᠭ᠎ᠠ ᠶᠢᠨ | ᠵᠠᠭᠪᠤᠷ ᠢ ᠰᠢᠯᠢᠳᠡᠭᠵᠢᠭᠦᠯᠦᠨ᠂ ᠣᠯᠠᠨ ᠲᠦᠮᠡᠨ ᠤ ᠦᠵᠡᠵᠦ ᠰᠣᠨᠣᠰᠬᠤ ᠠᠭᠤᠯᠭ᠎ᠠ ᠶᠢ ᠨᠠᠷᠢᠯᠢᠭ ᠣᠨᠣᠪᠴᠢᠲᠠᠢ ᠪᠠᠷ ᠬᠡᠷᠡᠭᠯᠡᠭᠴᠢ ᠶᠢᠨ ᠡᠮᠦᠨ᠎ᠡ ᠬᠦᠷᠭᠡᠵᠦ᠂ | ᠬᠡᠷᠡᠭᠯᠡᠭᠴᠢᠳ ᠤᠨ ᠪᠡᠶᠡᠴᠢᠯᠡᠨ ᠣᠶᠢᠯᠠᠭᠠᠯᠲᠠ ᠪᠠ ᠨᠠᠭᠠᠯᠳᠤᠮᠠᠬᠠᠢ ᠴᠢᠨᠠᠷ ᠢ ᠴᠢᠩᠭᠠᠷᠠᠭᠤᠯᠪᠠ᠃ ᠵᠢᠱᠢᠯᠲᠡ ᠪᠠᠷ ᠵᠢᠯ ᠤᠨ ᠡᠴᠦᠰ ᠪᠣᠯᠬᠤ ᠳᠤ᠂ ︽ᠽᠢ ᠶᠠᠩ ᠤᠨ | ᠠᠵᠢᠭᠯᠠᠯᠲᠠ︾ ᠶᠢᠨ ᠬᠡᠷᠡᠭᠯᠡᠭᠴᠢ ᠶᠢᠨ ᠦᠵᠦᠭᠦᠷ ᠤᠨ ᠬᠡᠷᠡᠭᠯᠡᠭᠴᠢ ᠶᠢᠨ ᠲᠤᠭ᠎ᠠ ᠬᠤᠲᠠ ᠶᠢᠨ ᠬᠡᠪᠴᠢᠶᠡᠨ ᠳᠠᠬᠢ ᠪᠠᠶᠢᠩᠭᠤ ᠰᠠᠭᠤᠭ᠎ᠠ ᠬᠥᠮᠦᠨ ᠠᠮᠠ ᠶᠢᠨ | 80% ᠠᠴᠠ ᠳᠡᠭᠡᠭᠰᠢᠬᠢ ᠶᠢ ᠳᠠᠪᠠᠵᠤ᠂ ᠡᠳᠦᠷ ᠤᠨ ᠢᠳᠡᠪᠬᠢᠲᠦ ᠬᠡᠷᠡᠭᠯᠡᠭᠴᠢ 10 ᠲᠦᠮᠡ ᠠᠴᠠ ᠳᠡᠭᠡᠭᠰᠢ ᠨᠡᠮᠡᠭᠳᠡᠬᠦ ᠪᠣᠯᠣᠨ᠎ᠠ᠃ ᠬᠤᠶᠠᠷ ᠲᠤ᠂ ᠭᠤᠯᠳᠤ | ᠴᠢᠭᠯᠡᠯ ᠢᠶᠠᠷ ᠨᠡᠪᠲᠡᠷᠡᠭᠰᠡᠨ ︽ᠵᠠᠩᠭᠢᠯᠠᠭ᠎ᠠ ᠶᠢᠨ ᠬᠦᠢᠰᠦ︾ ᠶᠢ ᠪᠠᠶᠢᠭᠤᠯᠪᠠ᠃ ︽ᠲᠢᠶᠠᠨ ᠹᠦ᠋ ᠬᠠᠮ ᠵᠠᠭᠤᠴᠢᠯᠠᠭᠤᠷ ᠤᠨ ᠬᠤᠯᠪᠣᠭᠠᠲᠤ ᠴᠣᠭᠴᠠ︾ ᠳᠤ ᠵᠠᠯᠭᠠᠨ | ᠣᠷᠣᠭᠤᠯᠵᠤ᠂ ᠲᠥᠪ᠂ ᠮᠤᠵᠢ᠂ ᠬᠤᠲᠠ ᠶᠢᠨ ᠵᠠᠭᠤᠴᠢᠯᠠᠭᠤᠷ ᠤᠨ ᠵᠣᠯᠭᠠᠭᠤᠯᠬᠤ ᠠᠷᠭ᠎ᠠ ᠵᠠᠮ ᠢ ᠪᠦᠲᠦᠮᠵᠢᠲᠡᠶ ᠨᠡᠪᠲᠡᠷᠡᠭᠦᠯᠵᠦ᠂ ᠽᠢ ᠶᠠᠩ ᠤᠨ ᠣᠨᠴᠠᠯᠢᠭ ᠲᠠᠢ | ᠬᠢᠯᠠᠰ ᠴᠡᠭ ᠤᠨ ᠮᠡᠳᠡᠭᠡ ᠵᠠᠩᠭᠢ ᠶᠢ ᠲᠡᠷᠡ ᠳᠠᠷᠤᠶ ᠳᠤ ᠨᠢ ᠳᠡᠭᠡᠳᠦ ᠱᠠᠲᠤᠨ ᠤ ᠵᠠᠭᠤᠴᠢᠯᠠᠭᠤᠷ ᠤᠨ ᠲᠠᠪᠴᠠᠩ ᠳᠤ ᠢᠯᠡᠷᠡᠭᠦᠯᠬᠦ ᠶᠢ ᠠᠬᠢᠭᠤᠯᠪᠠ᠃ ᠬᠤᠲᠠ | ᠰᠢᠶᠠᠨ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ ᠪᠦᠲᠦᠭᠡᠨ ᠪᠠᠶᠢᠭᠤᠯᠵᠤ᠂ ᠬᠡᠷᠡᠭᠯᠡᠭᠴᠢᠳ ᠬᠠᠮᠲᠤ ᠪᠠᠷ ᠬᠡᠷᠡᠭᠯᠡᠬᠦ᠂ ᠠᠭᠤᠯᠭ᠎ᠠ ᠶᠢ ᠬᠠᠮᠲᠤ ᠪᠠᠷ ᠡᠳ᠋ᠯᠡᠬᠦ᠂ | ᠮᠡᠳᠡᠭᠡ ᠵᠠᠩᠭᠢ ᠶᠢ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ᠂ ᠴᠢᠬᠤᠯᠠ ᠮᠡᠳᠡᠭᠡ ᠵᠠᠩᠭᠢ ᠶᠢ ᠨᠢᠭᠡ ᠳᠠᠷᠤᠪᠴᠢ ᠪᠠᠷ ᠬᠤᠲᠠ ᠰᠢᠶᠠᠨ ᠤ ᠬᠠᠮ ᠵᠠᠭᠤᠴᠢᠯᠠᠭᠤᠷ ᠤᠨ | ᠬᠡᠷᠡᠭᠯᠡᠭᠴᠢ ᠶᠢᠨ ᠦᠵᠦᠭᠦᠷ ᠲᠤ ᠵᠡᠷᠭᠡ ᠪᠠᠷ ᠬᠦᠷᠭᠡᠵᠦ᠂ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠢᠵᠢᠯ ᠳᠠᠪᠲᠠᠮᠵᠢᠲᠤ ᠴᠤᠤᠷᠢᠶ᠎ᠠ ᠶᠢ ᠪᠡᠶᠡᠯᠡᠭᠦᠯᠪᠡ᠃ | ᠭᠤᠷᠪᠠ ᠳᠤ᠂ ᠤᠯᠠᠨ ᠲᠦᠮᠡᠨ ᠤ ᠠᠮᠢᠳᠤᠷᠠᠯ ᠤᠨ ︽ᠨᠢᠭᠡᠳᠦᠭᠡᠷ ᠣᠷᠣᠴᠠ︾ ᠶᠢ ᠪᠠᠶᠢᠭᠤᠯᠪᠠ᠃ ᠤᠤᠯ ᠤᠨ ︽ᠲᠢᠶᠠᠨ ᠹᠦ᠋ ᠬᠤᠲᠠ ᠶᠢᠨ ᠠᠷᠠᠳ ᠤᠨ ᠡᠭᠦᠯᠡ︾ | ᠶᠢᠨ ᠬᠡᠷᠡᠭᠯᠡᠭᠴᠢ ᠶᠢᠨ ᠦᠵᠦᠭᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠢᠳᠠᠮᠵᠢ ᠶᠢ ᠠᠯᠬᠤᠮ | ᠠᠯᠬᠤᠮ ᠢᠶᠠᠷ ︽ ᠽᠢ ᠶᠠᠩ ᠤᠨ ᠠᠵᠢᠭᠯᠠᠯᠲᠠ︾ ᠶᠢᠨ ᠬᠡᠷᠡᠭᠯᠡᠭᠴᠢ ᠶᠢᠨ ᠦᠵᠦᠭᠦᠷ ᠲᠤ ᠬᠦᠷᠲᠡᠯ᠎ᠡ ᠲᠥᠪᠯᠡᠷᠡᠭᠦᠯᠵᠦ᠂ ᠨᠢᠭᠡᠨᠲᠡ 110 ᠭᠠᠷᠤᠶ ᠵᠦᠢᠯ ᠤᠨ | ᠥᠨᠳᠥᠷ ᠳᠠᠪᠲᠠᠮᠵᠢᠲᠤ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠪᠥᠭᠡᠮᠨᠡᠷᠡᠭᠦᠯᠵᠦ᠂ ᠣᠲᠣ ᠶᠠᠭ ᠬᠡᠷ ᠬᠥᠷᠥᠩᠭᠡ᠂ ᠡᠮᠴᠢᠯᠡᠭᠡ ᠵᠡᠷᠭᠡ ᠲᠣᠰ ᠭᠠᠵᠠᠷ ᠤᠨ ᠬᠠᠯᠠᠮᠰᠢᠯ | ᠠᠮᠢᠳᠤᠷᠠᠯ ᠤᠨ ᠬᠡᠷᠡᠭᠯᠡᠭᠡᠨ ᠤ ᠲᠠᠯᠠᠪᠤᠷ ᠢ ᠪᠠᠶᠢᠷᠢᠰᠢᠭᠤᠯᠵᠤ᠂ ︽ᠽᠢ ᠶᠠᠩ ᠤᠨ ᠠᠵᠢᠭᠯᠠᠯᠲᠠ︾ ᠶᠢᠨ ᠬᠡᠷᠡᠭᠯᠡᠭᠴᠢ ᠶᠢᠨ ᠦᠵᠦᠭᠦᠷ ᠢ ︽ᠰᠣᠨᠢᠨ ᠮᠡᠳᠡᠭᠡ + | ᠢᠨᠲ᠋ᠧᠷ ᠰᠦᠯᠵᠢᠶ᠎ᠡ︾ ᠶᠢᠨ ᠵᠠᠭᠤᠴᠢᠯᠠᠭᠤᠷ ᠤᠨ ᠵᠠᠭᠪᠤᠷ ᠠᠴᠠ ︽ᠬᠡᠷᠡᠭᠯᠡᠭᠴᠢ + ᠲᠣᠮᠣ ᠲᠤᠭ᠎ᠠ ᠪᠠᠷᠢᠮᠲᠠ︾ ᠬᠦᠷᠲᠡᠯᠡᠬᠢ ᠦᠢᠯᠡᠳᠬᠦᠨ ᠤ ᠵᠠᠭᠪᠤᠷ ᠤᠨ | ᠬᠡᠯᠪᠡᠷᠢ ᠶᠢ ᠬᠤᠪᠢᠷᠠᠭᠤᠯᠬᠤ ᠶᠢ ᠳᠥᠯᠭᠢᠨ ᠠᠬᠢᠭᠤᠯᠪᠠ᠃ ᠲᠦᠷᠪᠡ ᠳᠤ᠂ ᠠᠰᠠᠭᠤᠳᠠᠯ ᠢ ᠰᠢᠢᠳᠪᠦᠷᠢᠯᠡᠬᠦ ︽ᠲᠡᠷᠢᠭᠦᠨ ᠰᠣᠩᠭᠤᠯᠲᠠ ᠶᠢᠨ ᠲᠠᠪᠴᠠᠩ︾ ᠢ | ᠪᠠᠶᠢᠭᠤᠯᠪᠠ᠃ ︽ᠠᠷᠠᠳ ᠤᠨ ᠪᠠᠶᠢᠳᠠᠯ ᠢ ᠨᠡᠪᠲᠡᠷᠡᠭᠦᠯᠬᠦ︾ ᠪᠤᠯᠤᠩ ᠭᠠᠷᠭᠠᠵᠤ᠂ ︽12345︾ ᠳᠤ ᠤᠲᠠᠰᠤᠳᠠᠬᠤ ᠬᠢᠭᠡᠳ ᠰᠦᠯᠵᠢᠶ᠎ᠡ ᠪᠠᠷ ᠵᠠᠰᠠᠭ ᠢ ᠡᠷᠭᠢᠯᠡᠬᠦ | ᠠᠷᠭ᠎ᠠ ᠵᠠᠮ ᠢ ᠨᠡᠪᠲᠡᠷᠡᠭᠦᠯᠪᠡ︔ ᠠᠷᠠᠳ ᠤᠨ ᠠᠮᠢᠳᠤᠷᠠᠯ ᠤᠨ ᠲᠦᠷᠦᠯ ᠤᠨ ᠲᠦᠷᠦᠯ ᠲᠡᠮᠲᠡᠭᠲᠦ ᠶᠢᠨ ᠪᠤᠯᠤᠩ ︽ᠽᠢ ᠶᠠᠩ ᠤᠨ ᠬᠢᠨᠠᠯᠲᠠ ᠲᠠᠯᠪᠢᠯᠲᠠ︾᠂ ︽ᠽᠢ | ᠶᠠᠩ ᠤᠨ ᠬᠠᠪᠰᠤᠷᠤᠯᠭ᠎ᠠ︾ ᠶᠢ ᠭᠠᠷᠭᠠᠵᠤ᠂ ᠤᠯᠠᠨ ᠲᠦᠮᠡᠨ ᠤ 300 ᠭᠠᠷᠤᠢ ᠬᠦᠴᠢᠷ ᠵᠣᠪᠠᠭᠤᠷᠢ ᠶᠢ ᠨᠢ ᠰᠢᠢᠳᠪᠦᠷᠢᠯᠡᠬᠦ ᠶᠢ ᠠᠬᠢᠭᠤᠯᠵᠤ᠂ ᠬᠤᠳᠠ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠯᠠᠨ ᠲᠦᠮᠡᠨ ᠢ ᠣᠶᠢᠯᠠᠭᠠᠬᠤ᠂ ᠤᠯᠠᠨ ᠲᠦᠮᠡᠨ ᠲᠠᠢ ᠣᠶᠢᠷᠠᠳᠬᠤ᠂ ᠤᠯᠠᠨ ᠲᠦᠮᠡᠨ ᠤ ᠬᠦᠴᠢᠷ ᠵᠣᠪᠠᠭᠤᠷᠢ ᠶᠢ | ᠰᠢᠢᠳᠪᠦᠷᠢᠯᠡᠬᠦ ᠰᠢᠨ᠎ᠡ ᠠᠷᠭ᠎ᠠ ᠵᠠᠮ ᠢ ᠪᠣᠢ ᠪᠣᠯᠭᠠᠪᠠ᠃ | ᠭᠤᠷᠪᠠ᠂ ᠴᠢᠨᠠᠷ ᠰᠠᠶᠢᠲᠠᠶ ᠠᠭᠤᠯᠭ᠎ᠠ ᠶᠢᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ︽ᠣᠯᠠᠨ ᠲᠦᠮᠡᠨ ᠤ ᠦᠵᠡᠬᠦ ᠶᠢ ᠬᠦᠰᠡᠬᠦ︾ ᠶᠢ ︽ᠣᠯᠠᠨ | ᠲᠦᠮᠡᠨ ᠦᠵᠡᠬᠦ ᠰᠠᠨᠠᠭ᠎ᠠ ᠲᠠᠢ︾ ᠪᠣᠯᠭᠠᠨ ᠬᠤᠪᠢᠷᠠᠭᠤᠯᠪᠠ | ᠢᠨᠲ᠋ᠧᠷ ᠰᠦᠯᠵᠢᠶᠡᠨ ᠤ ᠳᠠᠮᠵᠢᠭᠤᠯᠭ᠎ᠠ ᠶᠢᠨ ᠵᠢᠮ᠎ᠡ ᠶᠣᠰᠣ ᠶᠢ ᠵᠢᠷᠤᠮᠯᠠᠨ᠂ ᠰᠢᠨ᠎ᠡ ᠬᠡᠯᠪᠡᠷᠢ ᠶᠢᠨ ᠰᠤᠷᠪᠤᠯᠵᠢᠯᠠᠨ ᠨᠠᠶᠢᠷᠠᠭᠤᠯᠬᠤ ᠶᠠᠪᠤᠴᠠ ᠶᠢ ᠪᠠᠶᠢᠭᠤᠯᠵᠤ᠂ | ᠠᠭᠤᠯᠭ᠎ᠠ ᠶᠢᠨ ᠢᠯᠡᠷᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ᠬᠠᠮ ᠵᠠᠭᠤᠴᠢᠯᠠᠭᠤᠷ ᠤᠨ ᠠᠵᠢᠯ ᠤᠨ ᠵᠣᠬᠢᠴᠠᠮᠵᠢ ᠶᠢ ᠪᠦᠷᠢᠨᠰᠢᠭᠦᠯᠦᠨ᠂ ᠵᠥᠪ ᠲᠠᠯ᠎ᠠ ᠶᠢᠨ | ᠤᠬᠠᠭᠤᠯᠭ᠎ᠠ ᠶᠢᠨ ᠨᠥᠯᠥᠭᠡᠯᠡᠬᠦ ᠬᠦᠴᠦᠨ᠂ ᠬᠥᠲᠥᠯᠥᠨ ᠵᠢᠯᠣᠭᠤᠳᠬᠤ ᠬᠦᠴᠦᠨ ᠢ ᠳᠡᠭᠡᠭᠰᠢᠯᠡᠭᠦᠯᠪᠡ᠃ ᠨᠢᠭᠡ ᠳᠤ᠂ ᠦᠢᠯᠡᠳᠪᠦᠷᠢᠯᠡᠯ ᠤᠨ ᠵᠣᠬᠢᠶᠠᠨ | ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠪᠡ᠃ ᠢᠨᠲ᠋ᠧᠷ ᠰᠦᠯᠵᠢᠶ᠎ᠡ ᠪᠠᠷ ᠭᠤᠤᠯ ᠪᠣᠯᠭᠠᠵᠤ᠂ ᠵᠠᠭᠤᠴᠢᠯᠠᠭᠤᠷ ᠤᠨ ᠰᠤᠷᠪᠤᠯᠵᠢᠯᠠᠨ ᠨᠠᠶᠢᠷᠠᠭᠤᠯᠬᠤ | ᠶᠠᠪᠤᠴᠠ ᠶᠢ ᠡᠷᠴᠢᠮᠵᠢᠭᠦᠯᠬᠦ᠂ ᠲᠣᠭᠠᠵᠢᠭᠤᠯᠬᠤ ᠥᠭᠡᠷᠡᠴᠢᠯᠡᠯᠲᠡ ᠶᠢ ᠠᠬᠢᠭᠤᠯᠤᠨ᠂ 40% ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠪᠠᠭᠠᠰᠬᠠᠵᠤ᠂ | ᠤᠯᠠᠮᠵᠢᠯᠠᠯᠲᠤ ᠰᠤᠷᠪᠤᠯᠵᠢᠯᠠᠭᠴᠢ ᠶᠢ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠳᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠳᠠᠩ ᠵᠣᠷᠪᠤᠰ ᠤᠨ ᠰᠣᠨᠢᠨ | ᠮᠡᠳᠡᠭᠡᠨ ᠤ ᠦᠢᠯᠡᠳᠪᠦᠷᠢᠯᠡᠯ ᠢ ᠲᠤᠷᠰᠢᠯᠲᠠ ᠶᠢᠨ ᠴᠡᠭ ᠠᠴᠠ ᠡᠮᠦᠨ᠎ᠡ ᠰᠤᠷᠪᠤᠯᠵᠢᠯᠠᠨ ᠨᠠᠶᠢᠷᠠᠭᠤᠯᠬᠤ ᠠᠵᠢᠯᠲᠠᠨ ᠤ 60% ᠠᠴᠠ ᠳᠡᠭᠡᠭᠰᠢᠬᠢ ᠶᠢ ᠪᠠᠭᠠᠰᠬᠠᠵᠤ᠂ | ᠤᠤᠯ ᠤᠨ ᠵᠣᠬᠢᠶᠠᠨ ᠪᠦᠲᠦᠭᠡᠭᠰᠡᠨ ᠰᠣᠨᠢᠨ ᠮᠡᠳᠡᠭᠡᠨ ᠤ ᠨᠠᠶᠢᠷᠠᠭᠤᠯᠤᠨ ᠲᠠᠷᠬᠠᠭᠠᠬᠤ ᠬᠡᠮᠵᠢᠶ᠎ᠡ ᠶᠢ 2 ᠳᠠᠬᠢᠨ ᠠᠴᠠ ᠳᠡᠭᠡᠭᠰᠢ ᠳᠡᠭᠡᠭᠰᠢᠯᠡᠭᠦᠯᠪᠡ᠃ ᠬᠤᠶᠠᠷ ᠲᠤ᠂ | ᠠᠭᠤᠯᠭ᠎ᠠ ᠶᠢᠨ ᠬᠠᠩᠭᠠᠯᠭ᠎ᠠ ᠶᠢᠨ ᠥᠭᠡᠷᠡᠴᠢᠯᠡᠯᠲᠡ ᠶᠢ ᠴᠢᠩᠭᠠᠷᠠᠭᠤᠯᠪᠠ᠃ ︽ᠰᠢᠯᠵᠢᠯᠲᠡ᠂ ᠸᠢᠳᠢᠣ᠋ᠵᠢᠯᠲᠡ᠂ ᠨᠡᠶᠢᠭᠡᠮ ᠤᠨ ᠬᠠᠷᠢᠯᠴᠠᠭ᠎ᠠ︾ ᠶᠢ ᠪᠠᠷᠢᠮᠲᠠᠯᠠᠵᠤ᠂ | ᠰᠢᠨ᠎ᠡ ᠵᠠᠭᠤᠴᠢᠯᠠᠭᠤᠷ ᠤᠨ ᠠᠷᠭ᠎ᠠ ᠬᠡᠯᠪᠡᠷᠢ᠂ ᠤᠯᠠᠨ ᠲᠦᠮᠡᠨᠴᠢᠯᠡᠭᠰᠡᠨ ᠦᠭᠡ ᠬᠡᠯᠡ᠂ ᠤᠷᠠᠯᠢᠭᠵᠢᠯᠲᠠ ᠶᠢᠨ ᠬᠡᠯᠪᠡᠷᠢ ᠪᠠᠷ ᠰᠣᠨᠢᠨ ᠮᠡᠳᠡᠭᠡᠨ ᠤ ᠪᠦᠲᠦᠭᠡᠭᠳᠡᠬᠦᠨ ᠢ | ᠦᠢᠯᠡᠳᠴᠦ᠂ ᠦᠢᠯᠡᠳᠪᠦᠷᠢᠯᠡᠯ ᠤᠨ ᠴᠢᠳᠠᠪᠤᠷᠢ ᠠᠴᠠ ᠦᠵᠡᠪᠡᠯ᠂ ᠡᠳᠦᠷ ᠪᠦᠷᠢ ᠳᠤᠮᠳᠠᠴᠢ ᠪᠠᠷ ᠰᠢᠨ᠎ᠡ ᠰᠣᠨᠢᠨ ᠮᠡᠳᠡᠭᠡᠨ ᠤ ᠡᠬᠡ ᠪᠢᠴᠢᠭ ᠢ ᠦᠢᠯᠡᠳᠪᠤᠷᠢᠯᠡᠬᠦ | ᠬᠡᠮᠵᠢᠶ᠎ᠡ 2 ᠳᠠᠬᠢᠨ ᠳᠡᠭᠡᠭᠰᠢᠯᠡᠪᠡ︔ ᠦᠢᠯᠡᠳᠬᠦᠨ ᠤ ᠪᠦᠲᠦᠴᠡ ᠠᠴᠠ ᠠᠪᠴᠤ ᠦᠵᠡᠪᠡᠯ᠂ ᠰᠢᠨ᠎ᠡ ᠵᠠᠭᠤᠴᠢᠯᠠᠭᠤᠷ ᠤᠨ ᠦᠢᠯᠡᠳᠬᠦᠨ ᠤ ᠡᠵᠡᠯᠡᠬᠦ ᠬᠠᠷᠢᠴᠠᠯ | 32% ᠪᠠᠶᠢᠭᠰᠠᠨ ᠠᠴᠠ ᠪᠠᠨ 55% ᠳᠤ ᠬᠦᠷᠪᠡ︔ ᠦᠢᠯᠡᠳᠬᠦᠨ ᠤ ᠶᠠᠰᠤ ᠴᠢᠨᠠᠷ ᠠᠴᠠ ᠦᠵᠡᠪᠡᠯ᠂ ᠪᠦᠬᠦ ᠰᠦᠯᠵᠢᠶᠡᠨ ᠤ ᠤᠩᠰᠢᠯᠭ᠎ᠠ ᠶᠢᠨ ᠬᠡᠮᠵᠢᠶ᠎ᠡ 100 | ᠲᠦᠮᠡ ᠠᠴᠠ ᠳᠡᠭᠡᠭᠰᠢᠬᠢ 102 ᠬᠤᠪᠢ᠂ 1000 ᠲᠦᠮᠡ ᠠᠴᠠ ᠳᠡᠭᠡᠭᠰᠢᠬᠢ 37 ᠬᠤᠪᠢ ᠪᠠᠶᠢᠵᠤ᠂ 47 ᠪᠦᠲᠦᠭᠡᠯ ᠨᠢ ᠰᠧᠴᠤᠸᠠᠨ ᠤ ᠰᠣᠨᠢᠨ ᠮᠡᠳᠡᠭᠡᠨ ᠤ | ᠱᠠᠩᠨᠠᠯ ᠵᠡᠷᠭᠡ ᠱᠠᠩᠨᠠᠯ ᠢ ᠬᠦᠷᠲᠡᠵᠦ᠂ ᠥᠩᠭᠡᠷᠡᠭᠰᠡᠨ ᠵᠢᠯ ᠤᠳ ᠤᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠭᠤᠷᠪᠠ ᠳᠤ᠂ ᠰᠢᠨ᠎ᠡ | ᠵᠠᠭᠤᠴᠢᠯᠠᠭᠤᠷ ᠤᠨ ᠡᠵᠡᠩᠨᠡᠯᠲᠡ ᠶᠢᠨ ᠬᠢᠨᠠᠨ ᠰᠢᠯᠭᠠᠯᠲᠠ ᠶᠢ ᠲᠤᠪᠤᠶᠢᠯᠭᠠᠪᠠ᠃ ᠭᠡᠷᠡᠭᠯᠡᠭᠴᠢ ᠪᠠᠷ ᠭᠤᠤᠯ ᠪᠤᠯᠭᠠᠠᠠᠰᠠᠨ ︽ᠪᠤᠳᠣᠯᠭ᠎ᠠ᠂ ᠰᠣᠷᠪᠤᠯᠵᠢᠯᠠᠬᠤ᠂ | ᠨᠡᠶᠢᠷᠡᠭᠤᠯᠬᠤ᠂ ᠲᠠᠷᠬᠠᠭᠠᠬᠤ᠂ ᠡᠵᠡᠩᠨᠡᠬᠦ᠂ ᠦᠨᠡᠯᠡᠬᠦ︾ ᠠᠵᠢᠯ ᠤᠨ ᠶᠠᠪᠤᠴᠠ ᠶᠢ ᠪᠤᠢ ᠪᠤᠯᠭᠠᠵᠦ᠂ ᠠᠭᠤᠯᠭ᠎ᠠ ᠶᠢᠨ ᠡᠵᠡᠩᠨᠡᠯᠳᠡ ᠶᠢ ᠳᠡᠯᠭᠡᠷᠡᠬᠦᠯᠥᠨ᠂ ᠰᠡᠳᠣᠪ ᠤᠨ | ᠡᠵᠡᠩᠨᠡᠨ ᠪᠤᠷᠣᠯᠠᠭᠤᠯᠬᠤ᠂ ᠣᠬᠠᠭᠤᠯᠥᠨ ᠳᠡᠯᠭᠡᠷᠡᠬᠦᠯᠬᠦ᠂ ᠭᠡᠷᠡᠭᠯᠡᠭᠴᠢᠳ ᠤᠨ ᠬᠠᠷᠢᠯᠴᠠᠨ ᠬᠦᠳᠡᠯᠥᠯᠴᠡᠬᠦ ᠵᠡᠷᠭᠡ ᠭᠤᠬᠴᠤᠭ᠎ᠠ ᠶᠢ ᠨᠡᠮᠡᠭᠳᠡᠭᠦᠯᠪᠡ᠃ ᠰᠢᠯᠭᠠᠨ | ᠦᠨᠡᠯᠡᠬᠦ ᠲᠣᠭᠲᠠᠯᠴᠠᠭ᠎ᠠ ᠶᠢ ᠰᠢᠯᠢᠳᠡᠭᠵᠢᠭᠦᠯᠵᠦ᠂ ᠡᠬᠡ ᠪᠢᠴᠢᠭ ᠶᠠᠪᠤᠭᠤᠯᠤᠭᠰᠠᠨ ᠬᠡᠮᠵᠢᠶ᠎ᠡ᠂ ᠤᠩᠰᠢᠯᠭ᠎ᠠ ᠶᠢᠨ ᠬᠡᠮᠵᠢᠶ᠎ᠡ᠂ ᠰᠢᠯᠵᠢᠭᠦᠯᠦᠨ ᠠᠴᠢᠶᠠᠯᠠᠬᠤ ᠬᠡᠮᠵᠢᠶ᠎ᠡ᠂ | ᠮᠠᠭᠳᠠᠯᠲᠠ ᠶᠢᠨ ᠬᠡᠮᠵᠢᠶ᠎ᠡ ᠵᠡᠷᠭᠡ ᠢᠨᠲ᠋ᠧᠷ ᠰᠦᠯᠵᠢᠶᠡᠨ ᠤ ᠳᠠᠮᠵᠢᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠭᠤᠤᠯᠳᠠᠯᠭ᠎ᠠ ᠲᠠᠢ ᠰᠢᠯᠭᠠᠨ ᠦᠨᠡᠯᠡᠵᠦ᠂ | ᠰᠤᠷᠪᠤᠯᠵᠢᠯᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠰᠢᠯᠵᠢᠮᠡᠯ ᠳᠠᠮᠵᠢᠭᠤᠯᠭ᠎ᠠ᠂ ᠨᠡᠶᠢᠭᠡᠮ ᠤᠨ ᠬᠠᠷᠢᠯᠴᠠᠭᠠᠨ ᠤ ᠳᠠᠮᠵᠢᠭᠤᠯᠭ᠎ᠠ ᠳᠤ ᠳᠣᠭᠢᠷᠠᠬᠤ ᠰᠣᠨᠢᠨ | ᠮᠡᠳᠡᠭᠡᠨ ᠤ ᠦᠢᠯᠡᠳᠬᠦᠨ ᠢ ᠣᠯᠠᠨ ᠦᠢᠯᠡᠳᠪᠦᠷᠢᠯᠡᠪᠡ᠃ | ᠲᠦᠷᠪᠡ᠂ ᠨᠠᠶᠢᠵᠠ ᠶᠢᠨ ᠴᠤᠭᠯᠠᠷᠠᠯ ᠠᠮᠢ ᠠᠬᠤᠢ ᠶᠢᠨ ᠬᠦᠷᠢᠶ᠎ᠠ ᠶᠢ ᠪᠤᠢ ᠪᠤᠯᠭᠠᠵᠤ᠂ ︽ᠡᠳ᠋ ᠤᠨ ᠵᠠᠰᠠᠭ ᠤᠨ ᠬᠤᠭᠤᠯᠠ ᠶᠢ ᠢᠳᠡᠬᠦ︾ ᠠᠴᠠ ︽ᠵᠠᠬ᠎ᠠ | ᠳᠡᠯᠭᠡᠭᠦᠷ ᠤᠨ ᠵᠤᠭᠤᠰ ᠢ ᠤᠯᠬᠤ︾ ᠬᠦᠷᠳᠡᠯ᠎ᠡ | ᠮᠤᠵᠢ ᠶᠢᠨ ᠱᠠᠲᠤᠨ ᠤ ᠵᠠᠭᠤᠴᠢᠯᠠᠭᠤᠷ᠂ ᠤᠯᠤᠰ ᠤᠨ ᠥᠮᠴᠢᠯᠡᠯᠲᠦ ᠲᠠᠪᠴᠠᠩ ᠤᠨ ᠺᠣᠮᠫᠠᠨᠢ᠂ ᠢᠨᠲ᠋ᠧᠷ ᠰᠦᠯᠵᠢᠶᠡᠨ ᠤ ᠲᠣᠯᠣᠭᠠᠶᠢᠯᠠᠭᠴᠢ ᠠᠵᠤ ᠠᠬᠤᠶᠢᠯᠠᠯ | ︵ᠲᠢᠺ ᠲᠣᠺ ᠵᠡᠷᠭᠡ︶ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠪᠠᠷ ᠳᠠᠮᠵᠢᠭᠤᠯᠤᠨ᠂ ᠣᠯᠠᠨ ᠡᠰᠢᠲᠦ ᠬᠥᠭᠵᠢᠯᠲᠡ ᠶᠢᠨ | ᠡᠵᠡᠩᠨᠡᠯᠲᠡ ᠶᠢᠨ ᠴᠢᠳᠠᠪᠤᠷᠢ ᠶᠢ ᠳᠠᠶᠢᠴᠢᠯᠠᠨ ᠳᠡᠭᠡᠭᠰᠢᠯᠡᠭᠦᠯᠵᠦ᠂ 2023 ᠣᠨ ᠳᠤ ᠡᠵᠡᠩᠨᠡᠯᠲᠡ ᠶᠢᠨ ᠣᠷᠣᠯᠭ᠎ᠠ 5600 ᠲᠦᠮᠡ ᠶᠢ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ 273% ᠪᠠᠷ ᠨᠡᠮᠡᠭᠳᠡᠪᠡ᠃ ᠨᠢᠭᠡ ᠳᠤ᠂ ᠤᠯᠠᠮᠵᠢᠯᠠᠯᠲᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠵᠠᠬ᠎ᠠ ᠳᠡᠯᠭᠡᠭᠦᠷ ᠢ | ᠪᠤᠵᠠᠭᠠᠶᠢᠷᠠᠭᠤᠯᠪᠠ᠃ ᠬᠤᠲᠠ ᠶᠢᠨ ᠱᠠᠲᠤᠨ ᠤ ᠡᠯ᠎ᠡ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠢ ᠶᠢᠨ | ᠲᠤᠬᠠᠶᠢᠯᠠᠭᠰᠠᠨ ᠠᠵᠢᠯ ᠢ ᠪᠦᠬᠦᠨ ᠢ ᠬᠠᠮᠤᠷᠬᠤ ᠶᠢ ᠦᠨᠳᠦᠰᠦᠨ ᠳᠤ ᠪᠠᠨ ᠪᠡᠶᠡᠯᠡᠭᠦᠯᠪᠡ᠃ ᠰᠧᠴᠤᠸᠠᠨ ᠤ ᠷᠠᠳᠢᠣ᠋ ᠲᠧᠯᠸᠢᠰ ᠬᠤᠷᠢᠶ᠎ᠠ ᠶᠢᠨ ᠵᠣᠬᠢᠶᠠᠨ | ᠪᠠᠶᠢᠭᠤᠯᠤᠭᠰᠠᠨ ᠪᠠᠯᠠ ᠨᠡᠶᠢᠯᠡᠬᠦᠯᠬᠦ ᠺᠣᠮᠫᠠᠨᠢ ᠳᠤ ᠲᠦᠰᠢᠭᠯᠡᠨ᠂ ᠰᠠᠨᠠᠭᠠᠴᠢᠯᠠᠭ᠎ᠠ ᠠᠴᠠ ᠪᠠᠨ ᠲᠤᠬᠠᠶᠢᠯᠠᠭᠰᠠᠨ ᠠᠵᠢᠯ ᠢ ᠳᠠᠭᠠᠭᠠᠨ ᠬᠦᠢᠴᠡᠳᠬᠡᠬᠦ ᠶᠢᠨ ᠬᠠᠮᠲᠤ | ᠬᠤᠲᠠ ᠶᠢᠨ ᠭᠠᠳᠠᠨ᠎ᠠ ᠵᠠᠬ᠎ᠠ ᠳᠡᠯᠭᠡᠭᠦᠷ ᠤᠨ ᠬᠦᠷᠢᠶ᠎ᠡ ᠴᠠᠷᠠᠭ᠎ᠠ ᠪᠠᠨ ᠥᠷᠭᠡᠳᠬᠡᠵᠦ᠂ 2023 ᠣᠨ ᠤ ᠷᠤᠷᠭᠠᠢ ᠤᠯᠤᠰ ᠤᠨ ᠴᠡᠴᠡᠷᠯᠢᠭ ᠤᠨ ᠰᠣᠶᠣᠯ | ᠵᠢᠭᠤᠯᠴᠢᠯᠠᠯ ᠤᠨ ᠨᠠᠶᠢᠷ ᠵᠡᠷᠭᠡ ᠤᠬᠠᠭᠤᠯᠭ᠎ᠠ ᠶᠢᠨ ᠦᠢᠯᠡᠳᠭᠦᠨ ᠢ ᠰᠡᠭᠦᠳᠡᠷᠯᠡᠨ ᠦᠢᠯᠡᠳᠬᠦ ᠲᠤᠬᠠᠶᠢᠯᠠᠭᠰᠠᠨ ᠠᠵᠢᠯ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ | ᠤᠯᠠᠮᠵᠢᠯᠠᠯᠲᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠲᠣᠭᠲᠠᠭᠤᠨ ᠤ ᠳᠤᠮᠳᠠ ᠠᠬᠢᠭᠤᠯᠵᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ | ᠪᠡᠶᠡᠯᠡᠭᠦᠯᠪᠡ᠃ ᠬᠤᠶᠠᠷ ᠲᠤ᠂ ᠡᠯ᠎ᠡ ᠲᠥᠷᠥᠯ ᠤᠨ ᠬᠤᠷᠠᠯ ᠦᠵᠡᠰᠬᠦᠯᠡᠩ ᠤᠨ ᠠᠵᠢᠯᠯᠠᠭ᠎ᠠ ᠶᠢᠨ ᠲᠤᠬᠠᠶᠢᠯᠠᠭᠰᠠᠨ ᠠᠵᠢᠯ ᠢ ᠥᠷᠭᠡᠳᠬᠡᠪᠡ᠃ ᠰᠣᠶᠣᠯ ᠵᠢᠭᠤᠯᠴᠢᠯᠠᠯ᠂ | ᠰᠣᠶᠣᠯ ᠤᠨ ᠦᠵᠡᠰᠬᠦᠯᠡᠩ᠂ ᠰᠣᠶᠣᠯ ᠤᠨ ᠡᠭᠦᠳᠦᠯᠲᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠶᠢᠨ ᠲᠠᠮᠢᠷ ᠤᠨ | ᠤᠷᠤᠯᠳᠤᠭᠠᠨ᠂ ᠪᠠᠶᠠᠷ ᠤᠨ ᠡᠳᠦᠷ ᠤᠨ ᠴᠤᠭᠯᠠᠭᠠᠨ ᠤ ᠡᠵᠡᠩᠨᠡᠨ ᠪᠣᠷᠣᠯᠠᠭᠤᠯᠤᠯᠲᠠ᠂ ᠲᠣᠮᠣ ᠬᠡᠯᠪᠡᠷᠢ ᠶᠢᠨ ᠦᠵᠡᠰᠬᠦᠯᠡᠩ ᠪᠠ ᠬᠤᠲᠠ ᠶᠢᠨ ᠰᠣᠶᠣᠯ ᠤᠨ | ᠲᠠᠨᠢᠯᠴᠠᠭᠤᠯᠭ᠎ᠠ ᠵᠡᠷᠭᠡ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢ ᠲᠥᠰᠦᠪᠯᠡᠨ ᠬᠡᠷᠡᠭᠵᠢᠭᠦᠯᠪᠡ᠃ ᠪᠡᠯᠡ ᠨᠡᠶᠢᠯᠡᠭᠦᠯᠦᠭᠰᠡᠨ ᠺᠣᠮᠫᠠᠨᠢ ᠶᠢᠨ ᠬᠦᠯᠢᠶᠡᠨ ᠠᠪᠤᠭᠰᠠᠨ | ᠳᠤᠮᠳᠠᠳᠤ ᠤᠯᠤᠰ ᠤᠨ ᠪᠠᠷᠠᠭᠤᠨ ᠣᠷᠣᠨ ᠤ ᠣᠯᠠᠨ ᠤᠯᠤᠰ ᠤᠨ ᠦᠵᠡᠰᠭᠦᠯᠡᠩ ᠤᠨ ᠽᠢ ᠶᠠᠩ ᠤᠨ ᠭᠤᠤᠯ ᠰᠡᠳᠦᠪᠲᠦ ᠣᠷᠳᠣᠨ ᠤ ᠲᠣᠮᠣ ᠬᠡᠯᠪᠡᠷᠢ ᠶᠢᠨ ᠳᠡᠯᠭᠡᠨ | ᠦᠵᠡᠭᠦᠯᠬᠦ ᠲᠤᠬᠠᠶᠢᠯᠠᠭᠰᠠᠨ ᠠᠵᠢᠯ ᠨᠢ ᠮᠠᠨ ᠤ ᠬᠤᠲᠠ ᠶᠢᠨ ᠳᠡᠯᠭᠡᠨ ᠦᠵᠡᠭᠦᠯᠬᠦ ᠬᠡᠪᠴᠢᠶ᠎ᠡ ᠪᠠᠷ ᠬᠠᠮᠤᠭ ᠤᠨ ᠶᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠭᠤᠯᠤᠭᠳᠠᠴᠠ ᠪᠠᠷ ᠬᠠᠮᠤᠭ ᠤᠨ ᠥᠨᠳᠥᠷ᠂ ᠨᠡᠶᠢᠭᠡᠮ ᠤᠨ ᠲᠤᠰᠬᠠᠯ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠦᠭᠰᠡᠨ ᠪᠠᠶᠢᠨ᠎ᠠ᠃ ᠣᠳᠣᠬᠠᠨ ᠳᠤ᠂ ᠨᠠᠩ | ᠣᠯᠠᠨ ᠰᠠᠯᠠᠭ᠎ᠠ ᠮᠥᠴᠢᠷ ︵ᠠᠵᠤ ᠠᠬᠤᠶᠢᠯᠠᠯ︶ ᠰᠠᠨᠠᠭᠠᠴᠢᠯᠠᠭ᠎ᠠ ᠠᠴᠠ ᠪᠠᠨ ᠡᠷᠢᠨ ᠢᠷᠡᠵᠦ᠂ ᠬᠠᠮ ᠵᠠᠭᠤᠴᠢᠯᠠᠭᠤᠷ ᠤᠨ ᠲᠥᠪ ᠤᠨ ᠬᠢᠨ ᠤ ᠲᠥᠷᠥᠯ ᠵᠦᠢᠯ ᠤᠨ | ᠠᠵᠢᠯ ᠡᠬᠢᠯᠡᠭᠦᠯᠬᠦ ᠶᠣᠰᠣᠯᠠᠯ᠂ ᠠᠮᠲᠠᠲᠤ ᠢᠳᠡᠭᠡᠨ ᠤ ᠰᠣᠶᠣᠯ ᠤᠨ ᠨᠠᠶᠢᠷ᠂ ᠠᠵᠢᠯ ᠲᠥᠷᠥᠯ ᠤᠨ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠶᠢ ᠳᠠᠭᠠᠭᠠᠴᠢᠯᠠᠨ | ᠡᠷᠭᠢᠯᠡᠬᠦ ᠶᠢ ᠱᠠᠭᠠᠷᠳᠠᠵᠤ᠂ ᠬᠠᠮ ᠵᠠᠭᠤᠴᠢᠯᠠᠭᠤᠷ ᠤᠨ ᠲᠥᠪ ᠤᠨ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ | ᠭᠤᠷᠪᠠ ᠳᠤ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠤᠷᠤᠯᠳᠤᠭᠠᠨ ᠤ ᠵᠠᠮ ᠢ ᠨᠡᠬᠡᠭᠡᠪᠡ᠃ ᠣᠶᠤᠨᠴᠢ ᠵᠠᠭᠤᠴᠢᠯᠠᠭᠤᠷ ᠤᠨ ᠰᠠᠭᠤᠷᠢ ᠳᠤ ᠲᠦᠰᠢᠭᠯᠡᠨ | ᠲᠣᠭᠠᠴᠢᠯᠠᠭᠰᠠᠨ ᠰᠤᠷᠭᠠᠨ ᠬᠥᠮᠦᠵᠢᠯ᠂ ᠲᠣᠭᠠᠴᠢᠯᠠᠭᠰᠠᠨ ᠭᠡᠷ ᠬᠥᠷᠥᠩᠭᠡ᠂ ᠲᠣᠭᠠᠴᠢᠯᠠᠭᠰᠠᠨ ᠦᠢᠯᠡᠴᠢᠯᠡᠭᠡᠨ ᠤ ᠦᠢᠯᠡᠰ᠂ ᠲᠣᠭᠠᠴᠢᠯᠠᠭᠰᠠᠨ ᠬᠠᠩᠭᠠᠯᠭ᠎ᠠ ᠶᠢᠨ | ᠬᠡᠯᠬᠢᠶ᠎ᠡ ᠶᠢᠨ ᠬᠦᠷᠢᠶᠡᠨ ᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠵᠠ ᠲᠣᠬᠢᠶᠠᠯ ᠢ ᠠᠮᠵᠢᠨ ᠲᠣᠭᠠᠴᠢᠯᠠᠭᠰᠠᠨ ᠠᠵᠤ ᠠᠬᠤᠶ ᠶᠢᠨ ᠤᠷᠤᠯᠳᠤᠭᠠᠨ ᠤ ᠵᠠᠮ ᠳᠤ | ︽ᠪᠠᠶᠢᠷᠢ︾ ᠶᠢ ᠵᠠᠪᠳᠤᠨ ᠡᠵᠡᠯᠡᠪᠡ᠃ ᠲᠣᠭᠠᠴᠢᠯᠠᠭᠰᠠᠨ ᠠᠵᠤ ᠠᠬᠤᠶ ᠵᠢᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠢ | ᠡᠵᠡᠩᠨᠡᠵᠦ᠂ ᠽᠢ ᠶᠠᠩ ᠪᠠ ᠴᠧᠩᠳᠦ᠋ ᠳᠤ ᠴᠤᠸᠠᠨ ᠢᠦᠶ ᠭᠠᠵᠠᠷ ᠣᠷᠣᠨ ᠤ ᠬᠠᠮᠤᠭ ᠤᠨ ᠲᠣᠮᠣ ︽ᠬᠤᠤᠰ ᠰᠠᠭᠤᠷᠢᠨ ᠭᠠᠵᠠᠷ︾ ᠤᠨ ᠰᠢᠨ᠎ᠡ ᠵᠢᠵᠢᠭᠯᠡᠨ | ᠬᠤᠳᠠᠯᠳᠤᠬᠤ ᠲᠥᠪ ᠢ ᠪᠠᠶᠢᠭᠤᠯᠵᠤ᠂ ᠴᠢᠳᠠᠪᠤᠷᠢᠲᠠᠨ ᠤ ᠪᠣᠯᠪᠠᠰᠤᠷᠠᠯ᠂ ᠲᠣᠭᠠᠴᠢᠯᠠᠭᠰᠠᠨ ᠡᠵᠡᠩᠨᠡᠯᠲᠡ ᠪᠣᠷᠣᠯᠠᠭᠤᠯᠤᠯᠲᠠ᠂ ᠠᠵᠤ ᠦᠢᠯᠡᠰ ᠤᠨ ᠲᠠᠰ ᠳᠡᠪᠰᠢᠬᠦ | ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠵᠦ᠂ 2024 ᠣᠨ ᠳᠤ 2000 ᠲᠦᠮᠡᠨ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠬᠦ ᠪᠠᠷ ᠵᠢᠱᠢᠵᠦ | ᠪᠣᠶ᠃ | |