ᠲᠤᠭ᠎ᠠ ᠪᠦᠷᠢᠳᠬᠡᠯ ᠤᠨ ᠠᠯᠪᠠᠨ ᠮᠡᠳᠡᠭᠡ ᠠᠴᠠ ᠦᠵᠡᠪᠡᠯ᠂ ᠷᠠᠳᠢᠣ᠋ ᠲᠧᠯᠸᠢᠰ ᠤᠨ ᠠᠵᠢᠯ ᠲᠥᠷᠥᠯ ᠦᠷᠭᠦᠯᠵᠢᠯᠡᠨ ᠬᠦᠴᠦᠯᠡᠵᠦ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠪᠦᠲᠦᠴᠡ ᠶᠢᠨ ᠴᠢᠨᠠᠷᠲᠠᠢ ᠬᠤᠪᠢᠷᠠᠯᠲᠠ ᠭᠠᠷᠴᠤ ᠪᠠᠶᠢᠨ᠎ᠠ
ᠨᠡᠶᠢᠲᠡᠯᠡᠭᠰᠡᠨ ᠴᠠᠭ᠄
2024/5/9
  5 ᠳ᠋ᠤᠭᠠᠷ ᠰᠠᠷ᠎ᠠ ᠶᠢᠨ 8 ᠤ ᠡᠳᠦᠷ᠂ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ︽2023 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠠᠵᠢᠯ ᠲᠥᠷᠥᠯ ᠤᠨ ᠪᠦᠷᠢᠳᠬᠡᠯ ᠤᠨ ᠠᠯᠪᠠᠨ ᠮᠡᠳᠡᠭᠡ︾ ᠶᠢ ᠨᠡᠶᠢᠲᠡᠯᠡᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠳᠤ ᠪᠥᠬᠦ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠶᠡᠷᠦᠩᠬᠡᠶ ᠣᠷᠣᠯᠭ᠎ᠠ 14126.08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.74% ᠪᠠᠷ ᠨᠡᠮᠡᠭᠳᠡᠪᠡ᠃ ᠡᠭᠦᠨ ᠳᠤ᠂ ᠤᠯᠠᠮᠵᠢᠯᠠᠯᠲᠤ ᠷᠠᠳᠢᠣ᠋ ᠲᠧᠯᠸᠢᠰ ᠤᠨ ᠪᠠᠶᠢᠭᠤᠯᠤᠮᠵᠢ ᠣᠯᠠᠨ ᠡᠰᠢᠵᠢᠨ ᠬᠦᠭᠵᠢᠵᠦ᠂ ᠶᠡᠷᠦᠩᠬᠡᠶ ᠣᠷᠣᠯᠭ᠎ᠠ 6330.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.44% ᠪᠠᠷ ᠨᠡᠮᠡᠭᠳᠡᠨ᠂ ᠷᠠᠳᠢᠣ᠋ ᠲᠧᠯᠸᠢᠰ ᠬᠤᠷᠢᠶ᠎ᠠ ᠠᠭᠤᠰᠤᠯᠴᠠᠨ ᠬᠥᠭᠵᠢᠬᠦ ᠲᠤᠬᠠᠶᠢᠯᠠᠭᠰᠠᠨ ᠠᠵᠢᠯ᠂ ᠤᠲᠠᠰᠤᠲᠤ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠪᠦᠯᠦᠭᠯᠡᠯ ᠤᠨ ᠬᠡᠷᠡᠭᠯᠡᠭᠴᠢᠳ ᠤᠨ ᠲᠤᠬᠠᠶᠢᠯᠠᠭᠰᠠᠨ ᠠᠵᠢᠯ ᠵᠡᠷᠭᠡ ᠨᠢ ᠣᠷᠣᠯᠭ᠎ᠠ ᠶᠢᠨ ᠰᠢᠨ᠎ᠡ ᠨᠡᠮᠡᠭᠳᠡᠯ ᠤᠨ ᠴᠡᠭ ᠪᠣᠯᠪᠠ︔ ᠰᠦᠯᠵᠢᠶᠡᠨ ᠤ ᠦᠵᠡᠵᠦ ᠰᠣᠨᠣᠰᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶ ᠣᠷᠣᠯᠭ᠎ᠠ 7795.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.57% ᠪᠠᠷ ᠨᠡᠮᠡᠭᠳᠡᠨ᠂ ᠠᠵᠢᠯ ᠲᠥᠷᠥᠯ ᠤᠨ ᠶᠡᠷᠦᠩᠬᠡᠶ ᠣᠷᠣᠯᠭ᠎ᠠ ᠶᠢᠨ ᠡᠵᠡᠯᠡᠬᠦ ᠬᠠᠷᠢᠴᠠᠯ ᠬᠠᠭᠠᠰ ᠢ ᠳᠠᠪᠠᠪᠠ᠃  2023 ᠣᠨ ᠳᠤ᠂ ᠪᠦᠬᠦ ᠤᠯᠤᠰ ᠤᠨ ᠷᠠᠳᠢᠣ᠋ ᠲᠧᠯᠸᠢᠰ ᠪᠣᠯᠤᠨ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠷᠠᠳᠢᠣ᠋ ᠲᠧᠯᠸᠢᠰ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠶᠡᠭᠡ ᠠᠵᠢᠯ ᠤᠨ ᠴᠢᠭᠯᠡᠯ ᠢ ᠲᠣᠭᠲᠠᠭᠠᠵᠤ᠂ ᠲᠧᠯᠸᠢᠰ ᠤᠨ ᠳᠠᠪᠬᠤᠷᠳᠠᠭᠤᠯᠤᠨ ᠰᠦᠢᠳᠬᠡᠯ ᠬᠤᠷᠢᠶᠠᠬᠤ ᠪᠠ ᠠᠵᠢᠯᠯᠠᠭᠤᠯᠬᠤ ᠪᠤᠳᠤᠯᠢᠶᠠᠨᠲᠠᠢ ᠠᠰᠠᠭᠤᠳᠠᠯ ᠤᠨ ᠲᠤᠰᠬᠠᠢ ᠵᠠᠰᠠᠯᠲᠠ ᠶᠢ ᠭᠦᠨᠵᠡᠭᠡᠢ ᠥᠷᠨᠢᠭᠦᠯᠵᠦ᠂ ᠭᠤᠣᠯ ᠰᠡᠳᠦᠪᠲᠦ ᠤᠬᠠᠭᠤᠯᠭ᠎ᠠ ᠶᠢ ᠨᠠᠷᠢᠨ ᠨᠢᠮᠪᠠᠢ ᠰᠠᠶᠢᠲᠤᠷ ᠬᠢᠵᠦ᠂ ᠠᠭᠤᠯᠭ᠎ᠠ ᠶᠢᠨ ᠬᠠᠩᠭᠠᠯᠭ᠎ᠠ ᠶᠢ ᠪᠠᠶᠠᠯᠢᠭᠵᠢᠭᠤᠯᠤᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃  ᠨᠢᠭᠡ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠷᠠᠭᠤᠯᠵᠤ᠂ ᠰᠤᠪᠠᠭ ᠤᠨ ᠳᠠᠪᠲᠠᠮᠵᠢ ᠶᠢ ᠴᠣᠮᠬᠠᠳᠬᠠᠨ ᠨᠠᠷᠢᠯᠢᠬᠵᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ  2023 ᠣᠨ ᠳᠤ ᠪᠥᠬᠦ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ 759.24 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.61% ᠪᠠᠷ ᠪᠠᠭᠤᠷᠠᠪᠠ︔ ᠨᠡᠪᠲᠡᠷᠡᠭᠦᠯᠦᠭᠰᠡᠨ ᠴᠠᠭ 1615.98 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.86% ᠪᠠᠷ ᠨᠡᠮᠡᠭᠳᠡᠪᠡ᠃ ᠲᠧᠯᠸᠢᠰ ᠫᠷᠤᠭ᠍ᠷᠠᠮ ᠤᠨ ᠦᠢᠯᠡᠳᠦᠭᠰᠡᠨ ᠴᠠᠭ 260.01 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.97% ᠪᠠᠷ ᠪᠠᠭᠤᠷᠠᠪᠠ︔ ᠨᠡᠪᠲᠡᠷᠡᠭᠦᠯᠦᠭᠰᠡᠨ ᠴᠠᠭ 2001.63 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.10% ᠪᠠᠷ ᠪᠠᠭᠤᠷᠠᠪᠠ᠃  ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ 138.26 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.13% ᠪᠠᠷ ᠪᠠᠭᠤᠷᠠᠪᠠ︔ ᠨᠡᠪᠲᠡᠷᠡᠭᠦᠯᠦᠭᠰᠡᠨ ᠴᠠᠭ 321.33 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.86% ᠪᠠᠷ ᠨᠡᠮᠡᠭᠳᠡᠪᠡ᠃ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠷᠥᠯ ᠤᠨ ᠲᠧᠯᠸᠢᠰ ᠫᠷᠤᠭ᠍ᠷᠠᠮ ᠤᠨ ᠦᠢᠯᠡᠳᠦᠭᠰᠡᠨ ᠴᠠᠭ 97.77 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.81% ᠪᠠᠷ ᠪᠠᠭᠤᠷᠠᠪᠠ︔ ᠨᠡᠪᠲᠡᠷᠡᠭᠦᠯᠦᠭᠰᠡᠨ ᠴᠠᠭ 283.80 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.31% ᠪᠠᠷ ᠪᠠᠭᠤᠷᠠᠪᠠ᠃ ᠭᠤᠣᠯ ᠤᠬᠠᠭᠤᠯᠭ᠎ᠠ ᠪᠠᠷ ᠵᠢᠯᠣᠭᠤᠳᠤᠮᠵᠢ ᠪᠣᠯᠭᠠᠵᠤ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ︽ᠶᠡᠷᠦᠩᠬᠡᠢ ᠱᠦᠵᠢ ᠶᠢᠨ ᠤᠯᠠ ᠮᠥᠷ︾᠂ ︽ᠦᠵᠡᠯ ᠰᠠᠨᠠᠭᠠᠨ ᠤ ᠭᠡᠷᠡᠯ︾ ᠵᠡᠷᠭᠡ ᠶᠢ ᠨᠠᠷᠢᠨ ᠨᠢᠮᠪᠠᠢ ᠲᠥᠰᠦᠪᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠬᠠᠭᠤᠯᠭ᠎ᠠ ᠶᠢᠨ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠪᠡ᠃  ᠲᠤᠰᠬᠠᠢ ᠰᠡᠳᠦᠪᠲᠦ ᠦᠢᠯᠡᠴᠢᠯᠡᠭᠡᠨ ᠤ ᠲᠥᠷᠥᠯ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠢ ᠦᠢᠯᠡᠳᠦᠭᠰᠡᠨ ᠴᠠᠭ 211.64 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.38% ᠪᠠᠷ ᠪᠠᠭᠤᠷᠠᠪᠠ︔ ᠨᠡᠪᠲᠡᠷᠡᠭᠦᠯᠦᠭᠰᠡᠨ ᠴᠠᠭ 341.90 ᠲᠦᠮᠡᠨ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 2.08% ᠪᠠᠷ ᠨᠡᠮᠡᠭᠳᠡᠪᠡ᠃ ᠲᠤᠰᠬᠠᠢ ᠰᠡᠳᠦᠪᠲᠦ ᠦᠢᠯᠡᠴᠢᠯᠡᠭᠡᠨ ᠤ ᠲᠥᠷᠥᠯ ᠤᠨ ᠲᠧᠯᠸᠢᠰ ᠫᠷᠤᠭ᠍ᠷᠠᠮ ᠢ ᠦᠢᠯᠡᠳᠦᠭᠰᠡᠨ ᠴᠠᠭ 69.67 ᠲᠦᠮᠡᠨ ᠴᠠᠭ ᠪᠠᠶᠢᠵᠤ᠂ ᠨᠢᠳᠤᠨᠤᠨ ᠤ ᠬᠢ ᠲᠠᠢ ᠦᠨᠳᠦᠰᠦᠨ ᠳᠤ ᠪᠠᠨ ᠲᠡᠩᠴᠡᠪᠡ︔ ᠨᠡᠪᠲᠡᠷᠡᠭᠦᠯᠦᠭᠰᠡᠨ ᠴᠠᠭ 285.11 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.89% ᠪᠠᠷ ᠨᠡᠮᠡᠭᠳᠡᠪᠡ᠃ ︽ᠦᠵᠡᠯ ᠰᠠᠨᠠᠭᠠᠨ ᠤ ᠭᠡᠷᠡᠯᠲᠦ ᠠᠶᠠᠨ︾᠂ ︽ᠳᠤᠮᠳᠠᠳᠤ ᠤᠯᠤᠰ ᠤᠨ ᠣᠶᠣᠨ ᠳᠤᠮᠳᠠᠳᠤ ᠤᠯᠤᠰ ᠤᠨ ᠠᠶᠠᠯᠠᠯ︾᠂ ︽ᠮᠢᠩᠭᠠᠨ ᠲᠦᠮᠡᠨ ᠢᠨᠵᠧᠨᠧᠷᠢᠩ︾᠂ ︽ᠶᠡᠷᠦᠩᠬᠡᠢ ᠱᠦᠵᠢ ᠶᠢᠨ ᠬᠠᠷᠢᠭᠤ ᠵᠠᠬᠢᠳᠠᠯ︾ ᠵᠡᠷᠭᠡ ᠠᠯᠢ ᠤᠯᠠᠨ ᠭᠤᠣᠯᠳᠠᠯᠭ᠎ᠠ ᠲᠠᠢ ᠲᠣᠭᠯᠠᠯᠲᠠ ᠪᠠ ᠪᠦᠲᠦᠭᠡᠯ ᠢ ᠨᠡᠶᠢᠲᠡᠯᠡᠵᠦ᠂ ︽ᠦᠵᠡᠯ ᠰᠠᠨᠠᠭᠠᠨ ᠤ ᠬᠦᠴᠦᠨ︾ ᠭᠡᠬᠦ ᠫᠷᠤᠭ᠍ᠷᠠᠮ ᠢ ᠡᠭᠦᠳᠴᠦ᠂ ︽ᠵᠢᠵᠢᠭ ᠬᠡᠰᠡᠭ︾ ᠢᠶᠠᠷ ︽ᠶᠡᠭᠡ ᠭᠤᠣᠯ ᠰᠡᠳᠦᠪ︾ ᠢ ᠵᠠᠳᠠᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠬᠥᠮᠦᠰ ᠤᠨ ᠰᠡᠳᠬᠢᠯ ᠳᠤ ᠬᠠᠳᠠᠩᠰᠢᠭᠤᠯᠪᠠ᠃  ᠷᠠᠳᠢᠣ᠋ ᠨᠡᠪᠲᠡᠷᠡᠭᠦᠯᠭᠡ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ 61.23 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.92% ᠢᠶᠠᠷ ᠨᠡᠮᠡᠭᠳᠡᠵᠦ᠂ ᠷᠠᠳᠢᠣ᠋ ᠶᠢᠨ ᠵᠠᠷ ᠮᠡᠳᠡᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠤᠨ 45.08% ᠶᠢ ᠡᠵᠡᠯᠡᠪᠡ᠃ ᠲᠧᠯᠸᠢᠰ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ 122.01 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.49% ᠪᠠᠷ ᠨᠡᠮᠡᠭᠳᠡᠵᠦ᠂ ᠲᠧᠯᠸᠢᠰ ᠤᠨ ᠵᠠᠷ ᠮᠡᠳᠡᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ ᠤᠨ 56.27% ᠶᠢ ᠡᠵᠡᠯᠡᠪᠡ᠃ ︽ᠳᠤᠮᠳᠠᠳᠤ ᠶᠢ ᠵᠣᠷᠢᠭᠵᠢᠭᠤᠯᠬᠤ︾᠂ ︽ᠲᠡᠦᠬᠡ ᠶᠢᠨ ᠳᠠᠭᠤᠨ︾᠂ ︽ᠳᠤᠮᠳᠠᠳᠤ ᠤᠯᠤᠰ ᠤᠨ ᠵᠠᠮ︾ ᠵᠡᠷᠭᠡ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠶᠢᠭᠡᠮ ᠤᠨ ᠰᠠᠶᠢᠨ ᠦᠨᠡᠯᠡᠯᠲᠡ ᠶᠢ ᠥᠷᠭᠡᠨ ᠢᠶᠠᠷ ᠣᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ︽ᠰᠡᠳᠬᠢᠯ ᠵᠢᠷᠦᠬᠡᠨ ᠳᠤ ᠪᠠᠨ ᠬᠠᠳᠠᠩᠰᠢᠭᠤᠯᠬᠤ︾ ᠶᠢ ᠠᠬᠢᠭᠤᠯᠪᠠ᠃  ᠲᠠᠷᠢᠶᠠᠯᠠᠩ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠦᠢᠯᠡᠳᠦᠭᠰᠡᠨ ᠴᠠᠭ 141.70 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.96% ᠪᠠᠷ ᠪᠠᠭᠤᠷᠠᠪᠠ︔ ᠨᠡᠪᠲᠡᠷᠡᠭᠦᠯᠦᠭᠰᠡᠨ ᠴᠠᠭ 431.39 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.9% ᠪᠠᠷ ᠪᠠᠭᠤᠷᠠᠪᠠ᠃ ᠲᠠᠷᠢᠶᠠᠯᠠᠩ ᠤᠨ ᠲᠧᠯᠸᠢᠰ ᠫᠷᠤᠭ᠍ᠷᠠᠮ ᠤᠨ ᠦᠢᠯᠡᠳᠦᠭᠰᠡᠨ ᠴᠠᠭ 64.79 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.61% ᠪᠠᠷ ᠪᠠᠭᠤᠷᠠᠪᠠ ︔ ᠨᠡᠪᠲᠡᠷᠡᠭᠦᠯᠦᠭᠰᠡᠨ ᠴᠠᠭ 390.58 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.79% ᠪᠠᠷ ᠪᠠᠭᠤᠷᠠᠪᠠ᠃ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠦᠯᠢᠭᠡᠷ︾᠂ ︽ᠰᠢᠨ᠎ᠡ ᠴᠠᠭ ᠦᠶ᠎ᠡ ᠶᠢᠨ ᠲᠠᠷᠢᠶᠠᠴᠢᠨ︾᠂ ︽ᠲᠡᠰ ᠠᠴᠠ ᠲᠠᠪᠠᠭᠰᠠᠨ ᠲᠠᠷᠢᠶᠠᠴᠢᠨ ᠤ ᠦᠵᠡᠭᠦᠯᠭᠡ︾᠂ ︽︿ᠲᠣᠰᠬᠤᠨ BA﹀ ᠬᠥᠳᠡᠭᠡ ᠲᠣᠰᠬᠤᠨ ᠤ ᠰᠠᠭᠰᠤᠨ ᠪᠥᠮᠪᠦᠭᠡ ᠶᠢᠨ ᠪᠦᠬᠦ ᠤᠯᠤᠰ ᠤᠨ ᠥᠷᠢᠰᠥᠯᠳᠦᠭᠡᠨ ᠤ ᠤᠷᠤᠯᠳᠤᠭᠠᠨ︾ ᠵᠡᠷᠭᠡ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠰᠡᠳᠦᠪᠲᠦ ᠲᠣᠭᠯᠠᠯᠲᠠ ᠨᠢ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠳᠤᠯᠢᠭ ᠦᠢᠯᠡᠳᠦᠯᠭᠡ ᠶᠢ ᠢᠯᠡᠷᠡᠭᠦᠯᠵᠡᠢ᠃  ᠬᠤᠶᠠᠷ᠂ ᠲᠥᠯᠥᠪᠵᠢᠭᠦᠯᠦᠨ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠫᠷᠤᠭ᠍ᠷᠠᠮ ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ ᠦᠷᠭᠦᠯᠵᠢᠯᠡᠨ ᠴᠡᠴᠡᠭᠯᠡᠨ ᠬᠥᠭᠵᠢᠪᠡ  2023 ᠣᠨ ᠳᠤ ᠪᠦᠬᠦ ᠤᠯᠤᠰ ᠢᠶᠠᠷ ᠢᠶᠠᠨ 156 ᠪᠦᠯᠦᠭ᠂ 4632 ᠲᠡᠭᠦᠪᠦᠷᠢ ᠲᠧᠯᠸᠢᠰ ᠵᠦᠴᠦᠭᠡ ᠦᠢᠯᠡᠳᠴᠦ᠂ ᠪᠦᠬᠦ ᠤᠯᠤᠰ ᠢᠶᠠᠷ ᠢᠶᠠᠨ 21 ᠲᠦᠮᠡᠨ ᠪᠦᠯᠦᠭ ᠲᠧᠯᠸᠢᠰ ᠵᠦᠴᠦᠭᠡ ᠨᠡᠪᠲᠡᠷᠡᠭᠦᠯᠪᠡ᠃ ᠲᠧᠯᠸᠢᠰ ᠵᠦᠴᠦᠭᠡ ᠶᠢᠨ ᠲᠥᠷᠥᠯ ᠤᠨ ᠲᠧᠯᠸᠢᠰ ᠫᠷᠤᠭ᠍ᠷᠠᠮ ᠤᠨ ᠦᠢᠯᠡᠳᠦᠭᠰᠡᠨ ᠴᠠᠭ 6.74 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.40% ᠪᠠᠷ ᠨᠡᠮᠡᠭᠳᠡᠪᠡ︔ ᠨᠡᠪᠲᠡᠷᠡᠭᠦᠯᠦᠭᠰᠡᠨ ᠴᠠᠭ 882.47 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.40% ᠪᠠᠷ ᠨᠡᠮᠡᠭᠳᠡᠪᠡ᠃ ︽ᠪᠦᠷᠦᠭ ᠪᠠᠷᠤᠭ ᠠᠴᠠ ᠠᠰᠠᠭᠤᠬᠤ︾᠂ ︽ᠳᠠᠶᠤᠩᠭ᠎ᠠ ᠭᠠᠷᠤᠳᠢ ᠶᠢ ᠳᠠᠶᠢᠯᠠᠨ ᠴᠣᠬᠢᠬᠤ︾᠂ ︽ᠶᠡᠭᠡ ᠵᠠᠮ ᠤᠨ ᠭᠠᠯ︾᠂ ︽ᠮᠠᠢ ᠯᠧ ᠲᠣᠰᠬᠤᠨ ᠳᠤ ᠬᠦᠷᠦᠯᠴᠡᠨ ᠢᠷᠡᠭᠰᠡᠨ ᠢ ᠴᠢᠨᠢ ᠪᠠᠶᠠᠷᠯᠠᠨ ᠤᠭᠲᠤᠶ᠎ᠠ︾ ᠵᠡᠷᠭᠡ ᠴᠢᠬᠤᠯᠠ ᠶᠡᠭᠡ ᠰᠡᠳᠦᠪᠲᠦ ᠪᠦᠲᠦᠭᠡᠯ ᠨᠢ ᠴᠢᠩ ᠦᠨᠡᠨᠴᠢ ᠪᠠᠶᠢᠵᠤ᠂ ︽ᠲᠣᠭᠰᠢᠨ ᠰᠢᠭᠤᠷᠭ᠎ᠠ︾᠂ ︽ᠭᠤᠷᠪᠠᠨ ᠪᠡᠶᠡᠲᠦ︾᠂ ︽ᠪᠠᠳᠠᠷᠠᠩᠭᠤᠢ ᠴᠡᠴᠡᠭ︾ ᠵᠡᠷᠭᠡ ᠰᠣᠳᠣᠨ ᠪᠦᠲᠦᠭᠡᠯ ᠠᠮᠵᠢᠯᠲᠠ ᠲᠠᠢ ᠪᠠᠷ ᠴᠡᠭᠡᠨ ᠬᠦᠰᠢᠭᠡᠨ ᠳᠤ ᠭᠠᠷᠴᠤ᠂ ᠬᠦᠯᠢᠶᠡᠨ ᠠᠪᠴᠤ ᠦᠵᠡᠭᠰᠡᠨ ᠪᠠ ᠦᠨᠡᠯᠡᠯᠲᠡ ᠶᠢ ᠣᠯᠵᠠᠢ᠃  ᠪᠦᠬᠦ ᠤᠯᠤᠰ ᠲᠤ 7.31 ᠲᠦᠮᠡᠨ ᠴᠠᠭ ᠤᠨ ᠲᠧᠯᠸᠢᠰ ᠤᠨ ᠪᠠᠷᠢᠮᠲᠠᠲᠤ ᠹᠢᠯᠢᠮ ᠢ ᠦᠢᠯᠡᠳᠴᠦ᠂ ᠨᠡᠪᠲᠡᠷᠡᠭᠦᠯᠦᠭᠰᠡᠨ ᠴᠠᠭ 90.67 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.28% ᠪᠠᠷ ᠨᠡᠮᠡᠭᠳᠡᠪᠡ᠃ ︽ᠳᠤᠮᠳᠠᠳᠤ ᠤᠯᠤᠰ ︵ᠭᠤᠷᠪᠠᠳᠤᠭᠠᠷ ᠤᠯᠠᠷᠢᠯ︶︾᠂ ︽ᠰᠣᠶᠣᠯ ᠤᠨ ᠰᠤᠳᠠᠰᠤ ᠴᠦᠨ ᠴᠢᠦ︾᠂ ︽ᠬᠥᠬᠡᠮᠳᠦᠭ ᠨᠣᠭᠤᠭᠠᠨ ᠠᠭᠤᠯᠠ ᠤᠰᠤᠨ ᠤ ᠬᠤᠭᠤᠷᠣᠨᠳᠤ︾ ᠵᠡᠷᠭᠡ ᠰᠣᠶᠣᠯ ᠤᠨ ᠲᠥᠷᠥᠯ ᠤᠨ ᠪᠦᠲᠦᠭᠡᠯ ᠢ ᠭᠠᠷᠭᠠᠵᠤ᠂ ᠰᠢᠯᠢᠳᠡᠭ ᠪᠠᠷᠢᠮᠲᠠᠲᠤ ᠹᠢᠯᠢᠮ ᠢᠶᠠᠷ ᠠᠷᠠᠳ ᠲᠦᠮᠡᠨ ᠢ ᠮᠠᠭᠲᠠᠨ ᠳᠠᠭᠤᠯᠠᠵᠤ᠂ ᠴᠠᠭ ᠦᠶ᠎ᠡ ᠶᠢ ᠲᠡᠮᠳᠡᠭᠯᠡᠪᠡ᠃  ᠪᠦᠬᠦ ᠤᠯᠤᠰ ᠲᠤ 345 ᠪᠦᠯᠦᠭ᠂ 9.38 ᠲᠦᠮᠡᠨ ᠮᠢᠨᠦ᠋ᠲ ᠤᠨ ᠲᠧᠯᠸᠢᠰ ᠺᠠᠷᠲ᠋ᠣᠨ ᠢ ᠦᠢᠯᠡᠳᠪᠦᠷᠢᠯᠡᠨ ᠲᠠᠷᠬᠠᠭᠠᠵᠤ᠂ ᠦᠢᠯᠡᠳᠦᠭᠰᠡᠨ ᠴᠠᠭ ᠨᠢ ᠠᠳᠠᠯᠢ ᠬᠤᠭᠤᠴᠠᠭᠠᠨ ᠤ ᠬᠢ ᠠᠴᠠ 5.27% ᠪᠠᠷ ᠨᠡᠮᠡᠭᠳᠡᠵᠡᠢ︔ ᠲᠧᠯᠸᠢᠰ ᠬᠡᠦᠬᠡᠯᠳᠡᠢ ᠺᠢᠨᠣ᠋ ᠶᠢᠨ ᠨᠡᠪᠲᠡᠷᠡᠭᠦᠯᠦᠭᠰᠡᠨ ᠴᠠᠭ 47.28 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.61% ᠪᠠᠷ ᠨᠡᠮᠡᠭᠳᠡᠵᠡᠢ᠃ ᠪᠠᠭᠠᠴᠤᠳ ᠬᠡᠤᠬᠡᠳ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ 27.06 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.49% ᠪᠠᠷ ᠪᠠᠭᠤᠷᠠᠪᠠ︔ ᠪᠠᠭᠠᠴᠤᠳ ᠬᠡᠤᠬᠡᠳ ᠤᠨ ᠲᠧᠯᠸᠢᠰ ᠤᠨ ᠫᠷᠤᠭ᠍ᠷᠠᠮ ᠤᠨ ᠨᠡᠪᠲᠡᠷᠡᠭᠦᠯᠦᠭᠰᠡᠨ ᠴᠠᠭ 63.65 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.06% ᠪᠠᠷ ᠪᠠᠭᠤᠷᠠᠪᠠ᠃ ︽ᠳ᠋ᠦᠨᠬᠤᠸᠠᠩ ᠤᠨ ᠦᠯᠢᠭᠡᠷ︾ ︽ᠶᠡᠭᠡ ᠠᠭᠤᠯᠠᠨ ᠳᠠᠬᠢ ︿ᠵᠡᠭᠦᠳᠦ ᠶᠢᠨ ᠠᠩᠭᠢ﹀︾᠂ ︽ᠭᠡᠷ ᠵᠤᠤᠬᠠᠨ ᠪᠤᠷᠬᠠᠨ ᠪᠣᠢ︾ ᠵᠡᠷᠭᠡ ᠰᠢᠯᠢᠳᠡᠭ ᠺᠠᠷᠲ᠋ᠣᠨ ᠺᠢᠨᠣ᠋ ᠣᠯᠠᠨ ᠤ ᠬᠦᠷᠢᠶᠡᠯᠡᠯ ᠢ ᠣᠯᠵᠤ᠂ ᠤᠯᠤᠰ ᠲᠤ ᠪᠠᠨ ᠦᠢᠯᠡᠳᠪᠦᠷᠢᠯᠡᠭᠰᠡᠨ ᠺᠠᠷᠲ᠋ᠣᠨ ᠵᠢᠷᠤᠭ ᠲᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠯᠡᠷᠡᠪᠡ᠃  ᠶᠡᠷᠦᠩᠬᠡᠶᠢᠯᠡᠭᠰᠡᠨ ᠤᠷᠠᠯᠢᠭ ᠤᠨ ᠣᠶᠣᠨ ᠤ ᠲᠥᠷᠥᠯ ᠤᠨ ᠷᠠᠳᠢᠣ᠋ ᠲᠧᠯᠸᠢᠰ ᠤᠨ ᠦᠢᠯᠡᠳᠦᠭᠰᠡᠨ ᠴᠠᠭ 177.64 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.06% ᠪᠠᠷ ᠪᠠᠭᠤᠷᠠᠵᠤ᠂ ᠨᠡᠪᠲᠡᠷᠡᠭᠦᠯᠦᠭᠰᠡᠨ ᠴᠠᠭ 350.46 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.23% ᠪᠠᠷ ᠪᠠᠭᠤᠷᠠᠪᠠ︔ ᠶᠡᠷᠦᠩᠬᠡᠶᠢᠯᠡᠭᠰᠡᠨ ᠤᠷᠠᠯᠢᠭ ᠤᠨ ᠣᠶᠣᠨ ᠤ ᠲᠥᠷᠥᠯ ᠤᠨ ᠲᠧᠯᠸᠢᠰ ᠤᠨ ᠫᠷᠤᠭ᠍ᠷᠠᠮ ᠤᠨ ᠦᠢᠯᠡᠳᠦᠭᠰᠡᠨ ᠴᠠᠭ 21.07 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.25% ᠪᠠᠷ ᠪᠠᠭᠤᠷᠠᠵᠤ᠂ ᠨᠡᠪᠲᠡᠷᠡᠭᠦᠯᠦᠭᠰᠡᠨ ᠴᠠᠭ 97.89 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.09% ᠪᠠᠷ ᠪᠠᠭᠤᠷᠠᠪᠠ᠃ ᠷᠠᠳᠢᠣ᠋ ᠲᠧᠯᠸᠢᠰ ᠤᠨ ᠲᠥᠷᠥᠯ ᠤᠨ ᠫᠷᠤᠭ᠍ᠷᠠᠮ ᠤᠨ ᠦᠢᠯᠡᠳᠦᠭᠰᠡᠨ ᠴᠠᠭ 19.42 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.57% ᠪᠠᠷ ᠪᠠᠭᠤᠷᠠᠵᠤ᠂ ᠨᠡᠪᠲᠡᠷᠡᠭᠦᠯᠦᠭᠰᠡᠨ ᠴᠠᠭ 97.25 ᠲᠦᠮᠡᠨ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.19% ᠪᠠᠷ ᠪᠠᠭᠤᠷᠠᠪᠠ᠃ ︽ᠤᠯᠤᠰ ᠤᠨ ᠰᠦᠷ ᠳᠠᠯᠠᠶᠢᠴᠠᠲᠠᠢ 2023 ᠣᠨ ᠤ ᠥᠯᠵᠡᠶᠢᠲᠦ ᠡᠳᠦᠷ ᠤᠨ ᠭᠠᠶᠢᠬᠠᠮᠰᠢᠭᠲᠤ ᠵᠢᠭᠤᠯᠴᠢᠯᠠᠯ︾᠂ ︽ᠬᠠᠳᠤᠨ ᠭᠤᠣᠯ ᠤᠨ ᠰᠣᠶᠣᠯ ᠤᠨ ᠶᠡᠭᠡ ᠬᠤᠷᠠᠯ︾᠂ ︽ᠵᠦᠴᠦᠭᠡᠲᠦ ᠣᠷᠴᠢᠯᠠᠩ︾᠂ ︽ᠠᠮᠢᠵᠢᠷᠠᠯ ᠤᠨ ᠬᠦᠴᠦᠨ ᠤᠨᠲᠠᠷᠠᠰᠢ ᠦᠭᠡᠢ • ᠡᠷᠳᠡᠨᠢᠰ ᠤᠨ ᠠᠷᠠᠯ ᠤᠨ ᠤᠯᠠᠷᠢᠯ︾ ᠵᠡᠷᠭᠡ ᠲᠣᠭᠯᠠᠯᠲᠠ ᠶᠢ ᠰᠣᠨᠢᠷᠬᠠᠨ ᠦᠵᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠪᠠ᠃  2023 ᠣᠨ ᠳᠤ ᠰᠦᠯᠵᠢᠶᠡᠨ ᠳᠤ ᠣᠷᠣᠭᠤᠯᠤᠨ ᠳᠠᠩᠰᠠᠯᠠᠭᠤᠯᠤᠭᠰᠠᠨ ᠭᠤᠤᠯᠳᠠᠯᠭ᠎ᠠ ᠲᠠᠢ ᠰᠦᠯᠵᠢᠶᠡᠨ ᠤ ᠺᠢᠨᠣ᠋ 329 ᠪᠦᠯᠦᠭ᠂ ᠰᠦᠯᠵᠢᠶᠡᠨ ᠤ ᠵᠦᠴᠦᠭᠡ 199 ᠪᠦᠯᠦᠭ᠂ ᠰᠦᠯᠵᠢᠶᠡᠨ ᠤ ᠺᠠᠷᠲ᠋ᠣᠨ ᠺᠢᠨᠣ᠋ 507 ᠪᠦᠯᠦᠭ᠂ ᠰᠦᠯᠵᠢᠶᠡᠨ ᠤ ᠪᠢᠴᠢᠯ ᠣᠬᠤᠷ ᠵᠦᠴᠦᠭᠡ 557 ᠪᠦᠯᠦᠭ ᠪᠠᠶᠢᠪᠠ᠃ ᠣᠨ ᠤ ᠢᠨᠲ᠋ᠧᠷ ᠰᠦᠯᠵᠢᠶᠡᠨ ᠤ ᠸᠢᠳᠢᠤ᠋ ᠨᠡᠪᠲᠡᠷᠡᠭᠦᠯᠭᠡ ᠶᠢ 11291.87 ᠲᠦᠮᠡᠨ ᠴᠠᠭ ᠰᠢᠨ᠎ᠡ ᠪᠠᠷ ᠨᠡᠮᠡᠭᠳᠡᠭᠦᠯᠵᠦ᠂ ᠢᠨᠲ᠋ᠧᠷ ᠰᠦᠯᠵᠢᠶᠡᠨ ᠤ ᠲᠠᠭᠤᠨ ᠤ ᠫᠷᠦᠭᠷᠠᠮ 7968.55 ᠲᠦᠮᠡᠨ ᠴᠠᠭ᠂ ᠣᠬᠤᠷ ᠸᠢᠳᠢᠣ᠋ 54746.26 ᠲᠦᠮᠡᠨ ᠴᠠᠭ ᠰᠢᠨ᠎ᠡ ᠪᠠᠷ ᠨᠡᠮᠡᠭᠳᠡᠪᠡ᠃ ᠰᠦᠯᠵᠢᠶᠡᠨ ᠢᠷᠭᠡᠨ ᠤ ᠡᠳᠦᠷ ᠪᠦᠷᠢ ᠶᠢᠨ ᠳᠤᠮᠳᠠᠴᠢ  ᠰᠦᠯᠵᠢᠶᠡᠨ ᠳᠡᠭᠡᠷ᠎ᠡ ᠦᠵᠡᠭᠰᠡᠨ ᠦᠵᠡᠵᠦ ᠰᠣᠨᠣᠰᠬᠤ ᠫᠷᠤᠭ᠍ᠷᠠᠮ ︵ᠣᠬᠤᠷ ᠸᠢᠳᠢᠣ᠋ ᠶᠢ ᠪᠠᠭᠲᠠᠭᠠᠨ᠎ᠠ︶ ᠪᠠᠷᠤᠭ 3 ᠴᠠᠭ ᠪᠠᠶᠢᠪᠠ᠃ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠰᠡᠳᠦᠪ ᠡᠳᠦᠷ ᠢᠷᠡᠬᠦᠶ᠎ᠡ ᠤᠯᠠᠨ ᠡᠰᠢᠵᠢᠵᠦ᠂ ︽ᠤᠷᠳᠤ ᠤᠳᠠᠭᠠᠨ ᠤᠯᠠᠷᠢᠯ︾᠂ ︽ᠳᠤᠮᠳᠠᠳᠤ ᠤᠯᠤᠰ ᠤᠨ ᠰᠣᠨᠢᠨ ᠬᠠᠴᠢᠨ︾᠂ ︽ᠶᠡᠭᠡ ᠠᠩᠭ᠍ᠯᠢ ᠶᠢᠨ ᠮᠦᠽᠧᠢ ᠠᠴᠠ ᠳᠤᠲᠠᠭᠠᠨ ᠭᠠᠷᠤᠭᠰᠠᠨ︾᠂ ︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠰᠤᠭᠠᠢ • 2023 ᠳᠤᠮᠳᠠᠳᠤ ᠤᠯᠤᠰ ᠤᠨ ᠰᠦᠯᠵᠢᠶᠡᠨ ᠤ ᠦᠵᠡᠵᠦ ᠰᠣᠨᠣᠰᠬᠤ ᠣᠨ ᠤ ᠦᠪᠡᠳᠡᠭᠰᠢ ᠶᠣᠰᠣᠯᠠᠯ︾ ᠵᠡᠷᠭᠡ ᠤᠯᠠᠨ ᠲᠦᠷᠦᠯ ᠤᠨ ᠰᠣᠳᠣᠨ ᠪᠦᠲᠦᠭᠡᠯ ᠦᠷᠭᠦᠯᠵᠢᠯᠡᠨ ᠢᠯᠡᠷᠡᠵᠦ᠂ ᠤᠯᠠᠨ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃  ᠭᠤᠷᠪᠠ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠠᠵᠢᠯ ᠲᠥᠷᠥᠯ ᠤᠨ ᠬᠥᠭᠵᠢᠯᠲᠡ ᠰᠢᠨ᠎ᠡ ᠳᠡᠭᠲᠡᠷ ᠲᠤ ᠭᠠᠷᠪᠠ  2023 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.71% ᠪᠠᠶᠢᠵᠤ᠂ ᠲᠧᠯᠸᠢᠰ ᠤᠨ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.79% ᠪᠠᠶᠢᠵᠤ᠂ 2022 ᠣᠨ ᠤ ᠬᠢ ᠠᠴᠠ ᠲᠣᠰ ᠲᠣᠰ  0.06 ᠪᠠ 0.04 ᠵᠠᠭᠤᠨ ᠤ ᠨᠢᠭᠡᠴᠢ ᠳᠡᠭᠡᠭᠰᠢᠯᠡᠪᠡ᠃ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠤᠷᠮ᠎ᠠ 99.59% ᠪᠠᠶᠢᠵᠤ᠂ ᠬᠥᠳᠡᠭᠡ ᠲᠣᠰᠬᠤᠨ ᠤ ᠲᠧᠯᠸᠢᠰ ᠤᠨ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠤᠷᠮ᠎ᠠ 99.72% ᠪᠠᠶᠢᠵᠤ᠂ 2022 ᠣᠨ ᠤ ᠬᠢ ᠠᠴᠠ ᠲᠤᠰ ᠲᠤᠰ  0.10 ᠪᠠ 0.07 ᠵᠠᠭᠤᠨ ᠤ ᠨᠢᠭᠡᠴᠢ ᠳᠡᠭᠡᠭᠰᠢᠯᠡᠪᠡ᠃  ᠲᠧᠯᠸᠢᠰ ᠤᠨ ᠳᠠᠪᠬᠤᠷᠳᠠᠭᠤᠯᠤᠨ ᠰᠦᠢᠳᠬᠡᠯ ᠬᠤᠷᠢᠶᠠᠬᠤ ᠪᠠ ᠠᠵᠢᠯᠯᠠᠭᠤᠯᠬᠤ ᠪᠤᠳᠤᠯᠢᠶᠠᠨᠲᠠᠶ ᠠᠰᠠᠭᠤᠳᠠᠯ ᠤᠨ ᠵᠠᠰᠠᠯᠲᠠ ᠨᠢ ᠨᠢᠭᠡᠳᠦᠭᠡᠷ ᠱᠠᠲᠤ ᠦᠶ᠎ᠡ ᠶᠢᠨ ︽ᠲᠧᠯᠸᠢᠰ ᠢᠶᠠᠷ ᠰᠢᠭᠤᠳ ᠨᠡᠪᠲᠡᠷᠡᠭᠦᠯᠭᠡ ᠶᠢ ᠦᠵᠡᠬᠦ᠂ ᠰᠦᠢᠳᠬᠡᠯ ᠬᠤᠷᠢᠶᠠᠬᠤ ᠪᠣᠭᠤᠳᠠᠯ ᠢ 50% ᠪᠠᠷ ᠪᠠᠭᠠᠰᠬᠠᠬᠤ᠂ ᠬᠡᠷᠡᠭᠯᠡᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ︾ ᠵᠠᠰᠠᠯᠲᠠ ᠶᠢᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠣᠮᠣ ᠳᠡᠯᠭᠡᠴᠡᠲᠦ ᠬᠡᠷᠡᠭᠯᠡᠭᠴᠢ ᠶᠢᠨ ᠪᠤᠴᠠᠵᠤ ᠢᠷᠡᠬᠦ ᠶᠢ ᠪᠡᠶᠡᠯᠡᠭᠦᠯᠦᠨ᠂ ᠠᠵᠢᠯ ᠲᠥᠷᠥᠯ ᠤᠨ ᠬᠥᠭᠵᠢᠯᠲᠡ ᠶᠢ ᠬᠦᠴᠦᠲᠡᠶ ᠠᠬᠢᠭᠤᠯᠪᠠ᠃ ᠪᠦᠬᠦ ᠤᠯᠤᠰ ᠤᠨ ᠤᠲᠠᠰᠤᠲᠤ ᠲᠧᠯᠸᠢᠰ ᠤᠨ ᠪᠣᠳᠠᠲᠠᠢ ᠬᠡᠷᠡᠭᠯᠡᠭᠴᠢ 2.02 ᠳ᠋ᠦᠩᠰᠢᠭᠤᠷ ᠡᠷᠦᠬᠡ ᠪᠠᠶᠢᠵᠤ᠂ ᠡᠭᠦᠨ ᠳᠤ ᠤᠲᠠᠰᠤᠲᠤ ᠲᠧᠯᠸᠢᠰ ᠤᠨ ᠬᠤᠣᠰ ᠴᠢᠭᠯᠡᠯᠲᠦ ᠪᠣᠳᠠᠲᠠᠢ ᠬᠡᠷᠡᠭᠯᠡᠭᠴᠢ 1.00 ᠳ᠋ᠦᠩᠰᠢᠭᠤᠷ ᠡᠷᠦᠬᠡ ᠪᠠᠶᠢᠨ᠎ᠠ︔ ᠰᠢᠭᠤᠳ ᠨᠡᠪᠲᠡᠷᠡᠭᠦᠯᠭᠡ ᠶᠢᠨ ᠳᠠᠭᠠᠭᠤᠯᠢ ᠣᠳᠣᠨ ᠤ ᠬᠡᠷᠡᠭᠯᠡᠭᠴᠢ 1.52 ᠳ᠋ᠦᠩᠰᠢᠭᠤᠷ ᠡᠷᠦᠬᠡ ᠪᠠᠶᠢᠨ᠎ᠠ᠃ ᠬᠠᠷᠢᠯᠴᠠᠬᠤ ᠮᠠᠶ᠋ᠢᠭ ᠤᠨ ᠰᠦᠯᠵᠢᠶᠡᠨ ᠤ ᠲᠧᠯᠸᠢᠰ ︵IPTV︶ ᠤᠨ ᠬᠡᠷᠡᠭᠯᠡᠭᠴᠢ ᠪᠠᠷᠤᠭ 4 ᠳ᠋ᠦᠩᠰᠢᠭᠤᠷ ᠡᠷᠦᠬᠡ ᠪᠠᠶᠢᠵᠤ᠂ ᠢᠨᠲ᠋ᠧᠷ ᠰᠦᠯᠵᠢᠶᠡᠨ ᠤ ᠲᠧᠯᠸᠢᠰ ︵OTT︶ ᠳᠤᠮᠳᠠᠴᠢ ᠪᠠᠷ ᠰᠠᠷ᠎ᠠ ᠪᠦᠷᠢ ᠢᠳᠡᠪᠬᠢᠵᠢᠯ ᠲᠠᠢ ᠬᠡᠷᠡᠭᠯᠡᠭᠴᠢ ᠶᠢᠨ ᠲᠤᠭ᠎ᠠ 3 ᠳ᠋ᠦᠩᠰᠢᠭᠤᠷ ᠭᠠᠷᠤᠶ ᠪᠠᠶᠢᠪᠠ᠃ ᠷᠠᠳᠢᠣ᠋ ᠲᠧᠯᠸᠢᠰ ᠤᠨ 5G ᠶᠢᠨ ᠬᠡᠷᠡᠭᠯᠡᠭᠴᠢ 2300 ᠲᠦᠮᠡᠨ ᠡᠷᠦᠬᠡ ᠶᠢ ᠳᠠᠪᠠᠪᠠ᠃  ᠢᠨᠲ᠋ᠧᠷ ᠰᠦᠯᠵᠢᠶᠡᠨ ᠤ ᠸᠢᠳᠢᠤ᠋ ᠶᠢᠨ ᠣᠨ ᠤ ᠰᠦᠢᠳᠬᠡᠯ ᠲᠤᠰᠢᠶᠠᠬᠤ ᠬᠡᠷᠡᠭᠯᠡᠭᠴᠢ 7.32 ᠳ᠋ᠦᠩᠰᠢᠭᠤᠷ ᠡᠷᠦᠬᠡ ᠪᠠᠶᠢᠵᠤ᠂ ᠢᠨᠲ᠋ᠧᠷ ᠰᠦᠯᠵᠢᠶᠡᠨ ᠤ ᠲᠠᠭᠤᠨ ᠤ ᠣᠨ ᠤ ᠰᠦᠢᠳᠬᠡᠯ ᠲᠤᠰᠢᠶᠠᠬᠤ ᠬᠡᠷᠡᠭᠯᠡᠭᠴᠢ 1.82 ᠳ᠋ᠦᠩᠰᠢᠭᠤᠷ ᠡᠷᠦᠬᠡ ᠪᠠᠶᠢᠵᠤ᠂ ᠣᠬᠤᠷ ᠸᠢᠳᠢᠤ᠋ ᠶᠢ ᠳᠡᠭᠡᠭᠰᠢ ᠳᠠᠮᠵᠢᠭᠤᠯᠤᠭᠰᠠᠨ ᠬᠡᠷᠡᠭᠯᠡᠭᠴᠢ 7.5 ᠳ᠋ᠦᠩᠰᠢᠭᠤᠷ ᠡᠷᠦᠬᠡ ᠶᠢ ᠳᠠᠪᠠᠵᠠᠢ᠃  ᠪᠦᠬᠦ ᠤᠯᠤᠰ ᠲᠤ ᠲᠤᠰᠬᠠᠢ ᠣᠷᠤᠨ ᠤ ᠳᠡᠰ ᠵᠢᠴᠢ ᠲᠡᠭᠦᠨ ᠠᠴᠠ ᠳᠡᠭᠡᠭᠰᠢᠬᠢ ᠥᠨᠳᠥᠷ ᠲᠤᠳᠤᠷᠠᠴᠠᠲᠤ ᠲᠧᠯᠸᠢᠰ ᠤᠨ ᠰᠤᠪᠠᠭ 1105 ᠪᠠᠶᠢᠵᠤ᠂ 4K ᠬᠡᠲᠦ ᠥᠨᠳᠥᠷ ᠲᠤᠳᠤᠷᠠᠴᠠᠲᠤ ᠲᠧᠯᠸᠢᠰ ᠤᠨ ᠰᠤᠪᠠᠭ 8 ᠪᠠᠶᠢᠵᠤ᠂ 8K ᠬᠡᠲᠦ ᠥᠨᠳᠥᠷ ᠲᠤᠳᠤᠷᠠᠴᠠᠲᠤ ᠲᠧᠯᠸᠢᠰ ᠤᠨ ᠰᠤᠪᠠᠭ 2 ᠪᠠᠶᠢᠵᠤ᠂ ᠮᠣᠵᠢ ᠶᠢᠨ ᠱᠠᠲᠤᠨ ᠤ ᠬᠤᠷᠢᠶᠠᠨ ᠤ ᠰᠤᠪᠠᠭ ᠢ ᠪᠦᠬᠦᠨ ᠢᠶᠠᠷ ᠨᠢ ᠥᠨᠳᠥᠷ ᠲᠤᠳᠤᠷᠠᠴᠠᠲᠤ ᠪᠣᠯᠭᠠᠬᠤ ᠶᠢ ᠪᠡᠶᠡᠯᠡᠭᠦᠯᠵᠡᠢ᠃ ᠪᠥᠬᠦ ᠵᠢᠯ ᠤᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠲᠥᠷᠥᠯ᠂ ᠶᠡᠷᠦᠩᠬᠡᠶᠢᠯᠡᠭᠰᠡᠨ ᠤᠷᠠᠯᠢᠭ ᠤᠨ ᠣᠶᠣᠨ ᠤ ᠲᠥᠷᠥᠯ ᠤᠨ ᠲᠧᠯᠸᠢᠰ ᠤᠨ ᠫᠷᠤᠭ᠍ᠷᠠᠮ ᠤᠨ ᠣᠨᠴᠠ ᠲᠤᠳᠤᠷᠠᠴᠠᠲᠤ ᠬᠡᠲᠦ ᠲᠤᠳᠤᠷᠠᠴᠠᠲᠤ ᠶᠢᠨ ᠦᠢᠯᠡᠳᠬᠦ ᠬᠠᠷᠢᠴᠠᠯ ᠲᠣᠰ ᠲᠣᠰ 80.41% ᠪᠠ 73.66% ᠳᠤ ᠬᠦᠷᠴᠦ᠂ 2022 ᠣᠨ ᠤ ᠬᠢ ᠠᠴᠠ ᠲᠣᠰ ᠲᠣᠰ 11.94 ᠪᠠ 12.80 ᠵᠠᠭᠤᠨ ᠤ ᠨᠢᠭᠡᠴᠢ ᠳᠡᠭᠡᠭᠰᠢᠯᠡᠪᠡ᠃ ᠤᠲᠠᠰᠤᠲᠤ ᠲᠧᠯᠸᠢᠰ ᠤᠨ ᠥᠨᠳᠥᠷ᠂ ᠬᠡᠲᠦ ᠥᠨᠳᠥᠷ ᠲᠤᠳᠤᠷᠠᠴᠠᠲᠤ ᠶᠢᠨ ᠬᠡᠷᠡᠭᠯᠡᠭᠴᠢ 1.09 ᠳ᠋ᠦᠩᠰᠢᠭᠤᠷ ᠡᠷᠦᠬᠡ ᠪᠠᠶᠢᠵᠤ᠂ ᠡᠭᠦᠨ ᠳᠤ ᠬᠡᠳᠦ ᠥᠨᠳᠥᠷ ᠲᠤᠳᠤᠷᠠᠴᠠᠲᠤ ᠶᠢᠨ ᠬᠡᠷᠡᠭᠯᠡᠭᠴᠢ 0.42 ᠳ᠋ᠦᠩᠰᠢᠭᠤᠷ ᠡᠷᠦᠬᠡ ᠪᠠᠶᠢᠵᠤ᠂ 2022 ᠣᠨ ᠤ ᠬᠢ ᠠᠴᠠ 527 ᠲᠦᠮᠡᠨ ᠡᠷᠦᠬᠡ ᠨᠡᠮᠡᠭᠳᠡᠪᠡ᠃ ᠲᠧᠯᠸᠢᠰ ᠤᠨ ᠥᠨᠳᠥᠷ ᠲᠤᠳᠤᠷᠠᠴᠠᠲᠤ ᠬᠡᠳᠦ ᠥᠨᠳᠥᠷ ᠲᠤᠳᠤᠷᠠᠴᠠᠲᠤ ᠬᠤᠷᠳᠤᠨ ᠪᠣᠯᠵᠠᠢ᠃  ᠪᠦᠬᠦ ᠤᠯᠤᠰ ᠲᠤ ᠨᠢᠭᠡᠨᠲᠡ ᠮᠤᠵᠢ᠂ ᠬᠤᠲᠠ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠠᠪᠴᠠᠩ ᠢ 1995 ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠦᠵᠦᠭᠦᠷ 352 ᠲᠦᠮᠡ ᠪᠠᠶᠢᠪᠠ᠃ ᠪᠦᠬᠦ ᠵᠢᠯ ᠳᠤ 207 ᠲᠦᠮᠡᠨ ᠤᠳᠠᠭ᠎ᠠ ᠪᠠᠴᠢᠮ ᠮᠡᠳᠡᠭᠡ ᠵᠠᠩᠭᠢ ᠶᠢ ᠨᠡᠪᠲᠡᠷᠡᠭᠦᠯᠵᠦ᠂ ᠭᠠᠵᠠᠷ ᠬᠥᠳᠡᠯᠦᠯᠲᠡ᠂ ᠦᠶᠡᠷ ᠤᠨ ᠬᠤᠭᠤᠴᠠᠭ᠎ᠠ ᠪᠣᠯᠤᠨ ᠳᠣᠤᠷ᠎ᠠ ᠳᠤᠯᠠᠭᠠᠨ ᠪᠣᠷᠣᠭᠠᠨ ᠴᠠᠰᠤ ᠮᠥᠰᠥᠳᠡᠯ ᠤᠨ ᠭᠠᠮᠰᠢᠭ ᠤᠨ ᠬᠤᠭᠤᠴᠠᠭᠠᠨ ᠳᠤ ᠭᠠᠮᠰᠢᠭ ᠢ ᠰᠡᠷᠡᠮᠵᠢᠯᠡᠭᠦᠯᠬᠦ᠂ ᠭᠠᠮᠰᠢᠭ ᠠᠴᠠ ᠠᠪᠤᠷᠠᠬᠤ ᠤᠬᠠᠭᠤᠯᠭ᠎ᠠ ᠶᠢ ᠴᠠᠭ ᠲᠤᠬᠠᠶ ᠳᠤ ᠨᠢ ᠥᠷᠨᠢᠭᠦᠯᠵᠦ᠂ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃  ᠳᠥᠷᠪᠡ᠂ ᠤᠯᠠᠮᠵᠢᠯᠠᠯᠲᠤ ᠪᠠ ᠰᠢᠨ᠎ᠡ ᠪᠠᠷ ᠬᠥᠭᠵᠢᠭᠰᠡᠨ ᠲᠤᠬᠠᠶᠢᠯᠠᠭᠰᠠᠨ ᠠᠵᠢᠯ ᠢ ᠨᠢᠭᠡᠳᠦᠯᠲᠡᠶ ᠲᠥᠯᠥᠪᠯᠡᠨ᠂ ᠠᠵᠤ ᠦᠢᠯᠡᠰ ᠤᠨ ᠬᠡᠪᠴᠢᠶ᠎ᠡ ᠲᠣᠭᠲᠠᠭᠤᠨ ᠢᠶᠠᠷ ᠳᠡᠭᠡᠭᠰᠢᠯᠡᠪᠡ  2023 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠭᠤᠯᠤᠮᠵᠢ 5 ᠲᠦᠮᠡ ᠶᠢ ᠳᠠᠪᠠᠪᠠ᠂ ᠡᠭᠦᠨ ᠳᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ ᠵᠡᠷᠭᠡ ᠨᠡᠪᠲᠡᠷᠡᠭᠦᠯᠭᠡ ᠶᠢᠨ ᠪᠠᠶᠢᠭᠤᠯᠤᠮᠵᠢ 2521 ᠪᠠᠶᠢᠵᠤ᠂ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠴᠦ ᠡᠵᠡᠩᠨᠡᠬᠦ ᠪᠠᠶᠢᠭᠤᠯᠤᠮᠵᠢ ᠪᠠᠷᠤᠭ 4.1 ᠲᠦᠮᠡ ᠪᠠᠶᠢᠵᠤ ᠂ ᠳᠠᠩᠰᠠᠯᠠᠭᠤᠯᠤᠭᠰᠠᠨ ᠰᠦᠯᠵᠢᠶᠡᠨ ᠤ ᠦᠵᠡᠵᠦ ᠰᠣᠨᠣᠰᠬᠤ ᠪᠠᠶᠢᠭᠤᠯᠤᠮᠵᠢ 2989 ᠪᠠᠶᠢᠨ᠎ᠠ᠃  2023 ᠣᠨ ᠳᠤ ᠪᠥᠬᠦ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠥᠷᠥᠯ ᠤᠨ ᠶᠡᠷᠦᠩᠬᠡᠶ ᠣᠷᠣᠯᠭ᠎ᠠ 14126.08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.74% ᠪᠠᠷ ᠨᠡᠮᠡᠭᠳᠡᠪᠡ᠃ ᠡᠭᠦᠨ ᠳᠤ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠲᠤᠬᠠᠶᠢᠯᠠᠭᠰᠠᠨ ᠠᠵᠢᠯ ᠤᠨ ᠪᠣᠳᠠᠲᠠᠶ ᠡᠭᠦᠳᠦᠭᠰᠡᠨ ᠣᠷᠣᠯᠭ᠎ᠠ 12212.08 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.47% ᠪᠠᠷ ᠨᠡᠮᠡᠭᠳᠡᠪᠡ︔ ᠡᠳ᠋ ᠤᠨ ᠵᠠᠰᠠᠭ ᠤᠨ ᠨᠥᠬᠦᠪᠥᠷᠢ ᠶᠢᠨ ᠣᠷᠣᠯᠭ᠎ᠠ 998.54 ᠳ᠋ᠦᠩᠰᠢᠭᠤᠷ ᠲᠥᠭᠦᠷᠢᠭ︔ ᠪᠤᠰᠤᠳ ᠣᠷᠣᠯᠭ᠎ᠠ 915.46 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 28.30% ᠪᠠᠷ ᠨᠡᠮᠡᠭᠳᠡᠪᠡ᠃ ᠭᠤᠣᠯ ᠴᠣᠭᠴᠠ ᠪᠠᠷ ᠨᠢ ᠬᠤᠪᠢᠶᠠᠪᠠᠯ᠂ ᠤᠯᠠᠮᠵᠢᠯᠠᠯᠲᠤ ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠶᠡᠷᠦᠩᠬᠡᠶ ᠣᠷᠣᠯᠭ᠎ᠠ 6330.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.44% ᠪᠠᠷ ᠨᠡᠮᠡᠭᠳᠡᠨ᠂ ᠣᠯᠠᠨ ᠡᠰᠢᠵᠢᠭᠰᠡᠨ ᠬᠥᠭᠵᠢᠯᠲᠡ ᠲᠡᠶᠢᠰᠢ ᠤᠷᠤᠭᠰᠢᠯᠠᠵᠤ᠂ ᠷᠠᠳᠢᠣ᠋ ᠲᠧᠯᠸᠢᠰ ᠬᠤᠷᠢᠶ᠎ᠠ ᠶᠢᠨ ᠠᠭᠤᠰᠤᠯᠴᠠᠨ ᠬᠥᠭᠵᠢᠬᠦ ᠲᠤᠬᠠᠶᠢᠯᠠᠭᠰᠠᠨ ᠠᠵᠢᠯ᠂ ᠤᠲᠠᠰᠤᠲᠤ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠪᠦᠯᠦᠭᠯᠡᠯ ᠤᠨ ᠬᠡᠷᠡᠭᠯᠡᠭᠴᠢᠳ ᠤᠨ ᠲᠤᠬᠠᠶᠢᠯᠠᠭᠰᠠᠨ ᠠᠵᠢᠯ ᠵᠡᠷᠭᠡ ᠨᠢ ᠰᠢᠨ᠎ᠡ ᠣᠷᠣᠯᠭ᠎ᠠ ᠶᠢᠨ ᠨᠡᠮᠡᠭᠳᠡᠯ ᠤᠨ ᠴᠡᠭ ᠪᠣᠯᠪᠠ︔ ᠰᠦᠯᠵᠢᠶᠡᠨ ᠤ ᠦᠵᠡᠵᠦ ᠰᠣᠨᠣᠰᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶ ᠣᠷᠣᠯᠭ᠎ᠠ 7795.45 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.57% ᠪᠠᠷ ᠨᠡᠮᠡᠭᠳᠡᠨ᠂ ᠠᠵᠢᠯ ᠲᠥᠷᠥᠯ ᠤᠨ ᠶᠡᠷᠦᠩᠬᠡᠶ ᠣᠷᠣᠯᠭ᠎ᠠ ᠳᠠᠬᠢ ᠡᠵᠡᠯᠡᠬᠦ ᠬᠠᠷᠢᠴᠠᠯ ᠤᠨ ᠬᠠᠭᠠᠰ ᠢ ᠳᠠᠪᠠᠪᠠ᠃  ᠤᠯᠠᠮᠵᠢᠯᠠᠯᠲᠤ ᠷᠠᠳᠢᠣ᠋ ᠲᠧᠯᠸᠢᠰ ᠤᠨ ᠵᠠᠷ ᠰᠤᠷᠲᠠᠯᠴᠢᠯᠠᠭ᠎ᠠ ᠶᠢᠨ ᠣᠷᠣᠯᠭ᠎ᠠ ᠪᠠᠭᠤᠷᠠᠵᠤ᠂ ᠰᠢᠨ᠎ᠡ ᠵᠠᠭᠤᠴᠢᠯᠠᠭᠤᠷ ᠤᠨ ᠵᠠᠷ ᠮᠡᠳᠡᠭᠡ ᠶᠢᠨ ᠣᠷᠣᠯᠭ᠎ᠠ ᠨᠡᠮᠡᠭᠳᠡᠪᠡ ᠃ ᠪᠦᠬᠦ ᠤᠯᠤᠰ ᠤᠨ ᠵᠠᠷ ᠰᠤᠷᠲᠠᠯᠴᠢᠯᠠᠭᠠᠨ ᠤ ᠣᠷᠣᠯᠭ᠎ᠠ 3435.36 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.78% ᠪᠠᠷ ᠨᠡᠮᠡᠭᠳᠡᠵᠡᠢ᠃ ᠡᠭᠦᠨ ᠳᠤ᠂ ᠷᠠᠳᠢᠣ᠋ ᠲᠧᠯᠸᠢᠰ ᠤᠨ ᠵᠠᠷ ᠰᠤᠷᠲᠠᠯᠴᠢᠯᠠᠭᠠᠨ ᠤ ᠣᠷᠣᠯᠭ᠎ᠠ 67.31 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.7% ᠪᠠᠷ ᠪᠠᠭᠤᠷᠠᠪᠠ︔ ᠲᠧᠯᠸᠢᠰ ᠤᠨ ᠵᠠᠷ ᠰᠤᠷᠲᠠᠯᠴᠢᠯᠠᠭᠠᠨ ᠤ ᠣᠷᠣᠯᠭ᠎ᠠ 516.35 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.67% ᠪᠠᠷ ᠪᠠᠭᠤᠷᠠᠪᠠ︔ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠᠶᠢᠭᠤᠯᠤᠮᠵᠢ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠣᠯᠤᠭᠰᠠᠨ ᠰᠢᠨ᠎ᠡ ᠵᠠᠭᠤᠴᠢᠯᠠᠭᠤᠷ ᠤᠨ ᠵᠠᠷ ᠰᠤᠷᠲᠠᠯᠴᠢᠯᠠᠭᠠᠨ ᠤ ᠣᠷᠣᠯᠭ᠎ᠠ 2698.34 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.09% ᠪᠠᠷ ᠨᠡᠮᠡᠭᠳᠡᠪᠡ︔ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠪᠠᠶᠢᠭᠤᠯᠤᠮᠵᠢ ᠨᠢ ᠠᠰᠠᠷ ᠲᠠᠭᠲᠤ ᠶᠢᠨ ᠵᠠᠷ ᠰᠤᠷᠲᠠᠯᠴᠢᠯᠠᠭ᠎ᠠ᠂ ᠬᠡᠷ ᠤᠨ ᠭᠠᠳᠠᠨᠠᠬᠢ ᠵᠠᠷ ᠰᠤᠷᠲᠠᠯᠴᠢᠯᠠᠭ᠎ᠠ᠂ ᠰᠣᠨᠢᠨ ᠰᠡᠳᠬᠦᠯ ᠤᠨ ᠵᠠᠷ ᠰᠤᠷᠲᠠᠯᠴᠢᠯᠠᠭ᠎ᠠ ᠵᠡᠷᠭᠡ ᠲᠠᠯ᠎ᠠ ᠪᠠᠷ ᠣᠯᠤᠭᠰᠠᠨ ᠪᠤᠰᠤᠳ ᠵᠠᠷ ᠰᠤᠷᠲᠠᠯᠴᠢᠯᠠᠭᠠᠨ ᠤ ᠣᠷᠣᠯᠭ᠎ᠠ 153.36 ᠳ᠋ᠦᠩᠰᠢᠭᠤᠷ ᠲᠥᠭᠦᠷᠢᠭ ᠪᠠᠶᠢᠪᠠ᠃  ᠷᠠᠳᠢᠣ᠋ ᠲᠧᠯᠸᠢᠰ ᠤᠨ ᠪᠠᠶᠢᠭᠤᠯᠤᠮᠵᠢ ᠶᠢᠨ ᠠᠭᠤᠰᠤᠯᠴᠠᠨ ᠬᠥᠭᠵᠢᠬᠦ ᠲᠤᠬᠠᠶᠢᠯᠠᠭᠰᠠᠨ ᠠᠵᠢᠯ ᠤᠨ ᠣᠷᠣᠯᠭ᠎ᠠ ᠦᠷᠭᠦᠯᠵᠢᠯᠡᠨ ᠨᠡᠮᠡᠭᠳᠡᠪᠡ᠃ ᠬᠠᠷᠢᠯᠴᠠᠬᠤ ᠮᠠᠶ᠋ᠢᠭ ᠤᠨ ᠰᠦᠯᠵᠢᠶᠡᠨ ᠤ ᠲᠧᠯᠸᠢᠰ ︵IPTV︶ ᠤᠨ ᠲᠠᠪᠴᠠᠩ ᠤᠨ ᠣᠷᠣᠯᠭ᠎ᠠ 174.71 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ︔ ᠢᠨᠲ᠋ᠧᠷ ᠰᠦᠯᠵᠢᠶᠡᠨ ᠤ ᠲᠧᠯᠸᠢᠰ ︵OTT︶ ᠤᠨ ᠬᠤᠷᠠᠮᠠᠯ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠣᠷᠣᠯᠭ᠎ᠠ 96.56 ᠳ᠋ᠦᠩᠰᠢᠭᠤᠷ ᠲᠥᠭᠦᠷᠢᠭ  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠪᠡ᠃  ᠤᠲᠠᠰᠤᠲᠤ ᠲᠧᠯᠸᠢᠰ ᠤᠨ ᠰᠦᠯᠵᠢᠶᠡᠨ ᠤ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠴᠠᠢ᠃ ᠤᠲᠠᠰᠤᠲᠤ ᠲᠧᠯᠸᠢᠰ ᠤᠨ ᠰᠦᠯᠵᠢᠶᠡᠨ ᠤ ᠣᠷᠣᠯᠭ᠎ᠠ 712.06 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.04% ᠪᠠᠷ ᠳᠤᠷᠤᠭᠰᠢᠯᠠᠪᠠ᠃ ᠡᠭᠦᠨ ᠳᠤ᠂ ᠬᠦᠯᠢᠶᠡᠨ ᠠᠪᠴᠤ ᠬᠠᠮᠠᠭᠠᠯᠠᠬᠤ ᠰᠦᠢᠳᠭᠡᠯ᠂ ᠰᠦᠢᠳᠭᠡᠯ ᠲᠤᠰᠢᠶᠠᠬᠤ ᠲᠣᠭᠠᠴᠢᠯᠠᠭᠰᠠᠨ ᠲᠧᠯᠸᠢᠰ᠂ ᠨᠠᠶᠢᠳᠠᠪᠤᠷᠢᠵᠢᠭᠤᠯᠤᠭᠰᠠᠨ ᠰᠦᠢᠳᠭᠡᠯ ᠵᠡᠷᠭᠡ ᠤᠯᠠᠮᠵᠢᠯᠠᠯᠲᠤ ᠤᠲᠠᠰᠤᠲᠤ ᠲᠧᠯᠸᠢᠰ ᠤᠨ ᠰᠦᠯᠵᠢᠶᠡᠨ ᠤ ᠲᠤᠬᠠᠶᠢᠯᠠᠭᠰᠠᠨ ᠠᠵᠢᠯ ᠤᠨ ᠣᠷᠣᠯᠭ᠎ᠠ 412.97 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.58% ᠪᠠᠷ ᠪᠠᠭᠤᠷᠠᠪᠠ︔ ᠤᠲᠠᠰᠤᠲᠤ ᠲᠧᠯᠸᠢᠰ ᠤᠨ ᠰᠦᠯᠵᠢᠶᠡᠨ ᠤ ᠦᠷᠳᠡᠭ ᠨᠡᠮᠡᠭᠳᠡᠭᠦᠯᠬᠦ ᠲᠤᠬᠠᠶᠢᠯᠠᠭᠰᠠᠨ ᠠᠵᠢᠯ᠂ ᠪᠦᠯᠦᠭᠯᠡᠯ ᠤᠨ ᠵᠣᠴᠢᠨ ᠡᠷᠦᠬᠡ᠂ ᠷᠠᠳᠢᠣ᠋ ᠲᠧᠯᠸᠢᠰ ᠤᠨ 5G ᠵᠡᠷᠭᠡ ᠰᠢᠨ᠎ᠡ ᠲᠤᠬᠠᠶᠢᠯᠠᠭᠰᠠᠨ ᠠᠵᠢᠯ ᠤᠨ ᠣᠷᠣᠯᠭ᠎ᠠ 299.09 ᠳ᠋ᠦᠩᠰᠢᠭᠤᠷ ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 11.68% ᠪᠠᠷ ᠨᠡᠮᠡᠭᠳᠡᠪᠡ᠃  ᠰᠦᠯᠵᠢᠶᠡᠨ ᠤ ᠦᠵᠡᠵᠦ ᠰᠣᠨᠣᠰᠬᠤ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠣᠷᠣᠯᠭ᠎ᠠ ᠲᠦᠷᠭᠡᠨ ᠢᠶᠠᠷ ᠨᠡᠮᠡᠭᠳᠡᠪᠡ᠃ ᠰᠦᠯᠵᠢᠶᠡᠨ ᠤ ᠦᠵᠡᠵᠦ ᠰᠣᠨᠣᠰᠬᠤ ᠣᠷᠣᠯᠭ᠎ᠠ 5642.81 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 27.67% ᠪᠠᠷ ᠨᠡᠮᠡᠭᠳᠡᠵᠡᠢ᠃ ᠡᠭᠦᠨ ᠳᠤ᠂ ᠬᠡᠷᠡᠭᠯᠡᠭᠴᠢ ᠶᠢᠨ ᠰᠦᠢᠳᠭᠡᠯ ᠲᠤᠰᠢᠶᠠᠬᠤ᠂ ᠫᠷᠤᠭ᠍ᠷᠠᠮ ᠤᠨ ᠬᠡᠪᠯᠡᠯ ᠤᠨ ᠡᠷᠬᠡ ᠵᠡᠷᠭᠡ ᠦᠢᠯᠡᠴᠢᠯᠡᠭᠡᠨ ᠤ ᠣᠷᠣᠯᠭ᠎ᠠ 1360.29 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.48% ᠪᠠᠷ ᠨᠡᠮᠡᠭᠳᠡᠪᠡ︔ ᠣᠬᠤᠷ ᠸᠢᠳᠢᠣ᠋᠂ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠪᠤᠰᠤᠳ ᠣᠷᠣᠯᠭ᠎ᠠ 4282.52 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.39% ᠪᠠᠷ ᠨᠡᠮᠡᠭᠳᠡᠪᠡ᠃  ᠫᠷᠤᠭ᠍ᠷᠠᠮ ᠤᠨ ᠤᠶᠢᠯᠡᠳᠬᠦ᠂ ᠨᠡᠪᠲᠡᠷᠡᠭᠦᠯᠦᠨ ᠡᠵᠡᠮᠳᠡᠬᠦ ᠬᠤᠯᠪᠤᠭᠳᠠᠯ ᠪᠥᠬᠦᠶ ᠣᠷᠣᠯᠭ᠎ᠠ ᠨᠡᠮᠡᠭᠳᠡᠵᠦ᠂ ᠫᠷᠤᠭ᠍ᠷᠠᠮ ᠤᠨ ᠤᠶᠢᠯᠡᠳᠬᠦ ᠬᠤᠯᠪᠤᠭᠳᠠᠯ ᠪᠥᠬᠦᠶ ᠤᠶᠢᠯᠡᠴᠢᠯᠡᠭᠡᠨ ᠤ ᠣᠷᠣᠯᠭ᠎ᠠ 323.40 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 27.92% ᠢᠶᠠᠷ ᠨᠡᠮᠡᠭᠳᠡᠪᠡ︔ ᠰᠦᠢᠤᠡᠭᠡᠯ ᠥᠭᠬᠦ ᠲᠣᠭᠠᠴᠢᠯᠠᠭᠰᠠᠨ ᠲᠧᠯᠸᠢᠰ ᠤᠨ ᠠᠭᠤᠯᠭ᠎ᠠ ᠬᠢᠭᠡᠳ ᠨᠡᠪᠲᠡᠷᠡᠭᠦᠯᠦᠨ ᠡᠵᠡᠮᠳᠡᠬᠦ ᠣᠷᠣᠯᠭ᠎ᠠ 28.79 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38.04% ᠪᠠᠷ ᠨᠡᠮᠡᠭᠳᠡᠪᠡ︔ ᠤᠯᠠᠮᠵᠢᠯᠠᠯᠲᠤ ᠷᠠᠳᠢᠣ᠋ ᠲᠧᠯᠸᠢᠰ ᠤᠨ ᠫᠷᠤᠭ᠍ᠷᠠᠮ ᠤᠨ ᠪᠤᠷᠤᠯᠠᠭᠤᠯᠭ᠎ᠠ ᠶᠢᠨ ᠣᠷᠣᠯᠭ᠎ᠠ 318.64 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.64% ᠪᠠᠷ ᠪᠠᠭᠤᠷᠠᠪᠠ︔ ᠲᠧᠯᠸᠢᠰ ᠤᠨ ᠪᠠᠷᠠᠭ᠎ᠠ ᠬᠤᠳᠠᠯᠳᠤᠨ ᠠᠪᠬᠤ ᠰᠤᠪᠠᠭ ᠤᠨ ᠣᠷᠣᠯᠭ᠎ᠠ 50.43 ᠳ᠋ᠦᠩᠰᠢᠭᠤᠷ ᠲᠥᠭᠦᠷᠢᠭ  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38.19% ᠪᠠᠷ ᠪᠠᠭᠤᠷᠠᠪᠠ︔ ᠮᠡᠷᠭᠡᠵᠢᠯ ᠤᠨ ᠤᠶᠢᠯᠡᠴᠢᠯᠡᠭᠡ᠂ ᠲᠣᠭᠯᠠᠭᠠᠮ᠂ ᠭᠤᠤᠯ ᠰᠡᠳᠦᠪᠲᠦ ᠴᠡᠩᠭᠡᠯ ᠤᠨ ᠬᠦᠷᠢᠶᠡᠯᠡᠩ ᠵᠢᠴᠢ ᠡᠭᠦᠰᠦᠮᠡᠯ ᠦᠢᠯᠡᠳᠬᠦᠨ ᠵᠡᠷᠭᠡ ᠪᠤᠰᠤᠳ ᠣᠷᠣᠯᠭ᠎ᠠ 1429.31 ᠳ᠋ᠦᠩᠰᠢᠭᠤᠷ ᠲᠥᠭᠦᠷᠢᠭ  ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠪᠡ᠃  ᠲᠠᠪᠤ᠂ ᠦᠵᠡᠵᠦ ᠰᠣᠨᠣᠰᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠦᠴᠦᠯᠡᠨ ᠬᠥᠭᠵᠢᠭᠦᠯᠵᠦ᠂ ᠣᠷᠣᠨ ᠪᠦᠰᠡ ᠶᠢᠨ ᠦᠵᠡᠵᠦ ᠰᠣᠨᠣᠰᠬᠤ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠪᠠ  ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠲᠤ ᠣᠷᠣᠵᠤ ᠰᠠᠭᠤᠭᠰᠠᠨ ᠷᠠᠳᠢᠣ᠋ ᠲᠧᠯᠸᠢᠰ ᠦᠵᠡᠵᠦ ᠰᠣᠨᠣᠰᠬᠤ ᠠᠵᠤ ᠠᠬᠤᠶᠢᠯᠠᠯ ᠤᠨ ᠣᠷᠣᠯᠭ᠎ᠠ ᠲᠦᠷᠭᠡᠨ ᠨᠡᠮᠡᠭᠳᠡᠪᠡ᠃ 2023 ᠣᠨ ᠤ ᠡᠴᠦᠰ ᠪᠣᠯᠲᠠᠯ᠎ᠠ᠂ ᠲᠤᠭ᠎ᠠ ᠪᠦᠷᠢᠳᠬᠡᠯ ᠤᠨ ᠬᠡᠪᠴᠢᠶᠡᠨ ᠳᠤ ᠣᠷᠣᠭᠤᠯᠤᠭᠰᠠᠨ ᠤᠯᠤᠰ ᠤᠨ ᠲᠠᠰ ᠤᠨ 28 ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠤ ᠦᠢᠯᠡᠰ ᠤᠨ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠲᠤ ᠪᠠᠷᠢᠯᠭ᠎ᠠ ᠶᠢᠨ ᠲᠠᠯᠠᠪᠠᠶ ᠶᠢ ᠨᠡᠶᠢᠲᠡ 3.91 ᠳ᠋ᠦᠩᠰᠢᠭᠤᠷ ᠲᠡᠭᠰᠢ ᠳᠥᠷᠪᠡᠯᠵᠢᠨ ᠮᠧᠲᠷ ᠲᠥᠯᠥᠪᠵᠢᠭᠦᠯᠵᠦ᠂ ᠷᠠᠳᠢᠣ᠋ ᠲᠧᠯᠸᠢᠰ ᠤᠨ ᠦᠵᠡᠵᠦ ᠰᠣᠨᠣᠰᠬᠤ 10680 ᠠᠵᠤ ᠠᠬᠤᠶᠢᠯᠠᠯ ᠣᠷᠣᠵᠤ᠂ 738 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠵᠦ᠂ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠨᠢ 579.84 ᠳ᠋ᠦᠩᠰᠢᠭᠤᠷ ᠲᠥᠭᠦᠷᠢᠭ ᠪᠠᠶᠢᠵᠤ᠂ 21 ᠲᠦᠮᠡᠨ ᠬᠥᠮᠦᠨ ᠳᠤ ᠠᠵᠢᠯ ᠣᠯᠭᠤᠵᠤ᠂ ᠡᠵᠡᠩᠨᠡᠯᠲᠡ ᠶᠢᠨ ᠣᠷᠣᠯᠭ᠎ᠠ ᠨᠢ 1658.30 ᠳ᠋ᠦᠩᠰᠢᠭᠤᠷ ᠲᠥᠭᠦᠷᠢᠭ ᠪᠠᠶᠢᠵᠤ᠂ ᠲᠤᠰᠢᠶᠠᠪᠠᠰᠤ ᠵᠣᠬᠢᠬᠤ ᠭᠠᠶᠢᠯᠢ 88.40 ᠳ᠋ᠦᠩᠰᠢᠭᠤᠷ ᠲᠥᠭᠦᠷᠢᠭ ᠪᠠᠶᠢᠪᠠ᠃  ᠦᠵᠡᠵᠦ ᠰᠣᠨᠣᠰᠬᠤ ᠠᠵᠤ ᠦᠢᠯᠡᠰ ᠤᠨ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠨᠢ ᠢᠯᠡᠷᠬᠡᠶ ᠪᠠᠶᠢᠪᠠ ᠃ ᠷᠠᠳᠢᠣ᠋ ᠲᠧᠯᠸᠢᠰ ᠤᠨ ᠦᠵᠡᠵᠦ ᠰᠣᠨᠣᠰᠬᠤ ᠠᠵᠤ ᠠᠬᠤᠶᠢᠯᠠᠯ ᠠᠴᠠ ᠭᠠᠳᠠᠨ᠎ᠠ᠂ ᠠᠵᠤ ᠦᠢᠯᠡᠰ ᠤᠨ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠨᠢ ᠪᠤᠰᠤᠳ ᠬᠤᠯᠪᠤᠭᠳᠠᠯ ᠪᠥᠬᠦᠶ 7220 ᠠᠵᠤ ᠠᠬᠤᠶᠢᠯᠠᠯ ᠢ ᠲᠡᠳᠡᠨ ᠠᠪᠴᠢᠷᠠᠵᠤ᠂ ᠠᠵᠢᠯ ᠣᠯᠤᠭᠰᠠᠨ ᠬᠥᠮᠦᠨ ᠤ ᠲᠤᠭ᠎ᠠ 13 ᠲᠦᠮᠡ ᠶᠢ ᠳᠠᠪᠠᠵᠤ᠂ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ 663.89 ᠳ᠋ᠦᠩᠰᠢᠭᠤᠷ ᠲᠥᠭᠦᠷᠢᠭ ᠪᠠᠶᠢᠵᠤ᠂ ᠡᠵᠡᠩᠨᠡᠯᠲᠡ ᠶᠢᠨ ᠣᠷᠣᠯᠭ᠎ᠠ 3216.17 ᠳ᠋ᠦᠩᠰᠢᠭᠤᠷ ᠲᠥᠭᠦᠷᠢᠭ ᠪᠠᠶᠢᠵᠤ ᠂ ᠲᠤᠰᠢᠶᠠᠪᠠᠰᠤ ᠵᠣᠬᠢᠬᠤ ᠭᠠᠶᠢᠯᠢ 291.99 ᠳ᠋ᠦᠩᠰᠢᠭᠤᠷ ᠲᠥᠭᠦᠷᠢᠭ ᠪᠠᠶᠢᠪᠠ᠃ ᠠᠵᠤ ᠦᠢᠯᠡᠰ ᠤᠨ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠨᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠪᠡᠶᠡᠯᠡᠭᠦᠯᠬᠦ᠂ ᠠᠵᠤ ᠦᠢᠯᠡᠰ ᠢ ᠨᠡᠪᠲᠡᠷᠡᠭᠦᠯᠦᠨ ᠲᠠᠰ ᠳᠡᠪᠰᠢᠭᠦᠯᠬᠦ ᠵᠡᠷᠭᠡ ᠲᠠᠯ᠎ᠠ ᠪᠠᠷ ᠲᠦᠢᠯ ᠤᠨ ᠴᠢᠬᠤᠯᠠ ᠦᠢᠯᠡᠳᠦᠯ ᠦᠵᠡᠭᠦᠯᠵᠦ᠂ ᠠᠵᠢᠯ ᠲᠥᠷᠥᠯ ᠢ ᠡᠮᠬᠢᠯᠡᠨ ᠨᠡᠶᠢᠯᠡᠭᠦᠯᠵᠦ ᠴᠤᠭᠯᠠᠷᠠᠬᠤ ᠳᠤ ᠵᠢᠱᠢᠶ᠎ᠡ ᠦᠵᠡᠭᠦᠯᠪᠡ᠃  ᠵᠢᠷᠭᠤᠭ᠎ᠠ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠵᠤ᠂ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ  2023 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠡᠷᠭᠢᠯᠡᠭᠰᠡᠳ 105.91 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.11% ᠪᠠᠷ ᠨᠡᠮᠡᠭᠳᠡᠪᠡ᠃ ᠡᠭᠦᠨ ᠳᠤ᠂ ᠡᠮᠡᠭᠲᠡᠢ ᠠᠵᠢᠯᠳᠠᠨ ᠠᠵᠢᠯᠴᠢᠨ 45.69 ᠲᠦᠮᠡ ᠪᠠᠶᠢᠵᠦ᠂ 43.14% ᠶᠢ ᠡᠵᠡᠯᠡᠪᠡ᠃ ᠠᠵᠢᠯ ᠤᠨ ᠪᠠᠶᠢᠷᠢ ᠠᠴᠠ ᠦᠵᠡᠪᠡᠯ᠂ ᠬᠠᠮᠢᠶᠠᠷᠤᠯᠲᠠ ᠶᠢᠨ ᠠᠵᠢᠯᠲᠠᠨ 16.97 ᠲᠦᠮᠡ᠂ ᠡᠵᠡᠩᠨᠡᠵᠦ ᠪᠠᠶᠢᠭ᠎ᠠ ᠠᠵᠢᠯᠲᠠᠨ 13.72 ᠲᠦᠮᠡ᠂ ᠲᠤᠰᠬᠠᠢ ᠮᠡᠷᠭᠡᠵᠢᠯ ᠤᠨ ᠠᠵᠢᠯᠲᠠᠨ 47.97 ᠲᠦᠮᠡ᠂ ᠪᠤᠰᠤᠳ ᠠᠵᠢᠯᠲᠠᠨ 27.25 ᠲᠦᠮᠡ ᠪᠠᠶᠢᠪᠠ︔ ᠲᠤᠰᠬᠠᠢ ᠮᠡᠷᠭᠡᠵᠢᠯ ᠤᠨ ᠠᠵᠢᠯᠲᠠᠨ 45.29% ᠶᠢ ᠡᠵᠡᠯᠡᠪᠡ᠃ ᠰᠤᠷᠤᠯᠭ᠎ᠠ ᠶᠢᠨ ᠨᠠᠮᠲᠠᠷ ᠤᠨ ᠲᠠᠯ᠎ᠠ ᠠᠴᠠ ᠦᠵᠡᠪᠡᠯ᠂ ᠠᠰᠫᠢᠷᠠᠨᠲ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠥᠮᠦᠨ 7.59 ᠲᠦᠮᠡ ᠪᠠᠶᠢᠵᠤ᠂ ᠵᠢᠩᠬᠢᠨᠢ ᠠᠩᠭᠢ ᠵᠢᠴᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠬᠥᠮᠦᠨ 85.13 ᠲᠦᠮᠡ ᠪᠠᠶᠢᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠲᠠᠢ ᠬᠥᠮᠦᠨ 13.20 ᠲᠦᠮᠡ ᠪᠠᠶᠢᠪᠠ︔ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠥᠮᠦᠨ 87.55% ᠶᠢ ᠡᠵᠡᠯᠡᠪᠡ᠃ ᠨᠠᠰᠤᠨ ᠤ ᠲᠠᠯ᠎ᠠ ᠠᠴᠠ ᠦᠵᠡᠪᠡᠯ᠂ 35 ᠨᠠᠰᠤ ᠵᠢᠴᠢ ᠲᠡᠭᠦᠨ ᠠᠴᠠ ᠳᠣᠷᠣᠭᠰᠢᠬᠢ ᠬᠥᠮᠦᠨ 44.20 ᠲᠦᠮᠡ᠂ 36 ᠠᠴᠠ 50 ᠨᠠᠰᠤᠨ ᠤ ᠬᠥᠮᠦᠨ 46.28 ᠲᠦᠮᠡ᠂ 51 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠨ 15.43 ᠲᠦᠮᠡ ᠪᠠᠶᠢᠪᠠ︔ 35 ᠨᠠᠰᠤ ᠵᠢᠴᠢ ᠲᠡᠭᠦᠨ ᠠᠴᠠ ᠳᠣᠷᠣᠭᠰᠢᠬᠢ ᠬᠦᠮᠦᠨ41.73% ᠶᠢ ᠡᠵᠡᠯᠡᠪᠡ᠃  2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠠᠵᠢᠯ ᠲᠦᠷᠦᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠰᠣᠶᠣᠯ ᠤᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ︽ᠬᠤᠶᠠᠷ᠂ ᠭᠤᠷᠪᠠ ᠲᠦᠷᠪᠡ︾ ᠠᠵᠢᠯ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠤᠯᠠᠮᠵᠢᠯᠠᠯᠲᠤ ᠷᠠᠳᠢᠣ᠋ ᠲᠧᠯᠸᠢᠰ ᠢ ᠪᠠᠬᠢᠵᠢᠭᠦᠯᠦᠨ ᠳᠡᠭᠡᠭᠰᠢᠯᠡᠭᠦᠯᠵᠦ᠂ ᠵᠠᠭᠤᠴᠢᠯᠠᠭᠤᠷ ᠤᠨ ᠠᠭᠤᠰᠤᠯᠴᠠᠯ ᠢ ᠠᠬᠢᠭᠤᠯᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ︾ ᠭᠤᠷᠪᠠᠨ ᠶᠡᠭᠡ ᠠᠵᠢᠯ ᠤᠨ ᠴᠢᠭᠯᠡᠯ ᠳᠡᠭᠡᠷ᠎ᠡ ᠦᠷᠭᠦᠯᠵᠢᠯᠡᠨ ᠬᠦᠴᠦᠯᠡᠵᠦ᠂ ᠨᠠᠢᠮᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠦᠴᠢᠷ ᠢ ᠵᠣᠷᠢᠭᠲᠠᠢ ᠪᠠᠷ ᠢᠯᠠᠨ ᠳᠠᠪᠠᠵᠤ᠂ ᠲᠦᠭᠰᠢᠭᠦᠷᠢ ᠶᠢ ᠪᠦᠲᠦᠮᠵᠢᠲᠡᠢ ᠠᠷᠭᠠᠴᠠᠭᠠᠵᠤ᠂ ᠷᠠᠳᠢᠣ᠋ ᠲᠧᠯᠸᠢᠰ ᠤᠨ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠵᠤ᠂ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠷᠠᠳᠢᠣ᠋ ᠲᠧᠯᠸᠢᠰ ᠤᠨ ᠬᠦᠴᠦᠨ ᠴᠢᠳᠠᠯ ᠢᠶᠠᠨ ᠡᠷᠭᠦᠨ᠎ᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map