ᠬᠠᠮ ᠵᠠᠭᠤᠴᠢᠯᠠᠭᠤᠷ ᠤᠨ ᠰᠢᠷᠢᠰ ᠮᠡᠳᠡᠭᠡᠯᠡᠯ ︽ᠰᠣᠶᠣᠯ ᠤᠨ ᠳᠤᠮᠳᠠᠳᠤ ᠤᠯᠤᠰ ᠲᠠᠬᠢ ᠠᠶᠠᠯᠠᠯ︾᠄ ᠵᠠᠯᠠᠭᠤ ᠨᠠᠰᠤᠨ ᠤ ᠬᠠᠷᠠᠭᠠᠰᠤ ᠶᠢ 00 ᠠᠴᠠ ᠰᠡᠭᠦᠯᠡᠷᠬᠢ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠬᠤ ᠳᠡᠭᠡᠷ᠎ᠡ ᠲᠥᠪᠯᠡᠷᠡᠭᠦᠯᠵᠦ᠂ ᠪᠡᠶᠡᠲᠦ ᠳᠠᠮᠵᠢᠭᠤᠯᠭ᠎ᠠ ᠨᠢ ᠣᠳᠣ ᠦᠶ᠎ᠡ ᠶᠢᠨ ᠵᠠᠯᠠᠭᠤᠴᠤᠳ ᠤᠨ ᠰᠣᠶᠣᠯ ᠤᠨ ᠢᠲᠡᠭᠡᠯ ᠢ ᠢᠯᠡᠷᠡᠭᠦᠯᠪᠡ
ᠨᠡᠶᠢᠲᠡᠯᠡᠭᠰᠡᠨ ᠴᠠᠭ᠄
2024/6/20
  ᠡᠨᠡ ᠵᠢᠯ ᠤᠨ 6 ᠳ᠋ᠤᠭᠠᠷ ᠰᠠᠷ᠎ᠠ ᠶᠢᠨ 8 ᠤ ᠡᠳᠦᠷ ᠪᠣᠯ ᠮᠠᠨ ᠤ ᠤᠯᠤᠰ ᠤᠨ ᠨᠠᠢᠮᠠᠳᠤᠭᠠᠷ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠪᠣᠯᠤᠨ᠎ᠠ᠃ 6 ᠳ᠋ᠤᠭᠠᠷ ᠰᠠᠷ᠎ᠠ ᠶᠢᠨ 8 ᠠᠴᠠ 15 ᠤ ᠡᠳᠦᠷ᠂ ᠬᠤᠨᠠᠨ ᠲᠧᠯᠸᠢᠰ ᠬᠤᠷᠢᠶ᠎ᠠ ᠬᠠᠮ ᠵᠠᠭᠤᠴᠢᠯᠠᠭᠤᠷ ᠤᠨ ᠰᠢᠷᠢᠰ ᠮᠡᠳᠡᠭᠡᠯᠡᠯ ︽ᠰᠣᠶᠣᠯ ᠤᠨ ᠳᠤᠮᠳᠠᠳᠤ ᠤᠯᠤᠰ ᠲᠠᠬᠢ ᠠᠶᠠᠯᠠᠯ — 00 ᠠᠴᠠ ᠰᠡᠭᠦᠯᠡᠷᠬᠢ ᠶᠢᠨ ᠤᠯᠤᠰ ᠤᠨ ᠬᠡᠪ ᠰᠤᠷᠲᠠᠯ ᠢ ᠬᠠᠶᠢᠷᠠᠯᠠᠬᠤ N ᠵᠦᠢᠯ ᠤᠨ ᠠᠷᠭ᠎ᠠ ᠬᠡᠯᠪᠡᠷᠢ︾ ᠶᠢ ᠭᠠᠷᠭᠠᠵᠤ᠂ 00 ᠠᠴᠠ ᠰᠡᠭᠦᠯᠡᠷᠬᠢ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠠᠰᠢᠭᠯᠠᠵᠤ᠂ ᠴᠠᠭ ᠦᠶ᠎ᠡ ᠲᠠᠢ ᠵᠡᠷᠭᠡ ᠪᠠᠷ ᠬᠥᠭᠵᠢᠭᠰᠡᠨ ᠦᠯᠢᠭᠡᠷ᠂ ᠣᠳᠣ ᠦᠶ᠎ᠡ ᠶᠢᠨ ᠵᠠᠯᠠᠭᠤᠴᠤᠳ ᠤᠨ ᠳᠡᠭᠡᠳᠦ ᠬᠡᠮᠵᠢᠶᠡᠨ ᠤ ᠰᠣᠶᠣᠯ ᠤᠨ ᠢᠲᠡᠭᠡᠯ ᠢ ᠢᠯᠡᠷᠡᠭᠦᠯᠵᠦ᠂ ᠬᠤᠨᠠᠨ ᠤ ᠰᠢ  ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠠᠮᠢᠳᠤᠯᠢᠭ ᠢᠯᠡᠷᠡᠯ ᠮᠥᠨ᠂ ᠪᠠᠰᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠠᠷᠢᠯᠴᠠᠬᠤ ᠬᠤᠷᠠᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠭᠤᠯᠭ᠎ᠠ ᠪᠣᠯᠤᠨ᠎ᠠ᠃  ᠨᠢᠬᠡ᠂ ︽ᠵᠠᠯᠠᠭᠤ ᠨᠠᠰᠤᠨ ᠤ ᠢᠯᠡᠳᠭᠡᠯ︾᠂ ᠣᠨᠴᠠᠭᠠᠢ ᠬᠠᠷᠠᠭᠠᠰᠤ  ᠮᠡᠳᠡᠭᠡᠯᠡᠯ ᠤᠨ ᠰᠤᠷᠪᠤᠯᠵᠢᠯᠠᠭᠳᠠᠭᠴᠢ ᠪᠦᠷ 00 ᠠᠴᠠ ᠰᠡᠭᠦᠯᠡᠷᠬᠢ ᠪᠠᠶᠢᠵᠤ᠂  ᠡᠨᠡ ᠵᠢᠯ ᠤᠨ 3 ᠳ᠋ᠤᠭᠠᠷ ᠰᠠᠷ᠎ᠠ ᠶᠢᠨ 19 ᠳᠤ ᠴᠠᠩ ᠳ᠋ᠧ ᠾᠧ ᠵᠡᠭᠡᠯᠢ ᠳᠤ ᠶᠡᠷᠦᠩᠬᠡᠢ ᠱᠦᠵᠢ ᠳᠤ ᠴᠠᠶ ᠶᠢᠨ ᠡᠷᠳᠡᠮ ᠢᠶᠠᠨ ᠳᠡᠯᠭᠡᠨ ᠦᠵᠡᠭᠦᠯᠦᠭᠰᠡᠨ 00 ᠠᠴᠠ ᠰᠡᠭᠦᠯᠡᠷᠬᠢ ᠴᠠᠶ ᠶᠢᠨ ᠠᠬ᠎ᠠ ᠪᠠᠶᠢᠵᠤ᠂ ᠭᠠᠷᠴᠠᠭ ᠴᠤ ᠲᠡᠷᠡ᠂ ᠪᠢᠴᠢᠭ ᠮᠠᠲ᠋ᠧᠷᠢᠶᠠᠯ ᠴᠤ ᠲᠡᠷᠡ ᠪᠦᠷ ︽ᠵᠠᠯᠠᠭᠤ ᠬᠡᠯᠪᠡᠷᠢ︾ ᠶᠢ ᠢᠯᠡᠷᠡᠭᠦᠯᠦᠨ᠎ᠡ᠃ ᠵᠠᠯᠠᠭᠤ ᠬᠡᠯᠪᠡᠷᠢ ᠶᠢᠨ ᠦᠭᠡ ᠬᠡᠯᠡ᠂ ᠠᠮᠢᠳᠤᠯᠢᠭ ᠨᠠᠷᠢᠨ ᠵᠦᠢᠯᠡᠰ᠂ ᠡᠯᠪᠡᠭ ᠪᠠᠶᠠᠯᠢᠭ ᠳᠠᠭᠤ ᠴᠢᠮᠡᠭᠡ᠂ ᠦᠯᠢᠭᠡᠷ ᠶᠠᠷᠢᠬᠤ ᠠᠷᠭ᠎ᠠ ᠬᠡᠯᠪᠡᠷᠢ ᠵᠢᠴᠢ ᠰᠤᠷᠪᠤᠯᠵᠢᠯᠠᠭ᠎ᠠ ᠬᠢᠬᠦ ᠡᠲᠡᠭᠡᠳ ᠤᠨ ᠥᠪᠡᠷ ᠤᠨ ᠲᠣᠭᠠᠴᠢᠯᠲᠠ ᠶᠢᠨ ᠣᠬᠤᠷ ᠸᠢᠳᠢᠣ᠋ ᠂ 00 ᠠᠴᠠ ᠰᠡᠭᠦᠯᠡᠷᠬᠢ ᠶᠢᠨ ᠭᠤᠣᠯ ᠳᠦᠷᠢ ᠶᠢᠨ ᠲᠦᠷᠢ ᠲᠥᠷᠬᠦ ᠪᠣᠯᠤᠨ ᠰᠣᠶᠣᠯ ᠤᠨ ᠤᠯᠠᠮᠵᠢᠯᠠᠯ ᠤᠨ ᠰᠢᠨ᠎ᠡ ᠰᠣᠷᠭᠤᠭ ᠦᠯᠢᠭᠡᠷ ᠢ ᠠᠮᠢᠳᠤᠯᠢᠭ ᠢᠶᠠᠷ ᠳᠡᠯᠭᠡᠨ ᠦᠵᠡᠭᠦᠯᠪᠡ᠃  ᠵᠢᠱᠢᠶᠡᠯᠡᠪᠡᠯ ︽00 ᠠᠴᠠ ᠰᠡᠭᠦᠯᠡᠷᠬᠢ ᠪᠢᠴᠢᠬᠠᠨ ᠵᠦᠴᠦᠭᠡᠴᠢᠨ ᠴᠦ᠋ ᠱᠤ᠋ ᠲᠢᠩ᠄ ᠪᠦᠮᠪᠦᠷ ᠤᠨ ᠰᠢ ᠶᠢᠨ ᠬᠡᠪᠴᠢᠶᠡᠨ ᠤ ᠴᠧᠨ ᠯᠢ ᠵᠢᠶᠦ᠋ᠨ︾ ᠵᠦᠴᠦᠭᠡ ᠶᠢᠨ ᠡᠬᠢᠯᠡᠯᠲᠡ ᠨᠢ ᠳᠠᠷᠤᠢ ︽ᠰᠢᠨ᠎ᠡ ᠯᠢᠦ ᠬᠠᠢ ᠺᠠᠨ ᠴᠢᠶᠣᠤ︾ ᠭᠡᠬᠦ ᠲᠣᠭᠯᠠᠯᠲᠠ ᠶᠢᠨ ᠳᠤᠮᠳᠠᠬᠢ ᠰᠣᠩᠭᠤᠳᠠᠭ ᠶᠠᠷᠢᠯᠴᠠᠭ᠎ᠠ  ᠪᠠᠷ ᠳᠠᠮᠵᠢᠭᠤᠯᠤᠨ᠂ ᠦᠵᠡᠭᠴᠢᠳ ᠢ ᠲᠤᠬᠠᠢ ᠶᠢᠨ ᠲᠠᠯᠠᠪᠠᠢ ᠳᠤ ᠠᠪᠴᠢᠷᠠᠵᠤ᠂ ᠠᠳᠠᠯᠢ ᠪᠤᠰᠤ ᠪᠦᠮᠪᠦᠷ ᠤᠨ ᠰᠢ ᠶᠢᠨ ᠲᠣᠭᠯᠠᠯᠲᠠ ᠶᠢ ᠮᠡᠳᠡᠷᠡᠭᠦᠯᠦᠨ᠎ᠡ ︔ ︽05 ᠠᠴᠠ ᠰᠡᠭᠦᠯᠡᠷᠬᠢ ᠪᠢᠴᠢᠬᠠᠨ ᠬᠡᠭᠡᠨᠴᠢᠷ ᠡᠭᠡᠮᠦᠭᠲᠡᠨ ᠶᠠᠨ ᠵᠢᠶᠠ ᠶᠤᠸᠠᠢ᠄ ᠬᠤᠨᠠᠨ ᠵᠦᠴᠦᠭᠡ ᠶᠢᠨ ᠰᠣᠶᠣᠯ ᠢ 15 ᠠᠴᠠ ᠰᠡᠭᠦᠯᠡᠷᠬᠢ ᠳᠤ ᠳᠠᠮᠵᠢᠭᠤᠯᠤᠨ᠎ᠠ︾ ᠵᠦᠴᠦᠭᠡ ᠨᠢ ᠶᠡᠭᠡ ᠬᠡᠮᠵᠢᠶᠡᠨ ᠤ ᠳᠠᠭᠤᠤ ᠪᠠᠷ ᠳᠠᠮᠵᠢᠭᠤᠯᠤᠨ 05 ᠠᠴᠠ ᠰᠡᠭᠦᠯᠡᠷᠬᠢ  ᠶᠢᠨ 15 ᠠᠴᠠ ᠰᠡᠭᠦᠯᠡᠷᠬᠢ ᠳᠤ ᠬᠢᠴᠢᠶᠡᠯ ᠣᠷᠣᠭᠰᠠᠨ ᠤ ᠳᠠᠷᠠᠭᠠᠬᠢ ᠦᠢᠯᠡᠴᠢᠯᠡᠭᠡᠨ ᠤ ᠬᠢᠴᠢᠶᠡᠯ ᠤᠨ ᠲᠠᠩᠬᠢᠮ ᠤᠨ ᠲᠤᠬᠠᠢ ᠶᠢᠨ ᠲᠠᠯᠠᠪᠠᠢ ᠳᠤ ᠬᠥᠮᠦᠰ ᠢ ᠠᠬᠤᠢ ᠪᠠᠶᠢᠳᠠᠯ ᠳᠤ ᠣᠷᠤᠭᠤᠯᠪᠠ᠃  ᠮᠡᠳᠡᠭᠡᠯᠡᠭᠳᠡᠭᠴᠢ  ᠨᠢ ᠴᠠᠩ ᠳ᠋ᠧ ᠶᠢᠨ ᠴᠠᠢ ᠂ ᠴᠠᠩ ᠳ᠋ᠧ ᠶᠢᠨ ᠲᠣᠷᠭᠠᠨ ᠴᠢᠪᠬᠠᠳᠠᠰᠤ᠂ ᠡᠮᠡᠭᠲᠡᠶ ᠶᠢᠨ ᠦᠰᠦᠭ᠂ ᠪᠦᠮᠪᠦᠷ ᠤᠨ ᠰᠢ᠂ ᠬᠤᠨᠠᠨ ᠵᠦᠴᠦᠭᠡ᠂ ᠯᠢᠦ ᠶᠠᠩ ᠤᠨ ᠬᠤᠸᠠᠷ ᠫᠤᠤᠵᠢᠩ᠂ ᠡᠷᠲᠡᠨ ᠤ ᠬᠥᠭᠦᠷᠭᠡ ᠶᠢᠨ ᠰᠠᠬᠢᠨ ᠬᠠᠮᠠᠭᠠᠯᠠᠯ ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠵᠡᠷᠭᠡ ᠣᠯᠠᠨ ᠤᠯᠠᠮᠵᠢᠯᠠᠯᠲᠤ ᠰᠣᠶᠣᠯ ᠤᠨ ᠬᠦᠷᠢᠶᠡᠨ ᠳᠤ ᠬᠤᠯᠪᠣᠭᠳᠠᠵᠠᠶ᠂ ᠡᠲᠡᠭᠡᠷ 00 ᠠᠴᠠ ᠰᠡᠭᠦᠯᠡᠷᠬᠢ ᠨᠢ ᠬᠤᠨᠠᠨ ᠤ ᠪᠠᠷᠠᠭᠤᠨ ᠬᠡᠰᠡᠭ ᠤᠨ ᠭᠦᠨ ᠠᠭᠤᠯᠠᠨ ᠤ ᠨᠤᠲᠤᠭ ᠲᠤ ᠪᠠᠨ ᠪᠤᠴᠠᠭᠰᠠᠨ ᠵᠠᠯᠠᠭᠤᠴᠤᠳ ᠪᠣᠢ᠂ ᠬᠤᠨᠠᠨ  ᠳᠤ ᠰᠤᠷᠭᠠᠭᠤᠯᠢ ᠰᠣᠶᠣᠯ ᠤᠨ ᠮᠥᠷ ᠬᠦᠭᠡᠭᠡᠬᠦ ᠪᠠᠷ ᠢᠷᠡᠭᠰᠡᠨ ᠪᠠᠷᠢᠯᠭ᠎ᠠ ᠶᠢᠨ ᠰᠠᠯᠠᠭᠠᠨ ᠤ ᠳ᠋ᠣᠺᠲ᠋ᠣᠷ ᠪᠣᠢ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠸᠠᠷ ᠫᠤᠤᠵᠢᠩ ᠤᠨ ᠲᠦᠰᠦᠪᠯᠡᠭᠴᠢ ᠪᠣᠢ ᠂ ᠲᠠᠶᠢᠰᠠᠨ ᠳᠡᠭᠡᠷ᠎ᠡ ᠲᠣᠮᠣ ᠳᠠᠮᠨᠠᠭᠤᠷ ᠡᠭᠦᠷᠦᠭᠰᠡᠨ ᠪᠦᠮᠪᠦᠷ ᠤᠨ ᠰᠢ ᠶᠢᠨ ᠵᠦᠴᠦᠭᠡᠴᠢᠨ ᠪᠣᠢ ᠂ ᠪᠠᠰᠠ ᠳᠤᠮᠳᠠᠳᠤ ᠠᠹᠷᠢᠺᠠ ᠶᠢᠨ ᠠᠵᠤ ᠠᠬᠤᠶ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ᠂ ᠭᠠᠳᠠᠭᠠᠳᠤ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠭᠴᠢᠳ ᠤᠨ ᠨᠡᠶᠢᠭᠡᠮᠯᠢᠭ ᠵᠡᠷᠭᠡ ᠲᠠᠪᠴᠠᠩ ᠢᠶᠠᠷ ᠳᠠᠮᠵᠢᠭᠤᠯᠤᠨ ᠡᠮᠡᠭᠲᠡᠶ ᠶᠢᠨ ᠦᠰᠦᠭ ᠤᠨ ᠪᠦᠲᠦᠭᠡᠯ᠂ ᠡᠮᠡᠭᠲᠡᠶ ᠶᠢᠨ ᠦᠰᠦᠭ ᠤᠨ ᠰᠣᠶᠣᠯ ᠢ ᠳᠡᠯᠡᠬᠡᠶ ᠳᠤ ᠤᠯᠠᠮᠵᠢᠯᠠᠭᠰᠠᠨ 00 ᠠᠴᠠ ᠰᠡᠭᠦᠯᠡᠷᠬᠢ ᠤᠶᠤᠲᠠᠳ ᠪᠠᠶᠢᠨ᠎ᠠ᠃ ᠡᠲᠡᠭᠡᠷ 00 ᠠᠴᠠ ᠰᠡᠭᠦᠯᠡᠷᠬᠢ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ ᠨᠢ ᠠᠳᠠᠯᠢ ᠥᠬᠡᠶ᠂ ᠵᠠᠷᠢᠮ ᠨᠢ ᠪᠡᠶ᠎ᠡ ᠪᠠᠷ ᠢᠶᠠᠨ ᠲᠣᠪᠴᠢᠶ᠎ᠠ ᠳᠤ ᠣᠷᠣᠵᠤ᠂ ᠤᠯᠠᠮᠵᠢᠯᠠᠯᠲᠤ ᠰᠣᠶᠣᠯ ᠤᠨ ᠤᠯᠠᠮᠵᠢᠯᠠᠭᠴᠢ ᠪᠣᠯᠵᠣ᠂ ᠵᠠᠷᠢᠮ ᠨᠢ ᠣᠬᠤᠷ ᠸᠢᠳᠢᠣ᠋ ᠪᠠᠷ ᠳᠠᠮᠵᠢᠭᠤᠯᠤᠨ ᠤᠯᠠᠮᠵᠢᠯᠠᠯᠲᠤ ᠰᠣᠶᠣᠯ ᠢ ︽ᠬᠦᠷᠢᠶᠡᠨ ᠠᠴᠠ ᠭᠠᠷᠭᠠᠬᠤ︾ ᠳᠤ ᠬᠦᠴᠦᠯᠡᠵᠦ᠂ ᠵᠠᠷᠢᠮ ᠨᠢ ᠴᠠᠭ ᠦᠶ᠎ᠡ ᠶᠢᠨ ᠬᠦᠴᠦᠨ ᠵᠦᠢᠯ ᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠳᠤ ᠣᠷᠣᠭᠤᠯᠵᠤ᠂ ᠵᠠᠷᠢᠮ ᠨᠢ ᠲᠤᠰᠬᠠᠶ ᠮᠡᠷᠭᠡᠵᠢᠯ ᠤᠨ ᠭᠠᠵᠠᠷ ᠤᠨ ᠳᠠᠷᠤᠭ᠎ᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠰᠢᠭᠯᠠᠨ᠂ ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠬᠦᠴᠦᠯᠡᠪᠡ᠃ ᠲᠡᠳᠡᠨ ᠤ ᠪᠠᠶᠢᠭ᠎ᠠ ᠬᠡᠪᠴᠢᠶᠡᠨ ᠳᠤ ᠪᠠᠨ ᠴᠥᠮ ᠵᠣᠬᠢᠬᠤ ᠲᠥᠯᠥᠭᠡᠯᠡᠬᠦ ᠴᠢᠨᠠᠷ ᠪᠠ ᠨᠡᠶᠢᠲᠡᠯᠢᠭ ᠴᠢᠨᠠᠷ ᠲᠠᠢ ᠪᠠᠶᠢᠵᠤ᠂ 00 ᠠᠴᠠ ᠰᠡᠭᠦᠯᠡᠷᠬᠢ ᠶᠢᠨ ᠬᠢᠨ ᠤᠯᠠᠮᠵᠢᠯᠠᠯᠲᠤ ᠰᠣᠶᠣᠯ ᠢᠶᠠᠨ ᠨᠠᠨᠳᠢᠩᠨᠠᠵᠤ᠂ ᠤᠯᠠᠮᠵᠢᠯᠠᠯᠲᠤ ᠰᠣᠶᠣᠯ ᠢᠶᠠᠨ ᠡᠭᠦᠳᠦᠨ ᠤᠯᠠᠮᠵᠢᠯᠠᠬᠤ ᠶᠢᠨ ᠠᠮᠢᠳᠤᠯᠢᠭ ᠬᠤᠷᠢᠶᠠᠩᠭᠤᠶ ᠳᠦᠷᠰᠦ ᠮᠥᠨ᠃  ᠬᠤᠨᠠᠨ ᠮᠤᠵᠢ ᠶᠢᠨ ᠬᠢᠨ ᠵᠠᠯᠠᠭᠤᠴᠤᠳ ᠲᠤ ᠨᠥᠬᠦᠷᠰᠡᠭ ᠮᠤᠵᠢ ᠣᠷᠣᠨ ᠢ ᠪᠦᠲᠦᠭᠡᠨ ᠪᠠᠶᠢᠭᠤᠯᠵᠤ ᠂ ᠵᠠᠯᠠᠭᠤ ᠨᠠᠰᠤᠨ ᠤ ︽ᠦᠵᠡᠭᠦᠯᠭᠡ ᠶᠢᠨ ᠲᠠᠯᠠᠪᠤᠷ︾ ᠂ ᠭᠤᠣᠯᠴᠢ ᠪᠠᠷ ᠥᠷᠢᠰᠦᠯᠳᠦᠬᠦ ︽ᠤᠷᠤᠯᠳᠤᠭᠠᠨ ᠤ ᠲᠠᠯᠠᠪᠤᠷ︾᠂ ᠥᠪᠡᠷ ᠤᠨ ᠬᠦᠰᠡᠯ ᠵᠣᠷᠢᠯᠲᠠ ᠪᠠᠨ ᠪᠡᠶᠡᠯᠡᠭᠦᠯᠬᠦ ︽ᠠᠳᠠᠯ ᠦᠢᠯᠡᠰ ᠴᠣᠭᠴᠠᠯᠠᠬᠤ ᠲᠠᠯᠠᠪᠤᠷ︾ ᠪᠣᠯᠭᠠᠨ᠎ᠠ ᠭᠡᠵᠦ ᠳᠤᠷᠠᠳᠴᠠᠢ᠃ ᠡᠨᠡ ᠪᠦᠯᠦᠭ ᠮᠡᠳᠡᠭᠡᠯᠡᠯ ᠨᠢ ᠵᠠᠯᠠᠭᠤᠴᠤᠳ ᠤᠨ ᠤᠯᠠᠮᠵᠢᠯᠠᠯᠲᠤ ᠰᠣᠶᠣᠯ ᠤᠨ ᠬᠦᠷᠢᠶᠡᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠦᠯᠢᠭᠡᠷ ᠲᠤ ᠠᠩᠬᠠᠷᠤᠯ ᠢᠶᠠᠨ ᠲᠥᠪᠯᠡᠷᠡᠭᠦᠯᠦᠭᠰᠡᠨ ᠨᠢ ᠶᠠᠭ ᠡᠨᠡ ᠬᠦ ᠵᠢᠭᠠᠪᠤᠷᠢ ᠶᠢᠨ ᠵᠣᠷᠢᠭ ᠰᠠᠨᠠᠭ᠎ᠠ ᠶᠢᠨ ᠠᠮᠢᠳᠤᠯᠢᠭ ᠢᠯᠡᠷᠡᠯ ᠪᠣᠯᠤᠨ᠎ᠠ᠃  ᠬᠤᠶᠠᠷ᠂ ᠭᠦᠨᠵᠡᠭᠡᠢ ᠠᠭᠤᠰᠤᠯᠴᠠᠯ᠂ ᠳᠦᠷᠪᠡᠨ ᠬᠦᠴᠦᠨ ᠤ ᠦᠢᠯᠡᠳᠦᠯᠭᠡᠵᠢᠭᠦᠯᠭᠡ  ᠡᠨᠡ ᠪᠦᠯᠦᠭ ᠮᠡᠳᠡᠭᠡᠯᠡᠯ ᠨᠢ ᠰᠢᠯᠵᠢᠯᠲᠡ ᠶᠢ ᠲᠡᠷᠢᠭᠦᠨ ᠳᠤ ᠲᠠᠯᠪᠢᠬᠤ᠂ ᠤᠷᠢᠳ ᠢᠶᠠᠷ ᠰᠦᠯᠵᠢᠶᠡᠨ ᠳᠤ ᠳᠠᠷᠠᠭ᠎ᠠ ᠨᠢ ᠭᠠᠷᠭᠠᠬᠤ ᠶᠢ ᠪᠠᠷᠢᠮᠲᠠᠯᠠᠵᠤ᠂ ᠠᠭᠤᠯᠭ᠎ᠠ ᠪᠠ ᠳᠠᠮᠵᠢᠭᠤᠯᠭ᠎ᠠ ᠶᠢᠨ ᠠᠷᠭ᠎ᠠ ᠬᠡᠯᠪᠡᠷᠢ ᠳᠤ ᠴᠥᠮ ᠰᠢᠨ᠎ᠡ ᠶᠢ ᠡᠭᠦᠳᠪᠡ᠃  ᠰᠦᠯᠵᠢᠶᠡᠨ ᠥᠷᠲᠡᠭᠡ᠂ ᠰᠢᠯᠵᠢᠮᠡᠯ ᠦᠵᠦᠭᠦᠷ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠣᠯᠠᠨ ᠡᠰᠢᠲᠦ ᠪᠣᠰᠤᠭ᠎ᠠ ᠴᠣᠭᠴᠠᠲᠤ ᠳᠠᠮᠵᠢᠭᠤᠯᠭ᠎ᠠ ᠶᠢ ᠪᠡᠶᠡᠯᠡᠭᠦᠯᠵᠦ᠂ ᠪᠠᠰᠠ ᠰᠢᠨ᠎ᠡ ᠶᠢ ᠡᠭᠦᠳᠬᠦ ᠴᠢᠨᠠᠷᠲᠠᠶ ᠪᠠᠷ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠲᠣᠮᠣ ᠪᠦᠷᠢᠶ᠎ᠡ ᠶᠢ ᠨᠡᠪᠲᠡᠷᠡᠭᠦᠯᠪᠡ᠃  ᠡᠨᠡ ᠪᠦᠯᠦᠭ ᠠᠭᠤᠰᠤᠯᠴᠠᠭᠰᠠᠨ ᠮᠡᠳᠡᠭᠡᠯᠡᠯ ᠢ ᠴᠢᠨᠠᠷ ᠰᠠᠶᠢᠲᠠᠶ ᠪᠡᠶᠡᠯᠡᠭᠦᠯᠬᠦ ᠶᠢᠨ ᠲᠥᠯᠥᠭᠡ᠂ ᠭᠤᠤᠯ ᠡᠭᠦᠳᠦᠭᠴᠢ ᠳᠥᠷᠪᠡᠨ ᠬᠦᠴᠦᠨ ᠢ ᠭᠦᠨᠵᠡᠭᠡᠶ ᠦᠢᠯᠡᠳᠦᠯᠭᠡᠵᠢᠭᠦᠯᠵᠦ᠂ ᠶᠡᠭᠡ ᠬᠡᠮᠵᠢᠶᠡᠨ ᠤ ᠤᠯᠠᠮᠵᠢᠯᠠᠯᠲᠤ ᠰᠣᠶᠣᠯ ᠤᠨ ᠲᠦᠰᠦᠯ ᠠᠴᠠ ᠰᠢᠯᠢᠨ ᠰᠣᠩᠭᠤᠵᠤ᠂ ᠨᠡᠶᠢᠲᠡᠯᠢᠭ ᠴᠢᠨᠠᠷᠲᠠᠢ 00 ᠠᠴᠠ ᠰᠡᠭᠦᠯᠡᠷᠬᠢ ᠶᠢ ᠣᠯᠪᠠ᠃ ᠰᠢᠶᠠᠩ ᠰᠢ ᠶᠢᠨ ᠭᠦᠨ ᠠᠭᠤᠯᠠᠨ ᠲᠣᠰᠬᠤᠨ ᠤ ᠵᠢᠵᠢᠭᠬᠡᠨ ᠲᠣᠰᠬᠤᠨ ᠠᠴᠠ ᠰᠢᠶᠠᠩ ᠳ᠋ᠦᠩ ᠤᠨ ᠵᠢᠵᠢᠭ ᠰᠢᠶᠠᠨ ᠤ ᠬᠤᠲᠠ ᠳᠤ ᠬᠦᠷᠴᠦ ᠂ ᠳᠠᠬᠢᠨ ᠰᠢᠶᠠᠩ ᠪᠧᠢ ᠶᠢᠨ ᠵᠢᠵᠢᠭ ᠲᠤᠰᠬᠤᠨ ᠳᠤ ᠬᠦᠷᠦᠨ᠎ᠡ ᠁ ᠭᠤᠣᠯ ᠡᠭᠦᠳᠦᠯᠲᠡ ᠶᠢᠨ ᠪᠦᠯᠬᠦᠮ ᠤᠨ ᠤᠯᠠ ᠮᠥᠷ ᠣᠯᠠᠨ ᠭᠠᠵᠠᠷ ᠲᠤ ᠲᠠᠷᠬᠠᠵᠤ ᠪᠠᠶᠢᠳᠠᠭ᠃ ᠵᠠᠷᠢᠮ ᠣᠢᠶ᠎ᠡ ᠳᠤ ᠨᠢᠭᠡ ᠳᠦᠷᠢ ᠶᠢᠨ ᠮᠠᠲᠠᠭᠡᠯᠠᠯ ᠢ ᠪᠠᠶᠠᠯᠠᠭᠦᠯᠭᠦ ᠶᠢᠨ ᠳᠦᠯᠣᠭᠡ ᠭᠤᠣᠯ ᠡᠭᠦᠳᠦᠯᠲᠡ ᠶᠢᠨ ᠪᠦᠯᠭᠦᠮ ᠨᠢ ᠪᠠᠰᠠ ᠣᠯᠠᠨ ᠭᠠᠵᠠᠷ ᠣᠷᠣᠠ ᠳᠤ ᠬᠦᠷᠴᠦ᠂ ᠣᠯᠠᠨ ᠲᠠᠯᠠᠪᠤᠷ ᠢ ᠰᠣᠷᠪᠤᠯᠵᠢᠯᠠᠨ ᠰᠡᠭᠦᠳᠡᠷᠯᠡᠵᠦ ᠪᠠᠶᠢᠳᠠᠭ ᠨᠢ ᠵᠥᠪᠬᠡᠨ ᠠᠮᠢᠲᠣᠯᠢᠭ᠂ ᠰᠤᠨᠤᠰᠬᠤᠯᠠᠩ ᠮᠡᠳᠡᠭᠡᠯᠡᠯ ᠢ ᠭᠠᠷᠭᠠᠬᠤ ᠶᠢᠨ ᠲᠦᠯᠦᠭᠡ ᠪᠠᠶᠢᠳᠠᠭ ᠃  ᠭᠤᠷᠪᠠ᠂ ᠪᠦᠬᠦ ᠤᠯᠤᠰ ᠤᠨ ᠳᠠᠮᠵᠢᠭᠤᠯᠭ᠎ᠠ ᠂ ᠲᠤᠰᠬᠠᠯ ᠢᠶᠠᠷ ᠴᠢᠩᠭ᠎ᠠ ᠲᠤᠰᠬᠠᠯ  ᠮᠡᠳᠡᠬᠡᠯᠡᠯ ᠢ ᠰᠦᠯᠵᠢᠶᠡᠨ ᠳᠤ ᠭᠠᠷᠭᠠᠭᠠᠳ 24 ᠴᠠᠭ ᠪᠤᠯᠤᠭ᠎ᠠ ᠦᠭᠡᠢ ᠪᠠᠷ ᠮᠡᠳᠡᠭᠡᠯᠡᠯ ᠤᠨ ᠨᠡᠷ᠎ᠠ ᠪᠠᠷ ᠨᠡᠷᠡᠶᠢᠳᠦᠭᠰᠡᠨ ᠤᠤᠭᠠᠯ ᠡᠭᠦᠳᠦᠯᠲᠡ ᠶᠢᠨ ᠬᠠᠯᠠᠮᠰᠢᠯ IP ᠪᠤᠢ ᠪᠣᠯᠣᠭᠰᠠᠨ ᠪᠦᠭᠡᠳ ᠰᠦᠯᠵᠢᠶᠡᠨ ᠳᠡᠭᠡᠷ᠎ᠡ ᠬᠠᠯᠠᠭᠤᠨ ᠶᠠᠷᠢᠯᠴᠠᠭ᠎ᠠ ᠡᠭᠦᠰᠭᠡᠵᠡᠢ # 00 ᠠᠴᠠ ᠰᠡᠭᠦᠯᠡᠷᠬᠢ ᠶᠢᠨ ᠬᠢᠨ ᠤ ᠤᠯᠤᠰ ᠢᠶᠠᠨ ᠬᠠᠶᠢᠷᠠᠯᠠᠬᠤ N ᠵᠦᠢᠯ ᠤᠨ ᠬᠡᠯᠪᠡᠷᠢ # ᠲᠤᠬᠠᠢ ᠶᠢᠨ ᠴᠠᠭ ᠤᠨ ᠬᠠᠯᠠᠮᠰᠢᠯ ᠤ ᠡᠮᠦᠨ᠎ᠡ ᠭᠤᠷᠪᠠ ᠳᠤ ᠵᠢᠭᠰᠠᠭᠠᠭᠳᠠᠪᠠ ᠃  ᠮᠡᠳᠡᠭᠡᠯᠡᠯ ᠨᠢ ᠴᠢᠩᠭ᠎ᠠ ᠲᠤᠰᠬᠠᠯ ᠭᠠᠷᠭᠠᠵᠠᠢ᠃ ᠬᠤᠨᠠᠨ ᠮᠣᠵᠢ ᠶᠢᠨ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠠᠯᠪᠠᠨ ᠤ ᠸᠢᠴᠠᠲ ᠲᠠᠪᠴᠠᠩ ︽ᠡᠨᠡ ᠪᠣᠯ ᠬᠤᠨᠠᠨ︾᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠨᠠᠨ ᠮᠣᠵᠢ ᠶᠢᠨ ᠬᠤᠷᠢᠶᠠᠨ ᠤ ᠠᠯᠪᠠᠨ ᠤ ᠸᠢᠴᠠᠲ ᠲᠠᠪᠴᠠᠩ ᠂ ᠠᠯᠪᠠᠨ ᠤ ᠸᠢᠳᠢᠣ᠋ ᠶᠢᠨ ᠨᠣᠮᠧᠷ᠂ ᠣᠯᠠᠨ ᠨᠡᠶᠢᠲᠡ ᠶᠢᠨ ᠸᠢᠴᠠᠲ ᠲᠠᠪᠴᠠᠩ ︽ᠵᠠᠯᠠᠭᠤ ᠬᠤᠨᠠᠨ ︾᠂ ᠬᠤᠨᠠᠨ ᠮᠣᠵᠢ ᠶᠢᠨ ᠰᠣᠶᠣᠯ ᠵᠢᠭᠤᠯᠴᠢᠯᠠᠯ ᠤᠨ ᠲᠢᠩᠬᠢᠮ ᠤᠨ ᠠᠯᠪᠠᠨ ᠤ ᠸᠢᠴᠠᠲ ᠲᠠᠪᠴᠠᠩ ᠂ ᠬᠤᠨᠠᠨ ᠮᠣᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠣᠯᠠᠨ ᠨᠡᠶᠢᠲᠡ ᠶᠢᠨ ᠸᠢᠴᠠᠲ ᠲᠠᠪᠴᠠᠩ᠂ ᠵᠦᠵᠸᠦ ᠶᠢᠨ ᠡᠪ ᠬᠠᠮᠲᠤ ᠵᠠᠯᠠᠭᠤᠴᠤᠳ ᠤᠨ ᠡᠪᠯᠡᠯ᠂ ᠵᠦᠩ ᠨᠠᠨ ᠶᠡᠭᠡ ᠰᠤᠷᠭᠠᠭᠤᠯᠢ᠂ ᠮᠣᠵᠢ ᠶᠢᠨ ᠪᠦᠮᠪᠦᠷ ᠤᠨ ᠰᠢ ᠶᠢᠨ ᠬᠠᠮᠠᠭᠠᠯᠠᠵᠤ ᠤᠯᠠᠮᠵᠢᠯᠠᠬᠤ ᠲᠥᠪ ᠤᠨ ᠣᠯᠠᠨ ᠨᠡᠶᠢᠲᠡ ᠶᠢᠨ ᠸᠢᠴᠠᠲ ᠲᠠᠪᠴᠠᠩ᠂ ᠸᠢᠳᠢᠣ᠋  ᠶᠢᠨ ᠨᠣᠮᠧᠷ ᠵᠡᠷᠭᠡ 30 ᠭᠠᠷᠤᠢ ᠠᠯᠪᠠᠨ ᠤ ᠲᠠᠯ᠎ᠠ ᠶᠢᠨ ᠳᠠᠩᠰᠠᠨ ᠨᠣᠮᠧᠷ ᠵᠢᠴᠢ ᠱᠢᠨ ᠯᠠᠩ ᠬᠤᠨᠠᠨ᠂ ᠵᠠᠰᠠᠭ ᠤᠨ ᠣᠷᠳᠣᠨ ᠤ ᠸᠢᠴᠠᠲ ᠲᠤᠰᠠᠯᠠᠭᠴᠢ᠂ ᠬᠤᠨᠠᠨ ᠤ ᠳᠡᠷᠭᠡᠳᠡᠬᠢ ᠶᠠᠪᠤᠳᠠᠯ᠂ ᠴᠠᠩᠱᠠ  ᠶᠢᠨ ᠲᠡᠷᠢᠭᠦᠨ ᠵᠤᠷᠪᠤᠰ ᠵᠡᠷᠭᠡ ᠣᠯᠠᠨ ᠪᠦᠷᠬᠡᠴᠦᠳ ᠤᠨ ᠶᠡᠭᠡ V ᠶᠢᠨ ᠥᠪᠡᠷᠲᠡᠭᠡᠨ ᠳᠠᠮᠵᠢᠭᠤᠯᠤᠭᠰᠠᠨ ᠮᠡᠳᠡᠭᠡᠯᠡᠯ ᠤᠨ ᠠᠭᠤᠯᠭ᠎ᠠ ᠪᠣᠢ᠃  ᠮᠡᠳᠡᠭᠡᠯᠡᠯ ᠢ ᠬᠤᠨᠠᠨ ᠤ ᠷᠠᠳᠢᠣ᠋ ᠬᠤᠷᠢᠶ᠎ᠠ ᠶᠢᠨ ᠡᠯ᠎ᠡ ᠳᠠᠪᠲᠠᠮᠵᠢ ᠵᠢᠴᠢ ᠪᠦᠬᠦ ᠮᠣᠵᠢ ᠶᠢᠨ 100 ᠭᠠᠷᠤᠢ ᠰᠢᠶᠠᠨ  ᠤ 43 ᠲᠦᠮᠡ ᠭᠠᠷᠤᠢ ᠲᠤᠰᠬᠤᠨ ᠲᠣᠮᠣ ᠪᠦᠷᠢᠶ᠎ᠡ ᠪᠠᠷ ᠨᠡᠪᠲᠡᠷᠡᠭᠦᠯᠵᠦ᠂ ᠤᠯᠤᠰ ᠢᠶᠠᠨ ᠬᠦᠴᠦᠷᠬᠡᠭᠵᠢᠭᠦᠯᠬᠦ᠂ ᠹᠧᠩ ᠮᠠᠩ᠂ ᠾᠢᠮᠠᠯᠢᠶ᠎ᠠ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠣᠯᠠᠨ ᠤᠳᠠᠭ᠎ᠠ ᠬᠤᠪᠢᠶᠠᠨ ᠲᠠᠷᠬᠠᠭᠠᠬᠤ ᠶᠢᠨ ᠬᠠᠮᠲᠤ᠂ 5G ᠣᠶᠣᠨᠲᠤ ᠷᠠᠳᠢᠣ᠋ ᠬᠤᠷᠢᠶ᠎ᠠ ᠪᠠᠷ ᠳᠠᠮᠵᠢᠭᠤᠯᠤᠨ ᠪᠦᠬᠦ ᠤᠯᠤᠰ ᠢ ᠪᠦᠷᠬᠦᠭᠰᠡᠨ ᠰᠢᠶᠠᠨ ᠤ ᠬᠡᠪᠴᠢᠶᠡᠨ ᠤ 1000 ᠭᠠᠷᠤᠢ ᠬᠠᠮ ᠵᠠᠭᠤᠴᠢᠯᠠᠭᠤᠷ ᠤᠨ ᠲᠥᠪ ᠨᠢ ᠪᠦᠬᠦ ᠤᠯᠤᠰ ᠲᠤ ᠨᠡᠪᠲᠡᠷᠡᠭᠦᠯᠵᠡᠢ᠃  ᠪᠦᠬᠦ ᠤᠯᠤᠰ ᠤᠨ ᠦᠨᠳᠦᠰᠦᠨ ᠱᠠᠲᠤᠨ ᠤ 1000 ᠭᠠᠷᠤᠢ  ᠷᠠᠳᠢᠣ᠋ ᠬᠤᠷᠢᠶ᠎ᠠ᠂ ᠷᠠᠳᠢᠣ᠋ ᠶᠢᠨ ᠬᠡᠷᠡᠭᠯᠡᠭᠴᠢ ᠶᠢᠨ ᠦᠵᠦᠭᠦᠷ ᠵᠢᠴᠢ ᠪᠦᠬᠦ ᠰᠦᠯᠵᠢᠶᠡᠨ ᠤ ᠡᠯ᠎ᠡ ᠰᠢᠨ᠎ᠡ ᠵᠠᠭᠤᠴᠢᠯᠠᠭᠤᠷ ᠤᠨ ᠲᠠᠪᠴᠠᠩ ᠤᠨ ᠠᠭᠤᠰᠤᠯᠴᠠᠨ ᠳᠠᠮᠵᠢᠭᠤᠯᠤᠭᠰᠠᠨ ᠬᠡᠮᠵᠢᠶ᠎ᠡ 5000 ᠭᠠᠷᠤᠢ ᠲᠦᠮᠡᠨ ᠤᠳᠠᠭ᠎ᠠ ᠬᠦᠷᠪᠡ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠤᠶᠤᠨ ᠤ ᠬᠦᠮᠦᠷᠭᠡ
Baidu
map