2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠥᠲᠥᠯᠥᠭᠴᠢ ᠶᠢᠨ ᠬᠢᠷᠢ ᠬᠡᠮ ᠤᠨ ᠰᠢᠯᠭᠠᠯᠲᠠ ᠶᠢᠨ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠵᠠᠷᠯᠠᠯ
ᠨᠡᠶᠢᠲᠡᠯᠡᠭᠰᠡᠨ ᠴᠠᠭ᠄
2024/6/24
  2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠥᠲᠦᠯᠦᠭᠴᠢ ᠶᠢᠨ ᠬᠢᠷᠢ ᠬᠡᠮ ᠤᠨ ᠰᠢᠯᠭᠠᠯᠲᠠ ︵ᠥᠪᠥᠷ ᠮᠣᠩᠭᠤᠯ ᠤᠨ ᠰᠢᠯᠭᠠᠯᠲᠠ ᠶᠢᠨ ᠲᠤᠭᠤᠷᠢᠭ︶ ᠶᠢ 2024 ᠣᠨ ᠤ 9 ᠳ᠋ᠦ᠋ᠭᠡᠷ ᠰᠠᠷ᠎ᠠ ᠶᠢᠨ 7᠂ 8 ᠤ ᠡᠳᠦᠷ ᠶᠠᠪᠤᠭᠳᠠᠭᠤᠯᠬᠤ ᠪᠠᠷ ᠲᠣᠭᠲᠠᠵᠤ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃  ᠨᠢᠭᠡ᠂ ᠨᠡᠷ᠎ᠡ ᠮᠡᠳᠡᠭᠦᠯᠬᠦ ᠨᠥᠬᠦᠴᠡᠯ  ︵ᠨᠢᠭᠡ︶ ᠦᠨᠳᠦᠰᠦᠨ ᠬᠠᠤᠯᠢ᠂ ᠬᠠᠤᠯᠢ ᠴᠠᠭᠠᠵᠠ᠂ ᠷᠠᠳᠢᠣ᠋ ᠲᠧᠯᠸᠢᠰ ᠤᠨ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠵᠢᠷᠤᠮᠯᠠᠬᠤ ᠬᠡᠷᠡᠭᠲᠡᠢ︔  ︵ᠬᠤᠶᠠᠷ︶ ᠳᠥᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠬᠦᠷᠢᠶᠡᠯᠡᠬᠦ ᠬᠡᠷᠡᠭᠲᠡᠢ︔  ︵ᠭᠤᠷᠪᠠ︶ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ︔  ︵ᠳᠥᠷᠪᠡ︶ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ︵2025 ᠣᠨ ᠳᠤ ᠲᠡᠭᠦᠰᠦᠭᠰᠡᠳ ᠢ ᠪᠠᠭᠲᠠᠭᠠᠨ᠎ᠠ︶᠃  ᠬᠤᠶᠠᠷ᠂ ᠨᠡᠷ᠎ᠡ ᠮᠡᠳᠡᠭᠦᠯᠬᠦ ᠠᠷᠭ᠎ᠠ ᠬᠡᠯᠪᠡᠷᠢ  ᠨᠡᠷ᠎ᠡ ᠮᠡᠳᠡᠭᠦᠯᠬᠦ ᠠᠷᠭ᠎ᠠ ᠬᠡᠯᠪᠡᠷᠢ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠰᠢᠯᠭᠠᠯᠲᠠ ᠶᠢᠨ ᠰᠦᠢᠳᠬᠡᠯ ᠲᠤᠰᠢᠶᠠᠨ᠎ᠠ᠃  ︵ᠨᠢᠭᠡ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ  2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠶᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ ᠴᠠᠭ ᠨᠢ 2024 ᠣᠨ ᠤ 6 ᠳ᠋ᠤᠭᠠᠷ ᠰᠠᠷ᠎ᠠ ᠶᠢᠨ 24 ᠤ ᠡᠳᠦᠷ ᠠᠴᠠ 7 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ ᠪᠣᠯᠣᠨ᠎ᠠ᠃ ᠨᠡᠷ᠎ᠡ ᠮᠡᠳᠡᠭᠦᠯᠦᠭᠰᠡᠨ ᠬᠥᠮᠦᠰ ᠲᠣᠭᠲᠠᠭᠰᠠᠨ ᠬᠤᠭᠤᠴᠠᠭᠠᠨ ᠳᠣᠲᠣᠷ᠎ᠠ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta.gov.cn ︶ ᠶᠢᠨ ᠬᠢᠷᠢ ᠬᠡᠮ ᠤᠨ ᠰᠢᠯᠭᠠᠯᠲᠠ ᠶᠢᠨ ᠪᠤᠯᠤᠩ ᠳᠤ ᠣᠷᠣᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠱᠠᠭᠠᠷᠳᠠᠯᠭ᠎ᠠ᠂ ᠶᠠᠪᠤᠴᠠ ᠵᠢᠴᠢ ᠠᠯᠬᠤᠮ ᠳᠠᠷᠠᠭ᠎ᠠ ᠶᠣᠰᠣᠭᠠᠷ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠵᠦ᠂ ᠬᠤᠭᠤᠴᠠᠭ᠎ᠠ ᠥᠩᠭᠡᠷᠡᠪᠡᠯ ᠨᠥᠬᠦᠨ ᠮᠡᠳᠡᠭᠦᠯᠵᠦ ᠪᠣᠯᠬᠤ ᠥᠬᠡᠶ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠦᠭᠡᠢ ᠰᠢᠯᠭᠠᠭᠰᠠᠳ ᠤᠨ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠶᠢ ᠬᠦᠯᠢᠶᠡᠨ ᠠᠪᠬᠤ ᠥᠬᠡᠶ᠃  ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠪᠠᠨ ᠳᠣᠤᠷᠠᠬᠢ ᠮᠡᠲᠦ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠄  1. ᠲᠣᠰ ᠬᠥᠮᠦᠨ ᠤ ᠬᠦᠴᠦᠨ ᠪᠥᠬᠦᠶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠵᠦᠢᠯ ︵ᠡᠮᠦᠨ᠎ᠡ᠂ ᠠᠷᠤ ᠲᠠᠯ᠎ᠠ ᠶᠢ ᠪᠠᠭᠲᠠᠭᠠᠨ᠎ᠠ᠂ ᠰᠢᠯᠭᠠᠯᠲᠠ ᠶᠢᠨ ᠬᠤᠭᠤᠴᠠᠭᠠᠨ ᠳᠠᠬᠢ ᠪᠡᠶ᠎ᠡ ᠶᠢᠨ ᠦᠨᠡᠮᠯᠡᠯ ᠨᠢ ᠬᠦᠴᠦᠨ ᠪᠦᠬᠦᠢ ᠬᠤᠭᠤᠴᠠᠭᠠᠨ ᠳᠤ ᠪᠠᠶᠢᠬᠤ ᠬᠡᠷᠡᠭᠲᠡᠶ︶︔  2. ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠤᠨ ᠦᠨᠡᠮᠯᠡᠯ ︵ᠰᠤᠷᠭᠠᠭᠤᠯᠢ ᠳᠤ ᠪᠠᠶᠢᠬᠤ ᠲᠤᠰ ᠬᠤᠭᠤᠴᠠᠭᠠᠨ ᠳᠤ ᠲᠡᠭᠦᠰᠦᠭᠰᠡᠳ ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠪᠠᠨ ᠳᠡᠭᠡᠭᠰᠢ ᠳᠠᠮᠵᠢᠭᠤᠯᠬᠤ ᠬᠡᠷᠡᠭᠲᠡᠶ︔ ᠭᠠᠳᠠᠭᠠᠳᠤ ᠳᠤ ᠰᠤᠷᠤᠯᠴᠠᠭᠰᠠᠳ ᠰᠤᠷᠭᠠᠨ ᠬᠥᠮᠦᠵᠢᠯ ᠤᠨ ᠶᠠᠮᠤᠨ ᠤ ᠭᠠᠳᠠᠭᠠᠳᠤ ᠳᠤ ᠰᠤᠷᠤᠯᠴᠠᠭᠰᠠᠳ ᠤᠨ ᠦᠢᠯᠡᠴᠢᠯᠡᠭᠡᠨ ᠤ ᠲᠥᠪ ᠠᠴᠠ ᠭᠠᠷᠭᠠᠭᠰᠠᠨ ᠭᠠᠳᠠᠭᠠᠳᠤ ᠶᠢᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢ ᠮᠡᠳᠡᠷᠡᠬᠦ ᠦᠨᠡᠮᠯᠡᠯ ᠢᠶᠠᠨ ᠳᠡᠭᠡᠭᠰᠢ ᠳᠠᠮᠵᠢᠭᠤᠯᠬᠤ ᠬᠡᠷᠡᠭᠲᠡᠶ︔ 2004 ᠣᠨ ᠠᠴᠠ ᠡᠮᠦᠨ᠎ᠡ ᠲᠡᠭᠦᠰᠦᠭᠰᠡᠨ ᠰᠢᠯᠭᠠᠭᠤᠯᠤᠭᠴᠢ ᠴᠠᠭ ᠲᠤᠬᠠᠶ ᠳᠤ ᠨᠢ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ᠬᠢᠬᠦ ᠶᠢᠨ ᠬᠠᠮᠲᠤ ᠰᠤᠷᠤᠯᠭ᠎ᠠ ᠶᠢᠨ ᠨᠠᠮᠲᠠᠷ ᠦᠨᠡᠮᠯᠡᠯ ᠢᠶᠠᠨ ᠳᠡᠭᠡᠭᠰᠢ ᠳᠠᠮᠵᠢᠭᠤᠯᠬᠤ ᠬᠡᠷᠡᠭᠲᠡᠶ︶᠃  ︵ᠬᠤᠶᠠᠷ︶ ᠬᠢᠨᠠᠨ ᠬᠠᠷᠭᠤᠭᠤᠯᠤᠭᠰᠠᠨ ᠳ᠋ᠦᠩ ᠢ ᠪᠠᠶᠢᠴᠠᠭᠠᠬᠤ  2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ 22 ᠤᠨ ᠡᠳᠦᠷ ᠤᠨ 18 ᠴᠠᠭ ᠪᠣᠯᠲᠠᠯ᠎ᠠ᠂ ᠰᠢᠯᠭᠠᠭᠤᠯᠤᠭᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta.gov.cn ︶ ᠶᠢᠨ ᠬᠢᠷᠢ ᠬᠡᠮ ᠤᠨ ᠰᠢᠯᠭᠠᠯᠲᠠ ᠶᠢᠨ ᠪᠤᠯᠤᠩ ᠳᠤ ᠣᠷᠣᠵᠤ ᠬᠤᠪᠢ ᠬᠥᠮᠦᠨ ᠤ ᠮᠡᠳᠡᠭᠡ ᠵᠠᠩᠭᠢ ᠶᠢᠨ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠪᠠᠶᠢᠴᠠᠭᠠᠨ ᠦᠵᠡᠵᠦ ᠪᠣᠯᠤᠨ᠎ᠠ᠃  ᠬᠢᠨᠠᠨ ᠬᠠᠷᠭᠤᠭᠤᠯᠤᠭᠰᠠᠨ ᠪᠠᠶᠢᠳᠠᠯ ᠨᠢ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠶᠢ ᠥᠩᠭᠡᠷᠡᠭᠡᠪᠡ︾ ᠭᠡᠵᠦ ᠪᠠᠶᠢᠪᠠᠯ᠂ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠵᠠᠷᠯᠠᠯ ᠢ ᠴᠠᠭ ᠲᠤᠬᠠᠶ ᠳᠤ ᠨᠢ ᠪᠠᠶᠢᠴᠠᠭᠠᠨ ᠦᠵᠡᠵᠦ᠂ ᠵᠢᠭᠠᠨ ᠲᠣᠭᠲᠠᠭᠠᠭᠰᠠᠨ ᠴᠠᠭ ᠤᠨ ᠳᠣᠲᠣᠷ᠎ᠠ ᠰᠦᠢᠳᠬᠡᠯ ᠲᠤᠰᠢᠶᠠᠨ᠎ᠠ︔ ᠬᠢᠨᠠᠨ ᠬᠠᠷᠭᠤᠭᠤᠯᠤᠭᠰᠠᠨ ᠪᠠᠶᠢᠳᠠᠯ ᠨᠢ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠨᠢ ᠥᠩᠭᠡᠷᠡᠭᠰᠡᠨ ᠦᠭᠡᠢ︾ ᠭᠡᠵᠦ ᠪᠠᠶᠢᠪᠠᠯ᠂ ᠨᠡᠷ᠎ᠡ ᠮᠡᠳᠡᠭᠦᠯᠬᠦ ᠰᠢᠰᠲ᠋ᠧᠮ ᠳᠤ ᠨᠥᠬᠦᠪᠥᠷᠢ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠠᠶ᠋ᠢ ᠰᠦᠢᠳᠬᠡᠯ ᠲᠤᠰᠢᠶᠠᠨ᠎ᠠ᠃ 7 ᠳ᠋ᠤᠭᠠᠷ ᠰᠠᠷ᠎ᠠ ᠶᠢᠨ 22 ᠤᠨ ᠡᠳᠦᠷ ᠤᠨ 18 ᠴᠠᠭ ᠠᠴᠠ ᠬᠤᠶᠢᠰᠢ ᠨᠥᠬᠦᠪᠦᠷᠢᠯᠡᠬᠦ ᠮᠠᠲ᠋ᠧᠷᠢᠶᠠᠯ ᠢ ᠳᠠᠬᠢᠨ ᠳᠡᠭᠡᠭᠰᠢ ᠳᠠᠮᠵᠢᠭᠤᠯᠵᠤ ᠳᠡᠶᠢᠯᠬᠦ ᠦᠭᠡᠢ᠃  ︵ᠭᠤᠷᠪᠠ︶ ᠰᠢᠯᠭᠠᠯᠲᠠ ᠶᠢᠨ ᠰᠦᠢᠳᠭᠡᠯ ᠲᠤᠰᠢᠶᠠᠬᠤ  ᠰᠦᠢᠳᠬᠡᠯ ᠲᠤᠰᠢᠶᠠᠬᠤ ᠠᠷᠭ᠎ᠠ ᠬᠡᠯᠪᠡᠷᠢ᠄ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ︾ ᠰᠢᠯᠭᠠᠭᠤᠯᠤᠭᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta.gov.cn ︶ ᠶᠢᠨ ᠬᠢᠷᠢ ᠬᠡᠮ ᠤᠨ ᠰᠢᠯᠭᠠᠯᠲᠠ ᠶᠢᠨ ᠪᠤᠯᠤᠩ ᠳᠤ ᠣᠷᠣᠵᠤ᠂ ︽ᠨᠡᠷ᠎ᠡ ᠮᠡᠳᠡᠭᠦᠯᠬᠦ ᠰᠦᠢᠳᠭᠡᠯ ᠲᠤᠰᠢᠶᠠᠬᠤ︾ ᠴᠢᠳᠠᠮᠵᠢ ᠶᠢᠨ ᠪᠣᠺᠰ ᠢ ᠳᠣᠲᠣᠯᠠᠵᠤ᠂ ᠰᠢᠯᠭᠠᠭᠤᠯᠤᠭᠴᠢ ᠶᠢᠨ ᠮᠡᠳᠡᠭᠡ ᠵᠠᠩᠭᠢ ᠵᠢᠴᠢ ᠠᠯᠤᠰ ᠠᠴᠠ ᠲᠣᠭᠠᠴᠠᠭ᠎ᠠ ᠬᠢᠬᠦ ᠬᠤᠶᠠᠷ ᠬᠡᠮᠵᠢᠯᠳᠦ ᠺᠣᠳ᠋ ᠢ ᠪᠠᠶᠢᠴᠠᠭᠠᠨ ᠦᠵᠡᠵᠦ᠂ ᠺᠣᠳ᠋ ᠰᠢᠷᠪᠢᠵᠦ ᠰᠢᠭᠤᠳ ᠲᠣᠭᠠᠴᠠᠭ᠎ᠠ ᠬᠢᠨ᠎ᠡ ︵ᠲᠣᠭᠠᠴᠠᠭ᠎ᠠ ᠬᠢᠬᠦ ᠠᠷᠭ᠎ᠠ ᠬᠡᠯᠪᠡᠷᠢ  ᠨᠢ ᠸᠢᠴᠠᠲ ᠪᠤᠶᠤ ᡁᠢ ᠹᠦ᠋ ᠪᠣᠤ︶᠃  ᠲᠤᠰᠢᠶᠠᠬᠤ ᠵᠣᠭᠤᠰ ᠤᠨ ᠲᠤᠭ᠎ᠠ᠄ ᠺᠣᠳ᠋ ᠰᠢᠷᠪᠢᠭᠰᠡᠨ ᠤ ᠳᠠᠷᠠᠭ᠎ᠠ ᠰᠢᠯᠭᠠᠭᠤᠯᠤᠭᠴᠢ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠪᠢᠴᠢᠵᠦ ᠰᠦᠢᠳᠭᠡᠯ ᠲᠤᠰᠢᠶᠠᠨ᠎ᠠ᠃ ᠬᠤᠪᠢ ᠬᠥᠮᠦᠨ ᠤ ᠰᠢᠯᠲᠠᠭᠠᠨ ᠠᠴᠠ ᠪᠣᠯᠵᠣ ᠰᠢᠯᠭᠠᠯᠲᠠ ᠳᠤ ᠣᠷᠣᠯᠴᠠᠬᠤ ᠶᠢᠨ ᠠᠷᠭ᠎ᠠ ᠥᠬᠡᠶ ᠪᠠᠶᠢᠪᠠᠯ᠂ ᠨᠢᠭᠡᠨᠲᠡ ᠲᠤᠰᠢᠶᠠᠭᠰᠠᠨ ᠰᠢᠯᠭᠠᠯᠲᠠ ᠶᠢᠨ ᠰᠦᠢᠳᠭᠡᠯ ᠢ ᠪᠤᠴᠠᠭᠠᠬᠤ ᠥᠬᠡᠶ᠃  ᠰᠦᠢᠳᠬᠡᠯ ᠲᠤᠰᠢᠶᠠᠬᠤ ᠴᠠᠭ᠄ ᠰᠢᠯᠭᠠᠭᠤᠯᠤᠭᠴᠢ ︽ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ︾ ᠤ ᠳᠠᠷᠠᠭ᠎ᠠ᠂ ᠡᠷᠬᠡᠪᠰᠢ 7 ᠳ᠋ᠤᠭᠠᠷ ᠰᠠᠷ᠎ᠠ ᠶᠢᠨ 25 ᠤ ᠡᠳᠦᠷ ᠠᠴᠠ 29 ᠤ ᠡᠳᠦᠷ ᠪᠣᠯᠲᠠᠯᠠᠬᠢ ᠬᠤᠭᠤᠴᠠᠭᠠᠨ ᠳᠤ ᠰᠦᠢᠳᠬᠡᠯ ᠲᠤᠰᠢᠶᠠᠬᠤ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠰᠦᠢᠳᠬᠡᠯ ᠲᠤᠰᠢᠶᠠᠭᠰᠠᠨ ᠦᠭᠡᠶ ᠪᠣᠯ ᠨᠡᠷ᠎ᠡ ᠮᠡᠳᠡᠭᠦᠯᠵᠦ ᠳᠡᠶᠢᠯᠬᠦ ᠦᠭᠡᠶ ᠮᠥᠷᠲᠡᠭᠡᠨ ᠨᠥᠬᠦᠵᠦ ᠲᠤᠰᠢᠶᠠᠵᠤ ᠳᠡᠶᠢᠯᠬᠦ ᠦᠭᠡᠶ᠃  ᠭᠤᠷᠪᠠ᠂ ᠰᠢᠯᠭᠠᠭᠤᠯᠬᠤ ᠪᠠᠷ ᠵᠥᠪᠰᠢᠶᠡᠷᠡᠭᠰᠡᠨ ᠦᠨᠡᠮᠯᠡᠯ ᠤᠨ ᠳᠠᠷᠤᠮᠠᠯᠯᠠᠬᠤ  ᠴᠠᠭ  ᠨᠡᠷ᠎ᠡ ᠮᠡᠳᠡᠭᠦᠯᠵᠦ ᠰᠦᠢᠳᠬᠡᠯ ᠲᠤᠰᠢᠶᠠᠭᠠᠳ ᠳᠡᠶᠢᠯᠪᠡᠯ ᠰᠢᠯᠭᠠᠭᠤᠯᠤᠭᠴᠢ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠨᠡᠷ᠎ᠡ ᠮᠡᠳᠡᠭᠦᠯᠬᠦ ᠰᠦᠯᠵᠢᠶᠡᠨ ᠳᠤ ᠳᠠᠩᠰᠠᠯᠠᠵᠤ᠂ ᠰᠢᠯᠭᠠᠭᠤᠯᠬᠤ ᠪᠠᠷ ᠵᠥᠪᠰᠢᠶᠡᠷᠡᠭᠰᠡᠨ ᠦᠨᠡᠮᠯᠡᠯ ᠢ ᠪᠠᠭᠤᠯᠭᠠᠨ ᠠᠪᠴᠤ ᠪᠣᠯᠤᠨ᠎ᠠ᠃  ᠲᠦᠷᠪᠡ᠂ ᠰᠢᠯᠭᠠᠬᠤ ᠬᠢᠴᠢᠶᠡᠯ ᠲᠥᠷᠥᠯ  ︵ᠨᠢᠭᠡ︶ ᠶᠡᠷᠦᠩᠬᠡᠶᠢᠯᠡᠭᠰᠡᠨ ᠮᠡᠳᠡᠯᠭᠡ  ︵ᠬᠤᠶᠠᠷ︶ ᠷᠠᠳᠢᠣ᠋ ᠲᠧᠯᠸᠢᠰ ᠤᠨ ᠦᠨᠳᠦᠰᠦᠨ ᠮᠡᠳᠡᠯᠭᠡ  ︵ᠭᠤᠷᠪᠠ︶ ᠷᠠᠳᠢᠣ᠋ ᠲᠧᠯᠸᠢᠰ ᠤᠨ ᠨᠡᠪᠳᠡᠷᠡᠭᠦᠯᠭᠡ ᠬᠥᠲᠦᠯᠦᠯᠭᠡ ᠶᠢᠨ ᠲᠤᠬᠠᠶᠢᠯᠠᠭᠰᠠᠨ ᠠᠵᠢᠯ ︵ᠪᠢᠷ ᠤᠨ ᠰᠢᠯᠭᠠᠯᠲᠠ︶  ︵ᠳᠥᠷᠪᠡ︶ ᠷᠠᠳᠢᠣ᠋ ᠲᠧᠯᠸᠢᠰ ᠤᠨ ᠨᠡᠪᠲᠡᠷᠡᠭᠦᠯᠭᠡ ᠬᠥᠲᠦᠯᠦᠯᠭᠡ ᠶᠢᠨ ᠲᠤᠬᠠᠶᠢᠯᠠᠭᠰᠠᠨ ᠠᠵᠢᠯ ︵ᠶᠠᠷᠢᠶᠠᠨ᠋ ᠤ ᠰᠢᠯᠭᠠᠯᠲᠠ︶  ᠲᠠᠪᠤ᠂ ᠰᠦᠢᠳᠬᠡᠯ ᠬᠤᠷᠢᠶᠠᠬᠤ ᠪᠠᠷᠢᠮᠵᠢᠶ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽ᠷᠠᠳᠢᠣ᠋ ᠲᠧᠯᠸᠢᠰ ᠤᠨ ᠠᠵᠢᠯ ᠡᠷᠬᠢᠯᠡᠭᠰᠡᠳ ᠤᠨ ᠬᠢᠷᠢ ᠭᠡᠮ ᠤᠨ ᠰᠢᠯᠭᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠬᠠᠶ ᠵᠠᠬᠢᠳᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢᠳᠭᠡᠯ ᠦᠰᠦᠭ ﹇2008﹈ 995 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠨᠡᠪᠲᠡᠷᠡᠭᠦᠯᠦᠭᠴᠢ ᠬᠥᠲᠥᠯᠥᠭᠴᠢ ᠶᠢᠨ ᠬᠢᠷᠢ ᠭᠡᠮ ᠤᠨ ᠰᠢᠯᠭᠠᠯᠲᠠ ᠳᠤ ᠣᠷᠣᠯᠴᠠᠭᠰᠠᠳ ᠲᠤ ᠰᠢᠯᠭᠠᠯᠲᠠ ᠶᠢᠨ ᠶᠠᠪᠤᠳᠠᠯ ᠤᠨ ᠪᠢᠷ ᠤᠨ ᠰᠢᠯᠭᠠᠯᠲᠠ ᠳᠤ ᠬᠥᠮᠦᠨ ᠨᠢᠭᠡᠪᠦᠷᠢ ᠬᠢᠴᠢᠶᠡᠯ ᠪᠦᠷᠢ ᠳᠤ ᠪᠠᠨ 90 ᠲᠥᠭᠦᠷᠢᠭ ᠲᠤᠰᠢᠶᠠᠵᠤ᠂ ᠶᠠᠷᠢᠶᠠᠨ ᠤ ᠰᠢᠯᠭᠠᠯᠲᠠ ᠨᠢ ᠬᠥᠮᠦᠨ ᠨᠢᠭᠡᠪᠦᠷᠢ ᠬᠢᠴᠢᠶᠡᠯ ᠪᠦᠷᠢ ᠳᠤ ᠪᠠᠨ 100 ᠲᠥᠭᠦᠷᠢᠭ ᠲᠤᠰᠢᠶᠠᠨ᠎ᠠ᠃  ᠵᠢᠷᠭᠤᠭ᠎ᠠ᠂ ᠪᠤᠰᠤᠳ ᠵᠦᠢᠯ  ︵ᠨᠢᠭᠡ︶ 2024 ᠣᠨ ᠠᠴᠠ ᠡᠬᠢᠯᠡᠨ᠂ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠶᠢ ᠺᠣᠮᠫᠢᠦ᠋ᠲ᠋ᠧᠷ ᠤᠨ ᠰᠢᠯᠭᠠᠯᠲᠠ ︵ᠪᠢᠷ ᠤᠨ ᠰᠢᠯᠭᠠᠯᠲᠠ ᠶᠢ ᠺᠣᠮᠫᠢᠦ᠋ᠲ᠋ᠧᠷ ᠢᠶᠠᠷ ᠬᠠᠷᠢᠭᠤᠯᠵᠤ᠂ ᠶᠠᠷᠢᠶᠠᠨ ᠤ ᠰᠢᠯᠭᠠᠯᠲᠠ ᠶᠢᠨ ᠠᠷᠭ᠎ᠠ ᠬᠡᠯᠪᠡᠷᠢ ᠳᠤ ᠬᠤᠪᠢᠷᠠᠯᠲᠠ ᠦᠭᠡᠢ︶ ᠪᠣᠯᠭᠠᠨ ᠥᠭᠡᠷᠡᠴᠢᠯᠡᠪᠡ᠃ ᠰᠢᠯᠭᠠᠭᠤᠯᠤᠭᠴᠢ ᠶᠢᠨ ᠰᠢᠯᠭᠠᠯᠲᠠ ᠶᠢᠨ ᠰᠢᠰᠲ᠋ᠧᠮ ᠢ ᠰᠠᠶᠢᠨ ᠣᠶᠢᠯᠠᠭᠠᠬᠤ ᠪᠠ ᠺᠣᠮᠫᠢᠦ᠋ᠲ᠋ᠧᠷ ᠤᠨ ᠰᠢᠯᠭᠠᠯᠲᠠ ᠶᠢᠨ ᠠᠷᠭ᠎ᠠ ᠬᠡᠯᠪᠡᠷᠢ ᠳᠤ ᠵᠣᠬᠢᠴᠠᠭᠤᠯᠬᠤ ᠳᠤ ᠲᠥᠬᠦᠮ ᠪᠣᠯᠭᠠᠬᠤ ᠶᠢᠨ ᠲᠥᠯᠥᠭᠡ᠂ ᠰᠢᠯᠭᠠᠭᠤᠯᠤᠭᠴᠢ 8 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ http://gdys.ks365.org/ ᠳᠤ ᠣᠷᠣᠵᠣ ᠪᠢᠷ ᠤᠨ ᠰᠢᠯᠭᠠᠯᠲᠠ ᠶᠢᠨ ᠳᠠᠰᠬᠠᠯᠵᠢᠭᠤᠯᠤᠯᠲᠠ ᠬᠢᠵᠦ ᠪᠣᠯᠤᠨ᠎ᠠ᠃  ︵ᠬᠤᠶᠠᠷ︶ 2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠭᠰᠠᠨ ᠬᠥᠮᠦᠰ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠭᠰᠠᠨ ︽2024 ᠣᠨ ᠤ ᠪᠥᠬᠦ ᠤᠯᠤᠰ ᠤᠨ ᠷᠠᠳᠢᠣ᠋ ᠲᠧᠯᠸᠢᠰ ᠤᠨ ᠨᠡᠪᠲᠡᠷᠡᠭᠦᠯᠦᠭᠴᠢ ᠬᠦᠲᠦᠯᠦᠭᠴᠢ ᠶᠢᠨ ᠬᠢᠷᠢ ᠬᠡᠮ ᠤᠨ ᠰᠢᠯᠭᠠᠯᠲᠠ ᠶᠢᠨ ᠬᠥᠲᠥᠯᠪᠦᠷᠢ︾ ᠶᠢ ᠦᠨᠳᠦᠰᠦᠯᠡᠨ ᠳᠠᠪᠲᠠᠬᠤ ᠪᠠ ᠰᠢᠯᠭᠠᠯᠲᠠ ᠳᠤ ᠪᠡᠯᠡᠳᠬᠡᠵᠦ ᠪᠣᠯᠤᠨ᠎ᠠ᠃  ︵ᠭᠤᠷᠪᠠ︶ ᠴᠥᠭᠡᠨ ᠲᠣᠭᠠᠲᠤ ᠦᠨᠳᠦᠰᠦᠲᠡᠨ ᠤ ᠰᠢᠯᠭᠠᠭᠤᠯᠤᠭᠴᠢ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠢᠶᠠᠨ ᠬᠠᠷᠢᠭᠤᠯᠤᠭᠰᠠᠨ ᠴᠦ ᠪᠣᠯᠤᠨ᠎ᠠ᠂ ᠪᠠᠰᠠ ᠨᠢᠭᠡᠳᠦᠯᠲᠡᠢ ᠦᠭᠡ ᠬᠡᠯᠡ ᠦᠰᠦᠭ ᠪᠢᠴᠢᠭ ᠢᠶᠠᠷ ᠬᠠᠷᠢᠭᠤᠯᠤᠭᠰᠠᠨ ᠴᠤ ᠪᠣᠯᠤᠨ᠎ᠠ᠂ ᠭᠡᠪᠡᠴᠦ ᠲᠤᠰ ᠵᠢᠯ ᠤᠨ ᠰᠢᠯᠭᠠᠭᠤᠯᠤᠭᠰᠠᠨ ᠡᠯ᠎ᠡ ᠬᠢᠴᠢᠶᠡᠯ ᠲᠥᠷᠥᠯ ᠤᠨ ᠬᠠᠷᠢᠭᠤᠯᠲᠠ ᠶᠢᠨ ᠬᠠᠭᠤᠳᠠᠰᠤᠨ ︵ᠶᠠᠷᠢᠶᠠᠨ ᠤ ᠰᠢᠯᠭᠠᠯᠲᠠ ᠶᠢ ᠪᠠᠭᠲᠠᠭᠠᠨ᠎ᠠ︶ ᠳᠤ ᠠᠳᠠᠯᠢ ᠨᠢᠭᠡᠨ ᠵᠦᠢᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠨ᠎ᠡ᠃ ᠬᠡᠷᠪᠡ ᠲᠤᠰ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠡᠷᠡᠭᠯᠡᠪᠡᠯ᠂ ᠰᠢᠯᠭᠠᠯᠲᠠ ᠶᠢᠨ ᠠᠷᠭ᠎ᠠ ᠬᠡᠯᠪᠡᠷᠢ ᠨᠢ᠄ ᠪᠡᠶᠡᠴᠢ ᠰᠡᠳᠦᠪ ᠢ  ᠭᠠᠷ ᠢᠶᠠᠷ ᠢᠶᠠᠨ ᠪᠢᠴᠢᠵᠦ᠂ ᠪᠤᠰᠤᠳᠴᠢ ᠰᠡᠳᠦᠪ ᠢ ᠺᠣᠮᠫᠢᠦ᠋ᠲ᠋ᠧᠷ ᠢᠶᠠᠷ ᠬᠠᠷᠢᠭᠤᠯᠤᠨ᠎ᠠ ᠃  ︵ᠳᠥᠷᠪᠡ︶ 2025 ᠣᠨ ᠤ 1 ᠳ᠋ᠦ᠋ᠭᠡᠷ ᠰᠠᠷ᠎ᠠ ᠳᠤ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠵᠦ᠂ ᠰᠢᠯᠭᠠᠯᠲᠠ ᠶᠢᠨ ᠬᠢᠷᠢ ᠲᠡᠩᠴᠡᠯᠲᠡ ᠶᠢᠨ ᠪᠠᠷᠢᠮᠵᠢᠶ᠎ᠠ ᠶᠢ ᠨᠡᠶᠢᠲᠡᠯᠡᠨ᠎ᠡ᠃ ᠲᠤᠬᠠᠢ ᠶᠢᠨ ᠦᠶ᠎ᠡ ᠳᠤ᠂ ᠰᠢᠯᠭᠠᠭᠤᠯᠤᠭᠴᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠶᠢᠨ ᠠᠯᠪᠠᠨ ᠰᠦᠯᠵᠢᠶ᠎ᠡ ︵www.nrta.gov.cn ︶ ᠶᠢᠨ ᠬᠢᠷᠢ ᠬᠡᠮ ᠤᠨ ᠰᠢᠯᠭᠠᠯᠲᠠ ᠶᠢᠨ ᠪᠣᠯᠤᠩ ᠳᠤ ᠣᠷᠣᠵᠤ ᠯᠠᠪᠯᠠᠨ ᠦᠵᠡᠵᠦ ᠪᠣᠯᠣᠨ᠎ᠠ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠤᠨ ᠲᠤᠪᠴᠢᠶ᠎ᠠ ᠶᠢᠨ ᠬᠢᠷᠢ ᠭᠡᠮ ᠤᠨ ᠰᠢᠯᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ2024 ᠣᠨ ᠤ 6 ᠳ᠋ᠤᠭᠠᠷ ᠰᠠᠷ᠎ᠠ ᠶᠢᠨ 24 ᠤ ᠡᠳᠦᠷ 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map