ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ ᠬᠢᠭᠡᠳ ᠪᠧᠩᠭᠠᠯ ᠤᠯᠤᠰ ᠤᠨ ᠰᠣᠨᠢᠨ ᠮᠡᠳᠡᠭᠡ ᠪᠠ ᠷᠠᠳᠢᠣ᠋ ᠨᠡᠪᠲᠡᠷᠡᠭᠦᠯᠭᠡ ᠶᠢᠨ ᠶᠠᠮᠤᠨ ᠰᠠᠯᠠᠭ᠎ᠠ ᠮᠥᠴᠢᠷ ᠨᠢ ᠷᠠᠳᠢᠣ᠋ ᠲᠧᠯᠸᠢᠰ ᠤᠨ ᠬᠦᠷᠢᠶᠡᠨ ᠳᠠᠬᠢ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/7/11
  7 ᠳ᠋ᠤᠭᠠᠷ ᠰᠠᠷ᠎ᠠ ᠶᠢᠨ 10 ᠤ ᠡᠳᠦᠷ ᠳᠦᠷᠤ ᠶᠢᠨ ᠶᠠᠪᠤᠲᠠᠯ ᠤᠨ ᠬᠤᠷᠢᠶᠠᠨ ᠤ ᠶᠠᠷᠣᠩᠭᠡᠢ ᠰᠠᠶᠢᠣᠠ ᠯᠢ ᠴᠢᠶᠠᠩ ᠪᠤᠯᠣᠠ ᠳᠣᠮᠲᠠᠲᠤ ᠤᠯᠤᠰ ᠲᠤ ᠠᠶᠢᠯᠴᠢᠯᠠᠬᠤ ᠪᠠᠷ ᠢᠷᠠᠭᠰᠠᠨ ᠪᠧᠩᠭᠠᠯ ᠤᠯᠤᠰ ᠤᠨ ᠶᠠᠷᠣᠩᠭᠡᠢ ᠰᠠᠶᠢᠣᠠ ᠰᠢᠺᠠᠨ·ᠬᠠᠰᠢᠨᠠ ᠶᠢᠨ ᠬᠠᠮᠲᠤ ᠶᠢᠨ ᠬᠡᠷᠠᠴᠢ ᠳᠣᠣᠷ᠎ᠠ᠂ ᠤᠯᠤᠰ ᠤᠨ ᠷᠠᠳᠢᠣ᠋ ᠲᠧᠯᠧᠢᠰ ᠤᠨ ᠶᠠᠷᠣᠩᠭᠡᠢ ᠳᠣᠪᠴᠢᠶᠠᠨ ᠲᠠᠷᠤᠭ᠎ᠠ ᠼᠣᠤ ᠱᠤ᠋ ᠮᠢᠠ ᠪᠤᠯᠣᠠ ᠪᠧᠩᠭᠠᠯ ᠤᠯᠤᠰ ᠤᠨ ᠤᠯᠤᠰ ᠤᠨ ᠲᠧᠯᠧᠢᠰ ᠬᠤᠷᠢᠶᠠᠨ ᠤ ᠲᠠᠷᠤᠭ᠎ᠠ ᠮᠠᠬᠠᠮᠣᠣᠠ· ᠵᠢᠶᠠᠬᠠᠨᠵᠢᠷ· ᠠᠯᠠᠮ ᠪᠡᠭᠡᠵᠢᠩ ᠳᠤ ︽ ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠬᠢᠭᠡᠳ ᠪᠧᠩᠭᠠᠯ ᠤᠯᠤᠰ ᠤᠨ ᠠᠷᠠᠣᠠ ᠤᠨ ᠰᠣᠨᠢᠠ ᠮᠡᠳᠡᠭᠡ ᠪᠠ ᠷᠠᠳᠢᠣ᠋ ᠨᠡᠪᠲᠡᠷᠡᠭᠦᠯᠭᠡ ᠶᠢᠨ ᠬᠠᠮᠲᠣᠷᠠᠯᠴᠠᠭᠠᠨ ᠤ ᠰᠠᠨᠠᠮᠵᠢ ᠶᠢᠨ ᠪᠢᠴᠢᠭ ︾  ᠲᠤ ᠭᠠᠷ ᠤᠨ ᠦᠰᠦᠭ ᠵᠢᠷᠣᠪᠠ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠷᠠᠳᠢᠣ᠋ ᠲᠧᠯᠸᠢᠰ ᠤᠨ ᠬᠦᠷᠢᠶᠡᠨ ᠳᠠᠬᠢ ᠲᠦᠷᠦ ᠶᠢᠨ ᠪᠤᠳᠤᠯᠭ᠎ᠠ ᠶᠢᠨ ᠨᠡᠪᠲᠡᠷᠡᠯᠴᠡᠭᠡ᠂ ᠫᠷᠤᠭ᠍ᠷᠠᠮ ᠤᠨ ᠰᠣᠯᠢᠯᠴᠠᠭ᠎ᠠ᠂ ᠬᠠᠮᠲᠤᠷᠠᠨ ᠦᠢᠯᠡᠳᠬᠦ᠂ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ ᠠᠵᠤ ᠦᠢᠯᠡᠰ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠳᠡᠮᠵᠢᠬᠦ ᠪᠣᠯᠣᠨ᠎ᠠ ᠃  ᠪᠧᠩᠭᠠᠯ ᠤᠯᠤᠰ ᠤᠨ ᠰᠣᠨᠢᠨ ᠮᠡᠳᠡᠭᠡ ᠪᠠ ᠷᠠᠳᠢᠣ᠋ ᠨᠡᠪᠲᠡᠷᠡᠭᠦᠯᠭᠡ ᠶᠢᠨ ᠶᠠᠮᠤᠨ ᠠᠴᠠ ᠪᠧᠩᠭᠠᠯ ᠤᠯᠤᠰ ᠤᠨ ᠳᠣᠲᠣᠭᠠᠳᠤ ᠶᠢᠨ ᠰᠣᠨᠢᠨ ᠮᠡᠳᠡᠭᠡ ᠪᠠ ᠵᠠᠭᠤᠴᠢᠯᠠᠭᠤᠷ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠷᠢᠭᠤᠴᠠᠵᠤ᠂ ᠪᠧᠩᠭᠠᠯ ᠤᠯᠤᠰ ᠤᠨ ᠲᠧᠯᠸᠢᠰ ᠬᠤᠷᠢᠶ᠎ᠠ᠂ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠵᠢᠴᠢ ᠷᠠᠳᠢᠣ᠋ ᠲᠧᠯᠸᠢᠰ ᠤᠨ ᠦᠵᠡᠵᠦ ᠰᠣᠨᠣᠰᠬᠤ ᠪᠤᠰᠤᠳ ᠪᠠᠶᠢᠭᠤᠯᠤᠮᠵᠢ ᠶᠢ ᠬᠢᠨᠠᠨ ᠬᠠᠮᠢᠶᠠᠷᠤᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map