ᠬᠤᠶᠠᠷ ᠶᠠᠮᠤᠨ ᠬᠤᠷᠢᠶ᠎ᠠ ︽ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠬᠤᠶᠠᠳᠤᠭᠠᠷ᠂ ᠭᠤᠷᠪᠠᠳᠤᠭᠠᠷ ᠱᠠᠲᠤᠨ ᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/7/12
  ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ︽ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠬᠤᠶᠠᠳᠤᠭᠠᠷ᠂ ᠭᠤᠷᠪᠠᠳᠤᠭᠠᠷ ᠱᠠᠲᠤᠨ ᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ᠃ ᠬᠤᠶᠠᠷ ᠰᠠᠯᠠᠭ᠎ᠠ ᠮᠥᠴᠢᠷ ᠤᠨ ᠬᠢᠨ ᠲᠥᠪ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠠᠵᠤ ᠦᠢᠯᠡᠰ ᠤᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠨᠢᠭᠲᠠ ᠬᠠᠮᠵᠢᠯᠴᠠᠵᠤ᠂ ᠭᠦᠨᠵᠡᠭᠡᠢ ᠬᠠᠮᠲᠤᠷᠠᠯᠴᠠᠵᠤ᠂ ᠡᠨᠡ ᠵᠢᠯ ᠤᠨ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠠᠵᠢᠯ ᠤᠨ ᠬᠠᠷᠠᠯᠲᠠ᠂ ᠠᠵᠢᠯ ᠤᠨ ᠵᠣᠬᠢᠴᠠᠮᠵᠢ᠂ ᠡᠭᠦᠷᠭᠡ ᠠᠷᠭ᠎ᠠ ᠬᠡᠮᠵᠢᠶ᠎ᠡ ᠪᠣᠯᠣᠨ ᠬᠡᠷᠡᠭᠵᠢᠭᠦᠯᠬᠦ ᠲᠥᠯᠥᠪᠯᠡᠭᠡ ᠶᠢ ᠬᠠᠮᠲᠤ ᠪᠠᠷ ᠳᠤᠷᠠᠳᠴᠤ᠂ ᠠᠯᠤᠰ ᠡᠵᠡᠮᠰᠢᠭᠦᠷ ᠢ ᠴᠥᠬᠡᠳᠭᠡᠵᠦ ᠳᠦᠭᠦᠮᠴᠢᠯᠡᠬᠦ᠂ ᠰᠢᠭᠢᠳᠭᠡᠯ ᠬᠡᠯᠪᠡᠷᠢ ᠶᠢᠨ ᠪᠢᠴᠢᠯ ᠲᠧᠯᠸᠢᠰ ᠤᠨ ᠳᠠᠪᠲᠠᠮᠵᠢ ᠬᠦᠯᠢᠶᠡᠭᠦᠷ  ᠢ ᠰᠤᠳᠤᠯᠤᠨ ᠨᠡᠭᠡᠭᠡᠵᠦ ᠳᠡᠯᠭᠡᠷᠡᠭᠦᠯᠬᠦ ᠂ ᠲᠧᠯᠸᠢᠰ ᠤᠨ ᠲᠠᠪᠲᠠᠮᠵᠢ ᠬᠦᠯᠢᠶᠡᠭᠦᠷ ᠤᠨ ᠳᠤᠳᠤᠷ᠎ᠠ ᠪᠠᠶᠢᠷᠢᠰᠢᠭᠤᠯᠤᠯᠲᠠ ᠶᠢ ᠠᠬᠢᠭᠤᠯᠬᠤ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠨ ᠬᠠᠮᠢᠶᠠᠷᠬᠤ ᠵᠣᠬᠢᠴᠠᠮᠵᠢ ᠶᠢ ᠪᠠᠶᠢᠭᠤᠯᠤᠨ ᠪᠦᠷᠢᠨᠰᠢᠬᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠴᠠᠭ ᠤᠨ ᠬᠦᠰᠦᠨᠦᠭᠲᠦ ᠪᠣᠯᠣᠨ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠠᠵᠤ ᠦᠢᠯᠡᠰ ᠤᠨ ᠬᠡᠯᠬᠢᠶᠡᠨ ᠤ ᠡᠯ᠎ᠡ ᠲᠠᠯ᠎ᠠ ᠶᠢᠨ ᠬᠠᠮᠵᠢᠯᠴᠠᠨ ᠬᠦᠴᠦᠯᠡᠬᠦ ᠶᠢ ᠵᠢᠯᠣᠭᠤᠳᠴᠤ᠂ ᠲᠧᠯᠸᠢᠰ ᠪᠠ ᠲᠧᠯᠸᠢᠰ ᠤᠨ ᠳᠠᠪᠳᠠᠮᠵᠢ ᠬᠦᠯᠢᠶᠡᠭᠦᠷ  ᠢ ᠰᠠᠯᠭᠠᠭᠰᠠᠨ ᠠᠴᠠ ᠪᠣᠯᠤᠭᠰᠠᠨ ︽ᠬᠤᠯᠪᠣᠭᠠᠰᠤ ᠤᠯᠠᠨ᠂ ᠠᠯᠤᠰ ᠡᠵᠡᠮᠰᠢᠭᠦᠷ ᠤᠯᠠᠨ᠂ ᠦᠵᠡᠮᠦᠷᠢ ᠦᠭᠡᠢ︾ ᠠᠰᠠᠭᠤᠳᠠᠯ ᠢ ᠰᠢᠰᠲ᠋ᠧᠮ ᠲᠠᠢ ᠭᠦᠨᠵᠡᠭᠡᠢ ᠰᠢᠢᠳᠪᠦᠷᠢᠯᠡᠵᠦ᠂ ᠲᠧᠯᠸᠢᠰ ᠤᠨ ᠪᠤᠳᠤᠯᠢᠶᠠᠨᠲᠤ ᠠᠵᠢᠯᠯᠠᠭᠠᠨ ᠤ ᠵᠠᠰᠠᠯᠲᠠ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠨ᠎ᠠ᠃ 
ᠢᠷᠡᠯᠲᠡ᠄ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ
Baidu
map