ᠤᠯᠤᠰ ᠤᠨ ᠷᠠᠳᠢᠣ᠋ ᠲᠧᠯᠸᠢᠰ ᠤᠨ ᠣᠶᠤᠨ ᠤ ᠬᠥᠮᠥᠷᠭᠡ ᠶᠢᠨ ᠠᠯᠪᠠᠨ ᠨᠣᠮᠧᠷ ᠣᠶᠢᠷ᠎ᠠ ᠳᠤ ᠷᠠᠳᠢᠣ᠋ ᠲᠧᠯᠸᠢᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠲᠠᠯ᠎ᠠ ᠪᠠᠷ ᠬᠢ ᠬᠠᠶᠢᠨ ᠰᠦᠪᠡᠭᠴᠢᠯᠡᠯᠲᠡ ᠪᠣᠯᠤᠨ ᠪᠣᠳᠣᠯᠬᠢᠯᠠᠯ ᠢ ᠦᠷᠭᠦᠯᠵᠢᠯᠡᠨ ᠨᠡᠶᠢᠲᠡᠯᠡᠪᠡ᠃ ᠥᠨᠥᠳᠦᠷ ᠰᠡᠳᠭᠦᠯ ᠳᠤ ᠪᠠᠨ ︽ᠷᠠᠳᠢᠣ᠋ | ᠲᠧᠯᠧᠢᠰ ᠤᠨ ᠰᠢᠨ᠎ᠡ ᠦᠢᠯᠡᠳᠪᠦᠷᠢᠯᠡᠯ ᠤᠨ ᠬᠦᠴᠦᠨ ᠢ ᠬᠠᠯᠠᠮᠵᠢᠯᠠᠶ᠎ᠠ︾ ᠰᠢᠷᠢᠰ ᠵᠣᠬᠢᠶᠠᠯ ᠤᠨ ᠲᠠᠪᠤᠳᠤᠭᠠᠷ ᠬᠤᠪᠢ ᠶᠢ ᠨᠡᠶᠢᠲᠡᠯᠡᠵᠡᠶ᠃ ᠵᠢᠶᠠᠩᠰᠢ ᠶᠢᠨ ᠷᠠᠳᠢᠣ᠋ | ᠲᠧᠯᠸᠢᠰ ᠬᠤᠷᠢᠶᠠᠨ ᠤ ᠡᠳᠦᠭᠡᠬᠢ ᠸᠢᠳᠢᠣ᠋ ᠨᠢ ᠵᠣᠬᠢᠶᠠᠮᠠᠯ ᠣᠶᠣᠨ ᠢᠶᠠᠷ ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠬᠦᠴᠦ ᠣᠯᠭᠤᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ ᠳᠤ ᠬᠠᠶᠢᠨ ᠰᠦᠪᠡᠭᠴᠢᠯᠡᠨ ᠦᠢᠯᠡᠳᠦᠯᠭᠡᠵᠢᠭᠦᠯᠬᠦ ᠪᠣᠯᠣᠨ᠎ᠠ᠂ ᠠᠩᠬᠠᠷᠤᠯ ᠢᠶᠠᠨ ᠬᠠᠨᠲᠤᠭᠤᠯᠤᠭᠠᠷᠠᠢ ᠃ | ᠡᠳᠦᠭᠡᠬᠢ ᠸᠢᠳᠢᠣ᠋ ᠪᠣᠯ ᠵᠢᠶᠠᠩᠰᠢ ᠶᠢᠨ ᠷᠠᠳᠢᠣ᠋ ᠲᠧᠯᠸᠢᠰ ᠬᠤᠷᠢᠶ᠎ᠠ ︵ᠪᠦᠯᠦᠭᠯᠡᠯ︶ ᠶᠢᠨ ᠠᠯᠪᠠᠨ ᠤ ᠲᠠᠯ᠎ᠠ ᠶᠢᠨ ᠬᠡᠷᠡᠭᠯᠡᠭᠴᠢ ᠶᠢᠨ ᠦᠵᠦᠭᠦᠷ ᠪᠣᠯᠤᠨ᠎ᠠ᠂ | 2021 ᠣᠨ ᠤ 12 ᠳ᠋ᠤᠭᠠᠷ ᠰᠠᠷ᠎ᠠ ᠶᠢᠨ 21 ᠤ ᠡᠳᠦᠷ ᠰᠦᠯᠵᠢᠶᠡᠨ ᠳᠤ ᠭᠠᠷᠭᠠᠵᠤ᠂ ︽ᠰᠣᠨᠢᠨ ᠮᠡᠳᠡᠭᠡ + ᠵᠠᠰᠠᠭ ᠤᠨ ᠶᠠᠪᠤᠳᠠᠯ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡ︾ ᠪᠠᠷ ᠪᠠᠶᠢᠷᠢ ᠲᠣᠭᠲᠠᠭᠠᠯᠲᠠ ᠪᠣᠯᠭᠠᠵᠤ᠂ ︽ᠰᠣᠨᠢᠷᠬᠠᠯᠲᠤ ᠨᠡᠶᠢᠭᠡᠮ ᠲᠣᠭᠤᠷᠢᠭ + PUGC + ᠮᠡᠷᠭᠡᠵᠢᠯ ᠤᠨ ᠰᠢᠨ᠎ᠡ | ᠡᠭᠦᠳᠦᠯᠲᠡ︾ ᠶᠢᠨ ᠬᠠᠶᠢᠨ ᠰᠦᠪᠡᠭᠴᠢᠯᠡᠯᠲᠡ ᠦᠢᠯᠡᠳᠦᠯᠭᠡᠵᠢᠭᠦᠯᠭᠡ ᠲᠠᠢ ᠤᠶᠠᠯᠳᠤᠭᠤᠯᠤᠨ᠂ ᠰᠣᠨᠢᠨ ᠮᠡᠳᠡᠭᠡᠨ ᠤ ᠮᠡᠳᠡᠭᠡ ᠵᠠᠩᠭᠢ᠂ ᠠᠷᠠᠳ ᠤᠨ ᠠᠮᠢᠳᠤᠷᠠᠯ ᠤᠨ | ᠦᠢᠯᠡᠴᠢᠯᠡᠭᠡ᠂ ᠬᠠᠶᠢᠷ᠎ᠠ ᠰᠡᠳᠬᠢᠯᠭᠡ ᠶᠢᠨ ᠠᠮᠢᠳᠤᠷᠠᠯ ᠵᠡᠷᠭᠡ ᠡᠭᠴᠡ ᠬᠦᠷᠢᠶ᠎ᠡ ᠴᠠᠷᠠᠭ᠎ᠠ ᠶᠢ ᠭᠦᠨᠵᠡᠭᠡᠶ ᠨᠡᠭᠡᠭᠡᠵᠦ᠂ ᠰᠢᠨ᠎ᠡ ᠦᠢᠯᠡᠳᠬᠦᠨ᠂ ᠰᠢᠨ᠎ᠡ ᠦᠢᠯᠡᠴᠢᠯᠡᠭᠡ᠂ | ᠰᠢᠨ᠎ᠡ ᠪᠡᠶᠡᠴᠢᠯᠡᠨ ᠣᠶᠢᠯᠠᠭᠠᠬᠤ ᠬᠥᠳᠡᠯᠭᠡᠭᠦᠷ ᠲᠠᠪᠴᠠᠩ ᠤᠨ ᠬᠥᠭᠵᠢᠯᠲᠡ ᠪᠠᠷ ᠤᠳᠤᠷᠢᠳᠤᠮᠵᠢ ᠪᠣᠯᠭᠠᠪᠠ᠃ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ | ᠲᠣᠪᠴᠢᠶ᠎ᠠ ᠶᠢᠨ ︽ᠰᠢᠨ᠎ᠡ ᠴᠠᠭ ᠦᠶ᠎ᠡ • ᠰᠢᠨ᠎ᠡ ᠨᠠᠷᠠᠲᠤ ᠲᠡᠮᠲᠡᠭᠲᠦ • ᠰᠢᠨ᠎ᠡ ᠨᠥᠯᠥᠭᠡ︾ ᠶᠢᠨ ᠪᠥᠬᠦ ᠤᠯᠤᠰ ᠤᠨ ᠷᠠᠳᠢᠣ᠋ ᠲᠧᠯᠸᠢᠰ ᠤᠨ | ᠵᠠᠭᠤᠴᠢᠯᠠᠭᠤᠷ ᠤᠨ ᠠᠭᠤᠰᠤᠯᠴᠠᠯ ᠤᠨ ᠰᠢᠨ᠎ᠡ ᠨᠠᠷᠠᠲᠤ ᠲᠡᠮᠳᠡᠭᠲᠦ᠂ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠳᠤ | ᠠᠩᠬᠠᠳᠠᠭᠴᠢ ᠪᠦᠯᠦᠭ ᠢᠶᠠᠷ ᠰᠣᠩᠭᠤᠭᠳᠠᠪᠠ᠃ | ᠣᠳᠣᠬᠠᠨ ᠳᠤ᠂ ᠰᠢᠨ᠎ᠡ ᠮᠡᠷᠭᠡᠵᠢᠯ ᠤᠨ ᠬᠡᠷᠡᠭᠯᠡᠭᠡᠨ ᠤ ᠲᠠᠯ᠎ᠠ ᠪᠠᠷ᠂ ᠡᠳᠦᠭᠡᠬᠢ ᠸᠢᠳᠢᠣ᠋ ︽ᠰᠢᠨ᠎ᠡ ᠯᠣᠩᠬᠤᠨ ᠳᠤ ᠬᠠᠭᠤᠴᠢᠨ ᠠᠷᠢᠬᠢ ᠰᠠᠪᠠᠯᠠᠬᠤ ︾ | ᠬᠠᠭᠤᠴᠢᠨ ᠠᠷᠭ᠎ᠠ ᠶᠢ ᠡᠷᠡᠰ ᠲᠠᠶᠠᠭᠳᠠᠵᠤ᠂ ᠵᠣᠬᠢᠶᠠᠮᠠᠯ ᠣᠶᠤᠨ ᠠᠴᠠ ᠪᠣᠯᠤᠭᠰᠠᠨ ᠯᠤᠲᠤ ᠶᠡᠭᠡ ᠠᠵᠤ ᠦᠢᠯᠡᠰ ᠤᠨ ᠠᠵᠠ ᠲᠣᠬᠢᠶᠠᠯ᠂ ︽ᠰᠢᠨ᠎ᠡ ᠮᠡᠷᠭᠡᠵᠢᠯ | ᠰᠢᠨ᠎ᠡ ᠪᠠᠶᠢᠳᠠᠯ ᠢ ᠡᠭᠦᠳᠴᠦ᠂ ᠰᠢᠨ᠎ᠡ ᠠᠬᠤᠶ ᠪᠠᠶᠢᠳᠠᠯ ᠢ ᠡᠭᠦᠳᠦᠨ ᠪᠦᠲᠦᠭᠡᠵᠦ ᠰᠢᠨ᠎ᠡ ᠡᠵᠡᠩᠨᠡᠯᠲᠡ ᠶᠢᠨ ᠪᠠᠶᠢᠳᠠᠯ ᠢ ᠡᠭᠦᠳᠬᠦ︾ ᠣᠨᠣᠯᠵᠢᠬᠤᠨ ᠢ ᠪᠠᠷᠢᠮᠲᠠᠯᠠᠨ᠂ | ᠵᠠᠬ᠎ᠠ ᠳᠡᠯᠭᠡᠭᠦᠷ ᠤᠨ ᠢᠷᠡᠭᠡᠳᠦᠶ ᠲᠠᠢ ᠴᠤ᠋ ᠰᠢᠨ᠎ᠡ ᠦᠢᠯᠡᠳᠬᠦᠨ ᠪᠠ ᠦᠢᠯᠡᠴᠢᠯᠡᠭᠡ ᠶᠢ ᠨᠡᠭᠡᠭᠡᠨ ᠳᠡᠯᠭᠡᠷᠡᠭᠦᠯᠬᠦ ᠪᠠᠷ ᠬᠦᠴᠦᠯᠡᠨ ᠴᠢᠷᠮᠠᠶᠢᠵᠤ ᠪᠠᠶᠢᠨ᠎ᠠ᠃ ᠡᠳᠦᠭᠡᠬᠢ | ᠸᠢᠳᠢᠣ᠋ ᠨᠢ ᠭᠤᠷᠪᠠᠨ ᠭᠤᠣᠯ ᠬᠥᠭᠵᠢᠯᠲᠡ ᠶᠢᠨ ᠰᠡᠳᠭᠢᠮᠵᠢ ᠶᠢ ᠬᠡᠷᠡᠭᠵᠢᠭᠦᠯᠵᠡᠶ᠄ ᠨᠢᠭᠡ ᠳᠤ ᠂ ᠵᠣᠬᠢᠶᠠᠮᠠᠯ ᠣᠶᠣᠨ ᠤ ᠮᠡᠷᠭᠡᠵᠢᠯ ᠢ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯᠯᠠᠭᠴᠢ ᠬᠥᠳᠡᠯᠭᠡᠭᠦᠷ ᠪᠣᠯᠭᠠᠵᠤ᠂ ᠵᠣᠬᠢᠶᠠᠮᠠᠯ ᠣᠶᠣᠨ ᠤ ᠮᠡᠷᠭᠡᠵᠢᠯ ᠢ ᠦᠷᠭᠦᠯᠵᠢᠯᠡᠨ ᠰᠤᠳᠤᠯᠤᠨ ᠨᠡᠬᠡᠬᠡᠪᠡ︔ | ᠬᠤᠶᠠᠷ ᠲᠤ ᠂ ᠮᠡᠷᠭᠡᠵᠢᠯ ᠢ ᠠᠵᠢᠯᠯᠠᠭᠤᠯᠵᠤ ᠪᠠᠲᠤᠯᠠᠬᠤ ᠤᠳᠤᠷᠢᠳᠤᠮᠵᠢ ᠠᠴᠠ ᠰᠤᠳᠤᠯᠤᠨ ᠨᠡᠭᠡᠭᠡᠬᠦ ᠤᠳᠤᠷᠢᠳᠤᠮᠵᠢ ᠲᠡᠶᠢᠰᠢ ᠬᠤᠪᠢᠷᠠᠭᠤᠯᠬᠤ ᠶᠢ ᠦᠷᠭᠦᠯᠵᠢᠯᠡᠨ | ᠠᠬᠢᠭᠤᠯᠪᠠ︔ ᠭᠤᠷᠪᠠ ᠳᠤ᠂ ᠰᠢᠨ᠎ᠡ ᠦᠢᠯᠡᠳᠬᠦᠨ᠂ ᠰᠢᠨ᠎ᠡ ᠦᠢᠯᠡᠴᠢᠯᠡᠭᠡ ᠶᠢ ᠴᠣᠭᠴᠠᠯᠠᠪᠠ᠃ | ᠨᠢᠭᠡ᠂ ᠮᠡᠷᠭᠡᠵᠢᠯ ᠢ ᠰᠤᠳᠤᠯᠤᠨ ᠨᠡᠭᠡᠭᠡᠬᠦ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠪᠠ | ᠨᠢᠭᠡ ᠳᠤ᠂ ᠰᠤᠳᠤᠯᠤᠨ ᠨᠡᠭᠡᠭᠡᠬᠦ ᠡᠩᠨᠡᠭᠡ ᠶᠢ ᠪᠠᠶᠢᠭᠤᠯᠪᠠ᠃ ᠡᠳᠦᠭᠡᠬᠢ ᠸᠢᠳᠢᠣ᠋ ᠨᠢ ᠵᠥᠭᠡᠯᠡᠨ ᠲᠣᠨᠤᠭ ᠢ ᠰᠤᠳᠤᠯᠤᠨ ᠨᠡᠭᠡᠭᠡᠬᠦ᠂ ᠵᠣᠬᠢᠶᠠᠮᠠᠯ ᠣᠶᠤᠨ ᠪᠠ | ᠲᠣᠮᠣ ᠳ᠋ᠠᠶᠢᠲ᠋ᠠ ᠪᠠᠷ ᠭᠤᠤᠯ ᠪᠣᠯᠭᠠᠭᠰᠠᠨ ᠮᠡᠷᠭᠡᠵᠢᠯ ᠤᠨ ᠪᠦᠯᠬᠦᠮ ᠢ ᠪᠠᠶᠢᠭᠤᠯᠬᠤ ᠪᠠᠷ ᠴᠢᠷᠮᠠᠶᠢᠵᠤ᠂ ᠪᠦᠯᠬᠦᠮ ᠨᠢ ᠪᠠᠢ ᠳ᠋ᠦ᠋᠂ ᠲᠧᠩ ᠰᠢᠶᠦ᠋ᠨ᠂ B ᠥᠷᠲᠡᠭᠡ᠂ | ᠮᠠᠩᠭᠦ᠋ᠸᠧTV ᠵᠡᠷᠭᠡ ᠢᠨᠲ᠋ᠧᠷ ᠰᠦᠯᠵᠢᠶᠡᠨ ᠤ ᠨᠠᠷᠠᠲᠤ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠬᠦ ᠴᠢᠳᠠᠪᠤᠷᠢᠲᠠᠨ ᠢ ᠴᠤᠭᠯᠠᠭᠤᠯᠵᠤ᠂ ᠯᠠᠪᠳᠠᠭᠤᠨ ᠪᠠᠲᠤᠲᠠᠶ | ᠮᠡᠷᠭᠡᠵᠢᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠴᠢᠳᠠᠪᠤᠷᠢ ᠲᠠᠢ ᠪᠣᠯᠭᠠᠵᠤ᠂ ᠪᠦᠬᠦᠯᠢ ᠴᠣᠭᠴᠠ ᠶᠢᠨ ᠰᠤᠳᠤᠯᠤᠨ ᠨᠡᠭᠡᠭᠡᠬᠦ ᠲᠣᠭᠲᠠᠯᠴᠠᠭ᠎ᠠ ᠨᠢ | IS09001 ᠣᠯᠠᠨ ᠤᠯᠤᠰ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠭᠡᠷᠡᠴᠢᠯᠡᠭᠡ ᠶᠢ ᠥᠩᠭᠡᠷᠡᠭᠦᠯᠦᠭᠰᠡᠨ ᠪᠠᠶᠢᠨ᠎ᠠ᠃ | ᠬᠤᠶᠠᠷ ᠲᠤ᠂ ᠡᠳᠦᠭᠡᠬᠢ ᠸᠢᠳᠢᠣ᠋ ᠶᠢᠨ ᠵᠣᠬᠢᠶᠠᠮᠠᠯ ᠣᠶᠣᠨ ᠤ ᠲᠤᠷᠰᠢᠯᠲᠠ ᠶᠢᠨ ᠲᠠᠰᠤᠭ ᠢ ᠪᠠᠶᠢᠭᠤᠯᠪᠠ᠃ ᠵᠠᠭᠤᠴᠢᠯᠠᠭᠤᠷ ᠤᠨ ᠣᠷᠳᠣ ᠬᠤᠭᠤᠴᠠᠭᠠᠨ ᠤ | ᠲᠤᠷᠰᠢ ᠰᠢᠨ᠎ᠡ ᠮᠡᠷᠭᠡᠵᠢᠯ ᠢ ᠳᠥᠭᠦᠮᠬᠡᠨ ᠢᠶᠠᠷ ᠬᠡᠷᠡᠭᠯᠡᠬᠦ ᠪᠠᠷ ᠭᠤᠤᠯ ᠪᠣᠯᠭᠠᠵᠤ᠂ ᠭᠦᠨᠵᠡᠭᠡᠶ ᠰᠤᠳᠤᠯᠬᠤ ᠪᠠᠷ ᠳᠤᠲᠠᠮᠠᠭ ᠪᠠᠶᠢᠬᠤ ᠠᠴᠠ ᠮᠣᠯᠲᠤᠷᠠᠬᠤ ᠶᠢᠨ ᠲᠥᠯᠥᠭᠡ᠂ | ᠡᠳᠦᠭᠡᠬᠢ ᠸᠢᠳᠢᠣ᠋ ᠨᠢ ᠵᠣᠬᠢᠶᠠᠮᠠᠯ ᠣᠶᠣᠨ ᠤ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠲᠣᠮᠣ ᠬᠡᠯᠡᠨ ᠤ ᠵᠠᠭᠪᠤᠷ᠂ ᠪᠠᠶᠢᠭᠠᠯᠢ ᠶᠢᠨ ᠬᠡᠯᠡᠨ ᠤ ᠰᠢᠢᠳᠪᠦᠷᠢᠯᠡᠯᠲᠡ᠂ | ᠠᠪᠢᠶ᠎ᠠ ᠶᠢ ᠢᠯᠭᠠᠨ ᠲᠠᠨᠢᠬᠤ᠂ ᠸᠢᠳᠢᠣ᠋ ᠶᠢ ᠲᠠᠶᠢᠯᠪᠤᠷᠢᠯᠠᠬᠤ᠂ ᠣᠶᠤᠨᠴᠢ ᠪᠠᠷ ᠲᠠᠨᠢᠯᠴᠠᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠳᠤ | ᠠᠩᠬᠠᠷᠤᠯ ᠢᠶᠠᠨ ᠲᠥᠪᠯᠡᠷᠡᠭᠦᠯᠪᠡ᠃ ᠲᠤᠷᠰᠢᠯᠲᠠ ᠶᠢᠨ ᠲᠠᠰᠤᠭ ᠨᠢ ᠵᠣᠬᠢᠶᠠᠮᠠᠯ ᠣᠶᠣᠨ ᠤ ᠮᠡᠷᠭᠡᠵᠢᠯ ᠤᠨ ᠡᠳᠦᠭᠡᠬᠢ ᠸᠢᠳᠢᠤ᠋ ᠶᠢᠨ ᠲᠤᠬᠠᠶᠢᠯᠠᠭᠰᠠᠨ ᠠᠵᠢᠯ ᠳᠠᠬᠢ | ᠪᠦᠬᠦ ᠲᠠᠯᠠᠪᠤᠷ ᠤᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠪᠠ᠃ ᠮᠡᠷᠭᠡᠵᠢᠯ ᠤᠨ | ᠰᠤᠳᠤᠯᠭᠠᠨ ᠤ ᠲᠠᠯ᠎ᠠ ᠪᠠᠷ᠂ ᠲᠤᠷᠰᠢᠯᠲᠠ ᠶᠢᠨ ᠲᠠᠰᠤᠭ ᠨᠢᠭᠡᠨᠲᠡ ᠴᠢᠬᠤᠯᠠ ᠰᠢᠪᠲᠤᠯᠤᠯᠲᠠ ᠭᠠᠷᠭᠠᠵᠤ᠂ 22 ᠵᠦᠢᠯ ᠤᠨ ᠵᠥᠭᠡᠯᠡᠨ ᠪᠡᠶᠡᠲᠦ ᠪᠠ 4 ᠵᠦᠢᠯ ᠤᠨ | ᠲᠤᠰᠬᠠᠶ ᠠᠰᠢᠭ ᠢ ᠭᠤᠶᠤᠴᠢᠯᠠᠨ ᠮᠡᠳᠡᠭᠦᠯᠪᠡ᠃ ᠡᠭᠦᠨ ᠠᠴᠠ ᠭᠠᠳᠠᠨ᠎ᠠ᠂ ᠡᠳᠦᠭᠡᠬᠢ ᠸᠢᠳᠢᠣ᠋ ᠨᠢ ᠪᠠᠰᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠳᠤᠮᠳᠠᠳᠤ ᠤᠯᠤᠰ ᠤᠨ ᠵᠣᠬᠢᠶᠠᠮᠠᠯ ᠤᠶᠤᠨ ᠤ ᠨᠡᠶᠢᠭᠡᠮᠯᠢᠭ᠂ | ᠳᠤᠮᠳᠠᠳᠤ ᠤᠯᠤᠰ ᠤᠨ ᠺᠣᠮᠫᠢᠦ᠋ᠲ᠋ᠧᠷ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠵᠡᠷᠭᠡ ᠨᠢᠭᠡᠴᠢ ᠶᠢ ᠪᠠᠭᠲᠠᠭᠠᠭᠰᠠᠨ ᠠᠷᠪᠠ ᠭᠠᠷᠤᠢ ᠲᠦᠷᠦᠯ ᠤᠨ ᠱᠠᠩᠨᠠᠯ ᠢ | ᠬᠦᠷᠲᠡᠵᠡᠢ᠃ | ᠬᠤᠶᠡᠷ᠂ ᠭᠤᠤᠯᠯᠠᠬᠤ ᠮᠡᠷᠭᠡᠵᠢᠯ ᠤᠨ ᠰᠣᠳᠣᠯᠥᠨ ᠨᠡᠭᠡᠭᠡᠬᠦ ᠴᠢᠳᠡᠪᠦᠷᠢ ᠶᠢ ᠴᠢᠩᠭᠠᠷᠠᠭᠤᠯᠪᠠ | ᠢᠮᠠᠭᠲᠠ ᠬᠤᠰᠢᠭᠤᠴᠢ ᠮᠡᠷᠭᠡᠵᠢᠯ ᠪᠣᠯᠤᠨ ᠵᠠᠭᠤᠴᠢᠯᠠᠭᠤᠷ ᠤᠨ ᠠᠬᠤᠶ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠶ ᠠᠭᠤᠰᠤᠯᠴᠠᠭᠤᠯᠵᠤ᠂ ︽ | ᠮᠡᠷᠭᠡᠵᠢᠯ ᠤᠨ ᠰᠢᠨ᠎ᠡ ᠶᠢ ᠡᠭᠦᠳᠬᠦ + ᠠᠬᠤᠶ ᠪᠠᠶᠢᠳᠠᠯ ᠢ ᠬᠡᠷᠡᠭᠯᠡᠬᠦ︾ ᠬᠤᠤᠰ ᠬᠦᠷᠳᠦᠨ ᠬᠥᠳᠡᠯᠭᠡᠭᠦᠷᠲᠦ ᠵᠠᠭᠪᠤᠷ ᠢᠶᠠᠷ ᠵᠠᠭᠤᠴᠢᠯᠠᠭᠤᠷ ᠤᠨ ᠪᠥᠬᠦ ᠲᠤᠬᠠᠶᠢᠯᠠᠭᠰᠠᠨ | ᠠᠵᠢᠯ ᠤᠨ ᠠᠬᠤᠶ ᠪᠠᠶᠢᠳᠠᠯ ᠢ ᠣᠶᠤᠨᠴᠢᠯᠠᠨ ᠲᠠᠰ ᠳᠡᠪᠰᠢᠭᠦᠯᠬᠦ ᠳᠤ ᠭᠦᠨᠵᠡᠭᠡᠶ ᠬᠦᠴᠦᠨ ᠨᠡᠮᠡᠷᠢᠯᠡᠪᠡ᠃ | ︵ᠨᠢᠭᠡ︶ ᠬᠤᠯᠢᠮᠠᠭ ᠡᠰᠡᠷᠭᠦᠴᠡᠯᠳᠦᠬᠦ ᠪᠣᠯᠪᠠᠰᠤᠷᠠᠯ ᠤᠨ ᠤᠯᠠᠨ ᠲᠦᠰᠦᠪ ᠤᠨ ᠱᠤᠰᠢᠭ᠎ᠠ ᠶᠢ ᠭᠠᠷᠭᠠᠨ ᠠᠪᠬᠤ ᠠᠷᠭ᠎ᠠ | ᠲᠤᠰ ᠭᠠᠵᠠᠷ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠲᠤ ᠲᠦᠰᠢᠭᠯᠡᠨ᠂ ᠳᠡᠭᠡᠷ᠎ᠡ ᠳᠣᠣᠷ᠎ᠠ ᠦᠭᠡ ᠬᠡᠯᠡᠨ ᠤ ᠣᠷᠴᠢᠨ ᠤ ᠮᠡᠳᠡᠭᠡ ᠵᠠᠩᠭᠢ ᠶᠢ ᠭᠦᠨᠵᠡᠭᠡᠢ | ᠠᠭᠤᠳᠠᠯᠬᠤ ᠪᠠ ᠵᠠᠳᠠᠯᠤᠨ ᠰᠢᠨᠵᠢᠯᠡᠵᠦ᠂ ᠲᠣᠬᠢᠷᠠᠮᠵᠢᠲᠠᠢ ᠵᠠᠭᠤᠴᠢ ᠶᠢᠨ ᠬᠦᠷᠢᠶ᠎ᠡ ᠬᠡᠪᠴᠢᠶᠡᠨ ᠤ ᠰᠢᠨ᠎ᠡ ᠶᠢ ᠡᠭᠦᠳᠬᠦ ᠬᠤᠯᠢᠮᠠᠭ ᠡᠰᠡᠷᠭᠦᠴᠡᠯᠳᠦᠬᠦ ᠪᠣᠯᠪᠠᠰᠤᠷᠠᠯ ᠬᠢᠬᠦ | ᠠᠷᠭ᠎ᠠ ᠶᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠪᠡ᠃ ᠲᠣᠰ ᠪᠤᠳᠤᠬᠤ ᠠᠷᠭ᠎ᠠ ᠨᠢ ᠵᠠᠭᠤᠴᠢᠯᠠᠭᠤᠷ ᠤᠨ ᠸᠢᠳᠢᠣ᠋ ᠶᠢᠨ ᠠᠬᠤᠶ ᠪᠠᠶᠢᠳᠠᠯ ᠳᠣᠤᠷᠠᠬᠢ ᠪᠤᠳᠤᠯᠢᠶᠠᠨᠲᠠᠶ | ᠬᠠᠷᠢᠯᠴᠠᠬᠤ ᠣᠷᠴᠢᠨ ᠲᠣᠭᠤᠷᠢᠨ ᠢᠶᠠᠷ ᠳᠠᠮᠵᠢᠭᠤᠯᠤᠨ᠂ ᠸᠢᠳᠢᠣ᠋ ᠶᠢ ᠨᠠᠷᠢᠯᠢᠭᠵᠢᠭᠤᠯᠤᠨ ᠢᠯᠭᠠᠨ ᠲᠠᠨᠢᠬᠤ ᠶᠢ ᠪᠡᠶᠡᠯᠡᠭᠦᠯᠵᠦ᠂ ᠬᠥᠮᠦᠨ᠂ ᠭᠠᠵᠠᠷ᠂ ᠵᠣᠬᠢᠶᠠᠨ | ᠪᠠᠶᠢᠭᠤᠯᠤᠯᠲᠠ ᠵᠡᠷᠭᠡ ᠪᠣᠳᠠᠲᠤ ᠴᠣᠭᠴᠠ ᠶᠢᠨ ᠢᠯᠭᠠᠨ ᠲᠠᠨᠢᠬᠤ ᠲᠠᠯ᠎ᠠ ᠪᠠᠷ ᠣᠨᠣᠪᠴᠢ ᠶᠢᠨ ᠬᠡᠮᠵᠢᠶ᠎ᠡ ᠶᠢᠨ ᠢᠯᠡᠳᠲᠡ ᠰᠢᠪᠲᠤᠯᠤᠯᠲᠠ ᠶᠢ ᠪᠡᠶᠡᠯᠡᠭᠦᠯᠵᠦ᠂ ᠵᠠᠬ᠎ᠠ | ᠳᠡᠯᠭᠡᠭᠦᠷ ᠳᠡᠭᠡᠷᠡᠬᠢ ᠮᠠᠰᠢ ᠣᠯᠠᠨ ᠠᠳᠠᠯᠢ ᠲᠥᠷᠥᠯ ᠤᠨ ᠨᠢᠭᠡᠳᠦᠭᠡᠷ ᠹᠷᠣᠨᠲ ᠤᠨ ᠦᠢᠯᠡᠳᠬᠦᠨ ᠤ ᠲᠦᠪᠰᠢᠨ ᠢ ᠳᠠᠪᠠᠪᠠ᠃ | ︵ᠬᠤᠶᠠᠷ︶ ᠭᠡᠳᠦ ᠶᠡᠭᠡ ᠬᠡᠪᠴᠢᠶᠡᠲᠦ ᠤᠯᠠᠨ ᠲᠦᠰᠦᠪ ᠤᠨ ᠠᠭᠤᠯᠭ᠎ᠠ ᠶᠢᠨ ᠡᠭᠦᠰᠭᠡᠵᠦ ᠡᠷᠢᠬᠦ ᠪᠤᠳᠤᠬᠤ ᠠᠷᠭ᠎ᠠ | ᠪᠡᠶ᠎ᠡ ᠪᠠᠨ ᠳᠠᠭᠠᠭᠠᠨ ᠬᠡᠳᠦ ᠶᠡᠭᠡ ᠬᠡᠪᠴᠢᠶᠡᠲᠦ ᠣᠯᠠᠨ ᠲᠥᠰᠥᠪ ᠤᠨ ᠠᠭᠤᠯᠭ᠎ᠠ ᠶᠢ ᠡᠭᠦᠰᠭᠡᠵᠦ ᠪᠠᠶᠢᠴᠠᠭᠠᠨ ᠡᠷᠢᠬᠦ ᠠᠷᠭ᠎ᠠ ᠶᠢ ᠰᠤᠳᠤᠯᠤᠨ ᠨᠡᠭᠡᠭᠡᠵᠦ᠂ | ᠲᠣᠰ ᠪᠤᠳᠤᠬᠤ ᠠᠷᠭ᠎ᠠ ᠶᠢᠨ ᠴᠤᠭᠯᠠᠷᠠᠯ ᠨᠢ ᠣᠯᠠᠨ ᠳᠦᠰᠦᠪ ᠤᠨ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠶᠡᠭᠡ ᠬᠡᠪᠴᠢᠶᠡᠨ ᠤ ᠣᠶᠤᠨᠴᠢ ᠠᠭᠤᠯᠭ᠎ᠠ ᠶᠢ ᠡᠭᠦᠳᠦᠨ | ᠪᠦᠲᠦᠭᠡᠵᠦ᠂ ᠥᠨᠳᠥᠷ ᠪᠦᠲᠦᠮᠵᠢᠲᠡᠶ ᠨᠠᠷᠢᠯᠢᠭ ᠣᠨᠣᠪᠴᠢᠲᠠᠢ ᠠᠭᠤᠯᠭ᠎ᠠ ᠶᠢ ᠨᠢᠭᠡ ᠴᠤᠭᠴᠠᠵᠢᠭᠤᠯᠵᠠᠢ᠃ ᠵᠠᠭᠤᠴᠢ ᠠᠯᠤᠰᠯᠠᠨ ᠮᠡᠳᠡᠭᠡ ᠵᠠᠩᠭᠢ ᠶᠢ ᠵᠠᠳᠠᠯᠵᠤ᠂ | ᠨᠠᠷᠢᠨ ᠵᠦᠢᠯᠡᠰ ᠤᠨ ᠠᠬᠤᠶ ᠪᠠᠶᠢᠳᠠᠯ ᠢ ᠣᠯᠵᠤ ᠴᠢᠳᠠᠬᠤ ᠪᠠᠷ ᠪᠠᠷᠠᠬᠤ ᠥᠬᠡᠶ᠂ ᠪᠠᠰᠠ ᠣᠯᠠᠨ ᠶᠠᠩᠵᠤ ᠶᠢᠨ ᠴᠢᠨᠠᠷ ᠰᠠᠶᠢᠲᠠᠶ ᠠᠭᠤᠯᠭ᠎ᠠ ᠶᠢ ᠪᠣᠶ ᠪᠣᠯᠭᠠᠵᠤ | ᠳᠡᠶᠢᠯᠦᠨ᠎ᠡ︔ ᠡᠭᠦᠨ ᠤ ᠬᠠᠮᠲᠤ᠂ ᠨᠠᠲ᠋ᠦ᠋ᠷᠠᠯ ᠬᠡᠯᠡ ᠶᠢ ᠰᠢᠢᠳᠪᠦᠷᠢᠯᠡᠬᠦ ᠮᠡᠷᠭᠡᠵᠢᠯ ᠪᠣᠯᠤᠨ ᠬᠡᠷᠡᠭᠯᠡᠭᠴᠢ ᠶᠢᠨ ᠦᠢᠯᠡ ᠠᠵᠢᠯᠯᠠᠭ᠎ᠠ ᠶᠢᠨ ᠵᠠᠳᠠᠯᠤᠯᠲᠠ ᠪᠠᠷ | ᠳᠠᠮᠵᠢᠭᠤᠯᠤᠨ᠂ ᠲᠣᠰ ᠪᠤᠳᠤᠬᠤ ᠠᠷᠭ᠎ᠠ ᠨᠢ ᠬᠡᠷᠡᠭᠯᠡᠭᠴᠢ ᠶᠢᠨ ᠲᠦᠷᠭᠡᠨ ᠴᠠᠭ ᠬᠤᠭᠤᠴᠠᠭ᠎ᠠ᠂ ᠬᠥᠮᠦᠨ᠂ ᠦᠵᠡᠮᠵᠢ ᠶᠢᠨ ᠣᠷᠣᠨ᠂ ᠬᠤᠭᠤᠰᠣᠨ ᠪᠠᠶᠢᠳᠠᠯ ᠬᠢᠭᠡᠳ | ᠣᠨᠴᠠ ᠦᠵᠡᠭᠳᠡᠯ ᠵᠡᠷᠭᠡ ᠦᠵᠡᠭᠳᠡᠯ ᠤᠨ ᠮᠡᠳᠡᠭᠡ ᠵᠠᠩᠭᠢ ᠶᠢ ᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠴᠢᠳ ᠲᠤ ᠣᠶᠤᠨᠴᠢ ᠬᠠᠷᠢᠯᠴᠠᠨ ᠬᠥᠳᠡᠯᠦᠯᠴᠡᠬᠦ | ᠰᠢᠨ᠎ᠡ ᠣᠶᠢᠯᠠᠭᠠᠯᠲᠠ ᠶᠢ ᠪᠣᠶ ᠪᠣᠯᠭᠠᠪᠠ᠃ | ︵ᠭᠤᠷᠪᠠ︶ ᠡᠭᠴᠡ ᠪᠦᠰᠡᠨ ᠤ ᠲᠣᠮᠣ ᠵᠠᠭᠪᠤᠷ ᠤᠨ ᠣᠶᠣᠨᠴᠢ ᠴᠣᠭᠴᠠ ᠶᠢᠨ ᠡᠵᠡᠮᠰᠢᠯᠲᠦ ᠪᠣᠯᠪᠠᠰᠤᠷᠠᠯ ᠤᠨ ᠮᠡᠷᠭᠡᠵᠢᠯ | ᠲᠣᠮᠣ ᠵᠠᠭᠪᠤᠷ ᠤᠨ ᠣᠶᠤᠨᠴᠢ ᠴᠣᠭᠴᠠ ᠶᠢᠨ ᠮᠡᠷᠭᠡᠵᠢᠯ ᠢ ᠭᠦᠨᠵᠡᠭᠡᠶ ᠰᠤᠳᠤᠯᠵᠤ᠂ ᠲᠣᠮᠣ ᠵᠠᠭᠪᠤᠷ ᠤᠨ ᠲᠣᠰ ᠭᠠᠵᠠᠷᠴᠢᠯᠠᠭᠰᠠᠨ᠂ ᠪᠡᠶ᠎ᠡ ᠪᠠᠨ ᠳᠠᠭᠠᠭᠠᠵᠤ | ᠬᠡᠷᠡᠭᠯᠡᠬᠦ ᠵᠠᠩᠭᠢᠯᠠᠭ᠎ᠠ ᠶᠢᠨ ᠮᠡᠷᠭᠡᠵᠢᠯ ᠢ ᠨᠢᠭᠡᠨᠲᠡ ᠡᠵᠡᠮᠰᠢᠭᠰᠡᠨ ᠪᠠᠶᠢᠨ᠎ᠠ᠃ ᠡᠭᠴᠡ ᠲᠥᠷᠥᠯ ᠤᠨ ᠲᠣᠮᠣ ᠵᠠᠭᠪᠤᠷ ᠤᠨ ᠣᠶᠤᠨᠴᠢ ᠴᠤᠭᠴᠠ ᠶᠢᠨ ᠡᠵᠡᠮᠰᠢᠯᠲᠦ | ᠪᠣᠯᠪᠠᠰᠤᠷᠠᠯ ᠤᠨ ᠮᠡᠷᠭᠡᠵᠢᠯ ᠨᠢ ᠵᠠᠭᠤᠴᠢᠯᠠᠭᠤᠷ ᠤᠨ ᠠᠵᠢᠯ ᠲᠥᠷᠥᠯ ᠤᠨ ᠪᠥᠬᠦ ᠬᠡᠯᠬᠢᠶ᠎ᠡ᠂ ᠪᠥᠬᠦ ᠲᠠᠯᠠᠪᠤᠷ ᠤᠨ ᠬᠡᠷᠡᠭᠯᠡᠯᠲᠡ ᠶᠢ ᠠᠬᠢᠭᠤᠯᠤᠭᠰᠠᠨ ᠢᠶᠠᠷ ᠪᠠᠷᠠᠬᠤ | ᠥᠬᠡᠶ᠂ ᠡᠭᠦᠨ ᠤ ᠬᠠᠮᠲᠤ ᠵᠣᠬᠢᠶᠠᠮᠠᠯ ᠣᠶᠣᠨ ᠬᠢᠭᠡᠳ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠤᠨ ᠠᠵᠢᠯ ᠲᠥᠷᠥᠯ ᠠᠯᠤᠰᠯᠠᠭᠰᠠᠨ ᠭᠦᠨᠵᠡᠭᠡᠶ | ᠠᠭᠤᠰᠤᠯᠴᠠᠯ ᠢ ᠪᠣᠶ ᠪᠣᠯᠭᠠᠪᠠ᠃ | ︵ᠲᠦᠷᠪᠡ︶ ᠣᠨᠳᠣᠣᠰᠢᠯᠲᠤ ᠵᠠᠭᠤᠨ ᠳ᠋ᠦᠩᠰᠢᠭᠤᠷ ᠳᠡᠰ ᠤᠨ ᠲᠣᠮᠣ ᠳ᠋ᠠᠶᠢᠲ᠋ᠠ ᠶᠢ ᠴᠤᠭᠯᠠᠭᠤᠯᠤᠨ ᠵᠠᠳᠠᠯᠬᠤ ᠮᠡᠷᠭᠡᠵᠢᠯ | ᠲᠣᠮᠣ ᠳ᠋ᠠᠶᠢᠲ᠋ᠠ ᠶᠢ ᠴᠤᠭᠯᠠᠭᠤᠯᠬᠤ᠂ ᠰᠢᠢᠳᠪᠦᠷᠢᠯᠡᠬᠦ᠂ ᠵᠠᠳᠠᠯᠬᠤ ᠮᠡᠷᠭᠡᠵᠢᠯ ᠢ ᠭᠦᠨᠵᠡᠭᠡᠶ ᠰᠤᠳᠤᠯᠵᠤ᠂ ᠣᠲᠣ ᠨᠢᠭᠡᠨᠲᠡ ᠵᠠᠭᠤᠨ ᠳ᠋ᠦᠩᠰᠢᠭᠤᠷ ᠲᠠᠰ ᠤᠨ ︽ | ᠲᠣᠮᠣ ᠳ᠋ᠠᠶᠢᠲ᠋ᠠ ᠶᠢ ᠴᠤᠭᠯᠠᠭᠤᠯᠬᠤ︾᠂ ︽ᠲᠣᠮᠣ ᠳ᠋ᠠᠶᠢᠲ᠋ᠠ ᠶᠢ ᠴᠡᠪᠡᠷᠯᠡᠬᠦ︾᠂ ︽ᠲᠣᠮᠣ ᠳ᠋ᠠᠶᠢᠲ᠋ᠠ ᠶᠢᠨ ᠪᠣᠳᠣᠯᠭ᠎ᠠ ᠶᠢ ᠵᠠᠳᠠᠯᠬᠤ︾᠂ ︽ᠲᠣᠮᠣ ᠳ᠋ᠠᠶᠢᠲ᠋ᠠ ᠶᠢᠨ | ᠠᠮᠤᠷ ᠲᠦᠪᠰᠢᠨ ᠢ ᠲᠣᠭᠲᠠᠭᠠᠯ ᠳᠤ ᠨᠡᠶᠢᠴᠡᠭᠦᠯᠦᠨ ᠬᠠᠮᠠᠭᠠᠯᠠᠬᠤ︾ ᠪᠠ ︽ᠳ᠋ᠠᠶᠢᠲ᠋ᠠ ᠶᠢ ᠨᠠᠷᠢᠯᠢᠭᠵᠢᠭᠤᠯᠤᠨ ᠬᠡᠷᠡᠭᠯᠡᠬᠦ︾ ᠮᠡᠷᠭᠡᠵᠢᠯ ᠤᠨ ᠴᠢᠳᠠᠪᠤᠷᠢ ᠶᠢ | ᠪᠦᠷᠢᠯᠳᠦᠭᠦᠯᠵᠦ᠂ ᠲᠠᠪᠴᠠᠩ ᠤᠨ ᠳ᠋ᠠᠶᠢᠲ᠋ᠠ ᠶᠢᠨ ᠬᠡᠷᠡᠭᠯᠡᠭᠡᠨ ᠤ ᠠᠮᠤᠷ ᠲᠦᠪᠰᠢᠨ ᠪᠠ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠳᠤ ᠭᠦᠨᠵᠡᠭᠡᠶ ᠠᠵᠢᠭᠯᠠᠬᠤ ᠪᠠ | ᠬᠦᠴᠦᠲᠡᠶ ᠳᠡᠮᠵᠢᠯᠭᠡ ᠬᠠᠩᠭᠠᠪᠠ᠃ | ᠭᠤᠷᠪᠠ᠂ ᠬᠡᠷᠡᠭᠯᠡᠭᠡᠨ ᠤ ᠲᠠᠪᠴᠠᠩ ᠢ ᠰᠤᠳᠤᠯᠤᠨ ᠨᠡᠭᠡᠭᠡᠬᠦ ᠶᠢ ᠴᠢᠩᠭᠠᠷᠠᠭᠤᠯᠪᠠ | ᠦᠢᠯᠡᠳᠬᠦᠨᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ ᠪᠠ ᠰᠤᠳᠤᠯᠤᠨ ᠨᠡᠭᠡᠭᠡᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ B ᠦᠵᠦᠭᠦᠷ ᠪᠠ C | ᠦᠵᠦᠭᠦᠷ ᠤᠨ ᠬᠤᠶᠠᠷ ᠵᠠᠬ᠎ᠠ ᠳᠡᠯᠭᠡᠭᠦᠷ ᠲᠤ ᠬᠦᠴᠦᠯᠡᠵᠦ᠂ ᠠᠵᠤ ᠦᠢᠯᠡᠰᠵᠢᠯᠲᠡ ᠶᠢᠨ ᠲᠠᠯ᠎ᠠ ᠪᠠᠷ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ B | ᠦᠵᠦᠭᠦᠷ ᠤᠨ ᠦᠢᠯᠡᠳᠬᠦᠨ ᠤ ᠲᠠᠯ᠎ᠠ ᠪᠠᠷ ᠲᠥᠪ ᠬᠤᠷᠢᠶ᠎ᠠ ᠶᠢᠨ ᠪᠣᠳᠠᠲᠠᠶ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠪᠠᠶᠢᠳᠠᠯ ᠢᠶᠠᠷ ᠭᠤᠤᠯᠳᠠᠯᠭ᠎ᠠ ᠪᠣᠯᠭᠠᠵᠤ᠂ | ᠷᠠᠳᠢᠣ᠋ ᠲᠧᠯᠸᠢᠰ ᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠮᠥᠷᠲᠡᠭᠡᠨ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠤᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠳᠬᠦᠨ ᠢ ᠰᠤᠳᠤᠯᠤᠨ ᠨᠡᠬᠡᠬᠡᠪᠡ᠃ C ᠦᠵᠦᠭᠦᠷ ᠤᠨ ᠦᠢᠯᠡᠳᠬᠦᠨ ᠤ ᠲᠠᠯ᠎ᠠ ᠪᠠᠷ ᠲᠥᠪ ᠲᠠᠪᠴᠠᠩ ᠤᠨ IP ᠡᠬᠢ ᠪᠠᠶᠠᠯᠢᠭ ᠪᠠ | ᠭᠤᠣᠯ ᠤᠷᠤᠰᠬᠠᠯ ᠤᠨ ᠵᠠᠭᠤᠴᠢᠯᠠᠭᠤᠷ ᠤᠨ ᠬᠠᠷᠢᠶᠠᠲᠤ ᠴᠢᠨᠠᠷ ᠢᠶᠠᠷ ᠲᠦᠰᠢᠭ ᠪᠣᠯᠭᠠᠵᠤ᠂ ᠭᠦᠨ ᠡᠭᠴᠡ ᠦᠢᠯᠡᠳᠬᠦᠨ ᠢ ᠡᠭᠦᠳᠴᠦ᠂ ᠳᠠᠩ ᠴᠡᠭ ᠳᠡᠭᠡᠷ᠎ᠡ | ᠰᠢᠪᠲᠤᠯᠬᠤ ᠪᠠᠷ ᠴᠢᠷᠮᠠᠶᠢᠵᠤ᠂ C ᠦᠵᠦᠭᠦᠷ ᠤᠨ ᠥᠷᠲᠡᠭ ᠢ ᠳᠠᠬᠢᠨ ᠣᠯᠬᠤ ᠪᠣᠯᠤᠨ᠎ᠠ᠃ ᠡᠶᠢᠮᠦ ᠠᠴᠠ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ | ᠲᠡᠷᠢᠭᠦᠨ ᠤ ᠵᠣᠬᠢᠶᠠᠮᠠᠯ ᠣᠶᠤᠨ ᠤ ᠰᠠᠭᠤᠷᠢ ᠳᠠᠪᠬᠤᠷᠯᠢᠭ ᠤᠨ ᠪᠤᠳᠤᠬᠤ ᠠᠷᠭ᠎ᠠ ᠳᠤ ᠰᠠᠭᠤᠷᠢᠯᠠᠪᠠᠯ᠂ ᠡᠳᠦᠭᠡᠬᠢ ᠸᠢᠳᠢᠣ᠋ ᠶᠢᠨ ᠵᠣᠬᠢᠶᠠᠮᠠᠯ ᠣᠶᠣᠨ ᠤ | ᠲᠤᠷᠰᠢᠯᠲᠠ ᠶᠢᠨ ᠲᠠᠰᠤᠭ ᠨᠢ ᠣᠯᠠᠨ ᠵᠦᠢᠯ ᠤᠨ ᠬᠡᠷᠡᠭᠯᠡᠭᠡᠨ ᠤ ᠦᠢᠯᠡᠳᠬᠦᠨ ᠢ ᠠᠮᠵᠢᠯᠲᠠ ᠲᠠᠢ ᠨᠡᠪᠴᠢᠭᠦᠯᠵᠦ᠂ ᠮᠠᠰᠢ ᠰᠠᠶᠢᠨ ᠬᠡᠷᠡᠭᠯᠡᠭᠡᠨ ᠤ ᠦᠷ᠎ᠡ ᠪᠦᠲᠦᠮᠵᠢ | ᠣᠯᠵᠠᠶ᠃ | ︵ᠨᠢᠭᠡ︶ ︽ᠳᠦᠷᠰᠦ ᠶᠢᠨ ᠠᠰᠠᠭᠤᠯᠲᠠ︾ — ᠣᠶᠤᠨᠴᠢ ᠵᠠᠭᠤᠴᠢᠯᠠᠭᠤᠷ ᠤᠨ ᠬᠡᠷᠡᠭᠯᠡᠭᠡᠨ ᠤ ᠲᠠᠪᠴᠠᠩ | ᠣᠶᠤᠨᠴᠢ ᠵᠠᠭᠤᠴᠢᠯᠠᠭᠤᠷ ᠤᠨ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠲᠠᠪᠴᠠᠩ ᠨᠢ ᠪᠥᠬᠦ ᠲᠠᠪᠴᠠᠩ ᠤᠨ ᠵᠠᠭᠤᠴᠢᠯᠠᠭᠤᠷ ᠤᠨ ᠠᠭᠤᠯᠭ᠎ᠠ ᠶᠢᠨ ᠳ᠋ᠠᠶᠢᠲ᠋ᠠ | ᠪᠠ ᠳᠠᠭᠠᠭᠠᠴᠢᠯᠠᠯᠲᠠ ᠵᠠᠷᠯᠠᠬᠤ ᠶᠢ ᠲᠦᠷᠭᠡᠨ ᠪᠡᠶᠡᠯᠡᠭᠦᠯᠵᠦ᠂ ᠲᠡᠦᠬᠡ ᠶᠢᠨ ᠠᠭᠤᠯᠭ᠎ᠠ ᠶᠢᠨ ᠥᠷᠲᠡᠭ ᠢ ᠢᠯᠡᠷᠡᠭᠦᠯᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ | ᠪᠥᠬᠦ ᠲᠠᠪᠴᠠᠩ ᠤᠨ ᠵᠠᠭᠤᠴᠢᠯᠠᠭᠤᠷ ᠤᠨ ᠪᠡᠯᠡ ᠮᠥᠩᠭᠦ ᠶᠢᠨ ᠠᠭᠤᠯᠭ᠎ᠠ ᠶᠢ ᠨᠣᠮ ᠤᠨ ᠰᠠᠩ ᠬᠡᠯᠪᠡᠷᠢ ᠶᠢᠨ ᠬᠠᠮᠢᠶᠠᠷᠤᠯᠲᠠ ᠠᠴᠠ ᠨᠡᠭᠡᠭᠡᠨ ᠬᠥᠭᠵᠢᠭᠦᠯᠵᠦ ᠬᠡᠷᠡᠭᠯᠡᠬᠦ | ᠵᠠᠭᠪᠤᠷ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠬᠡᠯᠡᠨ ᠤ ᠤᠳᠬ᠎ᠠ ᠶᠢᠨ ᠣᠶᠢᠯᠠᠭᠠᠯᠲᠠ ᠪᠠ ᠣᠯᠠᠨ | ᠲᠥᠰᠥᠪ ᠢ ᠢᠯᠭᠠᠨ ᠲᠠᠨᠢᠬᠤ ᠮᠡᠷᠭᠡᠵᠢᠯ ᠨᠢ ᠨᠢᠭᠡ ᠰᠧᠺᠦ᠋ᠨ᠋ᠳ᠋ ᠲᠤ ᠡᠷᠢᠬᠦ ᠱᠠᠭᠠᠷᠳᠠᠯᠭ᠎ᠠ ᠳᠤ ᠨᠡᠶᠢᠴᠡᠭᠰᠡᠨ ᠠᠯᠢᠪᠠ ᠸᠢᠳᠢᠣ᠋ ᠶᠢᠨ ᠠᠭᠤᠯᠭ᠎ᠠ ᠶᠢ ᠣᠨᠣᠪᠴᠢᠲᠠᠶ | ᠪᠡᠶᠡᠯᠡᠭᠦᠯᠵᠦ᠂ ᠠᠭᠤᠯᠭ᠎ᠠ ᠶᠢᠨ ᠵᠣᠬᠢᠶᠠᠭᠴᠢ ᠨᠢ ᠶᠡᠭᠡ ᠬᠡᠮᠵᠢᠶᠡᠨ ᠤ ᠵᠠᠭᠤᠴᠢ ᠶᠢᠨ ᠬᠥᠮᠥᠷᠭᠡ ᠳᠤ ᠬᠡᠷᠡᠭᠰᠡᠬᠦ ᠠᠭᠤᠯᠭ᠎ᠠ ᠶᠢᠨ ᠡᠪᠡᠷᠰᠢᠶᠡᠯ ᠢ ᠨᠢ ᠰᠢᠢᠳᠪᠦᠷᠢᠯᠡᠨ᠎ᠡ᠃ | ᠪᠣᠳᠠᠲᠤ ᠬᠡᠷᠡᠭᠯᠡᠭᠡᠨ ᠤ ᠦᠷ᠎ᠡ ᠳ᠋ᠦᠩ ᠤᠨ ᠬᠠᠷᠢᠴᠠᠭᠤᠯᠤᠯ ᠠᠴᠠ ᠦᠵᠡᠪᠡᠯ᠂ ᠲᠠᠪᠴᠠᠩ ᠤᠨ ᠲᠤᠰ ᠭᠠᠵᠠᠷ ᠤᠨ ᠰᠣᠨᠢᠨ ᠮᠡᠳᠡᠭᠡᠨ ᠤ ᠠᠭᠤᠯᠭ᠎ᠠ ᠶᠢᠨ | ᠲᠣᠳᠣᠷᠬᠠᠶᠢᠯᠠᠯᠲᠠ ᠶᠢᠨ ᠨᠠᠷᠢᠯᠢᠭᠴᠠ ᠨᠢ ᠠᠳᠠᠯᠢ ᠲᠥᠷᠥᠯ ᠤᠨ ᠦᠢᠯᠡᠳᠭᠦᠨ ᠠᠴᠠ ᠪᠠᠨ ᠬᠤᠯᠠ ᠳᠠᠪᠠᠳᠠᠭ᠃ | ︵ᠬᠤᠶᠠᠷ︶ ︽ᠳᠠᠭᠤ ᠶᠢᠨ ᠠᠰᠠᠭᠤᠯᠲᠠ︾ — ᠣᠶᠤᠨᠴᠢ ᠠᠪᠢᠶᠠᠨ ᠤ ᠬᠡᠷᠡᠭᠯᠡᠭᠡᠨ ᠤ ᠲᠠᠪᠴᠠᠩ | ᠣᠶᠣᠨᠴᠢ ᠠᠪᠢᠶᠠᠨ ᠤ ᠬᠡᠷᠡᠭᠯᠡᠭᠡᠨ ᠤ ᠲᠠᠪᠴᠠᠩ ᠨᠢ ᠴᠢᠨᠠᠷ ᠰᠠᠶᠢᠲᠠᠢ ᠲᠠᠭᠤᠨ ᠤ ᠨᠡᠶᠢᠯᠡᠯ᠂ ᠳᠠᠭᠤᠤ ᠬᠥᠭᠵᠢᠮ ᠤᠨ ᠵᠣᠬᠢᠶᠠᠨ ᠪᠦᠲᠦᠭᠡᠯᠭᠡ᠂ ᠠᠪᠢᠶ᠎ᠠ ᠶᠢ | ᠢᠯᠭᠠᠨ ᠲᠠᠨᠢᠬᠤ ᠵᠢᠴᠢ ᠪᠠᠶᠢᠴᠠᠭᠠᠨ ᠰᠢᠯᠭᠠᠬᠤ ᠦᠢᠯᠡᠴᠢᠯᠡᠭᠡ ᠶᠢ ᠬᠠᠩᠭᠠᠵᠤ᠂ ᠵᠢᠶᠠᠩᠰᠢ ᠶᠢᠨ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠬᠦᠷᠢᠶᠡᠨ ᠳᠠᠬᠢ ᠰᠢᠨ᠎ᠡ ᠮᠡᠷᠭᠡᠵᠢᠯ ᠤᠨ ᠲᠤᠯᠭᠠᠭᠤᠷᠢᠯᠠᠯ ᠪᠣᠯᠪᠠ᠃ ᠲᠣᠰ ᠲᠠᠪᠴᠠᠩ ᠨᠢ ᠬᠥᠲᠥᠯᠦᠭᠴᠢ ᠶᠢᠨ ᠠᠪᠢᠶᠠᠯᠠᠭ᠎ᠠ ᠪᠠ ᠦᠭᠡ ᠬᠡᠯᠡᠬᠦ ᠬᠡᠪ ᠨᠠᠮᠪᠠ ᠶᠢ | ᠣᠨᠣᠪᠴᠢᠲᠠᠶ ᠳᠠᠭᠤᠷᠢᠶᠠᠵᠤ ᠴᠢᠳᠠᠬᠤ ᠪᠠᠷ ᠪᠠᠷᠠᠬᠤ ᠥᠬᠡᠶ᠂ ᠰᠠᠨᠠᠭᠤᠯᠤᠮᠵᠢ ᠦᠭᠡᠰ ᠢ ᠱᠠᠭᠠᠷᠳᠠᠯᠭ᠎ᠠ ᠳᠤ ᠨᠡᠶᠢᠴᠡᠭᠰᠡᠨ ᠳᠠᠭᠤᠤ ᠬᠥᠭᠵᠢᠮ ᠤᠨ ᠹᠢᠯᠢᠮ ᠢ ᠡᠭᠦᠰᠭᠡᠵᠦ | ᠴᠢᠳᠠᠬᠤ ᠪᠥᠭᠡᠳ ᠲᠣᠰ ᠭᠠᠵᠠᠷ ᠲᠠᠬᠢ ᠲᠤᠭ᠎ᠠ ᠪᠠᠷᠢᠮᠲᠠ ᠶᠢᠨ ᠬᠤᠯᠢᠮᠠᠭ ᠪᠣᠯᠪᠠᠰᠤᠷᠠᠯ ᠤᠨ ᠠᠪᠢᠶᠠᠨ ᠤ ᠶᠡᠭᠡ ᠵᠠᠭᠪᠤᠷ ᠲᠠᠢ ᠤᠶᠠᠯᠳᠤᠭᠤᠯᠤᠨ᠂ ᠠᠪᠢᠶ᠎ᠠ ᠠᠴᠠ | ᠪᠢᠴᠢᠭ ᠣᠷᠤᠭᠤ ᠰᠢᠯᠵᠢᠭᠦᠯᠬᠦ ᠳᠤ 99.99% ᠶᠢᠨ ᠣᠨᠣᠪᠴᠢ ᠶᠢᠨ ᠬᠡᠮᠵᠢᠶ᠎ᠡ ᠳᠤ ᠬᠦᠷᠭᠡᠬᠦ ᠶᠢ ᠪᠡᠶᠡᠯᠡᠭᠦᠯᠦᠨ᠎ᠡ᠃ | ︵ᠭᠤᠷᠪᠠ︶ ︽ᠰᠠᠷ᠎ᠠ ᠶᠢᠨ ᠠᠰᠠᠭᠤᠯᠲᠠ ︾ — ᠰᠢᠯᠦᠭ ᠳᠠᠭᠤᠯᠠᠯ ᠰᠣᠶᠣᠯ ᠵᠢᠭᠤᠯᠴᠢᠯᠠᠯ ᠤᠨ ᠣᠶᠤᠨᠴᠢ ᠪᠡᠶᠡᠲᠦ | ᠰᠢᠯᠦᠭ ᠳᠠᠭᠤᠯᠠᠯ ᠤᠨ ᠰᠣᠶᠣᠯ ᠵᠢᠭᠤᠯᠴᠢᠯᠠᠯ ᠤᠨ ᠣᠶᠤᠨᠴᠢ ᠪᠡᠶᠡᠲᠦ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠯᠡ ᠪᠢᠴᠢᠭ ᠤᠨ | ᠰᠢᠨᠵᠢᠯᠡᠭᠡᠨ ᠤ ᠲᠤᠬᠠᠢ ᠰᠤᠷᠤᠯᠴᠠᠬᠤ ᠤᠷᠮ᠎ᠠ ᠪᠠᠬ᠎ᠠ ᠪᠠ ᠲᠦᠪᠰᠢᠨ ᠢ ᠳᠡᠭᠡᠭᠰᠢᠯᠡᠭᠦᠯᠦᠨ ᠴᠢᠩᠭᠠᠳᠬᠠᠬᠤ ᠶᠢᠨ ᠬᠠᠮᠲᠤ ᠰᠢᠯᠦᠭ ᠳᠠᠭᠤᠯᠠᠯ ᠤᠨ ᠰᠤᠷᠤᠯᠴᠠᠯᠭ᠎ᠠ ᠶᠢᠨ | ᠠᠮᠲᠠ ᠰᠢᠮᠲᠡ ᠦᠭᠡᠢ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃ ᠰᠢᠯᠦᠭ ᠳᠠᠭᠤᠯᠠᠯ ᠤᠨ ᠰᠣᠶᠣᠯ ᠵᠢᠭᠤᠯᠴᠢᠯᠠᠯ ᠤᠨ ᠣᠶᠤᠨᠴᠢ ᠪᠡᠶᠡᠲᠦ ᠨᠢ ᠪᠣᠯᠪᠠᠰᠤᠷᠠᠩᠭᠤᠶ | ᠪᠣᠯᠤᠭᠰᠠᠨ ᠲᠣᠮᠣ ᠬᠡᠯᠡᠨ ᠤ ᠵᠠᠭᠪᠤᠷ ᠲᠤ ᠲᠦᠰᠢᠭᠯᠡᠭᠰᠡᠨ ᠪᠥᠭᠡᠳ ᠰᠢᠯᠦᠭ ᠳᠠᠭᠤᠯᠠᠯ ᠳᠤ ᠴᠢᠭᠯᠡᠭᠦᠯᠦᠨ ᠣᠨᠴᠠᠭᠠᠶ ᠪᠣᠯᠪᠠᠰᠤᠷᠠᠯ ᠬᠢᠵᠦ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠣᠨᠢᠷᠬᠠᠯ ᠢᠶᠠᠷ ᠴᠢᠩᠭ᠎ᠠ ᠥᠯᠢᠭᠡᠷ ᠤᠨ ᠰᠣᠯᠢᠯᠴᠠᠭ᠎ᠠ ᠬᠢᠬᠦ ᠠᠷᠭ᠎ᠠ ᠬᠡᠯᠪᠡᠷᠢ ᠲᠠᠢ ᠤᠶᠠᠯᠳᠤᠭᠤᠯᠤᠨ᠂ ᠰᠤᠷᠤᠭᠴᠢᠳ ᠲᠤ | ᠨᠢᠳᠦᠨ ᠳᠤ ᠨᠢ ᠦᠵᠡᠭᠳᠡᠵᠦ ᠭᠠᠷ ᠲᠤ ᠨᠢ ᠪᠠᠷᠢᠭᠳᠠᠮ᠎ᠠ ᠰᠢᠯᠦᠭ ᠳᠠᠭᠤᠯᠠᠯ ᠤᠨ ᠶᠢᠷᠲᠢᠨᠴᠦ ᠶᠢ ᠳᠡᠯᠭᠡᠨ ᠦᠵᠡᠭᠦᠯᠦᠨ᠎ᠡ᠃ ᠰᠠᠷ᠎ᠠ ᠶᠢᠨ ᠠᠰᠠᠭᠤᠯᠲᠠ ᠳᠤ᠂ | ᠰᠤᠷᠤᠭᠴᠢᠳ ᠰᠢᠯᠦᠭ ᠳᠠᠭᠤᠯᠠᠯ ᠤᠨ ᠨᠡᠷᠡᠲᠦ ᠬᠥᠮᠦᠰ ᠲᠠᠢ ᠬᠠᠷᠢᠯᠴᠠᠵᠤ᠂ ᠲᠡᠳᠡᠨ ᠢ ᠳᠠᠭᠠᠭᠤᠯᠤᠨ ᠵᠢᠶᠠᠩᠰᠢ ᠶᠢᠨ ᠠᠭᠤᠯᠠ ᠤᠰᠤ ᠪᠠᠷ ᠵᠤᠭᠠᠴᠠᠵᠤ᠂ ᠰᠢᠯᠦᠭ | ᠳᠠᠭᠤᠯᠠᠯ ᠤᠨ ᠦᠯᠢᠭᠡᠷ ᠨᠢᠭᠡᠪᠦᠷᠢ ᠳᠤ ᠰᠤᠭᠲᠤᠭᠤᠷᠠᠨ᠂ ᠡᠭᠦᠨ ᠠᠴᠠ ᠰᠢᠯᠦᠭ ᠳᠠᠭᠤᠯᠠᠯ ᠳᠤ ᠳᠤᠷᠠᠲᠠᠢ᠂ ᠬᠡᠯᠡ ᠪᠢᠴᠢᠭ ᠲᠤ ᠳᠤᠷᠠᠲᠠᠢ᠂ ᠵᠢᠶᠠᠩᠰᠢ ᠶᠢ | ᠬᠠᠶᠢᠷᠠᠯᠠᠬᠤ ᠪᠣᠯᠭᠠᠨ ᠂ ᠢᠷᠡᠭᠡᠳᠦᠢ ᠶᠢᠨ AI ᠶᠢᠨ ᠬᠡᠷᠡᠭᠯᠡᠯᠲᠡ ᠨᠢ ᠰᠤᠷᠤᠭᠴᠢ ᠶᠢᠨ ᠰᠤᠷᠭᠠᠨ ᠬᠥᠮᠦᠵᠢᠯ ᠳᠤ ᠬᠡᠷᠡᠭᠯᠡᠬᠦ ᠨᠢᠭᠡ ᠵᠦᠢᠯ ᠤᠨ ᠴᠣ ᠰᠢᠨ᠎ᠡ | ᠰᠦᠪᠡᠭᠴᠢᠯᠡᠯᠲᠡ ᠪᠠ ᠲᠤᠷᠰᠢᠯᠲᠠ ᠪᠣᠯᠤᠨ᠎ᠠ᠃ | ︵ᠲᠦᠷᠪᠡ︶ ︽ᠲᠣᠯᠢᠯᠠᠯ ᠤᠨ ᠠᠰᠠᠭᠤᠯᠲᠠ ︾ — ᠣᠶᠤᠨᠴᠢ ᠬᠢᠨᠠᠨ ᠬᠠᠷᠭᠤᠭᠤᠯᠬᠤ ᠲᠠᠪᠴᠠᠩ | ᠣᠶᠤᠨᠴᠢ ᠬᠢᠨᠠᠨ ᠬᠠᠷᠭᠤᠭᠤᠯᠬᠤ ᠲᠠᠪᠴᠠᠩ ᠨᠢ ᠬᠢᠨᠠᠨ ᠬᠠᠷᠭᠤᠭᠤᠯᠬᠤ ᠦᠷ᠎ᠡ ᠪᠦᠲᠦᠮᠵᠢ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠬᠦ ᠪᠠᠷ ᠰᠢᠨ᠎ᠡ ᠴᠠᠭ | ᠦᠶ᠎ᠡ ᠶᠢᠨ ᠬᠢᠨᠠᠨ ᠬᠠᠷᠭᠤᠭᠤᠯᠬᠤ ᠪᠠᠷᠢᠮᠵᠢᠶ᠎ᠠ ᠶᠢ ᠬᠠᠩᠭᠠᠳᠠᠭ ᠃ ᠲᠤᠰ ᠲᠠᠪᠴᠠᠩ ᠨᠢ ᠣᠯᠠᠨ ᠲᠥᠰᠦᠪ ᠢᠶᠠᠷ ᠶᠡᠭᠡ ᠵᠠᠭᠪᠤᠷ ᠢ ᠬᠡᠷᠡᠭᠯᠡᠵᠦ ᠪᠠᠶᠢᠭᠠᠳ ᠲᠡᠭ | ᠰᠤᠷᠤᠯᠴᠠᠯᠭ᠎ᠠ ᠶᠢᠨ ᠥᠪᠡᠷ ᠤᠨ ᠥᠷᠲᠡᠭ ᠤᠨ ᠲᠤᠰ ᠭᠠᠵᠠᠷᠴᠢᠯᠠᠭᠰᠠᠨ ᠲᠤᠭ᠎ᠠ ᠪᠠᠷᠢᠮᠲᠠ ᠶᠢᠨ ᠣᠨᠴᠠᠯᠢᠭ ᠲᠠᠢ ᠤᠶᠠᠯᠳᠤᠭᠤᠯᠤᠨ ᠮᠡᠷᠭᠡᠵᠢᠯ ᠢ ᠴᠢᠩᠭᠠᠷᠠᠭᠤᠯᠵᠤ᠂ | ᠰᠡᠷᠭᠡᠭ ᠮᠡᠳᠡᠭᠡ ᠵᠠᠩᠭᠢ ᠶᠢᠨ ᠥᠨᠳᠥᠷ ᠣᠨᠣᠪᠴᠢᠲᠤ ᠴᠢᠨᠠᠷ ᠢ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠰᠢᠶᠠᠨ ᠲᠣᠭᠤᠷᠢᠭ ᠤᠨ ᠲᠡᠰ ᠤᠨ ᠮᠡᠳᠡᠭᠡ ᠵᠠᠩᠭᠢ ᠶᠢ | ᠣᠨᠣᠪᠴᠢᠲᠠᠶ ᠢᠯᠭᠠᠨ ᠲᠠᠨᠢᠵᠤ᠂ ᠬᠢᠨᠠᠨ ᠬᠠᠷᠭᠤᠭᠤᠯᠬᠤ ᠶᠢ ᠨᠠᠷᠢᠯᠢᠭᠵᠢᠭᠤᠯᠬᠤ ᠪᠠ ᠲᠤᠰ ᠭᠠᠵᠠᠷᠴᠢᠯᠠᠬᠤ ᠶᠢ ᠪᠠᠲᠤᠯᠠᠵᠤ᠂ 99.99% ᠶᠢᠨ ᠣᠨᠣᠪᠴᠢ ᠶᠢᠨ | ᠨᠣᠷᠮ᠎ᠠ ᠳᠤ ᠬᠦᠷᠴᠡᠢ᠃ | ᠳᠥᠷᠪᠡ᠂ ᠰᠢᠨ᠎ᠡ ᠶᠢ ᠡᠭᠦᠳᠬᠦ ᠮᠡᠷᠭᠡᠵᠢᠯ ᠤᠨ ᠰᠤᠳᠤᠯᠤᠨ ᠨᠡᠭᠡᠭᠡᠬᠦ ᠴᠢᠭᠯᠡᠯ ᠰᠢᠨᠡᠴᠢᠯᠡᠯᠲᠡ | ᠡᠳᠦᠭᠡᠬᠢ ᠸᠢᠳᠢᠣ᠋ ᠨᠢ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠮᠡᠷᠭᠡᠵᠢᠯ ᠢ ᠣᠷᠣᠭᠤᠯᠤᠨ | ᠠᠪᠴᠢᠷᠠᠬᠤ᠂ ᠰᠢᠨ᠎ᠡ ᠲᠤᠬᠠᠶᠢᠯᠠᠭᠰᠠᠨ ᠠᠵᠢᠯ ᠤᠨ ᠵᠠᠭᠪᠤᠷ ᠢ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠲᠠᠪᠴᠠᠩ ᠤᠨ ᠲᠠᠰ ᠳᠡᠪᠰᠢᠬᠦ ᠪᠠ ᠬᠥᠭᠵᠢᠯᠲᠡ ᠶᠢ | ᠲᠠᠰᠤᠷᠠᠯᠲᠠ ᠥᠬᠡᠶ ᠳᠥᠯᠭᠢᠨ ᠠᠬᠢᠭᠤᠯᠪᠠ᠃ ᠡᠶᠢᠮᠦᠷᠬᠦᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢᠨ ᠰᠡᠳᠭᠢᠬᠦᠢ ᠪᠣᠯ | ᠲᠡᠭᠦᠨ ᠤ ᠥᠷᠢᠰᠥᠯᠳᠦᠭᠡᠨ ᠬᠤᠷᠴᠠ ᠰᠢᠷᠦᠭᠦᠨ ᠵᠠᠬ᠎ᠠ ᠳᠡᠯᠭᠡᠭᠦᠷ ᠤᠨ ᠳᠤᠮᠳᠠ ᠴᠣᠯᠭᠤᠷᠠᠨ ᠭᠠᠷᠬᠤ ᠵᠠᠩᠭᠢᠯᠠᠭ᠎ᠠ ᠮᠥᠨ᠃ ᠣᠶᠤᠨᠴᠢ ᠵᠠᠭᠤᠴᠢᠯᠠᠭᠤᠷ ᠤᠨ | ᠪᠦᠲᠦᠭᠡᠨ ᠪᠠᠶᠢᠭᠤᠯᠤᠯᠲᠠ ᠪᠠᠷ ᠡᠭᠦᠷᠭᠡ ᠪᠣᠯᠭᠠᠵᠤ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠣᠨ ᠤ ᠮᠡᠷᠭᠡᠵᠢᠯ ᠢᠶᠠᠷ ᠵᠠᠭᠤᠴᠢᠯᠠᠭᠤᠷ ᠤᠨ ᠮᠡᠷᠭᠡᠵᠢᠯ ᠤᠨ ᠰᠠᠭᠤᠷᠢ ᠶᠢ | ᠳᠠᠬᠢᠨ ᠱᠤᠭᠤᠬᠤ ᠪᠠ ᠦᠢᠯᠡᠳᠬᠦᠨ ᠤ ᠰᠢᠨᠡᠴᠢᠯᠡᠯᠲᠡ ᠶᠢ ᠠᠬᠢᠭᠤᠯᠬᠤ ᠪᠠᠷ ᠴᠢᠷᠮᠠᠶᠢᠵᠤ᠂ ᠵᠣᠬᠢᠶᠠᠮᠠᠯ ᠣᠶᠣᠨ ᠤ ᠮᠡᠷᠭᠡᠵᠢᠯ ᠤᠨ ᠡᠳᠦᠭᠡᠬᠢ ᠸᠢᠳᠢᠣ᠋ ᠶᠢᠨ | ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠳᠠᠬᠢ ᠪᠥᠬᠦ ᠲᠠᠯᠠᠪᠤᠷ ᠤᠨ ᠬᠡᠷᠡᠭᠯᠡᠯᠲᠡ ᠶᠢ ᠠᠬᠢᠭᠤᠯᠵᠤ᠂ ᠵᠠᠭᠤᠴᠢᠯᠠᠭᠤᠷ ᠤᠨ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ | ᠡᠭᠦᠳᠬᠦ ᠶᠢ ᠬᠥᠳᠡᠯᠭᠡᠵᠦ᠂ ᠮᠡᠷᠭᠡᠵᠢᠯ ᠢ ᠰᠢᠯᠵᠢᠭᠦᠯᠬᠦ ᠪᠠ ᠠᠵᠤ ᠦᠶᠢᠯᠡᠰᠵᠢᠭᠦᠯᠬᠦ ᠶᠢ ᠪᠡᠶᠡᠯᠡᠭᠦᠯᠦᠨ᠎ᠡ᠃ | ︵ᠨᠢᠭᠡ︶ ᠲᠤᠰ ᠮᠤᠵᠢ ᠶᠢᠨ ᠵᠠᠰᠠᠭ ᠤᠨ ᠶᠠᠪᠤᠳᠠᠯ ᠤᠨ ᠰᠣᠨᠢᠨ ᠮᠡᠳᠡᠭᠡᠨ ᠤ ᠬᠡᠯᠡᠨ ᠤ ᠮᠠᠲ᠋ᠧᠷᠢᠶᠠᠯ ᠤᠨ ᠬᠦᠮᠦᠷᠭᠡ ᠶᠢ ᠰᠤᠳᠤᠯᠤᠨ ᠨᠡᠬᠡᠬᠡᠬᠦ | ᠵᠣᠬᠢᠶᠠᠮᠠᠯ ᠣᠶᠣᠨ ᠤ ᠲᠤᠷᠰᠢᠯᠲᠠ ᠶᠢᠨ ᠲᠠᠰᠤᠭ᠂ ᠮᠣᠵᠢ᠂ ᠬᠤᠲᠠ᠂ ᠰᠢᠶᠠᠨ ᠤ ᠷᠠᠳᠢᠣ᠋ ᠲᠧᠯᠸᠢᠰ᠂ ᠰᠣᠨᠢᠨ ᠤ ᠦᠢᠯᠡᠰ ᠢᠶᠠᠷ ᠬᠤᠷᠠᠮᠳᠤᠭᠤᠯᠤᠭᠰᠠᠨ ᠶᠡᠭᠡ | ᠬᠡᠮᠵᠢᠶᠡᠨ ᠤ ᠳᠠᠭᠤ ᠸᠢᠳᠢᠣ᠋ ᠂ ᠲᠧᠺᠰᠲ ᠤᠨ ᠪᠣᠷᠣ ᠮᠠᠲ᠋ᠧᠷᠢᠶᠠᠯ ᠢᠶᠠᠷ ᠰᠠᠭᠤᠷᠢ ᠪᠣᠯᠭᠠᠵᠤ᠂ ᠵᠠᠭᠤᠴᠢᠯᠠᠭᠤᠷ ᠤᠨ ᠬᠡᠯᠡᠨ ᠤ ᠮᠠᠲ᠋ᠧᠷᠢᠶᠠᠯ ᠤᠨ ᠬᠥᠮᠥᠷᠭᠡ ᠶᠢᠨ ᠥᠷᠭᠡᠨ | ᠳᠡᠯᠭᠡᠷ ᠴᠢᠨᠠᠷ᠂ ᠣᠯᠠᠨ ᠶᠠᠩᠵᠤᠲᠤ ᠴᠢᠨᠠᠷ᠂ ᠴᠠᠭ ᠬᠤᠭᠤᠴᠠᠭᠠᠲᠤ ᠴᠢᠨᠠᠷ ᠪᠠ ᠨᠠᠷᠢᠯᠢᠭ ᠣᠨᠣᠪᠴᠢᠲᠤ ᠴᠢᠨᠠᠷ ᠲᠤ ᠬᠦᠷᠴᠦ᠂ ᠲᠤᠰ ᠮᠣᠵᠢ ᠶᠢᠨ ᠵᠠᠰᠠᠭ ᠤᠨ | ᠶᠠᠪᠤᠳᠠᠯ ᠤᠨ ᠰᠣᠨᠢᠨ ᠮᠡᠳᠡᠭᠡᠨ ᠤ ᠶᠡᠭᠡ ᠵᠠᠭᠪᠤᠷ ᠢ ᠪᠣᠯᠪᠠᠰᠤᠷᠠᠭᠤᠯᠵᠤ᠂ ᠭᠤᠣᠯ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠪᠠᠬᠢᠵᠢᠭᠦᠯᠵᠦ᠂ ᠭᠤᠣᠯ | ᠤᠷᠤᠰᠬᠠᠯ ᠤᠨ ᠥᠷᠲᠡᠭ ᠤᠨ ᠤᠳᠤᠷᠢᠳᠤᠮᠵᠢ ᠪᠠᠷ ︽ᠪᠣᠳᠣᠬᠤ ᠠᠷᠭ᠎ᠠ︾ ᠶᠢ ᠵᠢᠯᠣᠭᠤᠳᠤᠨ᠂ ᠵᠢᠶᠠᠩᠰᠢ ᠶᠢᠨ ᠬᠤᠷᠢᠶᠠᠨ ᠤ ᠵᠠᠭᠤᠴᠢᠯᠠᠭᠤᠷ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠬᠤ ᠳᠤ ᠰᠢᠨ᠎ᠡ ᠨᠡᠮᠡᠭᠳᠡᠯ ᠤᠨ ᠴᠡᠭ ᠢ ᠡᠭᠦᠳᠴᠦ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠲᠠᠪᠴᠠᠩ ᠤᠨ ᠬᠥᠭᠵᠢᠯᠲᠡ ᠶᠢᠨ ᠷᠠᠳᠢᠣ᠋ ᠲᠧᠯᠸᠢᠰ ᠤᠨ ᠦᠢᠯᠡᠳᠦᠯᠭᠡ ᠪᠣᠯᠭᠠᠨ᠎ᠠ᠃ | ︵ᠬᠤᠶᠠᠷ︶ ᠰᠤᠶᠤᠯ ᠤᠨ ᠲᠤᠰᠬᠠᠢ ᠮᠡᠷᠭᠡᠵᠢᠯ ᠤᠨ ᠡᠭᠴᠡ ᠲᠦᠷᠦᠯ ᠤᠨ ᠲᠤᠮᠤ ᠵᠠᠭᠪᠤᠷ ᠢ ᠰᠤᠳᠤᠯᠤᠨ ᠨᠡᠭᠡᠭᠡᠬᠦ | ᠲᠥᠪ ᠲᠧᠯᠸᠢᠰ ᠤᠨ ᠳᠠᠪᠲᠠᠮᠵᠢ ᠶᠢᠨ ᠳᠠᠪᠲᠠᠮᠵᠢ ᠪᠣᠯᠤᠨ ᠰᠢᠨ᠎ᠡ ᠵᠠᠭᠤᠴᠢᠯᠠᠭᠤᠷ ᠤᠨ ᠣᠨᠴᠠᠯᠢᠭ ᠢ ᠦᠨᠳᠦᠰᠦᠯᠡᠨ᠂ ᠡᠭᠴᠡ ᠲᠥᠷᠥᠯ ᠤᠨ ᠲᠣᠮᠣ ᠵᠠᠭᠪᠤᠷ ᠢ | ᠴᠢᠭᠯᠡᠭᠦᠯᠬᠦ ᠴᠢᠨᠠᠷᠲᠠᠶ ᠪᠠᠷ ᠪᠠᠶᠢᠭᠤᠯᠵᠤ᠂ ᠡᠭᠦᠨ ᠳᠤ ᠰᠡᠳᠬᠢᠴᠡ ᠶᠢᠨ ᠯᠠᠪᠯᠠᠯᠭ᠎ᠠ ᠶᠢᠨ ᠲᠣᠮᠣ ᠵᠠᠭᠪᠤᠷ᠂ ᠰᠣᠶᠣᠯ ᠰᠣᠶᠣᠯ ᠵᠢᠭᠤᠯᠴᠢᠯᠠᠯ ᠤᠨ ᠲᠣᠮᠣ ᠵᠠᠭᠪᠤᠷ᠂ | ᠲᠠᠷᠢᠶᠠᠯᠠᠩ ᠤᠨ ᠦᠢᠯᠡᠴᠢᠯᠡᠭᠡᠨ ᠤ ᠲᠣᠮᠣ ᠵᠠᠭᠪᠤᠷ᠂ ᠡᠮᠴᠢᠯᠡᠭᠡ ᠶᠢᠨ ᠦᠢᠯᠡᠴᠢᠯᠡᠭᠡᠨ ᠤ ᠲᠣᠮᠣ ᠵᠠᠭᠪᠤᠷ ᠲᠤ ᠦᠯᠦ ᠬᠢᠵᠠᠭᠠᠷᠯᠠᠭᠳᠠᠬᠤ ᠪᠠᠶᠢᠵᠤ᠂ ᠰᠤᠪᠠᠭ ᠤᠨ | ᠠᠭᠤᠯᠭ᠎ᠠ ᠶᠢᠨ ᠵᠣᠬᠢᠶᠠᠨ ᠪᠦᠲᠦᠭᠡᠯᠲᠡ᠂ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠶᠢ ᠠᠬᠢᠭᠤᠯᠵᠤ᠂ ᠡᠳᠦᠭᠡᠬᠢ ᠸᠢᠳᠢᠣ᠋ ᠴᠢᠨᠠᠭᠰᠢᠯᠠᠪᠠᠯ ᠪᠦᠬᠦ | ᠲᠠᠪᠴᠠᠩ ᠤᠨ ᠳ᠋ᠢᠵᠢᠲ᠋ᠠᠯ᠂ ᠤᠶᠤᠨᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ | ︵ᠭᠤᠷᠪᠠ︶ ᠰᠢᠨ᠎ᠡ ᠨᠢᠭᠡ ᠦᠶ᠎ᠡ ᠶᠢᠨ ᠡᠳᠦᠭᠡᠬᠢ ᠸᠢᠳᠢᠤ᠋ ᠶᠢᠨ ᠤᠷᠤᠰᠬᠠᠯ ᠤᠨ ᠬᠡᠮᠵᠢᠶ᠎ᠡ ᠶᠢᠨ ᠣᠷᠤᠴᠠ ᠶᠢ ᠰᠤᠳᠤᠯᠤᠨ ᠨᠡᠬᠡᠬᠡᠬᠦ | ᠰᠢᠰᠲ᠋ᠧᠮ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠭᠰᠠᠨ᠂ ᠴᠢᠨᠠᠷ ᠰᠠᠶᠢᠲᠠᠶ ᠥᠪᠡᠷ ᠢ ᠪᠠᠨ ᠡᠭᠦᠳᠬᠦ ᠠᠭᠤᠯᠭ᠎ᠠ ᠪᠠᠷ ᠤᠳᠤᠷᠢᠳᠤᠮᠵᠢ | ᠪᠣᠯᠭᠠᠭᠰᠠᠨ᠂ ᠲᠡᠷᠢᠭᠦᠨ ᠤ ᠣᠶᠤᠨᠴᠢ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠭᠰᠠᠨ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ ᠠᠰᠢᠭᠯᠠᠬᠤ ᠪᠠᠷ | ᠭᠠᠷᠳᠠᠴᠠ ᠪᠣᠯᠭᠠᠭᠰᠠᠨ ᠭᠤᠤᠯ ᠤᠷᠤᠰᠬᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠢᠨᠲ᠋ᠧᠷ ᠰᠦᠯᠵᠢᠶᠡᠨ ᠤ | ᠳ᠋ᠠᠶᠢᠲ᠋ᠠ ᠶᠢᠨ ᠢᠯᠡ ᠴᠢᠨᠠᠷ ᠪᠠ ᠪᠥᠬᠦ ᠲᠠᠯᠠᠲᠤ ᠴᠢᠨᠠᠷ ᠲᠤ ᠲᠦᠰᠢᠭᠯᠡᠨ᠂ ᠰᠢᠨ᠎ᠡ ᠨᠢᠭᠡ ᠦᠶ᠎ᠡ ᠶᠢᠨ ᠲᠣᠮᠣ ᠳ᠋ᠠᠶᠢᠲ᠋ᠠ ᠪᠠ ᠵᠣᠬᠢᠶᠠᠮᠠᠯ ᠣᠶᠣᠨ ᠤ ᠪᠤᠳᠤᠬᠤ ᠠᠷᠭ᠎ᠠ ᠶᠢ | ᠰᠤᠳᠤᠯᠵᠤ ᠂ ᠡᠳᠦᠭᠡᠬᠢ ᠸᠢᠳᠢᠣ᠋ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠳᠠᠯᠳᠤᠭᠠᠨ ᠤ ᠶᠠᠪᠤᠳᠠᠯ ᠤᠨ ᠰᠢᠨ᠎ᠡ ᠵᠠᠭᠪᠤᠷ ᠢ ᠬᠠᠩᠭᠠᠵᠤ᠂ | ᠰᠢᠨ᠎ᠡ ᠮᠡᠷᠭᠡᠵᠢᠯ ᠢᠶᠠᠷ ᠰᠢᠨ᠎ᠡ ᠤᠷᠤᠰᠬᠠᠯ ᠤᠨ ᠬᠡᠮᠵᠢᠶ᠎ᠡ ᠶᠢ ᠪᠡᠶᠡᠯᠡᠭᠦᠯᠦᠨ᠎ᠡ᠃ | | |