ᠰᠢᠯᠢ ᠶᠢᠨ ᠭᠤᠤᠯ ᠠᠶᠢᠮᠠᠭ ᠤᠨ 2020 ᠣᠨ ᠳᠤ ᠬᠢ ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠣᠨᠴᠠᠯᠢᠭᠲᠤ ᠰᠤᠷᠭᠠᠭᠤᠯᠢ ᠶᠢᠨ ᠬᠥᠯ ᠪᠥᠮᠪᠦᠭᠡᠨ ᠤ ᠲᠤᠰᠬᠠᠶ ᠪᠠᠭᠰᠢ ᠶᠢᠨ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2020/12/11
      ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠯᠢ ᠶᠢᠨ ᠬᠤᠲᠠ ᠶᠢᠨ ᠮᠣᠩᠭᠤᠯ ᠳᠤᠮᠳᠠᠳᠤ ᠰᠤᠷᠭᠠᠭᠤᠯᠢ ᠠᠴᠠ ᠬᠠᠮᠲᠤᠷᠠᠨ ᠡᠷᠭᠢᠯᠡᠭᠰᠡᠨ ᠰᠢᠯᠢ ᠶᠢᠨ ᠭᠤᠤᠯ ᠠᠶᠢᠮᠠᠭ ᠤᠨ 2020 ᠣᠨ ᠳᠤ ᠬᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠨᠴᠠᠯᠢᠬᠳᠤ ᠰᠤᠷᠭᠠᠭᠤᠯᠢ ᠶᠢᠨ ᠬᠥᠯ ᠪᠥᠮᠪᠦᠭᠡᠨ ᠤ ᠲᠤᠰᠬᠠᠶ ᠪᠠᠭᠰᠢ ᠶᠢᠨ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠠᠮᠵᠢᠯᠲᠠᠲᠠᠢ ᠥᠨᠳᠥᠷᠯᠡᠪᠡ᠃       ᠲᠣᠰ ᠤᠳᠠᠭᠠᠨ ᠤ ᠤᠷᠤᠯᠳᠤᠭᠠᠨ ᠳᠤ ᠳᠤᠮᠳᠠᠳᠤ ᠤᠯᠤᠰ ᠤᠨ ᠬᠥᠯ ᠪᠥᠮᠪᠦᠭᠡᠨ ᠤ ᠨᠡᠶᠢᠭᠡᠮᠯᠢᠭ ᠤᠨ CFA ᠯᠧᠺᠲ᠋ᠣᠷ᠂ ᠾᠧᠪᠧᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠯᠢᠦᠶ ᠵᠢᠶᠠᠨ ᠯᠢ ᠶᠢ ᠬᠢᠨᠠᠬᠤ ᠲᠤᠰᠬᠠᠶ ᠮᠡᠷᠭᠡᠵᠢᠯᠲᠡᠨ ᠢᠶᠠᠷ ᠤᠷᠢᠪᠠ᠃ ᠤᠷᠤᠯᠳᠤᠭᠠᠨ ᠳᠤ ᠣᠨᠣᠯ ᠤᠨ ᠰᠢᠯᠭᠠᠯᠲᠠ ᠪᠠ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠰᠢᠯᠭᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠵᠦ᠂ ᠰᠢᠯᠭᠠᠷᠠᠭᠤᠯᠤᠯᠲᠠ ᠳᠤ ᠣᠷᠣᠯᠴᠠᠭᠰᠠᠨ ᠪᠠᠭᠰᠢ ᠨᠠᠷ ᠤᠷᠤᠯᠳᠤᠭᠠᠨ ᠠᠴᠠ ᠡᠮᠦᠨ᠎ᠡ ᠰᠢᠪᠠᠭ᠎ᠠ ᠳᠠᠲᠠᠵᠤ ᠳᠤᠭᠤᠶᠢᠯᠠᠩ ᠬᠤᠪᠢᠶᠠᠬᠤ ᠬᠡᠯᠪᠡᠷᠢ ᠪᠠᠷ ᠳᠠᠮᠵᠢᠭᠤᠯᠤᠨ᠂ ᠵᠢᠭᠠᠬᠤ ᠲᠥᠰᠦᠯ ᠢ ᠨᠠᠶᠢᠷᠠᠭᠤᠯᠤᠨ ᠪᠢᠴᠢᠬᠦ ᠰᠢᠯᠭᠠᠯᠲᠠ᠂ ᠬᠥᠯ ᠪᠥᠮᠪᠦᠭᠡᠨ ᠤ ᠤᠷᠤᠯᠳᠤᠭᠠᠨ ᠤ ᠳᠦᠷᠢᠮ ᠤᠨ ᠰᠢᠯᠭᠠᠯᠲᠠ᠂ ᠬᠥᠯ ᠪᠥᠮᠪᠦᠭᠡᠨ ᠤ ᠤᠷ᠎ᠠ ᠴᠢᠳᠠᠪᠤᠷᠢ ᠶᠢᠨ ᠰᠢᠯᠭᠠᠯᠲᠠ ᠵᠢᠴᠢ ᠬᠢᠴᠢᠶᠡᠯ ᠤᠨ ᠲᠣᠭᠠᠴᠢᠯ ᠬᠢᠵᠦ ᠠᠳᠠᠯᠢᠳᠬᠠᠨ ᠰᠢᠯᠭᠠᠷᠠᠭᠤᠯᠬᠤ ᠵᠡᠷᠭᠡ ᠶᠢ ᠳᠡᠰ ᠳᠠᠷᠠᠭᠠᠯᠠᠨ ᠶᠠᠪᠤᠭᠳᠠᠭᠤᠯᠵᠤ᠂ ᠤᠷᠤᠯᠳᠤᠭᠠᠨ ᠳᠤ ᠣᠷᠣᠯᠴᠠᠭᠰᠠᠨ ᠪᠠᠭᠰᠢ ᠨᠢᠭᠡ ᠪᠦᠷᠢ ᠶᠢᠨ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠪᠠ ᠤᠷ᠎ᠠ ᠴᠢᠳᠠᠪᠤᠷᠢ ᠶᠢ ᠪᠥᠬᠦ ᠲᠠᠯ᠎ᠠ ᠪᠠᠷ ᠬᠢᠨᠠᠨ ᠰᠢᠯᠭᠠᠪᠠ᠃      ᠤᠷᠤᠯᠳᠤᠭᠠᠨ ᠨᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠪᠠᠭᠰᠢ ᠨᠠᠷ ᠲᠤ ᠰᠣᠯᠢᠯᠴᠠᠬᠤ ᠲᠣᠬᠢᠶᠠᠯ ᠬᠠᠩᠭᠠᠵᠤ᠂ ᠬᠥᠯ  ᠪᠥᠮᠪᠦᠭᠡᠨ ᠤ ᠪᠠᠭᠰᠢ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠰᠢᠯᠭᠠᠨ ᠪᠠᠶᠢᠴᠠᠭᠠᠵᠤ᠂ ᠲᠠᠷᠠᠭᠠᠴᠢ ᠶᠢᠨ ᠠᠯᠬᠤᠮ ᠳᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠢᠴᠢᠶᠡᠯ ᠢ ᠨᠠᠩ ᠰᠠᠶᠢᠲᠤᠷ ᠥᠷᠨᠢᠭᠦᠯᠵᠦ᠂ ᠬᠥᠯ ᠪᠥᠮᠪᠦᠭᠡ ᠶᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠳᠤ ᠮᠠᠰᠢ ᠰᠠᠶᠢᠨ ᠰᠠᠭᠤᠷᠢ ᠲᠠᠯᠪᠢᠵᠤ ᠥᠭᠪᠡ᠃      ᠲᠣᠰ ᠤᠳᠠᠭᠠᠨ ᠤ ᠤᠷᠤᠯᠳᠤᠭᠠᠨ ᠨᠢ ᠬᠤᠶᠠᠷ ᠡᠳᠦᠷ ᠶᠠᠪᠤᠭᠳᠠᠵᠤ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠣᠨᠴᠠᠯᠢᠭᠲᠤ ᠰᠤᠷᠭᠠᠭᠤᠯᠢ ᠶᠢᠨ 70 ᠰᠢᠬᠠᠮ ᠬᠥᠯ ᠪᠥᠮᠪᠦᠭᠡᠨ ᠤ ᠲᠤᠰᠬᠠᠶ ᠪᠠᠭᠰᠢ ᠤᠷᠤᠯᠳᠤᠭᠠᠨ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map