ᠰᠢᠯᠢ ᠶᠢᠨ ᠭᠤᠤᠯ ᠠᠶᠢᠮᠠᠭ ᠤᠨ 2020 ᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠲᠠᠪᠤᠨ ᠬᠥᠮᠦᠨ ᠤ ᠳᠦᠷᠢᠮᠲᠦ ᠤᠷᠤᠯᠳᠤᠭᠠᠨ ᠪᠠ ᠴᠢᠶᠠᠷᠯᠢᠳᠢᠩ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠥᠨᠳᠦᠷᠯᠡᠪᠡ
ᠨᠡᠶᠢᠲᠡᠯᠡᠭᠰᠡᠨ ᠴᠠᠭ᠄
2020/12/4
      ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠢᠯᠢ ᠶᠢᠨ ᠭᠤᠤᠯ  ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ᠂ ᠰᠢᠯᠢ ᠶᠢᠨ ᠬᠤᠲᠠ ᠶᠢᠨ ᠬᠥᠯ ᠪᠥᠮᠪᠦᠭᠡᠨ ᠤ ᠨᠡᠶᠢᠭᠡᠮᠯᠢᠭ ᠠᠴᠠ ᠬᠠᠮᠲᠤᠷᠠᠨ ᠡᠷᠭᠢᠯᠡᠭᠰᠡᠨ ᠰᠢᠯᠢ ᠶᠢᠨ ᠭᠤᠤᠯ ᠠᠶᠢᠮᠠᠭ ᠤᠨ 2020 ᠣᠨ ᠤ ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠲᠠᠪᠤᠨ ᠬᠥᠮᠦᠨ ᠤ ᠳᠦᠷᠢᠮᠲᠦ ᠤᠷᠤᠯᠳᠤᠭᠠᠨ ᠪᠠ ᠴᠢᠶᠠᠷᠯᠢᠳᠢᠩ ︵cheerleading︶ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠤᠷᠤᠯᠳᠤᠭᠠᠨ ᠰᠢᠯᠢ ᠶᠢᠨ ᠭᠤᠤᠯ ᠠᠶᠢᠮᠠᠭ ᠤᠨ ᠪᠡᠶ᠎ᠡ ᠶᠢᠨ ᠲᠠᠮᠢᠷ ᠤᠨ ᠲᠥᠪ ᠲᠤ ᠥᠨᠳᠦᠷᠯᠡᠪᠡ᠃       ᠲᠤᠰ ᠤᠳᠠᠭᠠᠨ ᠤ ᠤᠷᠤᠯᠳᠤᠭᠠᠨ ᠪᠣᠯ ᠰᠢᠯᠢ ᠶᠢᠨ ᠭᠤᠣᠯ ᠠᠶᠢᠮᠠᠭ ᠠᠴᠠ ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡᠨ ᠤ ᠤᠷᠤᠯᠳᠤᠭᠠᠨ ᠪᠠ ᠭᠤᠷᠪᠠᠳᠤᠭᠠᠷ ᠬᠤᠭᠤᠴᠠᠭᠠᠨ ᠤ ᠴᠢᠶᠠᠷᠯᠢᠳᠢᠩ ︵cheerleading︶ ᠤᠨ ᠤᠷᠤᠯᠳᠤᠭᠠᠨ ᠪᠣᠯᠤᠨ᠎ᠠ᠃ ᠤᠷᠤᠯᠳᠤᠭᠠᠨ ᠳᠤ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠡᠷᠡᠭᠲᠡᠶ ᠡᠮᠡᠭᠲᠡᠶ ᠶᠢᠨ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡᠨ ᠤ 16 ᠲᠥᠯᠥᠭᠡᠯᠡᠭᠴᠢ ᠶᠢᠨ ᠠᠩᠭᠢ ᠪᠠ ᠴᠢᠶᠠᠷᠯᠢᠳᠢᠩ ︵cheerleading︶ ᠤᠨ 9 ᠲᠥᠯᠦᠭᠡᠯᠡᠭᠴᠢ ᠶᠢᠨ ᠠᠩᠭᠢ ᠶᠢᠨ 300 ᠭᠠᠷᠤᠶ ᠲᠠᠮᠢᠷᠴᠢᠨ ᠪᠣᠯᠤᠨ ᠰᠤᠷᠭᠠᠭᠴᠢ ᠣᠷᠣᠯᠴᠠᠵᠠᠶ᠃ ᠤᠷᠤᠯᠳᠤᠭᠠᠨ ᠳᠤ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠳᠣᠪᠴᠢᠶᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠪᠥᠬᠦ ᠤᠯᠤᠰ ᠤᠨ ᠴᠢᠶᠠᠷᠯᠢᠳᠢᠩ ︵cheerleading︶ ᠤᠨ ᠵᠦᠪᠯᠡᠯ ᠤᠨ ᠳᠡᠯᠭᠡᠷᠡᠭᠦᠯᠬᠦ ᠬᠡᠯᠲᠡᠰ ᠤᠨ ᠳᠠᠷᠤᠭ᠎ᠠ ᠸᠠᠩ ᠵᠢᠶᠠ ᠮᠢᠩ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠭᠤᠸᠠᠵᠢᠯ ᠬᠢᠮᠨᠠᠰᠲ᠋ᠢᠺ ᠴᠢᠶᠠᠷᠯᠢᠳᠢᠩ ︵cheerleading︶ ᠤᠨ ᠬᠤᠪᠢᠶᠠᠷᠢ ᠨᠡᠶᠢᠭᠡᠮᠯᠢᠭ ᠤᠨ ᠳᠡᠳ᠋ ᠲᠡᠷᠢᠭᠦᠯᠡᠭᠴᠢ ᠭᠤᠤ ᠢᠦᠶ ᠲᠥᠩ ᠵᠡᠷᠭᠡ ᠤᠯᠤᠰ ᠤᠨ ᠲᠠᠰ ᠤᠨ ᠬᠢᠨᠠᠭᠴᠢ ᠶᠢ ᠳᠤᠰᠬᠠᠶᠢᠯᠠᠨ ᠤᠷᠢᠵᠤ ᠬᠢᠨᠠᠭᠴᠢ  ᠪᠣᠯᠭᠠᠪᠠ᠃      ᠤᠷᠤᠯᠳᠤᠭᠠᠨ ᠨᠢ 3 ᠡᠳᠦᠷ ᠤᠨ ᠪᠠᠴᠢᠮ ᠰᠢᠷᠦᠭᠦᠨ ᠮᠥᠷᠥᠶᠢᠴᠡᠯᠳᠦᠭᠡᠨ ᠢᠶᠠᠷ ᠳᠠᠮᠵᠢᠭᠠᠳ᠂ ᠡᠴᠦᠰ ᠲᠤ ᠪᠠᠨ ᠰᠢᠯᠢ ᠶᠢᠨ ᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠵᠡᠷᠭᠡ 6 ᠪᠠᠭ᠎ᠠ ᠰᠤᠷᠭᠠᠭᠤᠯᠢ ᠨᠢ ᠴᠢᠶᠠᠷᠯᠢᠳᠢᠩ ︵cheerleading︶ ᠤᠨ ᠤᠷᠤᠯᠳᠤᠭᠠᠨ ᠤ ᠡᠮᠦᠨ᠎ᠡ 6 ᠳᠤ ᠣᠷᠣᠪᠠ︔ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡᠨ ᠤ ᠡᠷᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠳᠤ ᠵᠡᠭᠦᠨ ᠦᠵᠦᠮᠦᠴᠢᠨ ᠬᠤᠰᠢᠭᠤᠨ ᠤ ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠵᠡᠷᠭᠡ 4 ᠪᠠᠭ᠎ᠠ ᠰᠤᠷᠭᠠᠭᠤᠯᠢ ᠡᠮᠦᠨ᠎ᠡ 4 ᠳᠤ ᠣᠷᠣᠵᠠᠶ᠃ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡᠨ ᠤ ᠡᠮᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠳᠤ ᠰᠢᠯᠢ ᠶᠢᠨ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠵᠡᠷᠭᠡ 4 ᠪᠠᠭ᠎ᠠ ᠰᠤᠷᠭᠠᠭᠤᠯᠢ ᠡᠮᠦᠨ᠎ᠡ 4 ᠳᠤ ᠣᠷᠤᠪᠠ᠃      ᠲᠤᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠨᠢ ᠰᠤᠷᠭᠠᠨ ᠬᠥᠮᠦᠵᠢᠯ ᠤᠨ ᠶᠠᠮᠤᠨ ᠠᠴᠠ ᠳᠡᠯᠭᠡᠷᠡᠭᠦᠯᠦᠭᠰᠡᠨ ︽ᠨᠢᠭᠡ ᠰᠤᠷᠭᠠᠭᠤᠯᠢ ᠨᠢᠭᠡ ᠪᠥᠮᠪᠦᠭᠡ ᠨᠢᠭᠡ ᠲᠠᠮᠢᠷ︾ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠲᠤᠭᠤᠰᠢᠯᠠᠭᠤᠯᠵᠤ᠂ ᠬᠤᠶᠠᠷ ᠬᠥᠳᠡᠯᠭᠡᠭᠡᠨ ᠤ ᠲᠥᠷᠥᠯ ᠵᠦᠢᠯ ᠢ ᠠᠭᠤᠰᠤᠯᠴᠠᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠣᠯᠤᠨ ᠨᠡᠷᠡᠨ ᠭᠡᠷᠡᠯᠲᠦ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠨᠢᠯᠲᠡ ᠶᠢ ᠪᠦᠲᠦᠮᠵᠢᠲᠡᠶ ᠠᠬᠢᠭᠤᠯᠤᠨ᠂ ᠰᠢᠯᠢ ᠶᠢᠨ ᠭᠤᠤᠯ ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠷᠤᠯᠳᠤᠭᠠᠨ ᠤ ᠳᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠠᠶᠢᠮᠠᠭ ᠤᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map