ᠪᠢᠴᠢᠭ ᠡᠷᠳᠡᠮ ᠬᠤᠤᠰᠯᠠᠭᠰᠠᠨ ᠵᠠᠯᠠᠭᠤ ᠬᠥᠯ ᠪᠥᠮᠪᠦᠭᠡ ᠢᠰᠬᠦᠯᠵᠦ ᠪᠡᠭᠡᠵᠢᠩ ᠶᠡᠭᠡ ᠰᠤᠷᠭᠠᠭᠤᠯᠢ ᠳᠤ  ᠰᠢᠯᠭᠠᠵᠤ ᠣᠷᠤᠪᠠ
ᠨᠡᠶᠢᠲᠡᠯᠡᠭᠰᠡᠨ ᠴᠠᠭ᠄
2020/8/25
     ᠨᠠᠯᠠᠭᠠᠷ ᠨᠠᠮᠤᠷ ᠭᠠᠳᠠᠨᠠᠬᠢ ᠠᠭᠠᠷ ᠤᠨ ᠳᠤᠯᠠᠭᠠᠨ ᠪᠠᠷᠤᠭ 30 ᠭᠷᠠᠳᠦ᠋ᠰ ᠬᠦᠷᠴᠦ᠂ ᠤᠮᠠᠷᠠᠲᠤ ᠶᠢᠨ ᠬᠠᠭᠤᠷᠠᠶ ᠬᠠᠯᠠᠭᠤᠨ ᠠᠭᠠᠷ ᠲᠤ ᠬᠡᠳᠦᠨ ᠮᠢᠨᠦ᠋ᠲ ᠰᠠᠭᠠᠲᠤᠪᠠᠯ᠂ ᠨᠠᠷᠠᠨ ᠤ ᠬᠤᠷᠴᠠ ᠭᠡᠷᠡᠯ ᠨᠢᠭᠤᠷ ᠴᠢᠷᠠᠢ ᠶᠢ ᠰᠢᠷᠠᠵᠤ ᠪᠠᠶᠢᠬᠤ ᠰᠢᠭ᠋ ᠪᠣᠯᠳᠠᠭ᠃ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ ︽ᠭᠦᠶᠦ᠂ ᠭᠦᠶᠦ ᠁ ᠪᠠᠰᠠ ᠨᠢᠭᠡ ᠤᠳᠠᠭ᠎ᠠ ᠭᠦᠶᠦ︕︾ ᠭᠡᠰᠡᠨ ᠰᠤᠷᠭᠠᠭᠴᠢ ᠶᠢᠨ ᠳᠠᠭᠤᠨ ᠬᠠᠩᠭᠢᠨᠠᠵᠤ ᠨᠢᠭᠡ ᠪᠦᠯᠦᠭ ᠪᠢᠴᠢᠬᠠᠨ ᠬᠥᠯ ᠪᠥᠮᠪᠦᠭᠡᠴᠢᠨ ᠬᠥᠯᠥᠰᠥ ᠠᠰᠬᠠᠷᠠᠭᠤᠯᠤᠨ ᠪᠣᠯᠪᠠᠰᠤᠷᠠᠨ᠎ᠠ᠂ ᠣᠯᠠᠨ ᠢ ᠵᠣᠬᠢᠶᠠᠨ ᠪᠠᠶᠢᠭᠤᠯᠵᠤ ᠪᠣᠯᠪᠠᠰᠤᠷᠠᠯ ᠬᠢᠯᠭᠡᠵᠦ ᠪᠠᠶᠢᠭ᠎ᠠ ᠨᠢ ︽ᠲᠦᠷ ᠴᠠᠭ ᠤᠨ ᠰᠤᠷᠭᠠᠭᠴᠢ︾ ᠵᠠᠩ ᠸᠧᠨ ᠵᠧᠩ ᠪᠣᠯᠤᠨ᠎ᠠ᠃ ᠲᠡᠷᠡ ᠪᠣᠯ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠠᠴᠠ 2020 ᠣᠨ ᠳᠤ ᠲᠡᠭᠦᠰᠦᠭᠰᠡᠨ ᠰᠤᠷᠤᠭᠴᠢ᠂ ᠣᠳᠣᠬᠠᠨ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠵᠦ᠂ ᠨᠢᠭᠡ ᠦᠶ᠎ᠡ ᠪᠦᠬᠦ ᠣᠷᠣᠨ ᠤ ᠰᠤᠷᠭᠠᠭᠤᠯᠢ ᠶᠢᠨ ᠬᠦᠷᠢᠶᠡᠨ ᠤ ᠬᠦᠯ ᠪᠥᠮᠪᠦᠭᠡᠴᠢᠳ ᠤᠨ ᠬᠠᠯᠠᠮᠰᠢᠯ ᠶᠠᠷᠢᠶᠠᠨ ᠤ ᠰᠡᠳᠦᠪ ᠪᠣᠯᠵᠠᠢ᠃     

     ᠵᠠᠩ ᠸᠧᠨ ᠵᠧᠩ᠂ ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ

ᠲᠥᠷᠥᠵᠦ᠂ ᠪᠥᠮᠪᠥᠭᠡᠨ ᠤ ᠬᠤᠷᠤᠬᠠᠶᠢᠲᠠᠨ ᠡᠴᠢᠭᠡ ᠶᠢᠨ ᠢᠶᠠᠨ ᠨᠥᠯᠥᠭᠡ ᠪᠠᠷ ᠪᠠᠭ᠎ᠠ ᠰᠤᠷᠭᠠᠭᠤᠯᠢ ᠶᠢᠨ ᠬᠤᠶᠠᠳᠤᠭᠠᠷ

ᠣᠨ ᠠᠴᠠ ᠪᠠᠨ ᠡᠬᠢᠯᠡᠨ ᠰᠤᠷᠭᠠᠭᠤᠯᠢ ᠶᠢᠨ ᠬᠥᠯ ᠪᠥᠮᠪᠦᠭᠡᠨ ᠤ ᠠᠩᠭᠢ ᠳᠤ ᠤᠷᠤᠭᠰᠠᠨ ᠪᠥᠭᠡᠳ ᠬᠥᠯ ᠪᠥᠮᠪᠦᠭᠡᠨ

 ᠳᠤ ᠪᠠᠭ᠋ᠠᠲᠠᠢ ᠪᠣᠯᠵᠠᠢ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠭᠰᠠᠨ ᠤ ᠳᠠᠷᠠᠭ᠎ᠠ᠂ ᠲᠡᠷᠡ ᠬᠥᠯ

ᠪᠥᠮᠪᠦᠭᠡᠨ ᠤ ᠣᠨᠴᠠ ᠴᠢᠳᠠᠪᠤᠷᠢᠲᠦ ᠰᠤᠷᠤᠭᠴᠢ ᠶᠢᠨ ᠵᠠᠮ ᠢ ᠰᠣᠩᠭᠤᠪᠠ᠃ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠬᠤᠶᠠᠳᠤᠭᠠᠷ ᠣᠨ ᠤ ᠦᠶ᠎ᠡ ᠳᠤ ᠪᠠᠨ ᠲᠡᠷᠡ ᠪᠠᠰᠠ ᠭᠤᠸᠠᠩᠳᠦ᠋ᠩ ᠤᠨ ᠾᠧᠩ ᠳ᠋ᠡ ᠬᠥᠯ

ᠪᠥᠮᠪᠦᠭᠡᠨ ᠤ ᠰᠤᠷᠭᠠᠭᠤᠯᠢ ᠳᠤ ᠬᠦᠷᠴᠦ ᠰᠤᠷᠤᠯᠴᠠᠨ᠂ ᠡᠨᠡ ᠬᠤᠶᠠᠷ ᠵᠢᠯ ᠤᠨ ᠬᠤᠭᠤᠴᠠᠭᠠᠨ ᠳᠤ ᠪᠥᠮᠪᠥᠭᠡᠨ ᠤ

ᠮᠡᠷᠭᠡᠵᠢᠯ ᠨᠢ ᠬᠠᠮᠤᠭ ᠤᠨ ᠲᠦᠷᠭᠡᠨ ᠳᠡᠭᠡᠭᠰᠢᠯᠡᠭᠰᠡᠨ ᠶᠤᠮ᠃ ᠵᠠᠩ ᠸᠧᠨ ᠵᠧᠩ ︽ᠬᠤᠶᠠᠷ ᠵᠢᠯ ᠳᠤ ᠮᠢᠨᠦ ᠪᠡᠶ᠎ᠡ

ᠮᠠᠬᠠᠪᠣᠳ ᠤᠨ ᠬᠡᠪ ᠴᠢᠨᠠᠷ᠂ ᠰᠡᠳᠬᠢᠴᠡ ᠶᠢᠨ ᠬᠡᠪ ᠴᠢᠨᠠᠷ ᠴᠥᠮ ᠶᠡᠭᠡ ᠪᠠᠷ ᠳᠡᠭᠡᠭᠰᠢᠯᠡᠭᠰᠡᠨ ᠪᠣᠯᠪᠠᠴᠤ ᠪᠢ ᠪᠦᠬᠦ

ᠲᠠᠯ᠎ᠠ ᠪᠠᠷ ᠨᠡᠩ ᠢᠯᠡᠭᠦᠦ ᠬᠥᠭᠵᠢᠵᠦ᠂ ᠵᠠᠯᠠᠭᠤ ᠨᠠᠰᠤᠨ ᠳᠤ ᠪᠠᠨ ᠨᠡᠩ ᠤᠳᠬ᠎ᠠ ᠠᠭᠤᠯᠭ᠎ᠠ ᠲᠠᠢ ᠠᠮᠢᠳᠤᠷᠠᠯ ᠢ

ᠪᠡᠶᠡᠴᠢᠯᠡᠨ ᠣᠶᠢᠯᠠᠭᠠᠬᠤ ᠶᠢ ᠬᠦᠰᠡᠵᠦ ᠪᠠᠶᠢᠨ᠎ᠠ︾ ᠭᠡᠵᠦ ᠶᠠᠷᠢᠭᠰᠠᠨ ᠶᠤᠮ᠃

     2017 ᠣᠨ ᠳᠤ᠂ ᠵᠠᠩ ᠸᠧᠨ ᠵᠧᠩ ᠥᠪᠥᠷ ᠮᠣᠩᠭᠤᠯ ᠳᠤ ᠪᠠᠨ ᠪᠤᠴᠠᠨ ᠢᠷᠡᠵᠦ᠂ ᠬᠥᠬᠡᠬᠤᠲᠠ ᠶᠢᠨ

ᠬᠤᠶᠠᠳᠤᠭᠠᠷ ᠳᠤᠮᠳᠠᠳᠤ ᠰᠤᠷᠭᠠᠭᠤᠯᠢ ᠳᠤ ᠰᠢᠯᠭᠠᠵᠤ ᠣᠷᠣᠪᠠ᠃ ᠲᠡᠷᠡ ᠦᠶ᠎ᠡ ᠳᠤ᠂ ᠥᠪᠥᠷ ᠮᠣᠩᠭᠤᠯ ︽ᠤᠯᠤᠰ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠥᠭᠡᠷᠡᠴᠢᠯᠡᠯᠲᠡ ᠬᠢᠭᠡᠳ ᠬᠥᠭᠵᠢᠭᠦᠯᠦᠯᠲᠡ ᠶᠢᠨ

ᠲᠤᠷᠰᠢᠯᠲᠠ ᠶᠢᠨ ᠮᠤᠵᠢ ᠣᠷᠣᠨ︾ ᠪᠠ ︽ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡᠨ ᠤ ᠠᠵᠢᠯ ᠤᠨ ᠲᠤᠷᠰᠢᠯᠲᠠ ᠶᠢᠨ ᠮᠤᠵᠢ ᠣᠷᠣᠨ︾ ᠪᠣᠯᠤᠭᠠᠳ ᠨᠢᠭᠡᠨᠲᠡ ᠳᠥᠷᠪᠡᠨ ᠵᠢᠯ

ᠪᠣᠯᠵᠣ᠂ ᠪᠥᠬᠦ ᠣᠷᠣᠨ ᠳᠤ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠯ

ᠪᠥᠮᠪᠦᠭᠡᠨ ᠤ ᠣᠨᠴᠠᠯᠢᠭᠲᠤ ᠰᠤᠷᠭᠠᠭᠤᠯᠢ 1650 ᠪᠠᠶᠢᠵᠤ᠂ ᠬᠡᠦᠬᠡᠳ ᠤᠨ ᠴᠡᠴᠡᠷᠯᠢᠭ ᠠᠴᠠ ᠶᠡᠭᠡ ᠰᠤᠷᠭᠠᠭᠤᠯᠢ

ᠬᠦᠷᠲᠡᠯᠡᠬᠢ ᠨᠠᠢᠮᠠᠨ ᠰᠢᠷᠢᠰ ︵ᠰᠤᠷᠤᠯᠭ᠎ᠠ ᠶᠢᠨ ᠱᠠᠲᠤ︶ ᠳᠡᠰ ᠬᠤᠪᠢᠶᠠᠭᠰᠠᠨ ᠬᠤᠨᠳᠠᠭᠠᠲᠤ ᠤᠷᠤᠯᠳᠤᠭᠠᠨ ᠤ

ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠪᠥᠬᠦ ᠣᠷᠣᠨ ᠳᠤ ᠵᠢᠯ ᠪᠦᠷᠢ ᠰᠤᠷᠭᠠᠭᠤᠯᠢ ᠶᠢᠨ ᠬᠦᠷᠢᠶᠡᠨ ᠤ

ᠬᠥᠯ ᠪᠥᠮᠪᠦᠭᠡᠨ ᠤ ᠳᠥᠷᠪᠡᠳᠦᠭᠡᠷ ᠳᠡᠰ ᠤᠨ ᠬᠤᠯᠪᠤᠭᠠᠲᠤ ᠤᠷᠤᠯᠳᠤᠭᠠᠨ ᠢ ᠲᠦᠮᠡ ᠭᠠᠷᠤᠶ ᠲᠠᠯᠠᠪᠠᠶ ᠡᠷᠭᠢᠯᠡᠭᠰᠡᠨ

ᠪᠥᠭᠡᠳ U ᠰᠢᠷᠢᠰ ᠬᠠᠮᠲᠤᠷᠠᠭᠰᠠᠨ ᠤᠷᠤᠯᠳᠤᠭᠠᠨ ᠢ ᠡᠬᠢᠯᠡᠭᠦᠯᠪᠡ᠃ ᠰᠤᠷᠤᠭᠴᠢᠳ ᠤᠨ ᠡᠪᠦᠯ ᠤᠨ ᠤᠯᠠᠷᠢᠯ ᠤᠨ

ᠪᠣᠯᠪᠠᠰᠤᠷᠠᠯ ᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠬᠠᠶᠢᠨᠠᠨ ᠳᠤ ︽ᠥᠪᠥᠷ

ᠮᠣᠩᠭᠤᠯ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡᠨ ︵ᠬᠠᠶᠢᠨᠠᠨ︶ ᠤ ᠪᠣᠯᠪᠠᠰᠤᠷᠠᠯ ᠤᠨ ᠰᠠᠭᠤᠷᠢᠨ ᠭᠠᠵᠠᠷ︾

 ᠢ ᠪᠠᠶᠢᠭᠤᠯᠪᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠵᠢᠯ ᠳᠤ᠂ ᠵᠠᠩ ᠸᠧᠨ ᠵᠧᠩ

ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡᠨ ᠤ ᠠᠩᠭᠢ ᠶᠢᠨ ᠭᠡᠰᠢᠭᠦᠨ

ᠪᠣᠯᠤᠭᠰᠠᠨ ᠤ ᠬᠤᠪᠢ ᠳᠤ ᠵᠢᠯ ᠪᠦᠷᠢ ᠠᠳᠠᠭ ᠲᠤ ᠪᠠᠨ ᠲᠠᠪᠢ ᠵᠢᠷᠠᠨ ᠲᠠᠯᠠᠪᠤᠷ ᠤᠷᠤᠯᠳᠤᠭᠠᠨ ᠳᠤ ᠣᠷᠤᠯᠴᠠᠵᠤ

ᠪᠠᠶᠢᠪᠠ᠃ 2018 ᠣᠨ ᠳᠤ ᠲᠡᠷᠡ ᠪᠠᠰᠠ ᠥᠪᠥᠷ ᠮᠣᠩᠭᠤᠯ ᠤᠨ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠬᠦᠰᠡᠯ ᠤᠨ ᠣᠳᠣ  ᠱᠠᠩᠨᠠᠯ ᠢ ᠭᠦᠷᠲᠡᠵᠦ᠂ ᠮᠥᠨ ᠲᠤᠰ ᠵᠢᠯ ᠪᠥᠬᠦ ᠤᠯᠤᠰ ᠤᠨ ᠵᠠᠯᠠᠭᠤᠴᠤᠳ

ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠵᠤᠰᠠᠯᠠᠩ ᠤᠨ ᠶᠡᠷᠦᠩᠬᠡᠶ ᠡᠵᠡᠩᠨᠡᠯᠲᠡ ︵ᠳᠡᠭᠡᠳᠦ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ︶ ᠶᠢᠨ ᠬᠠᠮᠤᠭ ᠤᠨ ᠰᠠᠶᠢᠨ ᠡᠩᠨᠡᠭᠡᠨ ᠳᠤ ᠰᠣᠩᠭᠤᠭᠳᠠᠵᠤ᠂

ᠤᠯᠤᠰ ᠤᠨ ᠨᠢᠭᠡᠳᠦᠭᠡᠷ ᠳᠡᠰ ᠤᠨ ᠲᠠᠮᠢᠷᠴᠢᠨ ᠤ ᠦᠨᠡᠮᠯᠡᠯ ᠢ ᠣᠯᠵᠠᠶ︔ 2019 ᠣᠨ ᠳᠤ ᠰᠤᠷᠭᠠᠭᠤᠯᠢ ᠶᠢᠨ

ᠬᠦᠷᠢᠶᠡᠨ ᠤ ᠬᠥᠯ ᠪᠥᠮᠪᠦᠭᠡᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠶ ᠶᠢᠨ ᠳᠤᠭᠤᠶᠢᠯᠠᠩ ᠤᠨ

ᠤᠯᠤᠰ ᠤᠨ ᠠᠩᠭᠢ ᠳᠤ ᠰᠣᠩᠭᠤᠭᠳᠠᠪᠠ᠃

     ᠵᠠᠩ ᠸᠧᠨ ᠵᠧᠩ ︽ᠪᠢ ᠵᠣᠯ ᠲᠠᠢ ᠬᠥᠮᠦᠨ᠂ ᠥᠪᠥᠷ ᠮᠣᠩᠭᠤᠯ ᠤᠨ ᠬᠥᠯ ᠪᠥᠮᠪᠦᠭᠡᠨ ᠤ ᠥᠷᠨᠢᠯᠲᠡ

ᠬᠥᠭᠵᠢᠯᠲᠡ ᠶᠢ ᠠᠮᠵᠢᠨ᠂ ᠬᠥᠬᠡᠬᠤᠲᠠ ᠶᠢᠨ ᠴᠢᠶᠣᠤ ᠬᠤᠸᠠ ᠰᠤᠷᠭᠠᠭᠤᠯᠢ ᠪᠣᠯᠤᠨ ᠬᠤᠶᠠᠳᠤᠭᠠᠷ ᠳᠤᠮᠳᠠᠳᠤ

ᠰᠤᠷᠭᠠᠭᠤᠯᠢ ᠳᠤ ᠰᠢᠨᠵᠢᠯᠡᠬᠦ ᠤᠬᠠᠭᠠᠨᠴᠢ ᠪᠣᠯᠪᠠᠰᠤᠷᠠᠯ ᠭᠦᠷᠲᠡᠵᠦ᠂ ᠬᠦᠯ ᠪᠥᠮᠪᠦᠭᠡᠨ ᠤ ᠰᠤᠷᠭᠠᠭᠤᠯᠢ ᠠᠴᠠ ᠡᠩ ᠤᠨ

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠪᠤᠴᠠᠭᠰᠠᠨ ᠴᠤ ᠮᠥᠨ ᠯᠡ ᠲᠤᠰᠬᠠᠶ ᠮᠡᠷᠭᠡᠵᠢᠯ ᠤᠨ

ᠲᠥᠪᠯᠡᠷᠡᠭᠦᠯᠦᠨ ᠪᠣᠯᠪᠠᠰᠤᠷᠠᠭᠤᠯᠬᠤ ᠪᠠ ᠪᠦᠬᠦ ᠤᠯᠤᠰ ᠤᠨ ᠤᠷᠤᠯᠳᠤᠭᠠᠨ ᠳᠤ ᠣᠷᠣᠯᠴᠠᠵᠤ ᠪᠣᠯᠤᠨ᠎ᠠ︾ ᠭᠡᠪᠡ᠃

     ᠵᠠᠩ ᠸᠧᠨ ᠵᠧᠩ ᠳᠤ ᠠᠪᠴᠤ ᠬᠡᠯᠡᠪᠡᠯ ᠬᠥᠯ ᠪᠥᠮᠪᠦᠭᠡᠨ ᠤ ᠲᠠᠯᠠᠪᠠᠢ ᠳᠤ ᠬᠢ ᠬᠠᠮᠤᠭ ᠤᠨ ᠶᠡᠭᠡ ᠪᠠᠶᠠᠷ

ᠪᠠᠭ᠋ᠠᠳᠤᠯ ᠪᠣᠯ ᠡᠳᠦᠷ ᠪᠣᠯᠭᠠᠨ ᠤ ᠪᠤᠶᠤ ᠵᠢᠯ ᠪᠣᠯᠭᠠᠨ ᠤ ᠪᠣᠯᠪᠠᠰᠤᠷᠠᠭᠤᠯᠤᠯ ᠪᠠ ᠤᠷᠤᠯᠳᠤᠭᠠᠨ ᠤ ᠲᠠᠯᠠᠪᠠᠢ ᠳᠤ ᠬᠢ

ᠮᠥᠷᠦᠶᠢᠴᠡᠯᠳᠦᠭᠡᠨ ᠢᠶᠠᠷ ᠳᠠᠮᠵᠢᠨ᠂ ᠨᠢᠭᠡ ᠵᠦᠢᠯ ᠤᠨ ︽ᠬᠦᠴᠦᠯᠡᠨ ᠴᠢᠷᠮᠠᠶᠢᠬᠤ ᠵᠣᠷᠢᠭ︾ ᠶᠠᠰᠤᠨ ᠳᠤ ᠨᠢ

ᠰᠢᠩᠭᠡᠭᠰᠡᠨ ᠶᠠᠪᠤᠳᠠᠯ ᠪᠣᠯᠤᠨ᠎ᠠ᠃ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡᠨ ᠤ

ᠠᠩᠭᠢ ᠶᠢᠨ ᠰᠤᠷᠭᠠᠭᠴᠢ ᠸᠠᠩ ᠰᠢᠶᠣᠤ ᠴᠦᠨ ᠪᠠᠭᠰᠢ ᠠᠴᠠ ︽ᠡᠩ ᠤᠨ ᠪᠣᠯᠪᠠᠰᠤᠷᠠᠯ ᠤᠨ ᠦᠶ᠎ᠡ ᠳᠤ ᠴᠤ᠂ ᠲᠡᠷᠡ

ᠨᠠᠷᠢᠨ ᠬᠢᠨᠠᠮᠠᠭᠠᠢ᠂ ᠶᠣᠰᠤᠭᠠᠷ ᠪᠣᠯᠪᠠᠰᠤᠷᠠᠳᠠᠭ ᠶᠤᠮ︾ ᠭᠡᠵᠦ ᠶᠠᠷᠢᠪᠠ᠃

     ᠶᠠᠭ ᠡᠨᠡ ᠬᠦ ︽ᠬᠦᠴᠦᠯᠡᠨ ᠴᠢᠷᠮᠠᠶᠢᠬᠤ ᠵᠣᠷᠢᠭ︾ ᠲᠤ ᠪᠠᠨ ᠲᠦᠰᠢᠭᠯᠡᠨ᠂ ᠵᠠᠩ ᠸᠧᠨ ᠵᠧᠩ ᠬᠥᠯ

ᠪᠥᠮᠪᠦᠭᠡᠴᠢᠨ ᠪᠣᠯᠬᠤ ᠬᠦᠰᠡᠯ ᠢᠶᠠᠨ ᠪᠠᠷᠢᠮᠲᠠᠯᠠᠵᠤ᠂ ᠬᠠᠷᠢᠭᠤ ᠲᠠᠢ ᠪᠣᠯ ᠪᠢᠷᠠᠭᠤ ᠲᠠᠢ ᠭᠡᠵᠦ ᠦᠷᠭᠦᠯᠵᠢ ᠪᠤᠳᠤᠵᠤ

ᠶᠠᠪᠤᠳᠠᠭ᠃ ︽ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠬᠤ ᠦᠶ᠎ᠡ ᠳᠤ᠂ ᠬᠢᠴᠢᠶᠡᠯ ᠢᠶᠠᠨ ᠳᠠᠭᠠᠵᠤ

ᠠᠮᠵᠢᠬᠤ ᠥᠬᠡᠶ ᠪᠠᠶᠢᠭᠰᠠᠨ ᠪᠣᠯᠬᠤᠷ ᠪᠠᠭᠰᠢ ᠶᠢᠨ ᠠᠰᠠᠭᠤᠯᠲᠠ ᠳᠤ ᠶᠡᠷᠦ ᠠᠴᠠ ᠭᠠᠷ ᠡᠷᠭᠦᠬᠦ ᠵᠣᠷᠢᠭ ᠥᠬᠡᠶ

ᠪᠠᠶᠢᠪᠠ︾ ᠭᠡᠵᠦ ᠵᠠᠩ ᠸᠧᠨ ᠵᠧᠩ ᠰᠢᠭᠤᠳ ᠶᠠᠷᠢᠵᠤ ᠪᠠᠶᠢᠯ᠎ᠠ᠃ ᠲᠡᠷᠡ ᠪᠠᠶᠢᠳᠠᠯ ᠢᠶᠠᠨ ᠮᠠᠰᠢ ᠲᠦᠷᠭᠡᠨ

ᠲᠣᠬᠢᠷᠠᠭᠤᠯᠵᠤ᠂ ᠲᠥᠷᠥᠯ ᠪᠦᠷᠢ ᠶᠢᠨ ᠬᠢᠴᠢᠶᠡᠯ ᠤᠨ ᠰᠢᠯᠭᠠᠯᠲᠠ ᠳᠤ ᠬᠠᠷᠠᠯᠲᠠ ᠲᠣᠭᠲᠠᠭᠠᠵᠤ᠂ ᠡᠳᠦᠷ ᠪᠦᠷᠢ ᠢᠳᠡᠭ

ᠢᠳᠡᠭ ᠢᠶᠠᠷ ᠳᠠᠪᠰᠢᠪᠠ᠃ ︽ᠪᠢᠳᠡ ᠪᠥᠮᠪᠦᠭᠡ ᠢᠰᠬᠦᠯᠵᠦ ᠪᠠᠷᠠᠪᠠᠯ᠂ ᠦᠷᠭᠦᠯᠵᠢ ᠵᠢᠭᠠᠬᠠᠨ ᠨᠠᠭᠠᠳᠴᠤ᠂ ᠪᠡᠶ᠎ᠡ ᠪᠠᠨ

ᠠᠮᠠᠷᠠᠭᠤᠯᠳᠠᠭ᠂ ᠭᠡᠲᠡᠯ᠎ᠡ ᠲᠡᠷᠡ ᠬᠡᠵᠢᠶᠡᠳᠡ ᠪᠡᠶ᠎ᠡ ᠪᠠᠨ ᠱᠠᠭᠠᠷᠳᠠᠵᠤ᠂ ᠪᠣᠯᠪᠠᠰᠤᠷᠠᠬᠤ ᠦᠭᠡᠢ ᠪᠣᠯ ᠰᠤᠷᠤᠯᠴᠠᠳᠠᠭ︾

ᠭᠡᠵᠦ ᠬᠠᠷᠠᠬᠠᠨ ᠪᠠᠭ᠎ᠠ ᠠᠴᠠ ᠪᠠᠨ ᠵᠠᠩ ᠸᠧᠨ ᠵᠧᠩ ᠲᠠᠢ ᠬᠠᠮᠲᠤ ᠥᠰᠦᠭᠰᠡᠨ ᠵᠠᠩ ᠳ᠋ᠠᠨ ᠵᠧᠩ ᠬᠡᠯᠡᠭᠰᠡᠨ ᠶᠤᠮ᠃

     ᠵᠠᠩ ᠸᠧᠨ ᠵᠧᠩ ︽ᠦᠷᠭᠦᠯᠵᠢ ᠴᠢᠷᠮᠠᠶᠢᠳᠠᠭ ᠪᠣᠯᠪᠠᠴᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠬᠤᠶᠠᠳᠤᠭᠠᠷ ᠣᠨ ᠪᠣᠯᠬᠤ ᠠᠴᠠ ᠡᠮᠦᠨ᠎ᠡ᠂ ᠪᠢ ᠶᠠᠮᠠᠷ ᠶᠡᠭᠡ ᠰᠤᠷᠭᠠᠭᠤᠯᠢ ᠳᠤ ᠣᠷᠤᠬᠤ ᠲᠤᠬᠠᠢ ᠶᠡᠷᠦ ᠠᠴᠠ ᠪᠠᠨ

ᠪᠤᠳᠤᠵᠤ ᠦᠵᠡᠭᠡ ᠥᠬᠡᠶ︾ ᠭᠡᠪᠡ᠃

     ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠰᠢᠯᠢᠳᠡᠭ ᠲᠠᠮᠢᠷᠴᠢᠳ ᠤᠨ ᠰᠤᠷᠭᠠᠭᠤᠯᠢ ᠳᠡᠪᠰᠢᠬᠦ

ᠵᠠᠮ ᠢ ᠨᠡᠪᠲᠡᠷᠡᠭᠦᠯᠬᠦ ᠶᠢᠨ ᠲᠥᠯᠥᠭᠡ᠂ 2018 ᠣᠨ ᠠᠴᠠ ᠡᠬᠢᠯᠡᠨ᠂ ᠰᠤᠷᠭᠠᠨ ᠬᠥᠮᠦᠵᠢᠯ ᠤᠨ ᠶᠠᠮᠤᠨ ᠠᠴᠠ

ᠳᠤᠮᠳᠠᠳᠤ ᠤᠯᠤᠰ ᠤᠨ ᠬᠥᠯ ᠪᠥᠮᠪᠦᠭᠡᠨ ᠤ ᠨᠡᠶᠢᠭᠡᠮᠯᠢᠭ ᠲᠠᠢ ᠬᠠᠮᠲᠤᠷᠠᠨ ᠪᠥᠬᠦ ᠤᠯᠤᠰ ᠤᠨ ᠵᠠᠯᠠᠭᠤᠴᠤᠳ

ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠵᠤᠰᠠᠯᠠᠩ ᠤᠨ ᠬᠠᠮᠤᠭ ᠤᠨ ᠰᠠᠶᠢᠨ ᠡᠩᠨᠡᠭᠡ ᠢ

ᠤᠯᠤᠰ ᠤᠨ ᠨᠢᠭᠡᠳᠦᠭᠡᠷ ᠳᠡᠰ ᠤᠨ ᠲᠠᠮᠢᠷᠴᠢᠨ᠂ ᠮᠤᠵᠢ ᠶᠢᠨ ᠱᠠᠲᠤᠨ ᠤ ᠵᠠᠯᠠᠭᠤᠴᠤᠳ ᠪᠠᠭᠠᠴᠤᠳ ᠤᠨ

ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠵᠤᠰᠠᠯᠠᠩ ᠤᠨ ᠬᠠᠮᠤᠭ ᠤᠨ ᠰᠠᠶᠢᠨ ᠡᠩᠨᠡᠭᠡ ᠶᠢ ᠤᠯᠤᠰ ᠤᠨ

ᠬᠤᠶᠠᠳᠤᠭᠠᠷ ᠳᠡᠰ ᠤᠨ ᠲᠠᠮᠢᠷᠴᠢᠨ ᠢᠶᠠᠷ ᠲᠣᠭᠲᠠᠭᠠᠪᠠ᠃ ᠵᠠᠩ ᠸᠧᠨ ᠵᠧᠩ ᠡᠨᠡ ᠤᠳᠠᠭ᠎ᠠ ᠪᠡᠭᠡᠵᠢᠩ ᠶᠡᠭᠡ

ᠰᠤᠷᠭᠠᠭᠤᠯᠢ ᠳᠤ ᠰᠢᠯᠭᠠᠨ ᠤᠷᠤᠭᠰᠠᠨ ᠨᠢ ᠳᠠᠷᠤᠶ ᠤᠯᠤᠰ ᠤᠨ ᠨᠢᠭᠡᠳᠦᠭᠡᠷ ᠳᠡᠰ ᠤᠨ ᠲᠠᠮᠢᠷᠴᠢᠨ ᠤ ᠰᠤᠷᠭᠠᠭᠤᠯᠢ

ᠳᠡᠪᠰᠢᠬᠦ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠶᠠᠪᠤᠳᠠᠯ ᠪᠣᠯᠤᠨ᠎ᠠ᠃ 2019 ᠣᠨ ᠤ 12 ᠰᠠᠷ᠎ᠠ ᠳᠤ᠂

ᠲᠡᠷᠡ ᠪᠡᠭᠡᠵᠢᠩ ᠶᠡᠭᠡ ᠰᠤᠷᠭᠠᠭᠤᠯᠢ ᠶᠢᠨ ᠬᠥᠯ ᠪᠥᠮᠪᠦᠭᠡᠨ ᠤ ᠰᠤᠷᠭᠠᠭᠤᠯᠢ ᠶᠢᠨ ᠰᠢᠯᠭᠠᠯᠲᠠ ᠳᠤ ᠬᠢᠷᠢ ᠲᠡᠩᠴᠡᠵᠦ᠂

ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠨᠢ ᠰᠤᠷᠤᠭᠴᠢ ᠶᠢᠨ ᠤᠭ ᠨᠤᠲᠤᠭ ᠤᠨ ᠵᠢᠩᠬᠢᠨᠢ ᠠᠩᠭᠢ ᠳᠤ

ᠰᠤᠷᠤᠭᠴᠢ ᠡᠯᠰᠡᠬᠦ ᠬᠤᠶᠠᠳᠤᠭᠠᠷ ᠪᠦᠯᠦᠭ ᠣᠳᠠᠭᠠᠨ ᠤ ᠬᠢᠵᠠᠭᠠᠷ ᠬᠤᠪᠢ ᠠᠴᠠ ᠳᠠᠪᠠᠵᠤ ᠴᠢᠳᠠᠳᠠᠭ ᠯᠠ ᠶᠤᠮ ᠪᠣᠯ᠂

ᠳᠠᠷᠤᠶ ᠰᠤᠷᠭᠠᠭᠤᠯᠢ ᠳᠡᠪᠰᠢᠬᠦ ᠲᠥᠷᠥ ᠶᠢᠨ ᠪᠣᠳᠣᠯᠭ᠎ᠠ ᠶᠢᠨ ᠶᠣᠰᠤ ᠪᠠᠷ ᠪᠡᠭᠡᠵᠢᠩ ᠶᠡᠭᠡ ᠰᠤᠷᠭᠠᠭᠤᠯᠢ ᠳᠤ

ᠡᠯᠰᠡᠭᠳᠡᠬᠦ ᠪᠣᠯᠤᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠪᠣᠯᠬᠤ ᠳᠤ ᠵᠠᠩ

ᠸᠧᠨ ᠵᠧᠩ ᠤᠯᠠᠮ ᠴᠢᠷᠮᠠᠶᠢᠵᠤ᠂ ᠬᠢᠴᠢᠶᠡᠯ ᠪᠦᠷᠢ ᠶᠢᠨ ᠳᠠᠰᠬᠠᠯ ᠢᠶᠠᠨ ᠪᠡᠶᠡᠯᠡᠭᠦᠯᠬᠦ ᠳᠤ ᠪᠦᠷ ᠲᠣᠭᠲᠠᠭᠰᠠᠨ

ᠴᠠᠭ ᠲᠠᠢ᠂ ᠬᠥᠯ ᠪᠥᠮᠪᠦᠭᠡᠨ ᠤ ᠪᠣᠯᠪᠠᠰᠤᠷᠠᠯ ᠤᠨ ᠤᠷᠤᠯᠳᠤᠭᠠᠨ ᠬᠡᠳᠦᠢ ᠶᠠᠳᠠᠷᠠᠯᠲᠠᠢ ᠪᠠᠶᠢᠭᠰᠠᠨ ᠴᠤ᠂ ᠡᠳᠦᠷ

ᠪᠦᠷᠢ ᠶᠢᠨ ᠰᠤᠷᠤᠯᠴᠠᠬᠤ ᠡᠭᠦᠷᠭᠡ ᠪᠠᠨ ᠪᠡᠶᠡᠯᠡᠭᠦᠯᠦᠨ᠎ᠡ᠃ ᠴᠢᠷᠮᠠᠶᠢᠯᠭ᠎ᠠ ᠬᠥᠮᠦᠨ ᠢ ᠭᠤᠮᠤᠳᠠᠭᠠᠳᠠᠭ ᠦᠭᠡᠢ᠂ ᠵᠠᠩ

ᠸᠧᠨ ᠵᠧᠩ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ

ᠰᠢᠯᠭᠠᠯᠲᠠ ᠶᠢᠨ ᠬᠢᠷᠢ ᠪᠦᠲᠦᠮᠵᠢ ᠨᠢ ᠥᠪᠥᠷ ᠮᠣᠩᠭᠤᠯ ᠤᠨ ᠵᠢᠩᠬᠢᠨᠢ ᠠᠩᠭᠢ ᠳᠤ ᠰᠤᠷᠤᠭᠴᠢ ᠡᠯᠰᠡᠬᠦ ᠨᠢᠭᠡᠳᠦᠭᠡᠷ

ᠪᠦᠯᠦᠭ ᠣᠳᠠᠭᠠᠨ ᠤ ᠬᠢᠵᠠᠭᠠᠷ ᠬᠤᠪᠢ ᠠᠴᠠ 10 ᠬᠤᠪᠢ ᠳᠠᠪᠠᠵᠠᠶ᠃

     ᠰᠤᠷᠭᠠᠭᠴᠢ ᠸᠠᠩ ᠰᠢᠶᠣᠤ ᠴᠦᠨ ᠠᠴᠠ ︽ᠡᠨᠡ ᠬᠡᠤᠬᠡᠳ ᠪᠡᠶ᠎ᠡ ᠪᠠᠨ ᠲᠣᠩ ᠴᠢᠩᠭ᠎ᠠ ᠱᠠᠭᠠᠷᠳᠠᠳᠠᠭ᠂

ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ

ᠳᠠᠭᠤᠰᠤᠭᠰᠠᠨ ᠤ ᠳᠠᠷᠠᠭ᠎ᠠ ᠭᠡᠷ ᠲᠤ ᠪᠠᠨ ᠶᠠᠪᠤᠵᠤ ᠪᠣᠯᠬᠤ ᠪᠠᠶᠢᠭᠰᠠᠨ ᠴᠤ ᠲᠡᠷᠡ ᠢᠮᠠᠭᠲᠠ ᠪᠣᠯᠪᠠᠰᠤᠷᠠᠬᠤ ᠶᠢ

ᠪᠠᠷᠢᠮᠲᠠᠯᠠᠵᠤ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠤᠭᠰᠠᠭᠠᠷ ᠢᠷᠡᠵᠡᠶ︾ ᠭᠡᠪᠡ᠃ ᠵᠠᠩ ᠸᠧᠨ ᠵᠧᠩ ︽ᠤᠴᠢᠷ ᠨᠢ

ᠨᠠᠮᠤᠷ ᠰᠤᠷᠭᠠᠭᠤᠯᠢ ᠡᠬᠢᠯᠡᠭᠰᠡᠨ ᠤ ᠳᠠᠷᠠᠭ᠎ᠠ ᠤᠶᠤᠲᠠᠳ ᠤᠨ ᠬᠤᠯᠪᠣᠭᠠᠲᠤ ᠤᠷᠤᠯᠳᠤᠭᠠᠨ ᠲᠠᠢ ᠪᠣᠯᠬᠤᠷ ᠪᠢ

ᠤᠷᠢᠳᠴᠢᠯᠠᠨ ᠪᠡᠯᠡᠳᠬᠡᠯ ᠬᠢᠬᠦ ᠬᠡᠷᠡᠭᠲᠡᠶ︾ ᠭᠡᠵᠦ ᠪᠠᠶᠢᠯ᠎ᠠ᠃ ᠳᠠᠷᠠᠭᠠᠴᠢ ᠶᠢᠨ ᠤᠷᠤᠯᠳᠤᠭᠠᠨ ᠤ ᠪᠡᠯᠡᠳᠭᠡᠯ ᠢ

ᠤᠬᠠᠮᠰᠠᠷ ᠠᠴᠠ ᠪᠠᠨ ᠰᠠᠶᠢᠲᠤᠷ ᠬᠢᠵᠦ ᠪᠠᠶᠢᠬᠤ ᠲᠠᠢ ᠠᠳᠠᠯᠢ᠂ ᠬᠥᠯ ᠪᠥᠮᠪᠦᠭᠡ ᠨᠢ ᠵᠠᠩ ᠸᠧᠨ ᠵᠧᠩ ᠳᠤ

ᠢᠷᠡᠭᠡᠳᠦᠶ ᠶᠢᠨ ᠠᠮᠢᠳᠤᠷᠠᠯ ᠲᠡᠮᠡᠴᠡᠯ ᠳᠤ ᠬᠠᠨᠳᠤᠬᠤ ᠮᠠᠰᠢ ᠣᠯᠠᠨ ᠬᠡᠪ ᠪᠣᠯᠪᠠᠰᠤᠷᠠᠯ᠂ ᠳᠠᠷᠤᠢ ᠠᠵᠢᠯ

ᠬᠢᠬᠦ ᠠᠴᠠ ᠪᠠᠨ ᠡᠮᠦᠨ᠎ᠡ ᠢᠯᠡᠭᠦᠬᠡᠨ ᠪᠣᠳᠣᠯᠬᠢᠯᠠᠬᠤ ᠳᠠᠳᠬᠠᠯ ᠪᠠ ᠪᠤᠰᠤᠳ ᠲᠠᠢ ᠬᠠᠷᠢᠯᠴᠠᠵᠤ ᠬᠠᠮᠲᠤᠷᠠᠨ

ᠠᠵᠢᠯᠯᠠᠬᠤ ᠴᠢᠳᠠᠪᠤᠷᠢ ᠵᠡᠷᠭᠡ ᠶᠢ ᠵᠢᠭᠠᠵᠤ ᠥᠭᠴᠡᠢ᠃ ︽ᠪᠥᠮᠪᠥᠭᠡᠨ ᠤ ᠲᠠᠯᠠᠪᠠᠢ ᠳᠤ᠂ ᠲᠠᠷᠢᠬᠢ ᠲᠣᠯᠣᠭᠠᠶ ᠰᠡᠷᠭᠡᠭ

ᠪᠠᠶᠢᠵᠤ᠂ ᠨᠢᠭᠡ ᠪᠥᠮᠪᠦᠭᠡ ᠶᠢ ᠳᠠᠮᠵᠢᠭᠤᠯᠬᠤ ᠠᠴᠠ ᠡᠮᠦᠨ᠎ᠡ ᠠᠯᠢ ᠥᠨᠴᠥᠭ ᠠᠴᠠ᠂ ᠠᠯᠢ ᠬᠥᠯ ᠢᠶᠠᠨ ᠬᠡᠷᠡᠭᠯᠡᠬᠦ ᠶᠢ

ᠬᠦᠷᠲᠡᠯ᠎ᠡ ᠣᠨᠤᠪᠴᠢᠲᠠᠢ ᠳᠣᠭᠲᠠᠭᠠᠵᠤ ᠴᠢᠳᠠᠪᠠᠯ᠂ ᠨᠥᠭᠦᠭᠡ ᠡᠲᠡᠭᠡᠳ ᠨᠢ ᠪᠥᠮᠪᠦᠭᠡ ᠲᠤᠰᠬᠤ ᠦᠶ᠎ᠡ ᠳᠤ

ᠲᠠᠭᠠᠯᠠᠮᠵᠢᠲᠠᠶ ᠪᠠᠶᠢᠳᠠᠭ︾ ᠭᠡᠵᠦ ᠵᠠᠩ ᠸᠧᠨ ᠵᠧᠩ ᠲᠠᠶᠢᠯᠪᠤᠷᠢᠯᠠᠪᠠ᠃

     ᠵᠠᠩ ᠸᠧᠨ ᠵᠧᠩ ︽ᠠᠯᠢᠪᠠ ᠪᠦᠬᠦᠨ ᠰᠠᠶ᠋ᠢ ᠡᠬᠢᠯᠡᠵᠦ ᠪᠠᠶᠢᠨ᠎ᠠ᠂ ᠶᠡᠭᠡ ᠰᠤᠷᠭᠠᠭᠤᠯᠢ ᠳᠤ ᠣᠷᠣᠬᠤ ᠪᠣᠯ ᠨᠢᠭᠡᠨ

ᠰᠢᠨ᠎ᠡ ᠡᠬᠢᠯᠡᠯᠲᠡ ᠮᠥᠨ︾ ᠭᠡᠵᠦ᠂ ᠬᠤᠵᠢᠮ ᠬᠠᠮᠤᠭ ᠤᠨ ᠰᠠᠶᠢᠨ ᠲᠤᠰᠬᠠᠶ ᠪᠥᠮᠪᠥᠭᠡᠴᠢᠨ ᠪᠣᠯᠬᠤ ᠪᠤᠶᠤ ᠬᠥᠯ

ᠪᠥᠮᠪᠦᠭᠡ ᠲᠠᠢ ᠬᠤᠯᠪᠤᠭᠳᠠᠬᠤ ᠠᠵᠢᠯ ᠬᠢᠨ᠎ᠡ ᠭᠡᠵᠡᠢ᠃ ︵ᠵᠣᠬᠢᠶᠠᠭᠴᠢ  ᠬᠤᠤ ᠸᠧᠨ ᠲᠢᠩ︶

    

   

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map