| | | | 3 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠰᠤᠷᠭᠠᠭᠤᠯᠢ ᠶᠢᠨ | ᠬᠦᠷᠢᠶᠡᠨ ᠤ ᠬᠥᠯ ᠪᠥᠮᠪᠦᠭᠡᠨ ᠤ ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ ᠤ ᠭᠤᠷᠪᠠᠨ | ᠲᠣᠭᠤᠷᠢᠭ ᠤᠨ ᠮᠠᠩᠯᠠᠶ ᠪᠤᠯᠢᠶᠠᠯᠳᠤᠬᠤ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠣᠷᠳᠣᠰ ᠬᠤᠲᠠ ᠶᠢᠨ | ᠳᠠᠯᠠᠳ ᠬᠤᠰᠢᠭᠤᠨ ᠤ ᠨᠠᠢᠮᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃ ︽ᠣᠭᠲᠠᠷᠭᠤᠢ ᠳᠦᠭᠦᠷᠡᠩ ᠣᠳᠣᠨ | ᠮᠡᠴᠢᠳ︾ ᠪᠣᠯᠪᠠᠰᠤᠷᠠᠯ ᠤᠨ ᠪᠠᠭᠤᠴᠠ ᠶᠢᠨ ᠨᠢᠭᠡᠨ ᠪᠦᠷᠢᠯᠳᠦᠭᠦᠨ ᠪᠣᠯᠬᠤ ᠳᠠᠯᠠᠳ ᠬᠤᠰᠢᠭᠤᠨ ᠤ ᠨᠠᠢᠮᠠᠳᠤᠭᠠᠷ | ᠪᠠᠭ᠎ᠠ ᠰᠤᠷᠭᠠᠭᠤᠯᠢ ᠶᠢᠨ ᠬᠥᠯ ᠪᠥᠮᠪᠦᠭᠡᠨ ᠤ ᠠᠩᠭᠢ ᠶᠢᠨ ᠭᠡᠰᠢᠭᠦᠳ ᠲᠡᠷᠢᠭᠦᠨ ᠱᠠᠩᠨᠠᠯ ᠤᠨ ᠬᠤᠨᠳᠠᠭ᠎ᠠ ᠶᠢ ᠲᠤᠰᠴᠤ | ᠠᠪᠤᠭᠠᠳ᠂ ᠰᠤᠷᠭᠠᠭᠤᠯᠢ ᠡᠬᠢᠯᠡᠬᠦ ᠶᠢᠨ ᠠᠭᠤᠯᠵᠠᠯᠲᠠ ᠶᠢᠨ ᠣᠨᠴᠠᠭᠠᠢ ᠪᠡᠯᠡᠭ ᠪᠣᠯᠭᠠᠪᠠ᠃ | 2018 ᠣᠨ ᠳᠤ ᠰᠤᠷᠭᠠᠨ ᠬᠥᠮᠦᠵᠢᠯ ᠤᠨ ᠶᠠᠮᠤᠨ ᠠᠴᠠ ᠨᠡᠶᠢᠲᠡᠯᠡᠭᠰᠡᠨ ᠪᠥᠬᠦ ᠤᠯᠤᠰ ᠤᠨ ᠵᠠᠯᠠᠭᠤᠴᠤᠳ | ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠠᠩᠬᠠᠳᠠᠭᠴᠢ ᠪᠦᠯᠦᠭ ᠤᠨ ︽ᠣᠭᠲᠠᠷᠭᠤᠢ | ᠳᠦᠭᠦᠷᠡᠩ ᠣᠳᠣᠨ ᠮᠡᠴᠢᠳ︾ ᠪᠣᠯᠪᠠᠰᠤᠷᠠᠯ ᠤᠨ ᠪᠠᠭᠤᠴᠠ ᠳᠤ᠂ ᠣᠷᠳᠣᠰ ᠬᠤᠲᠠ ᠶᠢᠨ ᠳᠠᠯᠠᠳ ᠬᠤᠰᠢᠭᠤ ᠨᠡᠷ᠎ᠡ | ᠲᠣᠳᠣᠷᠠᠪᠠ᠃ ᠣᠳᠣ ᠪᠣᠯᠲᠠᠯ᠎ᠠ᠂ ᠪᠦᠬᠦ ᠬᠤᠰᠢᠭᠤᠨ ᠤ 41 ᠳᠤᠮᠳᠠᠳᠤ ᠪᠠᠭ᠎ᠠ ᠰᠤᠷᠭᠠᠭᠤᠯᠢ ᠳᠤ᠂ 40 | ᠪᠣᠯᠪᠠᠰᠤᠷᠠᠯ ᠤᠨ ᠴᠡᠭ᠂ ᠵᠡᠭᠦᠨ᠂ ᠪᠠᠷᠠᠭᠤᠨ ᠬᠤᠶᠠᠷ ᠰᠣᠳᠣᠴᠤᠤᠯ ᠤᠨ ᠪᠣᠯᠪᠠᠰᠤᠷᠠᠯ ᠤᠨ ᠪᠠᠭᠤᠴᠠ ᠪᠠ ᠨᠢᠭᠡ | ᠶᠡᠷᠦᠩᠬᠡᠢ ᠪᠠᠭᠤᠴᠠ ᠲᠠᠢ ᠪᠠᠶᠢᠵᠤ᠂ U 6 - U 17 ᠬᠦᠷᠲᠡᠯᠡᠬᠢ ᠡᠯ᠎ᠡ ᠨᠠᠰᠤᠨ ᠤ 12 ᠰᠣᠳᠣᠴᠤᠤᠯ ᠤᠨ | ᠪᠣᠯᠪᠠᠰᠤᠷᠠᠯ ᠤᠨ ᠪᠠᠭᠤᠴᠠᠨ ᠤ ᠳᠣᠭᠲᠠᠯᠴᠠᠭ᠎ᠠ ᠶᠢ ᠪᠠᠶᠢᠭᠤᠯᠪᠠ᠃ | ᠬᠤᠷᠠᠪᠠᠯ ᠪᠥᠭᠡᠮ ᠭᠠᠯ᠂ ᠰᠠᠴᠤᠪᠠᠯ ᠲᠥᠭᠡᠮᠡᠯ ᠣᠳᠣ᠃ ︽ᠣᠭᠲᠠᠷᠭᠤᠢ ᠳᠦᠭᠦᠷᠡᠩ ᠣᠳᠣᠨ ᠮᠡᠴᠢᠳ︾ | ᠪᠣᠯᠪᠠᠰᠤᠷᠠᠯ ᠤᠨ ᠪᠠᠭᠤᠴᠠ ᠨᠢ ᠲᠤᠬᠠᠶ ᠶᠢᠨ ᠭᠠᠵᠠᠷ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠪᠠᠭᠰᠢ᠂ | ᠰᠤᠷᠭᠠᠭᠴᠢ ᠪᠠ ᠬᠠᠮᠤᠭ ᠤᠨ ᠰᠠᠶᠢᠨ ᠵᠢᠭᠰᠠᠭᠠᠯ ᠤᠨ ᠭᠡᠰᠢᠭᠦᠳ ᠲᠠᠢ ᠬᠠᠮᠲᠤ ᠪᠠᠷ ᠰᠤᠷᠤᠯᠴᠠᠨ ᠤᠷ᠎ᠠ | ᠮᠡᠷᠭᠡᠰᠢᠯ ᠢᠶᠠᠨ ᠰᠣᠯᠢᠯᠴᠠᠵᠤ᠂ ᠳᠠᠬᠢᠨ ᠲᠣᠰ ᠲᠣᠰ ᠤᠨ ᠰᠤᠷᠭᠠᠭᠤᠯᠢ᠂ ᠬᠡᠷ ᠪᠦᠯᠢ ᠪᠠ ᠨᠡᠶᠢᠭᠡᠮ ᠲᠣᠭᠤᠷᠢᠭ ᠲᠤ ᠪᠠᠨ | ᠪᠤᠴᠠᠵᠤ᠂ ᠡᠳᠦᠷ ᠲᠤᠲᠤᠮ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠤᠷᠤᠯᠳᠤᠭᠠᠨ ᠤ | ᠳᠣᠭᠲᠠᠯᠴᠠᠭᠠᠨ ᠳᠤ ᠪᠤᠴᠠᠵᠤ᠂ ᠳᠠᠭᠤᠷᠢᠶᠠᠯ ᠦᠵᠡᠭᠦᠯᠬᠦ ᠪᠠ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠪᠠ᠃ | ᠭᠤᠷᠪᠠᠨ ᠣᠷᠣᠨ ᠤ ᠮᠠᠩᠯᠠᠢ ᠪᠤᠯᠢᠶᠠᠯᠳᠤᠬᠤ ᠤᠷᠤᠯᠳᠤᠭᠠᠨ ᠨᠢ ︽ᠴᠤᠭᠯᠠᠷᠠᠬᠤ︾ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠣᠷᠣᠨ ᠪᠦᠰᠡ ᠶᠢᠨ ︽ᠣᠭᠲᠠᠷᠭᠤᠢ ᠳᠦᠭᠦᠷᠡᠩ | ᠣᠳᠣᠨ ᠮᠡᠴᠢᠳ︾ ᠪᠣᠯᠪᠠᠰᠤᠷᠠᠯ ᠤᠨ ᠪᠠᠭᠤᠴᠠᠨ ᠳᠤ ᠤᠷᠤᠯᠳᠤᠭᠠᠨ ᠤ ᠲᠠᠪᠴᠠᠩ ᠢ ᠬᠠᠩᠭᠠᠵᠤ᠂ ᠤᠷᠤᠯᠳᠤᠭᠠᠨ ᠢᠶᠠᠷ | ᠰᠤᠷᠭᠠᠨ ᠬᠥᠮᠦᠵᠢᠯ ᠢ ᠠᠬᠢᠭᠤᠯᠤᠨ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠵᠤ᠂ ᠤᠷᠤᠯᠳᠤᠭᠠᠨ ᠤ ᠬᠢᠷᠢ | ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡᠨ ᠤ ᠬᠥᠭᠵᠢᠯᠲᠡ ᠶᠢ | ᠠᠬᠢᠭᠤᠯᠤᠭᠰᠠᠨ ᠪᠠᠶᠢᠨ᠎ᠠ᠃ | | |