| | ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇2023﹈ 71 ᠳ᠋ᠦ᠋ᠭᠡᠷ ᠲᠣᠭᠠᠲᠤ | | | ᠡᠯ᠎ᠡ ᠬᠤᠯᠪᠣᠭᠳᠠᠯ ᠪᠥᠬᠦᠶ ᠳᠡᠭᠡᠳᠦ ᠰᠤᠷᠭᠠᠭᠤᠯᠢ ᠳᠤ᠄ | ︽ᠪᠥᠬᠦ ᠣᠷᠣᠨ ᠤ ᠬᠤᠶᠠᠳᠤᠭᠠᠷ ᠬᠤᠭᠤᠴᠠᠭᠠᠨ ᠤ ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ᠂ | ᠤᠷᠠᠨ ᠵᠢᠷᠤᠭ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠰᠣᠷᠣᠭᠴᠢ ᠪᠣᠯᠤᠨ ᠪᠠᠭᠰᠢ ᠶᠢᠨ ᠦᠨᠳᠦᠰᠦᠨ | ᠴᠢᠳᠠᠪᠬᠢ ᠶᠢᠨ ᠦᠵᠡᠭᠦᠯᠭᠡ ᠶᠢᠨ ᠲᠤᠬᠠᠶ ᠮᠡᠳᠡᠭᠳᠡᠯ︾ ︵ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ | ﹇2023﹈ 39 ᠳ᠋ᠦ᠋ᠭᠡᠷ ᠲᠣᠭᠠᠲᠤ︶ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ 2023 ᠣᠨ ᠤ 6 ᠳ᠋ᠤᠭᠠᠷ ᠰᠠᠷ᠎ᠠ ᠶᠢᠨ 18 - 22 ᠤᠨ ᠡᠳᠦᠷ ᠪᠣᠯᠲᠠᠯ᠎ᠠ | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠪᠥᠬᠦ ᠣᠷᠣᠨ ᠤ ᠬᠤᠶᠠᠳᠤᠭᠠᠷ ᠬᠤᠭᠤᠴᠠᠭᠠᠨ ᠤ | ᠡᠩ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ᠂ ᠤᠷᠠᠨ ᠵᠢᠷᠤᠭ ᠤᠨ ᠰᠤᠷᠭᠠᠨ ᠬᠥᠮᠦᠵᠢᠯ ᠤᠨ ᠲᠤᠰᠬᠠᠶ | ᠮᠡᠷᠭᠡᠵᠢᠯ ᠤᠨ ᠦᠨᠳᠦᠰᠦᠨ ᠠᠩᠭᠢ ᠶᠢᠨ ᠰᠣᠷᠣᠭᠴᠢ ᠪᠣᠯᠤᠨ ᠪᠠᠭᠰᠢ ᠶᠢᠨ ᠦᠨᠳᠦᠰᠦᠨ ᠴᠢᠳᠠᠪᠬᠢ ᠶᠢᠨ | ᠦᠵᠡᠭᠦᠯᠭᠡ ᠶᠢᠨ ᠠᠵᠢᠯᠯᠠᠭ᠎ᠠ ᠶᠢ ᠡᠷᠭᠢᠯᠡᠬᠦ ᠪᠠᠷ ᠲᠣᠭᠲᠠᠵᠤ᠂ ᠠᠵᠢᠯᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ | ᠪᠠᠲᠤᠯᠠᠬᠤ ᠶᠢᠨ ᠲᠥᠯᠦᠭᠡ᠂ ᠡᠳᠦᠭᠡ ᠠᠵᠢᠯᠯᠠᠭᠠᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠮᠡᠳᠡᠭᠳᠡᠪᠡ᠄ | ᠨᠢᠭᠡ᠂ ᠳᠠᠭᠠᠭᠤᠯᠤᠭᠴᠢ ᠶᠢ ᠰᠣᠩᠭᠤᠨ ᠲᠣᠮᠢᠯᠠᠬᠤ | ︵ᠨᠢᠭᠡ︶ ᠡᠯ᠎ᠡ ᠰᠤᠷᠭᠠᠭᠤᠯᠢ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠬᠤ ᠳᠠᠭᠤᠤ ᠬᠥᠭᠵᠢᠮ᠂ ᠤᠷᠠᠨ | ᠵᠢᠷᠤᠭ ᠤᠨ ᠪᠠᠭᠰᠢ ᠠᠴᠠ ᠲᠣᠰ ᠲᠣᠰ 1 ᠳᠠᠭᠠᠭᠤᠯᠤᠭᠴᠢ ᠶᠢ ᠲᠣᠭᠲᠠᠭᠠᠵᠤ᠂ 2023 ᠣᠨ ᠤ 6 ᠳ᠋ᠤᠭᠠᠷ | ᠰᠠᠷ᠎ᠠ ᠶᠢᠨ 8 ᠤ ᠡᠳᠦᠷ ᠠᠴᠠ ᠡᠮᠦᠨ᠎ᠡ᠂ ᠳᠠᠭᠠᠭᠤᠯᠤᠭᠴᠢ ᠶᠢᠨ ᠨᠡᠷᠡᠰ ᠢ ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ | 1︶ ᠶᠢᠨ ᠡᠯᠧᠺᠲᠷᠣᠨ ᠬᠡᠪᠯᠡᠯ ︵WORD ᠬᠡᠪᠯᠡᠯ ᠪᠠ ᠰᠤᠷᠭᠠᠭᠤᠯᠢ ᠶᠢᠨ ᠠᠯᠪᠠᠨ ᠲᠠᠮᠠᠭ᠎ᠠ ᠳᠠᠷᠤᠭᠰᠠᠨ ᠤ | ᠳᠠᠷᠠᠭᠠᠬᠢ PDF ᠰᠢᠷᠪᠢᠯᠲᠡ︶ ᠢ ᠲᠣᠭᠲᠠᠭᠰᠠᠨ ᠢᠮᠧᠯ ᠳᠤ ᠢᠯᠡᠭᠡᠨ᠎ᠡ᠃ | ︵ᠬᠤᠶᠠᠷ︶ ᠡᠯ᠎ᠡ ᠰᠤᠷᠭᠠᠭᠤᠯᠢ ᠶᠢᠨ ᠳᠠᠭᠠᠭᠤᠯᠤᠭᠴᠢ ᠲᠤᠰ ᠰᠤᠷᠭᠠᠭᠤᠯᠢ ᠶᠢᠨ ᠢᠶᠠᠨ ᠤᠷᠤᠯᠳᠤᠭᠠᠨ ᠳᠤ | ᠣᠷᠣᠯᠴᠠᠬᠤ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠠᠮᠢᠶᠠᠷᠬᠤ ᠠᠵᠢᠯ ᠢ ᠨᠠᠷᠢᠨ ᠬᠢᠨᠠᠮᠠᠭᠠᠶ | ᠰᠠᠶᠢᠲᠤᠷ ᠬᠢᠵᠦ᠂ ᠠᠵᠢᠯᠯᠠᠭᠠᠨ ᠤ ᠡᠳᠦᠷ ᠲᠤᠲᠤᠮ ᠤᠨ ᠲᠣᠬᠢᠷᠠᠭᠤᠯᠤᠯᠲᠠ ᠶᠣᠰᠤ ᠪᠠᠷ ᠲᠤᠰ | ᠰᠤᠷᠭᠠᠭᠤᠯᠢ ᠶᠢᠨ ᠢᠶᠠᠨ ᠪᠠᠭᠰᠢ ᠰᠤᠷᠤᠭᠴᠢᠳ ᠤᠨ ᠨᠡᠷ᠎ᠡ ᠮᠡᠳᠡᠭᠦᠯᠬᠦ᠂ ᠤᠷᠤᠯᠳᠤᠭᠠᠨ ᠳᠤ ᠣᠷᠣᠯᠴᠠᠬᠤ ᠪᠠ | ᠪᠤᠴᠠᠬᠤ ᠶᠢ ᠵᠣᠬᠢᠶᠠᠨ ᠪᠠᠶᠢᠭᠤᠯᠵᠤ᠂ ᠠᠶᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠠᠵᠢᠯᠯᠠᠭᠠᠨ ᠤ ᠬᠤᠭᠤᠴᠠᠭᠠᠨ ᠳᠤ᠂ ᠡᠯ᠎ᠡ ᠳᠠᠭᠠᠭᠤᠯᠤᠭᠴᠢ ᠲᠤᠰ ᠰᠤᠷᠭᠠᠭᠤᠯᠢ ᠶᠢᠨ ᠢᠶᠠᠨ | ᠤᠷᠤᠯᠳᠤᠭᠠᠨ ᠳᠤ ᠣᠷᠣᠯᠴᠠᠭᠰᠠᠳ ᠢ ᠴᠢᠩᠭ᠎ᠠ ᠬᠠᠮᠢᠶᠠᠷᠴᠤ᠂ ᠠᠵᠢᠯᠯᠠᠭᠠᠨ ᠤ ᠬᠤᠭᠤᠴᠠᠭᠠᠨ ᠤ ᠬᠤᠯᠪᠣᠭᠳᠠᠯ ᠪᠦᠬᠦᠢ | ᠲᠣᠭᠲᠠᠭᠠᠯ᠂ ᠰᠠᠬᠢᠯᠭ᠎ᠠ ᠪᠠᠲᠤ ᠪᠠ ᠱᠠᠭᠠᠷᠳᠠᠯᠭ᠎ᠠ ᠶᠢ ᠵᠢᠷᠤᠮᠯᠠᠨ᠂ ᠣᠨᠴᠠᠭᠠᠶ ᠪᠠᠶᠢᠳᠠᠯ ᠦᠭᠡᠶ ᠪᠣᠯ ᠴᠢᠯᠥᠭᠡ ᠭᠤᠶᠤᠵᠤ | ᠪᠣᠯᠬᠤ ᠦᠭᠡᠶ᠂ ᠳᠤᠷ᠎ᠠ ᠪᠠᠷ ᠢᠶᠠᠨ ᠭᠠᠳᠠᠭᠰᠢ ᠭᠠᠷᠬᠤ᠂ ᠨᠠᠶᠢᠵᠠ ᠨᠥᠬᠦᠳ ᠲᠠᠢ ᠪᠠᠨ ᠠᠭᠤᠯᠵᠠᠬᠤ᠂ ᠪᠤᠰᠤᠳ | ᠠᠵᠢᠯᠯᠠᠭ᠎ᠠ ᠳᠤ ᠣᠷᠣᠯᠴᠠᠵᠤ ᠪᠣᠯᠬᠤ ᠦᠭᠡᠶ᠃ ᠡᠨᠡ ᠤᠳᠠᠭᠠᠨ ᠤ ᠠᠵᠢᠯᠯᠠᠭ᠎ᠠ ᠳᠤ ᠲᠠᠭᠠᠭᠤᠯᠤᠭᠴᠢ ᠬᠠᠷᠢᠭᠤᠴᠠᠬᠤ | ᠲᠦᠷᠢᠮ ᠢ ᠬᠡᠷᠡᠭᠵᠢᠭᠦᠯᠦᠨ᠎ᠡ᠂ ᠬᠡᠷᠪᠡ ᠣᠨᠴᠠᠭᠠᠢ ᠪᠠᠶᠢᠳᠠᠯ ᠭᠠᠷᠪᠠᠯ ᠴᠠᠭ ᠲᠤᠬᠠᠢ ᠳᠤ ᠨᠢ ᠠᠵᠢᠯᠯᠠᠭ᠎ᠠ ᠶᠢ ᠵᠣᠬᠢᠶᠠᠨ | ᠪᠠᠶᠢᠭᠤᠯᠤᠭᠰᠠᠨ ᠨᠢᠭᠡᠴᠢ ᠳᠤ ᠮᠡᠳᠡᠭᠦᠯᠬᠦ ᠬᠡᠷᠡᠭᠲᠡᠢ᠃ | ᠬᠤᠶᠠᠷ᠂ ᠴᠠᠭ ᠬᠤᠭᠤᠴᠠᠭ᠎ᠠ ᠵᠢᠴᠢ ᠭᠠᠵᠠᠷ | ︵ᠨᠢᠭᠡ︶ ᠴᠠᠭ ᠬᠤᠭᠤᠴᠠᠭᠠᠨ ᠤ ᠲᠣᠬᠢᠷᠠᠭᠤᠯᠤᠯᠲᠠ | ᠳᠠᠭᠤᠤ ᠬᠥᠭᠵᠢᠮ᠄ 6 ᠰᠠᠷ᠎ᠠ ᠶᠢᠨ 18 ᠤ ᠡᠳᠦᠷ ᠨᠡᠷ᠎ᠡ ᠮᠡᠳᠡᠭᠦᠯᠵᠦ᠂ 6 ᠰᠠᠷ᠎ᠠ ᠶᠢᠨ 19 - 21 ᠤ | ᠡᠳᠦᠷ ᠦᠵᠡᠭᠦᠯᠭᠡ ᠬᠢᠵᠦ᠂ ᠲᠣᠭᠤᠷᠢᠨ ᠦᠵᠡᠨ᠎ᠡ︔ ᠤᠷᠠᠨ ᠵᠢᠷᠤᠭ᠄ 6 ᠰᠠᠷ᠎ᠠ ᠶᠢᠨ 19 ᠤ ᠡᠳᠦᠷ ᠨᠡᠷ᠎ᠡ | ᠮᠡᠳᠡᠭᠦᠯᠵᠦ᠂ 6 ᠰᠠᠷ᠎ᠠ ᠶᠢᠨ 20 - 21 ᠤ ᠡᠳᠦᠷ ᠦᠵᠡᠭᠦᠯᠭᠡ ᠬᠢᠵᠦ᠂ ᠲᠣᠭᠤᠷᠢᠨ ᠦᠵᠡᠨ᠎ᠡ︔ 6 ᠰᠠᠷ᠎ᠠ ᠶᠢᠨ | 21 ᠤ ᠣᠷᠣᠶ ᠥᠨᠳᠦᠷᠯᠡᠵᠦ ᠱᠠᠩᠨᠠᠯ ᠣᠯᠭᠤᠬᠤ ᠶᠣᠰᠤᠯᠠᠯ ᠢ ᠶᠠᠪᠤᠭᠳᠠᠭᠤᠯᠤᠨ᠂ 6 ᠰᠠᠷ᠎ᠠ ᠶᠢᠨ 22 ᠤᠨ | ᠡᠳᠦᠷ ᠤᠨ ᠦᠳᠡ ᠶᠢᠨ ᠡᠮᠦᠨᠡᠬᠢ 12 ᠴᠠᠭ ᠠᠴᠠ ᠡᠮᠦᠨ᠎ᠡ ᠪᠤᠴᠠᠨ᠎ᠠ᠃ | ︵ᠬᠤᠶᠠᠷ︶ ᠨᠡᠷ᠎ᠡ ᠮᠡᠳᠡᠭᠦᠯᠬᠦ ᠭᠠᠵᠠᠷ | ᠲᠦᠩᠯᠢᠶᠣᠤ ᠬᠤᠲᠠ ᠶᠢᠨ ᠰᠢᠨ ᠳ᠋ᠡ ᠣᠯᠠᠨ ᠤᠯᠤᠰ ᠤᠨ ᠪᠠᠭᠤᠳᠠᠯ ︵ᠬᠤᠷᠴᠢᠨ ᠲᠣᠭᠤᠷᠢᠭ ᠤᠨ ᠵᠢᠶᠠᠨ | ᠭᠦᠸᠧ ᠵᠠᠮ ᠤᠨ ᠬᠤᠶᠢᠲᠤ ᠬᠡᠰᠡᠭ ᠤᠨ 2 ᠳ᠋ᠤᠭᠠᠷ ᠨᠣᠮᠧᠷ︶᠃ | ︵ᠭᠤᠷᠪᠠ︶ ᠦᠵᠡᠭᠦᠯᠭᠡ ᠶᠢᠨ ᠭᠠᠵᠠᠷ | ᠳᠠᠭᠤᠤ ᠬᠥᠭᠵᠢᠮ ᠤᠨ ᠰᠢᠨᠵᠢᠯᠡᠭᠡᠨ ᠤ ᠰᠠᠯᠠᠭᠠᠨ ᠤ ᠦᠵᠡᠭᠦᠯᠭᠡ ᠶᠢᠨ ᠲᠠᠯᠠᠪᠤᠷ᠄ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ︔ ᠤᠷᠠᠨ ᠵᠢᠷᠤᠭ ᠤᠨ | ᠰᠢᠨᠵᠢᠯᠡᠭᠡᠨ ᠤ ᠰᠠᠯᠠᠭᠠᠨ ᠤ ᠦᠵᠡᠭᠦᠯᠭᠡ ᠶᠢᠨ ᠲᠠᠯᠠᠪᠤᠷ᠄ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠃ ᠠᠵᠢᠯᠯᠠᠭᠠᠨ ᠤ ᠡᠳᠦᠷ ᠤᠨ ᠲᠣᠬᠢᠷᠠᠭᠤᠯᠤᠯᠲᠠ ᠶᠢ | ᠳᠠᠭᠠᠯᠳᠤᠭᠤᠯᠤᠯ 2᠂ 3 ᠳᠤ ᠦᠵᠡᠭᠡᠷᠡᠢ᠃ | ᠭᠤᠷᠪᠠ᠂ ᠤᠷᠤᠯᠳᠤᠭᠠᠨ ᠳᠤ ᠣᠷᠣᠯᠴᠠᠬᠤ ᠮᠠᠲ᠋ᠧᠷᠢᠶᠠᠯ ᠢ ᠮᠡᠳᠡᠭᠦᠯᠦᠨ ᠬᠦᠷᠭᠡᠬᠦ | ︵ᠨᠢᠭᠡ︶ ᠵᠢᠭᠠᠨ ᠰᠤᠷᠭᠠᠯᠲᠠ ᠶᠢᠨ ᠦᠵᠡᠭᠦᠯᠭᠡ ︵ᠪᠢᠴᠢᠯ ᠬᠢᠴᠢᠶᠡᠯ︶ | 1 . ᠦᠵᠡᠭᠦᠯᠭᠡ ᠶᠢᠨ ᠠᠷᠭ᠎ᠠ ᠮᠠᠶ᠋ᠢᠭ᠃ ᠦᠵᠡᠭᠦᠯᠭᠡ ᠳᠤ ᠣᠷᠣᠯᠴᠠᠭᠰᠠᠨ ᠰᠤᠷᠤᠭᠴᠢᠳ ᠪᠠ ᠪᠠᠭᠰᠢ | ᠨᠠᠷ ᠤᠨ ᠵᠢᠭᠠᠨ ᠰᠤᠷᠭᠠᠯᠲᠠ ᠶᠢᠨ ᠦᠵᠡᠭᠦᠯᠭᠡ ︵ᠪᠢᠴᠢᠯ ᠬᠢᠴᠢᠶᠡᠯ︶ ᠶᠢ ᠬᠢᠴᠢᠶᠡᠯᠯᠡᠵᠦ ᠪᠠᠶᠢᠭ᠎ᠠ ᠸᠢᠳᠢᠤ᠋ ᠶᠢ ᠰᠢᠩᠭᠡᠭᠡᠨ | ᠦᠢᠯᠡᠳᠬᠦ ᠠᠷᠭ᠎ᠠ ᠮᠠᠶ᠋ᠢᠭ ᠢᠶᠠᠷ ᠳᠡᠯᠭᠡᠨ ᠦᠵᠡᠭᠦᠯᠵᠦ᠂ ᠡᠭᠦᠨ ᠳᠤ ᠦᠨᠳᠦᠰᠦᠨ ᠠᠩᠭᠢ ᠶᠢᠨ ᠰᠤᠷᠤᠭᠴᠢᠳ | ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯᠯᠡᠵᠦ ᠪᠠᠶᠢᠭ᠎ᠠ ᠣᠷᠴᠢᠨ ᠳᠤ ᠰᠢᠩᠭᠡᠭᠡᠨ ᠦᠢᠯᠡᠳᠴᠦ᠂ ᠪᠠᠭᠰᠢ ᠨᠠᠷ | ᠠᠬᠤᠢ ᠲᠠᠯᠠᠪᠠᠢ ᠳᠤ ᠳᠠᠭᠤᠷᠢᠶᠠᠮᠠᠯ ᠬᠢᠴᠢᠶᠡᠯ ᠣᠷᠣᠬᠤ ᠠᠷᠭ᠎ᠠ ᠮᠠᠶ᠋ᠢᠭ ᠢᠶᠠᠷ ᠰᠢᠩᠭᠡᠭᠡᠨ ᠦᠢᠯᠡᠳᠦᠨ᠎ᠡ᠂ 15 | ᠮᠢᠨᠦ᠋ᠲ ᠤᠨ ᠴᠠᠭ ᠭᠠᠷᠭᠠᠬᠤ ᠶᠢᠨ ᠬᠠᠮᠲᠤ ᠪᠢᠴᠢᠭ ᠤᠨ ᠬᠡᠯᠪᠡᠷᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠪᠠᠨ | ᠲᠤᠰᠢᠶᠠᠬᠤ ᠬᠡᠷᠡᠭᠲᠡᠶ ︵ᠪᠣᠳᠠᠲᠠᠶ ᠱᠠᠭᠠᠷᠳᠠᠯᠭ᠎ᠠ ᠶᠢ ︽ᠪᠥᠬᠦ ᠣᠷᠣᠨ ᠤ ᠬᠤᠶᠠᠳᠤᠭᠠᠷ ᠬᠤᠭᠤᠴᠠᠭᠠᠨ ᠤ ᠡᠩ ᠤᠨ | ᠳᠡᠭᠡᠳᠦ ᠵᠡᠷᠭᠡ ᠶᠢᠨ ᠰᠤᠷᠭᠠᠭᠤᠯᠢ ᠶᠢᠨ ᠳᠠᠭᠤᠤ ᠬᠥᠭᠵᠢᠮ᠂ ᠤᠷᠠᠨ ᠵᠢᠷᠤᠭ ᠤᠨ ᠰᠤᠷᠭᠠᠨ ᠬᠥᠮᠦᠵᠢᠯ ᠤᠨ ᠲᠤᠰᠬᠠᠶ | ᠮᠡᠷᠭᠡᠵᠢᠯ ᠤᠨ ᠰᠤᠷᠤᠭᠴᠢᠳ ᠪᠠ ᠪᠠᠭᠰᠢ ᠨᠠᠷ ᠤᠨ ᠦᠨᠳᠦᠰᠦᠨ ᠴᠢᠳᠠᠪᠬᠢ ᠶᠢᠨ ᠦᠵᠡᠭᠦᠯᠭᠡ ᠶᠢ ᠡᠷᠭᠢᠯᠡᠬᠦ ᠲᠤᠬᠠᠶ | ᠮᠡᠳᠡᠭᠳᠡᠯ︾ ᠳᠤ ᠨᠠᠷᠢᠨ ᠦᠵᠡᠭᠡᠷᠡᠶ︶᠃ | 2 . ᠰᠢᠩᠭᠡᠭᠡᠨ ᠦᠢᠯᠡᠳᠬᠦ ᠱᠠᠭᠠᠷᠳᠠᠯᠭ᠎ᠠ᠃ ᠸᠢᠳᠢᠣ᠋ ᠶᠢ ᠲᠡᠭᠡᠳᠦ ᠲᠣᠳᠣ ᠪᠤᠶᠤ ᠪᠠᠷᠢᠮᠵᠢᠶ᠎ᠠ ᠲᠣᠳᠤ ᠪᠠᠷ | ᠰᠢᠩᠭᠡᠭᠡᠨ ᠦᠢᠯᠡᠳᠴᠦ᠂ ᠬᠡᠯᠪᠡᠷᠢ ᠨᠢ MP 4 ᠪᠤᠶᠤ MOV ᠪᠠᠶᠢᠵᠤ᠂ ᠺᠣᠳ᠋ ᠤᠨ ᠤᠷᠤᠰᠤᠮᠵᠢ ᠨᠢ 512 | Kbps ᠠᠴᠠ ᠳᠤᠤᠷ᠎ᠠ ᠪᠠᠶᠢᠵᠤ ᠪᠣᠯᠬᠤ ᠥᠬᠡᠶ︔ ᠳᠡᠭᠡᠳᠦ ᠲᠣᠳᠤ ᠶᠢ 16᠄ 9 ᠪᠠᠷ ᠰᠡᠭᠦᠳᠡᠷᠯᠡᠭ᠊ ᠦᠶ᠎ᠡ ᠳᠤ᠂ | ᠢᠯᠭᠠᠮᠵᠢ ᠶᠢ 1280 × 720 ᠪᠠᠷ ᠲᠣᠭᠲᠠᠭᠠᠵᠤ᠂ ᠪᠠᠷᠢᠮᠵᠢᠶ᠎ᠠ ᠲᠣᠳᠤ ᠶᠢ 4᠄ 3 ᠪᠠᠷ ᠰᠡᠭᠦᠳᠡᠷᠯᠡᠬᠦ ᠦᠶ᠎ᠡ ᠳᠤ᠂ | ᠢᠯᠭᠠᠮᠵᠢ ᠶᠢ 720 × 576 ᠪᠠᠷ ᠳᠣᠭᠲᠠᠭᠠᠨ᠂ ᠪᠦᠲᠦᠭᠡᠯ ᠤᠨ ᠶᠡᠭᠡ ᠪᠠᠭ᠎ᠠ ᠶᠢ ᠴᠥᠮ 700 M ᠠᠴᠠ | ᠬᠡᠲᠦᠷᠡᠭᠦᠯᠵᠦ ᠪᠣᠯᠬᠤ ᠦᠭᠡᠢ︔ ᠳᠠᠩ ᠮᠠᠰᠢᠨ ᠢᠶᠠᠷ ᠪᠠᠶᠢᠷᠢ ᠳᠣᠭᠲᠠᠭᠠᠨ ᠰᠡᠭᠦᠳᠡᠷᠯᠡᠬᠦ ᠶᠢ ᠱᠠᠭᠠᠷᠳᠠᠵᠤ᠂ | ᠬᠢᠴᠢᠶᠡᠯ ᠤᠨ ᠠᠭᠤᠯᠭ᠎ᠠ ᠶᠢ ᠪᠦᠷᠢᠨ ᠪᠦᠲᠦᠨ ᠮᠥᠷᠲᠡᠭᠡᠨ ᠳᠠᠰᠤᠯᠳᠤᠭᠤᠯᠤᠯ ᠦᠭᠡᠢ ᠰᠢᠩᠭᠡᠭᠡᠨ ᠦᠢᠯᠡᠳᠴᠦ᠂ | ᠬᠠᠰᠤᠵᠤ ᠪᠣᠯᠬᠤ ᠦᠭᠡᠢ︔ ᠸᠢᠳᠢᠣ᠋ ᠪᠠ ᠬᠦᠡᠭᠬᠢᠨᠡᠬᠦᠷ ᠢ ᠵᠡᠷᠭᠡ ᠳᠤ ᠨᠢ ᠰᠢᠩᠭᠡᠭᠡᠨ ᠦᠢᠯᠡᠳᠬᠦ ᠴᠢᠬᠤᠯᠠᠲᠠᠢ᠂ | ᠬᠥᠮᠦᠨ ᠨᠢ ᠲᠤᠪᠤᠶᠢᠮ᠎ᠠ᠂ ᠵᠢᠷᠤᠭ ᠳᠦᠷᠰᠦ ᠨᠢ ᠲᠣᠳᠣᠷᠬᠠᠢ᠂ ᠵᠢᠷᠤᠭ ᠤᠨ ᠪᠦᠲᠦᠴᠡ ᠨᠢ ᠵᠣᠬᠢᠰᠲᠠᠢ᠂ ᠲᠠᠭᠤ ᠨᠢ | ᠲᠣᠳᠣᠷᠬᠠᠢ ᠪᠠᠶᠢᠬᠤ ᠬᠡᠷᠡᠭᠲᠡᠢ᠃ ᠸᠢᠳᠢᠣ᠋ ᠶᠢᠨ ᠡᠬᠢᠨ ᠤ ᠬᠡᠰᠡᠭ ᠲᠤ ᠬᠢᠴᠢᠶᠡᠯ ᠤᠨ ᠨᠡᠷᠡᠶᠢᠳᠦᠯ᠂ ᠵᠢᠭᠠᠭᠰᠠᠨ ᠣᠨ᠂ | ᠬᠡᠷᠡᠭᠯᠡᠭᠰᠡᠨ ᠵᠢᠭᠠᠬᠤ ᠮᠠᠲ᠋ᠧᠷᠢᠶᠠᠯ ᠤᠨ ᠬᠡᠪᠯᠡᠯ ᠵᠡᠷᠭᠡ ᠶᠢ ᠦᠵᠡᠭᠦᠯᠵᠦ᠂ ᠸᠢᠳᠢᠣ᠋ ᠶᠢᠨ ᠠᠭᠤᠯᠭ᠎ᠠ ᠳᠤ ᠬᠤᠪᠢ ᠬᠥᠮᠦᠨ | ᠪᠠ ᠪᠠᠶᠢᠭ᠎ᠠ ᠰᠤᠷᠭᠠᠭᠤᠯᠢ ᠶᠢᠨ ᠮᠡᠳᠡᠭᠡ ᠵᠠᠩᠭᠢ ᠶᠢ ᠦᠵᠡᠭᠦᠯᠵᠦ ᠪᠣᠯᠬᠤ ᠥᠬᠡᠶ᠃ ᠸᠢᠳᠢᠤ᠋ ᠪᠢᠴᠢᠭ ᠮᠠᠲ᠋ᠧᠷᠢᠶᠠᠯ ᠢ | ︽ᠰᠤᠷᠭᠠᠭᠤᠯᠢ + ᠳᠡᠭᠡᠳᠦ ᠰᠤᠷᠭᠠᠭᠤᠯᠢ ᠰᠠᠯᠪᠤᠷᠢ + ᠳᠤᠭᠤᠶᠢᠯᠠᠩ ᠤᠨ ᠢᠯᠭᠠᠯ + ᠣᠪᠣᠭ ᠨᠡᠷ᠎ᠡ︾ ᠪᠠᠷ | ᠨᠡᠷᠡᠶᠢᠳᠬᠦ ᠬᠡᠷᠡᠭᠲᠡᠶ᠃ | ︵ᠬᠤᠶᠠᠷ︶ ᠬᠤᠪᠢ ᠬᠥᠮᠦᠨ ᠤ ᠮᠡᠳᠡᠭᠡ ᠵᠠᠩᠭᠢ ᠶᠢ ᠮᠡᠳᠡᠭᠦᠯᠬᠦ | ᠤᠷᠤᠯᠳᠤᠭᠠᠨ ᠳᠤ ᠣᠷᠣᠯᠴᠠᠭᠰᠠᠨ ᠰᠣᠷᠣᠭᠴᠢ ᠪᠠ ᠪᠠᠭᠰᠢ ᠨᠢᠭᠡ ᠪᠦᠷᠢ 30 - 50 ᠥᠰᠥᠭ ᠤᠨ ᠬᠤᠪᠢ | ᠬᠥᠮᠦᠨ ᠤ ᠲᠣᠪᠴᠢ ᠲᠠᠨᠢᠯᠴᠠᠭᠤᠯᠭ᠎ᠠ᠂ ᠡᠯᠧᠺᠲᠷᠣᠨ ᠦᠨᠡᠮᠯᠡᠯ ᠤᠨ ᠮᠠᠯᠠᠭᠠᠶ ᠥᠬᠡᠶ ᠰᠡᠭᠦᠳᠡᠷ ᠢ ᠳᠤᠰᠢᠶᠠᠵᠤ᠂ ᠡᠯ᠎ᠡ | ᠰᠤᠷᠭᠠᠭᠤᠯᠢ ᠶᠢᠨ ᠬᠢᠨ ᠳᠣᠭᠲᠠᠭᠰᠠᠨ ᠤᠷᠤᠯᠳᠤᠭᠠᠨ ᠳᠤ ᠣᠷᠣᠯᠴᠠᠬᠤ ᠰᠣᠷᠣᠭᠴᠢ ᠶᠢ ᠨᠣᠲᠠᠯᠠᠭᠰᠠᠨ ᠤ ᠳᠠᠷᠠᠭ᠎ᠠ | ᠰᠣᠷᠣᠭᠴᠢ ᠶᠢᠨ ᠨᠡᠷ᠎ᠡ ᠪᠠ ᠭᠤᠷᠪᠠ ᠠᠴᠠ ᠨᠢᠭᠡ ᠶᠢ ᠰᠣᠩᠭᠤᠬᠤ ᠵᠦᠢᠯ ᠢ ᠳᠤᠰᠢᠶᠠᠨ᠎ᠠ᠃ | ︵ᠭᠤᠷᠪᠠ︶ ᠮᠡᠳᠡᠭᠦᠯᠬᠦ ᠠᠷᠭ᠎ᠠ ᠮᠠᠶ᠋ᠢᠭ ᠪᠣᠯᠤᠨ ᠴᠠᠭ ᠬᠤᠭᠤᠴᠠᠭ᠎ᠠ | ᠳᠡᠭᠡᠷᠡᠬᠢ ᠡᠯᠧᠺᠲᠷᠣᠨ ᠬᠡᠪᠯᠡᠯ ᠤᠨ ᠮᠠᠲ᠋ᠧᠷᠢᠶᠠᠯ ᠢ 6 ᠰᠠᠷ᠎ᠠ ᠶᠢᠨ 8 ᠤ ᠡᠳᠦᠷ ᠠᠴᠠ ᠡᠮᠦᠨ᠎ᠡ ᠲᠣᠭᠲᠠᠭᠰᠠᠨ | ᠢᠮᠧᠯ ᠳᠤ ᠢᠯᠡᠭᠡᠭᠡᠷᠡᠢ᠃ | ᠳᠥᠷᠪᠡ᠂ ᠪᠤᠰᠤᠳ ᠵᠦᠢᠯ | ᠦᠵᠡᠭᠦᠯᠭᠡ ᠳᠤ ᠣᠷᠣᠯᠴᠠᠭᠰᠠᠨ ᠪᠤᠶ ᠪᠦᠬᠦᠢ ᠪᠠᠭᠰᠢ ᠰᠤᠷᠤᠭᠴᠢᠳ ᠤᠨ ᠶᠠᠪᠤᠵᠤ ᠢᠷᠡᠬᠦ ᠵᠠᠮ | ᠬᠠᠷᠢᠯᠴᠠᠭᠠᠨ ᠤ ᠵᠠᠷᠤᠳᠠᠯ ᠢ ᠲᠣᠮᠢᠯᠠᠭᠰᠠᠨ ᠨᠢᠭᠡᠴᠢ ᠠᠴᠠ ᠬᠠᠷᠢᠭᠤᠴᠠᠵᠤ᠂ ᠳᠡᠯᠭᠡᠨ ᠦᠵᠡᠭᠦᠯᠬᠦ ᠬᠤᠭᠤᠴᠠᠭᠠᠨ ᠤ | ᠢᠳᠡᠵᠦ ᠤᠤᠭᠤᠬᠤ ᠬᠤᠨᠣᠵᠤ ᠬᠡᠪᠲᠡᠬᠦ ᠪᠠ ᠵᠠᠮ ᠬᠠᠷᠢᠯᠴᠠᠭ᠎ᠠ ᠶᠢ ᠭᠤᠣᠯᠴᠢᠯᠠᠨ ᠡᠷᠬᠢᠯᠡᠭᠰᠡᠨ ᠨᠢᠭᠡᠴᠢ ᠠᠴᠠ | ᠬᠠᠷᠢᠭᠤᠴᠠᠨ᠎ᠠ︔ ᠰᠢᠯᠭᠠᠷᠠᠭᠤᠯᠬᠤ ᠺᠣᠮᠢᠰ ᠤᠨ ᠲᠤᠰᠬᠠᠶ ᠮᠡᠷᠭᠡᠵᠢᠯᠲᠡᠨ ᠵᠢᠴᠢ ᠬᠠᠮᠢᠶ᠎ᠠ ᠪᠥᠬᠦᠶ ᠠᠵᠢᠯᠲᠠᠨ ᠤ | ᠬᠤᠭᠤᠯᠠ ᠬᠤᠨᠤᠭ᠂ ᠵᠠᠮ ᠬᠠᠷᠢᠯᠴᠠᠭ᠎ᠠ᠂ ᠬᠥᠳᠡᠯᠮᠦᠷᠢ ᠦᠢᠯᠡᠴᠢᠯᠡᠭᠡ ᠵᠢᠴᠢ ᠬᠠᠮᠢᠶ᠎ᠠ ᠪᠥᠬᠦᠶ ᠵᠠᠷᠤᠳᠠᠯ ᠢ | ᠭᠤᠣᠯᠴᠢᠯᠠᠨ ᠡᠷᠬᠢᠯᠡᠭᠰᠡᠨ ᠨᠢᠭᠡᠴᠢ ᠠᠴᠠ ᠬᠠᠷᠢᠭᠤᠴᠠᠨ᠎ᠠ᠃ | ᠲᠠᠪᠤ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ | ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ | ᠬᠥᠳᠡᠯᠮᠦᠷᠢ ᠶᠢᠨ ᠬᠥᠮᠥᠵᠢᠯ ᠤᠨ ᠭᠠᠵᠠᠷ᠄ ᠵᠠᠩ ᠰᠢᠶᠤᠤ ᠶᠢᠩ᠂ 0471 - 2857025᠂ ᠾᠥᠩ ᠯᠢᠩ᠂ | 2857003᠂ ᠢᠮᠧᠯ᠄ 3426005912@qq.com | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ | ᠰᠤᠷᠭᠠᠭᠤᠯᠢ᠄ ᠸᠧᠨ ᠽᠧ᠂ 15334750306 | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠄ | ᠸᠠᠩ ᠶᠦᠩ ᠪᠥᠸᠧ᠂ 13947570887 | | | ᠳᠠᠭᠠᠯᠳᠤᠭᠤᠯᠤᠯ᠄ | 1 . ᠡᠯ᠎ᠡ ᠰᠤᠷᠭᠠᠭᠤᠯᠢ ᠶᠢᠨ ᠳᠠᠭᠠᠭᠤᠯᠤᠭᠴᠢ ᠶᠢᠨ ᠨᠡᠷᠡᠰ ᠢ ᠮᠡᠳᠡᠭᠦᠯᠬᠦ ᠬᠦᠰᠦᠨᠦᠭᠲᠦ | 2 . ᠳᠠᠭᠤᠤ ᠬᠥᠭᠵᠢᠮ ᠤᠨ ᠦᠵᠡᠭᠦᠯᠭᠡ ᠶᠢᠨ ᠠᠵᠢᠯᠯᠠᠭᠠᠨ ᠤ ᠡᠳᠦᠷ ᠤᠨ ᠲᠣᠬᠢᠷᠠᠭᠤᠯᠤᠯᠲᠠ ᠶᠢᠨ | ᠬᠦᠰᠦᠨᠦᠭᠲᠦ | 3 . ᠤᠷᠠᠨ ᠵᠢᠷᠤᠭ ᠤᠨ ᠦᠵᠡᠭᠦᠯᠭᠡ ᠶᠢᠨ ᠠᠵᠢᠯᠯᠠᠭᠠᠨ ᠤ ᠡᠳᠦᠷ ᠤᠨ ᠲᠣᠬᠢᠷᠠᠭᠤᠯᠤᠯᠲᠠ ᠶᠢᠨ ᠬᠦᠰᠦᠨᠦᠭᠲᠦ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2023 ᠣᠨ ᠤ 6 ᠰᠠᠷ᠎ᠠ ᠶᠢᠨ 6 ᠤ ᠡᠳᠦᠷ | | | ᠳᠠᠭᠠᠯᠳᠤᠭᠤᠯᠤᠯ 1᠄ 1 . ᠡᠯ᠎ᠡ ᠰᠤᠷᠭᠠᠭᠤᠯᠢ ᠶᠢᠨ ᠳᠠᠭᠠᠭᠤᠯᠤᠭᠴᠢ ᠶᠢᠨ ᠨᠡᠷᠡᠰ ᠢ ᠮᠡᠳᠡᠭᠦᠯᠬᠦ ᠬᠦᠰᠦᠨᠦᠭᠲᠦ | ᠳᠠᠭᠠᠯᠳᠤᠭᠤᠯᠤᠯ 2᠄ 2 . ᠳᠠᠭᠤᠤ ᠬᠥᠭᠵᠢᠮ ᠤᠨ ᠦᠵᠡᠭᠦᠯᠭᠡ ᠶᠢᠨ ᠠᠵᠢᠯᠯᠠᠭᠠᠨ ᠤ ᠡᠳᠦᠷ ᠤᠨ | ᠲᠣᠬᠢᠷᠠᠭᠤᠯᠤᠯᠲᠠ ᠶᠢᠨ ᠬᠦᠰᠦᠨᠦᠭᠲᠦ | ᠳᠠᠭᠠᠯᠳᠤᠭᠤᠯᠤᠯ 3᠄ 3 . ᠤᠷᠠᠨ ᠵᠢᠷᠤᠭ ᠤᠨ ᠦᠵᠡᠭᠦᠯᠭᠡ ᠶᠢᠨ ᠠᠵᠢᠯᠯᠠᠭᠠᠨ ᠤ ᠡᠳᠦᠷ ᠤᠨ | ᠲᠣᠬᠢᠷᠠᠭᠤᠯᠤᠯᠲᠠ ᠶᠢᠨ ᠬᠦᠰᠦᠨᠦᠭᠲᠦ | | |