ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ | ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ ᠲᠤᠬᠠᠢ ᠲᠤᠰᠬᠠᠢ | ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠠᠨ ᠤ | ᠠᠵᠤ ᠠᠬᠤᠢ ᠶᠢᠨ ᠪᠠᠶᠢᠳᠠᠯ ᠪᠠ ᠳᠠᠷᠠᠭᠠᠴᠢ ᠶᠢᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ | ᠰᠣᠨᠣᠰᠪᠠ᠃ | ᠶᠠᠷᠢᠯᠴᠠᠬᠤ ᠬᠤᠷᠠᠯ ᠳᠡᠭᠡᠷ᠎ᠡ᠂ ᠶᠠᠩ ᡁᠢ ᠶᠦᠩ᠂ ᠵᠦᠩ ᠵᠧᠩ ᠱᠧᠩ᠂ ᠵᠤᠤ ᠵᠦᠩ ᠰᠢᠤ᠂ ᠮᠢᠶᠣᠣ ᠶᠠᠨ | ᠯᠢᠶᠠᠩ᠂ ᠱᠤᠤ ᠲᠢᠶᠠᠨ ᠯᠠᠨ ᠵᠤᠤ ᠫᠧᠩ᠂ ᠵᠧᠩ ᠰᠢᠤᠸᠠᠢ ᠰᠢᠤᠸᠠᠨ᠂ ᠵᠠᠩ ᠱᠢ ᠱᠦᠨ ᠨᠠᠷ ᠤᠷᠢᠳ ᠬᠤᠵᠢᠳ | ᠶᠠᠷᠢᠶ᠎ᠠ ᠲᠠᠯᠪᠢᠵᠠᠢ᠃ ᠤᠯᠠᠨ ᠤ ᠦᠵᠡᠬᠦ ᠪᠠᠷ᠂ ᠡᠨᠡ ᠵᠢᠯ ᠠᠴᠠ ᠨᠠᠭᠠᠰᠢ᠂ ᠡᠭᠡᠳᠡᠷᠡᠭᠡᠨ ᠪᠤᠳᠤᠯᠢᠶᠠᠨᠲᠠᠢ ᠭᠠᠳᠠᠭᠠᠳᠤ | ᠣᠷᠴᠢᠨ ᠤ ᠡᠮᠦᠨ᠎ᠡ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠵᠤ᠂ ᠰᠢᠨ᠎ᠡ | ᠬᠥᠳᠡᠯᠭᠡᠬᠦ ᠡᠨᠧᠷᠭᠢ ᠲᠦᠷᠭᠡᠨ ᠦᠰᠦᠨ ᠪᠤᠵᠠᠭᠠᠶᠢᠷᠠᠵᠤ᠂ ᠠᠮᠵᠢᠯᠲᠠ ᠶᠢ ᠬᠢᠯᠪᠠᠷᠬᠠᠨ ᠢᠶᠠᠷ ᠣᠯᠣᠭᠰᠠᠨ ᠪᠢᠰᠢ | ᠶᠤᠮ᠃ ᠣᠳᠣᠬᠠᠨ ᠳᠤ ᠬᠡᠳᠦ᠋ᠢᠪᠡᠷ ᠴᠥᠭᠡᠨ ᠪᠤᠰᠤ ᠬᠦᠴᠢᠷᠳᠡᠯ ᠥᠷᠢᠰᠦᠯᠳᠦᠭᠡᠨ ᠳᠤ ᠲᠤᠯᠭᠠᠷᠠᠵᠤ ᠪᠠᠶᠢᠭ᠎ᠠ | ᠪᠣᠯᠪᠠᠴᠤ ᠲᠦᠷᠦ ᠶᠢᠨ ᠪᠣᠳᠣᠯᠭ᠎ᠠ ᠶᠢᠨ ᠦᠢᠯᠡᠳᠦᠯ ᠦᠷᠭᠦᠯᠵᠢᠯᠡᠨ ᠢᠯᠡᠷᠡᠵᠦ᠂ ᠵᠠᠬ᠎ᠠ ᠳᠡᠯᠭᠡᠭᠦᠷ ᠤᠨ ᠢᠳᠡᠪᠬᠢ | ᠬᠦᠴᠦᠨ ᠲᠥᠪᠯᠡᠷᠡᠨ ᠣᠯᠠᠰᠢᠷᠠᠵᠤ ᠪᠠᠶᠢᠨ᠎ᠠ᠃ ᠤᠯᠠᠨ ᠢᠶᠠᠷ ᠢᠶᠠᠨ ᠪᠠᠰᠠ ᠣᠳᠣᠬᠠᠨ ᠤ ᠠᠵᠤ ᠠᠬᠤᠢ ᠶᠢᠨ | ᠠᠵᠢᠯᠯᠠᠭᠠᠨ ᠤ ᠳᠤᠮᠳᠠᠬᠢ ᠵᠥᠷᠢᠴᠡᠯ ᠠᠰᠠᠭᠤᠳᠠᠯ ᠢ ᠰᠢᠢᠳᠪᠦᠷᠢᠯᠡᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | | | | | | 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠠᠵᠤ ᠠᠬᠤᠢ ᠶᠢᠨ ᠪᠠᠶᠢᠳᠠᠯ ᠤᠨ ᠲᠤᠬᠠᠢ ᠲᠤᠰᠬᠠᠢ | ᠮᠡᠷᠭᠡᠵᠢᠯᠲᠡᠳ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠣᠳᠣᠬᠠᠨ ᠤ | ᠠᠵᠤ ᠠᠬᠤᠢ ᠶᠢᠨ ᠪᠠᠶᠢᠳᠠᠯ ᠪᠠ ᠲᠠᠷᠠᠭᠠᠴᠢ ᠶᠢᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ | ᠰᠣᠨᠣᠰᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | | ᠯᠢ ᠴᠢᠶᠠᠩ ᠲᠤᠰᠬᠠᠢ ᠮᠡᠷᠭᠡᠵᠢᠯᠲᠡᠳ ᠠᠵᠤ ᠠᠬᠤᠶᠢᠯᠠᠯᠲᠠᠳ ᠤᠨ ᠶᠠᠷᠢᠶ᠎ᠠ ᠶᠢ ᠬᠢᠨᠠᠮᠠᠭᠠᠢ ᠰᠣᠨᠣᠰᠤᠭᠰᠠᠨ ᠤ | ᠳᠠᠷᠠᠭ᠎ᠠ ᠵᠢᠭᠠᠵᠤ ᠭᠠᠷᠭᠠᠭᠰᠠᠨ ᠨᠢ ᠂ ᠡᠨᠡ ᠵᠢᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ ᠂ ᠬᠤᠷᠸ᠎ᠠ ᠲᠣᠬᠢᠷᠠᠭᠤᠯᠭ᠎ᠠ ᠡᠵᠡᠮᠳᠡᠯ ᠢᠶᠠᠨ ᠡᠷᠴᠢᠮᠵᠢᠭᠦᠯᠦᠨ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠬᠥᠭᠵᠢᠭᠦᠯᠵᠦ᠂ ᠠᠵᠤ ᠠᠬᠤᠢ ᠶᠢᠨ ᠠᠵᠢᠯᠯᠠᠭᠠᠨ | ᠶᠡᠷᠦᠩᠬᠡᠢ ᠳᠤ ᠪᠠᠨ ᠲᠣᠭᠲᠠᠭᠤᠨ ᠪᠠᠶᠢᠵᠤ ᠂ ᠪᠦᠲᠦᠴᠡ ᠨᠢ ᠲᠠᠰᠤᠷᠠᠯᠲᠠ ᠦᠭᠡᠢ ᠲᠠᠰ ᠳᠡᠪᠰᠢᠪᠡ᠃ ᠡᠭᠦᠨ ᠤ ᠬᠠᠮᠲᠤ᠂ | ᠣᠳᠣᠬᠠᠨ ᠤ ᠠᠵᠤ ᠠᠬᠤᠢ ᠶᠢᠨ ᠨᠡᠮᠡᠭᠳᠡᠯ ᠢ ᠨᠥᠯᠥᠭᠡᠯᠡᠵᠦ ᠪᠠᠶᠢᠭ᠎ᠠ ᠬᠦᠴᠦᠨ ᠵᠦᠢᠯ ᠥᠩᠭᠡᠷᠡᠭᠰᠡᠨ ᠤ ᠬᠢ ᠠᠴᠠ | ᠨᠡᠩ ᠪᠤᠳᠤᠯᠢᠶᠠᠨᠲᠠᠢ ᠪᠣᠯᠵᠤ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠬᠦᠴᠢᠷᠳᠡᠯ ᠲᠠᠢ ᠠᠰᠠᠭᠤᠳᠠᠯ ᠢ ᠶᠡᠭᠡ | ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠦᠨᠡᠨ ᠢ | ᠪᠠᠷᠢᠮᠲᠠᠯᠠᠨ ᠪᠠᠶᠢᠳᠠᠯ ᠢ ᠵᠠᠳᠠᠯᠵᠤ᠂ ᠠᠮᠵᠢᠯᠲᠠ ᠪᠠᠨ ᠣᠯᠵᠤ ᠦᠵᠡᠬᠦ ᠮᠥᠷᠲᠡᠭᠡᠨ ᠪᠠᠰᠠ ᠠᠰᠠᠭᠤᠳᠠᠯ ᠠᠴᠠ ᠵᠠᠶᠢᠯᠠᠬᠤ | ᠦᠭᠡᠢ ᠪᠠᠶᠢᠵᠤ ᠂ ᠦᠨᠡᠨ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠦᠬᠦ ᠵᠢᠯ ᠤᠨ ᠠᠵᠤ | ᠠᠬᠤᠢ ᠶᠢᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠬᠤᠷᠸ᠎ᠠ ᠲᠦᠷᠦ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ᠂ ᠦᠷᠭᠦᠯᠵᠢᠯᠡᠨ ᠬᠦᠴᠦᠯᠡᠵᠦ ᠂ ᠬᠠᠮᠲᠤᠷᠠᠯ | ᠬᠦᠴᠦᠨ ᠢ ᠪᠦᠷᠢᠯᠳᠦᠭᠦᠯᠦᠨ᠂ ᠲᠦᠷᠦ ᠶᠢᠨ ᠪᠣᠳᠣᠯᠭ᠎ᠠ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ | ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ | ᠯᠢ ᠴᠢᠶᠠᠩ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠬᠤ ᠳᠤ ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ ᠂ ᠰᠢᠨ᠎ᠡ ᠬᠥᠳᠡᠯᠭᠡᠬᠦ ᠬᠦᠴᠦᠨ ᠢ | ᠪᠤᠶᠢᠵᠢᠭᠤᠯᠤᠨ ᠪᠤᠵᠠᠭᠠᠶᠢᠷᠠᠭᠤᠯᠵᠤ ᠂ ᠰᠢᠨ᠎ᠡ ᠨᠡᠮᠡᠭᠳᠡᠯ ᠤᠨ ᠣᠷᠣᠨ ᠵᠠᠢ ᠶᠢ ᠥᠷᠭᠡᠳᠬᠡᠬᠦ ᠬᠡᠷᠡᠭᠲᠡᠢ ᠃ ᠣᠳᠣᠬᠠᠨ ᠤ | ᠮᠡᠷᠭᠡᠵᠢᠯ ᠤᠨ ᠳᠠᠪᠬᠤᠴᠠᠯ ᠨᠡᠩ ᠲᠦᠷᠭᠡᠨ᠂ ᠨᠤᠷᠠᠭᠠᠯᠲᠠ ᠶᠢᠨ ᠴᠢᠨᠠᠷᠲᠠᠢ ᠰᠢᠨ᠎ᠡ ᠡᠭᠦᠳᠦᠯᠲᠡ ᠨᠡᠩ ᠤᠯᠠᠨ ᠂ | ᠬᠦᠷᠢᠶ᠎ᠡ ᠴᠠᠷᠠᠭ᠎ᠠ ᠠᠯᠤᠰᠯᠠᠭᠰᠠᠨ ᠠᠭᠤᠰᠤᠯᠴᠠᠯ ᠨᠡᠩ ᠭᠦᠨ ᠵᠡᠷᠭᠡ ᠰᠢᠨ᠎ᠡ ᠣᠨᠴᠠᠯᠢᠭ ᠤᠳ ᠲᠤ ᠵᠣᠬᠢᠴᠠᠭᠤᠯᠤᠨ᠂ | ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠨᠳᠤᠯᠭᠠᠲᠤ ᠴᠢᠨᠠᠷᠲᠠᠢ ᠪᠠᠷ | ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠨᠡᠩ ᠤᠯᠠᠨ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠃ ᠵᠦᠢ ᠵᠣᠬᠢᠰ ᠦᠭᠡᠢ ᠪᠠᠶᠢᠭᠤᠯᠤᠯ | ᠲᠣᠭᠲᠠᠴᠠ ᠶᠢ ᠥᠭᠡᠷᠡᠴᠢᠯᠡᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ | ᠴᠢᠨᠠᠷ ᠢ ᠨᠡᠩ ᠰᠠᠶᠢᠲᠤᠷ ᠳᠠᠶᠢᠴᠢᠯᠠᠨ ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠵᠦ ᠂ ᠮᠠᠨ ᠤ ᠤᠯᠤᠰ ᠤᠨ ᠬᠡᠪᠴᠢᠶ᠎ᠡ ᠪᠠᠷ ᠠᠤᠭ᠎ᠠ ᠶᠡᠭᠡ ᠡᠯ᠎ᠡ ᠲᠦᠷᠦᠯ ᠤᠨ ᠰᠢᠨ᠎ᠡ ᠶᠢ | ᠡᠭᠦᠳᠬᠦ ᠡᠬᠢ ᠪᠠᠶᠠᠯᠢᠭ ᠢ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠠᠰᠢᠭᠯᠠᠨ᠂ ᠯᠤᠲᠤ ᠶᠡᠭᠡ ᠰᠢᠨ᠎ᠡ ᠶᠢ ᠡᠭᠦᠳᠬᠦ | ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠯᠢ ᠴᠢᠶᠠᠩ ᠡᠯ᠎ᠡ ᠠᠵᠤ ᠠᠬᠤᠶᠢᠯᠠᠯᠲᠠᠳ ᠢᠲᠡᠭᠡᠯ ᠵᠣᠷᠢᠭ ᠢᠶᠠᠨ ᠬᠦᠪᠴᠢᠯᠡᠨ᠂ ᠰᠢᠨ᠎ᠡ ᠶᠢ ᠡᠭᠦᠳᠬᠦ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ | ᠰᠢᠯᠢᠳᠡᠭᠵᠢᠭᠦᠯᠬᠦ ᠪᠠᠷ ᠴᠢᠷᠮᠠᠶᠢᠬᠤ ᠶᠢᠨ ᠬᠠᠮᠲᠤ ᠦᠨᠡᠨ ᠪᠣᠳᠠᠲᠤ ᠪᠠᠶᠢᠳᠠᠯ ᠢ ᠢᠯᠡᠭᠦᠬᠡᠨ ᠲᠤᠰᠬᠠᠵᠤ ᠂ ᠪᠣᠳᠠᠲᠠᠢ ᠶᠢ | ᠡᠷᠬᠢᠮᠯᠡᠭᠰᠡᠨ ᠰᠠᠨᠠᠯ ᠰᠠᠨᠠᠭᠤᠯᠭ᠎ᠠ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ ᠃ ᠲᠤᠰᠬᠠᠢ ᠮᠡᠷᠭᠡᠵᠢᠯᠲᠡᠳ | ᠡᠷᠳᠡᠮᠲᠡᠳ ᠮᠡᠷᠭᠡᠵᠢᠯ ᠢᠶᠠᠨ ᠪᠠᠳᠠᠷᠠᠭᠤᠯᠵᠤ᠂ ᠤᠨᠤᠯ ᠢ ᠪᠣᠳᠠᠲᠠᠢ ᠲᠠᠢ ᠤᠶᠠᠯᠳᠤᠭᠤᠯᠤᠨ ᠂ ᠪᠠᠷᠠᠯᠠᠯᠲᠦ ᠴᠢᠨᠠᠷᠲᠠᠢ | ᠪᠣᠳᠣᠯᠬᠢᠯᠠᠯ ᠪᠣᠯᠣᠨ ᠵᠢᠮ᠎ᠡ ᠶᠣᠰᠣᠴᠢ ᠴᠢᠨᠠᠷᠲᠠᠢ ᠰᠤᠳᠤᠯᠭᠠᠨ ᠢ ᠴᠢᠩᠭᠠᠳᠬᠠᠵᠤ ᠂ ᠤᠯᠤᠰ ᠤᠨ ᠬᠥᠭᠵᠢᠯᠲᠡ ᠳᠤ | ᠨᠡᠩ ᠤᠯᠠᠨ ᠤᠶᠤᠨ ᠤᠬᠠᠭᠠᠨ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ ᠃ | ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠪᠠ ᠃ | | | |