ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠲᠡᠬᠡᠷᠡᠬᠢ ᠰᠢᠨᠬᠤᠸᠠ ᠰᠦᠯᠵᠢᠶᠡᠨ ᠤ ᠰᠤᠷᠪᠤᠯᠵᠢᠯᠠᠭᠴᠢ ᠶᠢᠨ ᠠᠰᠠᠭᠤᠯᠳᠠ᠄
ᠨᠡᠶᠢᠲᠡᠯᠡᠭᠰᠡᠨ ᠴᠠᠭ᠄
2023/10/16
ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠴᠢᠬᠤᠯᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ  ᠨᠢᠬᠡ ᠪᠣᠯᠤᠭᠰᠠᠨ ᠤ ᠬᠤᠪᠢ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠡᠷᠬᠢᠨ ᠬᠠᠯᠠᠮᠵᠢᠯᠠᠨ ᠬᠠᠮᠠᠭᠠᠯᠠᠬᠤ ᠪᠣᠶ︖     ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠭᠠᠵᠠᠷ ᠤᠨ ᠳᠠᠷᠤᠭ᠎ᠠ ᠵᠠᠩ ᠯᠢ ᠰᠢᠨ ᠤ ᠬᠠᠷᠢᠭᠤᠯᠳᠠ᠄     ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠡᠦᠬᠡᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠬᠦ ᠶᠢ ᠢᠮᠠᠭᠲᠠ ᠶᠢᠨ ᠬᠠᠷᠠᠯᠲᠠ ᠪᠣᠯᠭᠠᠵᠤ᠂ ᠡᠷᠡᠭᠦᠯ ᠴᠢᠭᠢᠷᠠᠭ ᠬᠡᠦᠬᠡᠳ ᠤᠨ ᠠᠵᠢᠯᠯᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠪᠠᠷ ᠪᠠᠷᠢᠴᠨ ᠪᠤᠯᠭᠠᠨ᠂ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠠᠨ ᠤ ᠣᠷᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ  ᠲᠦᠪᠰᠢᠨ ᠢ ᠲᠡᠭᠡᠭᠰᠢᠯᠡᠬᠦᠯᠦᠭᠰᠡᠬᠡᠷ ᠢᠷᠡᠪᠡ᠃   ᠨᠢᠭᠡ᠂ ᠬᠡᠦᠬᠡᠳ ᠤᠨ ᠦᠢᠯᠡᠴᠢᠯᠡᠭᠡᠨ  ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠪᠠ   ᠮᠠᠨ ᠤ ᠣᠷᠣᠨ ᠤ ᠬᠢᠨ ᠤᠷᠴᠢᠮ ᠤᠨ ᠵᠢᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠡᠦᠬᠡᠳ ᠤᠨ ᠰᠠᠯᠠᠭᠠᠨ ᠤ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠢᠳᠡᠪᠬᠢᠲᠡᠢ ᠠᠬᠢᠭᠤᠯᠵᠤ᠂ ᠮᠤᠵᠢ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ᠡᠮᠴᠢᠯᠡᠭᠡᠨ ᠤ ᠦᠢᠯᠡᠴᠢᠯᠡᠭᠡᠨ ᠤ ᠲᠤᠤᠷᠵᠢᠯ ᠢ ᠪᠣᠶ ᠪᠣᠯᠭᠠᠵᠤ᠂ ᠬᠥᠨᠳᠡᠯᠡᠨ ᠴᠢᠭᠯᠡᠯ ᠢᠶᠠᠷ ᠬᠢᠵᠠᠭᠠᠷ ᠬᠦᠷᠲᠡᠯ᠎ᠡ᠂ ᠭᠤᠯᠳᠤ ᠴᠢᠭᠯᠡᠯ ᠢᠶᠠᠷ ᠡᠴᠦᠰ  ᠲᠤ ᠨᠢ ᠲᠤᠯᠳᠠᠯᠠᠬᠢ ᠬᠤᠲᠠ ᠬᠥᠳᠡᠭᠡ ᠶᠢ ᠬᠠᠮᠤᠷᠤᠭᠰᠠᠨ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ  ᠲᠤᠤᠷᠵᠢᠯ ᠢ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ  ᠰᠢᠰᠲ᠋ᠧᠮ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠬᠤ ᠶᠢ ᠠᠬᠢᠭᠤᠯᠵᠤ᠂ ᠬᠡᠦᠬᠡᠳ ᠤᠨ ᠦᠢᠯᠡᠴᠢᠯᠡᠭᠡᠨ ᠤ ᠰᠢᠰᠲ᠋ᠧᠮ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠪᠠ᠃ ᠠᠪᠤᠷᠠᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠨᠠᠰᠤᠨ ᠤ ᠠᠶᠤᠯ ᠲᠠᠢ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠢ 106᠂ ᠠᠮᠢ ᠨᠠᠰᠤᠨ ᠤ ᠠᠶᠤᠯ ᠲᠠᠢ ᠪᠠᠭᠠᠴᠤᠳ ᠬᠡᠦᠬᠡᠳ ᠢ ᠠᠪᠤᠷᠠᠨ ᠵᠠᠰᠠᠬᠤ ᠲᠥᠪ ᠢ 25 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠳᠤ ᠶᠢ ᠨᠡᠶᠢᠳᠡᠮ ᠪᠦᠷᠬᠦᠬᠦᠯᠪᠡ᠃ ᠳᠠᠪᠠᠭᠤᠯᠢᠭ ᠢᠶᠠᠨ ᠤᠯᠠᠮ ᠴᠢᠩᠭᠠᠳᠬᠠᠬᠤ᠂ ᠳᠤᠲᠠᠭᠤᠳᠠᠯ ᠢᠶᠠᠨ ᠨᠥᠬᠦᠪᠦᠷᠢᠯᠡᠬᠦ ᠪᠠᠷ ᠳᠠᠮᠵᠢᠭᠤᠯᠤᠨ᠂ ᠰᠠᠷ᠎ᠠ ᠲᠦᠬᠦᠷᠡᠬᠡᠳᠤᠢ ᠬᠡᠦᠬᠡᠳ ᠤᠨ ᠣᠨᠴᠠᠯᠢᠭᠲᠤ 2 ᠲᠤᠰᠬᠠᠢ ᠰᠠᠯᠠᠭᠠᠨ ᠤ ᠨᠢᠬᠡᠴᠢ ᠶᠢᠨ ᠰᠠᠴᠤᠷᠠᠭᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠷ᠎ᠠ ᠲᠦᠬᠦᠷᠡᠬᠡᠳᠤᠢ ᠬᠡᠦᠬᠡᠳ ᠤᠨ ᠬᠦᠨᠳᠦ ᠡᠪᠡᠳᠴᠢᠨ᠂ ᠲᠦᠪᠡᠭ ᠪᠤᠳᠤᠯᠢᠶᠠᠨᠲᠠᠢ ᠡᠪᠡᠳᠴᠢᠨ ᠢ ᠵᠠᠰᠠᠬᠤ ᠡᠮᠴᠢᠯᠡᠬᠡᠨ ᠤ ᠲᠦᠪᠰᠢᠨ ᠢ ᠳᠡᠭᠡᠭᠰᠢᠯᠡᠭᠦᠯᠵᠦ᠂ ᠡᠪᠡᠳᠴᠢᠲᠡᠨ ᠤ ᠣᠷᠣᠨ ᠪᠦᠰᠡ ᠠᠯᠤᠰᠯᠠᠨ ᠰᠢᠯᠵᠢᠬᠦ ᠶᠢ ᠪᠠᠭᠠᠰᠬᠠᠪᠠ᠃ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠷᠠᠢ ᠬᠡᠦᠬᠡᠳ ᠪᠠ ᠬᠡᠦᠬᠡᠳ ᠤᠨ ᠡᠯ᠎ᠡ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠰᠢᠰᠲ᠋ᠧᠮ ᠢ ᠪᠠᠶᠢᠭᠤᠯᠪᠠ᠃ ︽ᠢᠨᠲ᠋ᠧᠷᠨᠡᠲ ᠡᠬᠡ ᠨᠢᠯᠬᠠᠰ︾ ᠵᠡᠷᠭᠡ ᠠᠯᠤᠰ ᠡᠵᠡᠮᠰᠢᠯᠲᠦ ᠡᠮᠴᠢᠯᠡᠭᠡᠨ ᠤ ᠬᠠᠮᠵᠢᠯᠴᠠᠭᠠᠨ ᠤ ᠰᠦᠯᠵᠢᠶ᠎ᠡ ᠶᠢ ᠢᠳᠡᠪᠬᠢᠲᠡᠢ ᠬᠥᠭᠵᠢᠭᠦᠯᠵᠦ᠂ ᠬᠡᠦᠬᠡᠳ ᠤᠨ ᠰᠠᠯᠠᠭᠠᠨ ᠤ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠤᠨ᠂ ᠬᠡᠦᠬᠡᠳ ᠤᠨ ᠰᠠᠯᠠᠭᠠᠨ ᠤ ᠡᠮᠴᠢᠯᠡᠭᠡᠨ ᠤ ᠦᠢᠯᠡᠴᠢᠯᠡᠭᠡᠨ ᠤ ᠪᠣᠯᠣᠮᠵᠢᠲᠤ ᠴᠢᠨᠠᠷ ᠢ  ᠲᠡᠭᠡᠭᠰᠢᠯᠡᠬᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠦᠬᠡᠳ ᠤᠨ ᠰᠠᠯᠠᠭᠠᠨ ᠤ ᠡᠪᠡᠳᠴᠢᠲᠡᠨ ᠤ ᠣᠷᠣ ᠶᠢᠨ ᠲᠤᠭ᠎ᠠ 2016 ᠣᠨ ᠳᠤ 3960 ᠪᠠᠶᠢᠭᠰᠠᠨ ᠢ 2022 ᠣᠨ ᠤ ᠵᠢᠯ ᠤᠨ ᠡᠴᠦᠰ ᠲᠤ 7170  ᠪᠤᠯᠭᠠᠪᠠ᠃ ᠬᠡᠦᠬᠡᠳ ᠤᠨ ᠰᠠᠯᠠᠭᠠᠨ ᠤ ᠲᠤᠰᠬᠠᠢ ᠮᠡᠷᠭᠡᠵᠢᠯ ᠤᠨ ᠠᠵᠢᠯ ᠡᠷᠭᠢᠯᠡᠬᠦ ︵ᠲᠤᠰᠠᠯᠠᠭᠴᠢ︶ ᠡᠮᠴᠢ ᠶᠢᠨ 2016 ᠣᠨ ᠳᠤ 1610 ᠪᠠᠶᠢᠭᠰᠠᠨ ᠠᠴᠠ ᠤᠳᠤ 4093 ᠪᠣᠯᠵᠠᠢ᠃    ᠬᠤᠶᠠᠷ᠂ ᠬᠡᠦᠬᠡᠳ ᠤᠨ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠴᠢᠩᠭᠠᠳᠬᠠᠪᠠ    ᠬᠡᠦᠬᠡᠳ ‍ᠷ ᠡᠩ ᠲᠡᠷᠢᠬᠦᠨ ᠳᠤ  ᠪᠣᠳᠣᠯᠬᠢᠯᠠᠬᠤ  ᠤᠶᠢᠯᠠᠭᠠᠬᠳᠠᠬᠤᠨ ᠢ ᠪᠠᠷᠢᠮᠲᠠᠯᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠬᠡᠦᠬᠡᠳ ᠤᠨ ᠡᠷᠡᠭᠦᠯ ᠮᠡᠨᠳᠦ ᠶᠢ ᠪᠠᠲᠤᠯᠠᠬᠤ ᠶᠢ ᠴᠢᠬᠤᠯᠠ ᠠᠭᠤᠯᠭ᠎ᠠ ᠪᠣᠯᠭᠠᠨ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠦᠢᠯᠡᠰ ᠤᠨ ᠬᠦᠭᠵᠢᠬᠦᠯᠤᠯᠳᠡ ᠶᠢᠨ ᠲᠥᠯᠦᠪᠵᠢᠭᠦᠯᠭᠡ︾ ᠳᠤ ᠣᠷᠣᠭᠤᠯᠵᠤ ᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠤᠷᠵᠢᠯ ᠤᠨ ᠪᠠᠶᠢᠭᠤᠯᠤᠯᠲᠠ ᠶᠢ ᠲᠣᠪᠤᠶᠢᠯᠭᠠᠨ᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠷᠠᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯᠵᠢᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠴᠢᠭᠢᠷᠠᠭ ᠬᠡᠦᠬᠡᠳ ᠤᠨ ᠠᠵᠢᠯᠯᠠᠭ᠎ᠠ ᠶᠢ ᠳᠡᠭᠡᠭᠰᠢᠯᠡᠭᠦᠯᠬᠦ ᠲᠥᠯᠥᠪᠯᠡᠭᠡ ᠶᠢᠨ ᠬᠡᠷᠡᠭᠵᠢᠭᠦᠯᠬᠦ ᠲᠥᠰᠥᠯ︾ ︽ᠬᠡᠦᠬᠡᠳ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠬᠢᠭᠡᠳ ᠬᠦᠭᠵᠢᠬᠦᠯᠤᠯᠳᠡ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠰᠠᠯᠠᠭᠠᠨ ᠤ ᠡᠮᠨᠡᠯᠭᠡ ᠶᠢᠨ ᠠᠵᠢᠯᠲᠠᠨ ᠢ ᠬᠥᠮᠥᠵᠢᠭᠦᠯᠦᠨ ᠬᠥᠭᠵᠢᠭᠦᠯᠬᠦ ᠲᠥᠯᠦᠪᠵᠢᠭᠦᠯᠭᠡ ︵2016 ︱ 2020 ᠣᠨ︶︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠣᠭᠲᠠᠭᠠᠨ ᠳᠠᠷᠤᠮᠠᠯᠯᠠᠨ  ᠲᠠᠷᠬᠠᠭᠠᠪᠠ᠃ ᠪᠦᠬᠦ ᠣᠷᠣᠨ ᠤ ᠡᠮᠴᠢᠯᠡᠭᠡᠨ ᠤ ᠪᠠᠶᠢᠭᠤᠯᠤᠮᠵᠢ ᠪᠠ ᠠᠵᠢᠯᠲᠠᠨ ᠤ ᠠᠯᠪᠠᠳᠠᠯᠭ᠎ᠠ ᠪᠠᠷ ᠮᠡᠳᠡᠭᠦᠯᠬᠦ ᠤᠬᠠᠮᠰᠠᠷ ᠢ ᠴᠢᠩᠭᠠᠳᠬᠠᠵᠤ᠂ ᠠᠯᠪᠠᠳᠠᠯᠭ᠎ᠠ ᠪᠠᠷ ᠮᠡᠳᠡᠭᠦᠯᠬᠦ ᠠᠵᠢᠯ ᠢ ᠥᠷᠨᠢᠭᠦᠯᠵᠦ᠂ ᠪᠥᠬᠦ ᠤᠯᠤᠰ ᠤᠨ ᠰᠤᠷᠤᠭᠴᠢᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠡᠷᠡᠭᠦᠯ ᠮᠡᠨᠳᠦ ᠶᠢ ᠨᠥᠯᠥᠭᠡᠯᠡᠬᠦ ᠬᠦᠴᠦᠨ ᠵᠦᠢᠯ ᠢ ᠬᠢᠨᠠᠨ ᠬᠡᠮᠵᠢᠬᠦ ᠲᠠᠪᠴᠠᠩ ᠳᠤ ᠲᠦᠰᠢᠭᠯᠡᠨ᠂ ᠪᠥᠬᠦ ᠣᠷᠣᠨ ᠤ 3 ᠠᠶᠢᠮᠠᠭ ᠬᠤᠲᠠ ᠶᠢᠨ 9 ᠡᠮᠴᠢᠯᠡᠭᠡᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠭᠡᠮᠲᠦᠯ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠬᠤᠬᠢᠷᠠᠯ ᠳᠤ ᠤᠴᠠᠷᠠᠭᠰᠠᠨ ᠪᠤᠶᠤ ᠠᠳᠡᠯ ᠤᠨ ᠭᠡᠮᠲᠦᠯ ᠳᠤ ᠲᠤᠯᠭᠠᠷᠠᠭᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠴᠠᠭ ᠲᠤᠬᠠᠢ ᠳᠤ ᠨᠢ ᠭᠥᠯᠢᠶᠡᠨ ᠠᠪᠴᠤ ᠠᠪᠤᠷᠠᠨ ᠵᠠᠰᠠᠵᠤ᠂ ᠰᠢᠷᠬᠠᠲᠤᠯ ᠤᠨ ᠪᠠᠶᠢᠳᠠᠯ ᠢ ᠬᠢᠨᠠᠨ ᠲᠣᠭᠲᠠᠭᠠᠬᠤ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠪᠠᠶᠢᠳᠠᠯ ᠢ ᠦᠨᠡᠯᠡᠬᠦ ᠵᠡᠷᠭᠡ ᠠᠵᠢᠯ ᠢ ᠬᠠᠪᠰᠤᠷᠤᠨ ᠰᠠᠶᠢᠲᠤᠷ ᠬᠢᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠡᠶ᠎ᠡ ᠶᠢᠨ ᠠᠮᠤᠷ ᠲᠦᠪᠰᠢᠨ ᠢ ᠪᠠᠳᠤᠯᠠᠪᠠ᠃    ᠭᠤᠷᠪᠠ᠂ ᠬᠡᠦᠬᠡᠳ ᠤᠨ ᠡᠮᠴᠢᠯᠡᠭᠡᠨ ᠤ ᠠᠪᠤᠷᠠᠨ ᠵᠠᠰᠠᠬᠤ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠷᠠᠭᠤᠯᠪᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠢᠰᠤᠨ ᠡᠪᠡᠳᠴᠢᠨ᠂ ᠬᠤᠣᠷᠲᠤ ᠬᠠᠪᠤᠳᠠᠷ ᠤᠨ ᠡᠮᠴᠢᠯᠡᠭᠡᠨ ᠤ ᠠᠪᠤᠷᠠᠨ ᠵᠠᠰᠠᠯᠲᠠ ᠪᠠ ᠪᠠᠲᠤᠯᠠᠭ᠎ᠠ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠵᠡᠷᠭᠡ 3 ᠪᠢᠴᠢᠭ ᠮᠠᠲ᠋ᠧᠷᠢᠶᠠᠯ ᠢ ᠨᠡᠶᠢᠲᠡᠯᠡᠵᠦ᠂ ᠶᠠᠰᠤ ᠴᠢᠨᠠᠷ ᠢ ᠪᠠᠲᠤᠯᠠᠬᠤ᠂ ᠡᠪᠡᠳᠴᠢᠲᠡᠨ ᠳᠤ ᠲᠥᠬᠦᠮ ᠦᠵᠡᠭᠦᠯᠬᠦ᠂ ᠵᠢᠷᠤᠮᠵᠢᠭᠤᠨ ᠬᠠᠮᠢᠶᠠᠷᠬᠤ ᠵᠠᠷᠴᠢᠮ ᠶᠣᠰᠣᠭᠠᠷ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠢᠰᠤᠨ ᠤ ᠡᠪᠡᠳᠴᠢᠨ ᠪᠠ ᠬᠤᠤᠷᠠᠳᠤ ᠬᠠᠪᠤᠳᠠᠷ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ᠂ ᠡᠯ᠎ᠡ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠨᠤᠭᠤᠳ ᠬᠠᠮᠳᠤ ᠪᠠᠷ ᠣᠷᠣᠯᠴᠠᠭᠰᠠᠨ ᠣᠨᠣᠰᠢᠯᠠᠨ ᠡᠮᠨᠡᠬᠦ ᠦᠢᠯᠡᠴᠢᠯᠡᠭᠡᠨ ᠤ ᠲᠤᠤᠷᠵᠢᠯ ᠢ ᠪᠠᠶᠢᠭᠤᠯᠪᠠ᠃ 2019 ᠣᠨ ᠳᠤ ᠡᠪᠡᠳᠴᠢᠨ ᠡᠭᠦᠰᠬᠦ ᠨᠤᠷᠮ᠎ᠠ ᠪᠠᠷ ᠬᠠᠷᠢᠴᠠᠩᠭᠤᠢ ᠥᠨᠳᠥᠷ 10 ᠡᠪᠡᠳᠴᠢᠨ ᠤ ᠲᠦᠷᠦᠯ ᠢ ᠠᠩᠬᠠᠳᠠᠭᠴᠢ ᠪᠦᠯᠦᠭ ᠴᠢᠰᠤ ᠴᠠᠶᠢᠬᠤ ᠡᠪᠡᠳᠴᠢᠨ᠂ ᠬᠤᠣᠷᠲᠤ ᠬᠠᠪᠤᠳᠠᠷ ᠵᠡᠷᠭᠡ ᠬᠦᠨᠳᠦ ᠡᠪᠡᠳᠴᠢᠨ ᠲᠠᠢ ᠬᠡᠦᠬᠡᠳ ᠢ ᠡᠮᠨᠡᠨ ᠠᠪᠤᠷᠠᠬᠤ ᠬᠠᠮᠢᠶᠠᠷᠤᠯᠲᠠ ᠶᠢᠨ ᠡᠪᠡᠳᠴᠢᠨ ᠤ ᠲᠦᠷᠦᠯ ᠢᠶᠠᠷ ᠲᠣᠭᠲᠠᠭᠠᠵᠤ᠂ 2021 ᠣᠨ ᠳᠤ ᠲᠥᠪ ᠮᠡᠳᠡᠷᠡᠯ ᠤᠨ ᠰᠢᠰᠲ᠋ᠧᠮ ᠤᠨ ᠪᠡᠲᠡᠭᠢᠲᠦ ᠬᠠᠪᠤᠳᠠᠷ ᠵᠡᠷᠭᠡ 12 ᠡᠪᠡᠳᠴᠢᠨ ᠤ ᠲᠦᠷᠦᠯ ᠢ ᠬᠡᠦᠬᠡᠳ ᠤᠨ ᠴᠢᠰᠤᠨ ᠡᠪᠡᠳᠴᠢᠨ ᠬᠤᠣᠷᠲᠤ ᠬᠠᠪᠤᠳᠠᠷ ᠢ ᠡᠮᠨᠡᠨ ᠵᠠᠰᠠᠬᠤ ᠬᠠᠮᠢᠶᠠᠷᠤᠯᠲᠠ ᠶᠢᠨ ᠡᠪᠡᠳᠴᠢᠨ ᠤ ᠲᠦᠷᠦᠯ ᠳᠤ ᠣᠷᠣᠭᠤᠯᠪᠠ᠃ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠢ ᠲᠤᠰᠠᠯᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠵᠤ᠂ ᠨᠥᠬᠦᠴᠡᠯ ᠳᠤ ᠨᠡᠶᠢᠴᠡᠬᠦ ᠬᠡᠦᠬᠡᠳ ᠤᠨ ᠴᠢᠰᠤᠨ ᠡᠪᠡᠳᠴᠢᠨ᠂ ᠬᠤᠣᠷᠲᠤ ᠬᠠᠪᠤᠳᠠᠷ ᠵᠡᠷᠭᠡ ᠬᠦᠨᠳᠦ ᠶᠡᠭᠡ ᠡᠪᠡᠳᠴᠢᠨ ᠡᠮᠭᠡᠭ ᠢ ᠡᠮᠨᠡᠨ ᠵᠠᠰᠠᠬᠤ ᠨᠠᠩ ᠣᠯᠠᠨ ᠡᠮ ᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠤᠷᠤᠭᠤᠯᠪᠠ᠃ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠲᠠᠢ ᠥᠨᠥᠴᠢᠨ ᠬᠡᠦᠬᠡᠳ ᠲᠤ ᠪᠠᠶᠢᠭᠤᠯᠤᠮᠵᠢ ᠶᠢᠨ ᠳᠣᠲᠣᠷᠠᠬᠢ ᠬᠡᠦᠬᠡᠳ ᠢ ᠠᠪᠤᠷᠠᠨ ᠵᠠᠰᠠᠬᠤ ᠲᠥᠷᠥ ᠶᠢᠨ ᠪᠣᠳᠣᠯᠭ᠎ᠠ ᠪᠠ ᠠᠷᠭ᠎ᠠ ᠬᠢᠳᠡᠯ ᠢᠶᠠᠷ ᠯᠠᠪᠯᠠᠯᠲᠠ ᠪᠣᠯᠭᠠᠨ ᠡᠮᠴᠢᠯᠡᠵᠦ ᠡᠷᠡᠭᠦᠯᠵᠢᠭᠦᠯᠬᠦ ᠠᠷᠭ᠎ᠠ ᠶᠢ ᠬᠡᠷᠡᠭᠵᠢᠭᠦᠯᠵᠦ᠂ ᠭᠤᠯᠣᠭᠳᠠᠭᠰᠠᠨ ᠨᠢᠯᠬ᠎ᠠ ᠬᠡᠦᠬᠡᠳ ᠪᠠ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠨᠠᠰᠤᠨ ᠳᠤ ᠥᠯᠥ ᠬᠦᠷᠦᠭᠰᠡᠨ ᠡᠪᠡᠳᠴᠢᠲᠡᠨ ᠢ ᠡᠮᠴᠢᠯᠡᠵᠦ ᠠᠪᠤᠷᠠᠨ ᠵᠠᠰᠠᠬᠤ ᠳᠤ  ᠠᠩᠬ᠎ᠠ ᠡᠮᠨᠡᠭᠦᠯᠬᠦ ᠬᠠᠷᠢᠭᠤᠴᠠᠯᠭ᠎ᠠ ᠶᠢᠨ ᠳᠦᠷᠢᠮ ᠪᠠ ᠤᠷᠢᠳ ᠢᠶᠠᠷ ᠠᠪᠤᠷᠠᠨ ᠵᠠᠰᠠᠵᠤ ᠳᠠᠷᠠᠭ᠎ᠠ ᠨᠢ ᠲᠠᠩᠰᠠ ᠴᠠᠶᠢᠷᠠᠭᠤᠯᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠪᠡ᠃ 2022 ᠣᠨ ᠠᠴᠠ ᠨᠠᠭᠠᠰᠢ ᠬᠡᠦᠬᠡᠳ ᠤᠨ ᠴᠢᠰᠤ ᠴᠠᠶᠢᠬᠤ ᠡᠪᠡᠳᠴᠢᠨ ᠢ 70 ᠭᠠᠷᠤᠢ ᠰᠢᠨ᠎ᠡ ᠪᠠᠷ ᠣᠨᠣᠰᠢᠯᠠᠵᠤ᠂ ᠬᠡᠦᠬᠡᠳ ᠤᠨ ᠬᠤᠣᠷᠲᠤ ᠬᠠᠪᠤᠳᠠᠷ ᠢ 60 ᠭᠠᠷᠤᠢ ᠤᠳᠠᠭ᠎ᠠ ᠣᠨᠣᠰᠢᠯᠠᠵᠠᠢ᠃     ᠳᠥᠷᠪᠡ᠂ ᠬᠡᠦᠬᠡᠳ ᠤᠨ ᠡᠷᠡᠭᠦᠯ ᠮᠡᠨᠳᠦ ᠶᠢᠨ ᠪᠥᠬᠦ ᠶᠠᠪᠤᠴᠠ ᠪᠥᠬᠦ ᠲᠠᠯ᠎ᠠ ᠶᠢᠨ ᠦᠢᠯᠡᠴᠢᠯᠡᠭᠡ ᠬᠠᠨᠭ᠍ᠭᠠᠪᠠ      ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ  ᠳᠤ ᠬᠢ 6 ᠨᠠᠰᠤᠨ ᠠᠴᠠ ᠲᠤᠷᠤᠬᠰᠢᠬᠢ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠲᠥᠷᠥᠯᠬᠢ ᠵᠢᠷᠦᠬᠡᠨ ᠡᠪᠡᠳᠴᠢᠨ ᠤ ᠰᠢᠭᠰᠢᠨ ᠪᠠᠶᠢᠴᠠᠭᠠᠯᠲᠠ᠂ ᠥᠨᠥᠴᠢᠷᠡᠮᠡᠯ ᠡᠪᠡᠳᠴᠢᠨ ᠤ ᠰᠢᠭᠰᠢᠨ ᠪᠠᠶᠢᠴᠠᠭᠠᠯᠲᠠ ᠵᠡᠷᠭᠡ ᠦᠢᠯᠡᠴᠢᠯᠡᠭᠡᠨ ᠤ ᠠᠭᠤᠯᠭ᠎ᠠ ᠳᠤ ᠲᠦᠰᠢᠭᠯᠡᠨ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢᠨ ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ 2022 ᠣᠨ ᠤ 6 ᠨᠠᠰᠤᠨ ᠠᠴᠠ ᠲᠤᠷᠤᠬᠰᠢᠬᠢ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ ᠶᠢ 95% ᠳᠤ ᠬᠦᠷᠤᠬᠦᠯᠪᠡ᠃ 8 ᠵᠢᠯ ᠤᠨ ᠳᠣᠲᠣᠷ᠎ᠠ ᠰᠤᠷᠬᠤ ᠨᠠᠰᠤᠨ ᠠᠴᠠ ᠡᠮᠦᠨᠡᠬᠢ 2.63 ᠲᠦᠮᠡᠨ ᠬᠡᠦᠬᠡᠳ ᠤᠨ ᠲᠥᠷᠥᠯᠬᠢ ᠵᠢᠷᠦᠬᠡᠨ ᠡᠪᠡᠳᠴᠢᠨ ᠢ ᠰᠢᠭᠰᠢᠨ ᠪᠠᠶᠢᠴᠠᠭᠠᠵᠤ᠂ 279 ᠠᠷᠭ᠎ᠠ ᠴᠢᠨᠠᠷᠲᠠᠢ ᠬᠡᠦᠬᠡᠳ ᠢ ᠰᠢᠭᠰᠢᠨ ᠪᠠᠶᠢᠴᠠᠭᠠᠵᠤ ᠭᠠᠷᠭᠠᠵᠠᠢ᠃ ᠭᠤᠷᠪᠠᠨ ᠬᠤᠰᠢᠭᠤ ᠰᠢᠶᠠᠨ ᠲᠣᠭᠤᠷᠢᠭ ᠲᠤ ᠦᠨᠳᠦᠰᠦᠨ ᠱᠠᠲᠤᠨ ᠤ ᠬᠡᠦᠬᠡᠳ ᠤᠨ ᠠᠩᠬᠠᠨ ᠤ ᠬᠤᠭᠤᠴᠠᠭᠠᠨ ᠤ ᠬᠦᠭᠵᠢᠬᠦᠯᠤᠯᠳᠡ ᠶᠢᠨ ᠲᠥᠷᠥᠯ ᠵᠦᠢᠯ ᠢ ᠡᠬᠢᠯᠡᠬᠦᠯᠪᠡ᠃ ᠰᠠᠷ᠎ᠠ ᠲᠦᠬᠦᠷᠡᠬᠡᠳᠤᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠥᠷᠨᠢᠭᠦᠯᠵᠦ᠂ ᠨᠡᠶᠢᠲᠡ 11.85 ᠲᠦᠮᠡᠨ ᠬᠥᠮᠥᠨ ᠢ ᠰᠢᠭᠰᠢᠨ ᠪᠠᠶᠢᠴᠠᠭᠠᠪᠠ᠃ 2 — 6 ᠨᠠᠰᠤᠨ ᠤ 42.78 ᠲᠦᠮᠡ ᠭᠠᠷᠤᠢ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠰᠢᠮ᠎ᠡ ᠲᠡᠵᠢᠭᠡᠯ ᠤᠨ ᠪᠣᠭᠤᠳᠠᠯ ᠲᠦᠭᠡᠭᠡᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠦᠬᠡᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠪᠠ᠃ ᠣᠯᠠᠨ ᠲᠥᠷᠥᠯ ᠤᠨ ᠤᠳᠤᠮᠯᠠᠯ ᠤᠨ ᠡᠪᠡᠳᠴᠢᠨ ᠢ ᠪᠠᠶᠢᠴᠠᠭᠠᠨ ᠰᠢᠯᠭᠠᠬᠤ ᠲᠥᠷᠥᠯ ᠵᠦᠢᠯ ᠢ ᠡᠬᠢᠯᠡᠭᠦᠯᠵᠦ᠂ ᠣᠲᠣ ᠪᠣᠯᠲᠠᠯ᠎ᠠ ᠨᠢᠭᠡᠨᠲᠡ 8000 ᠭᠠᠷᠤᠢ ᠬᠥᠮᠥᠨ ᠠᠰᠢᠭ ᠭᠥᠷᠳᠡᠭᠰᠡᠨ ᠪᠠᠶᠢᠨ᠎ᠠ᠃ ᠵᠡᠷᠡᠮᠳᠡᠭ ᠲᠦᠷᠦᠭᠦ ᠠᠴᠠ ᠰᠡᠷᠬᠡᠶᠢᠯᠡᠬᠦ᠂ ᠠᠪᠤᠷᠠᠨ ᠲᠤᠰᠠᠯᠠᠬᠤ ᠲᠥᠷᠥᠯ ᠵᠦᠢᠯ ᠢ ᠥᠷᠨᠢᠭᠦᠯᠵᠦ᠂ ᠣᠲᠣ ᠪᠣᠯᠲᠠᠯ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠠᠪᠤᠷᠠᠨ ᠲᠤᠰᠠᠯᠠᠬᠤ ᠬᠠᠮ ᠬᠦᠴᠦᠨ ᠢ ᠪᠦᠷᠢᠯᠳᠤᠬᠦᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠦ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠬᠡᠶᠢᠯᠡᠵᠡᠢ᠃    ᠲᠠᠪᠤ᠂ ᠬᠡᠦᠬᠡᠳ ᠤᠨ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠰᠠᠨᠠᠭᠠᠴᠢᠯᠠᠭ᠎ᠠ ᠶᠢ  ᠦᠷᠨᠢᠬᠦᠯᠪᠡ     ᠵᠡᠷᠡᠮᠳᠡᠭ ᠲᠦᠷᠦᠭᠦ ᠶᠢ ᠰᠡᠷᠭᠡᠶᠢᠯᠡᠬᠦ ᠡᠳᠦᠷ᠂ ᠳᠡᠯᠡᠬᠡᠢ ᠶᠢᠨ ᠡᠬᠡ ᠶᠢᠨ ᠰᠦ ᠪᠠᠷ ᠲᠡᠵᠢᠭᠡᠬᠦ ᠭᠠᠷᠠᠭ᠂ ᠪᠥᠬᠦ ᠤᠯᠤᠰ ᠤᠨ ︽ᠨᠢᠳᠦ ᠬᠠᠶᠢᠷᠠᠯᠠᠬᠤ ᠡᠳᠦᠷ︾ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ  ᠲᠦᠬᠡᠮᠡᠯᠵᠢᠬᠦᠯᠪᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠢᠭ ᠲᠤᠰᠠ ᠪᠠ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠥᠷᠥᠯ ᠬᠤᠪᠢᠶᠠᠨ ᠵᠢᠯᠤᠭᠤᠳᠬᠤ ᠶᠢ ᠪᠠᠷᠢᠮᠲᠠᠯᠠᠵᠤ᠂ ᠠᠳᠠᠯᠢ ᠪᠤᠰᠤ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠢ ᠦᠨᠳᠦᠰᠦᠯᠡᠨ᠂ ᠬᠡᠦᠬᠡᠳ ᠢ ᠡᠩ ᠲᠡᠷᠢᠬᠦᠨ ᠳᠤ ᠪᠣᠳᠣᠯᠬᠢᠯᠠᠬᠤ ᠪᠠ ᠡᠷᠬᠡ ᠠᠰᠢᠭ ᠢ ᠬᠠᠮᠠᠭᠠᠯᠠᠬᠤ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠠᠰ ᠲᠥᠷᠥᠯ ᠬᠤᠪᠢᠶᠠᠨ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠ ᠲᠡᠳᠡᠨ ᠤ ᠭᠡᠷ ᠪᠦᠯᠢ ᠶᠢᠨ ᠬᠢᠨ ᠢ ᠬᠠᠪᠰᠤᠷᠤᠨ ᠲᠦᠷᠭᠡᠨ ᠠᠪᠤᠷᠠᠬᠤ ᠵᠡᠷᠭᠡ ᠦᠨᠳᠦᠰᠦᠨ ᠡᠷᠡᠭᠦᠯ ᠬᠠᠮᠠᠭᠠᠯᠠᠯ ᠤᠨ ᠶᠡᠷᠦ ᠶᠢᠨ ᠮᠡᠳᠡᠯᠭᠡ ᠶᠢ ᠡᠵᠡᠮᠰᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠥᠪᠡᠷ ᠢ ᠪᠠᠨ ᠬᠠᠮᠠᠭᠠᠯᠠᠬᠤ ᠪᠠ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠢᠳᠡᠪᠬᠢᠲᠡᠢ ᠪᠠᠷ ᠪᠣᠶ ᠪᠤᠯᠭᠠᠪᠠ᠃ ᠬᠡᠦᠬᠡᠳ ᠤᠨ ᠭᠡᠷ ᠪᠦᠯᠢ᠂ ᠭᠡᠷ ᠤᠨ ᠠᠬᠠᠮᠠᠳ ᠤᠨ ᠰᠤᠷᠭᠠᠭᠤᠯᠢ ᠵᠡᠷᠭᠡ ᠠᠵᠢᠯᠯᠠᠭ᠎ᠠ ᠶᠢ ᠠᠰᠢᠭᠯᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠ ᠲᠡᠳᠡᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠯ ᠬᠢᠵᠦ ᠬᠠᠪᠰᠤᠷᠤᠨ ᠲᠡᠳᠬᠦᠬᠦ ᠶᠢ ᠴᠢᠩᠭᠠᠳᠬᠠᠪᠠ᠃  ᠤᠷᠴᠢᠮ  ᠤᠨ ᠭᠤᠷᠪᠠᠨ ᠵᠢᠯ ᠳᠤ ᠪᠥᠬᠦ ᠣᠷᠣᠨ ᠤ ᠡᠯ᠎ᠡ ᠭᠠᠵᠠᠷ ᠤᠨ ᠬᠢᠨ ᠬᠥᠳᠡᠭᠡ ᠪᠠᠭᠤᠬᠤ ᠠᠵᠢᠯᠯᠠᠭ᠎ᠠ ᠶᠢ ᠨᠡᠶᠢᠲᠡ ᠵᠠᠭᠤ ᠭᠠᠷᠤᠢ ᠤᠳᠠᠭ᠎ᠠ ᠥᠷᠨᠢᠭᠦᠯᠵᠦ᠂ ᠪᠠᠴᠢᠮ ᠠᠪᠤᠷᠠᠯᠳᠠ ᠶᠢᠨ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠢ ᠠᠷᠪᠠ ᠭᠠᠷᠤᠢ ᠤᠳᠠᠭ᠎ᠠ ᠡᠷᠭᠢᠯᠡᠵᠦ᠂ 18 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠭᠦᠷᠦᠭᠰᠡᠳ ᠢ ᠪᠠᠷᠤᠭ 500 ᠤᠳᠠᠭ᠎ᠠ ᠭᠥᠯᠢᠶᠡᠨ ᠠᠪᠤᠪᠠ᠃    ᠳᠠᠷᠠᠭᠠᠴᠢ ᠪᠠᠷ ᠮᠠᠨ ᠤ ᠬᠤᠷᠢᠶ᠎ᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠮ ᠡᠮᠨᠡᠯᠭᠡ ᠶᠢᠨ ᠪᠠᠳᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠷᠬᠦᠯᠵᠢᠯᠡᠨ ᠦᠵᠡᠬᠦᠯᠬᠦ ᠪᠤᠯᠤᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map