︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ | ᠲᠤᠭᠲᠠᠭᠠᠯ︾ ︵︽ᠲᠤᠭᠲᠠᠭᠠᠯ︾ ᠭᠡᠵᠦ ᠲᠣᠪᠴᠢᠯᠠᠨ᠎ᠠ︶ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠠᠮᠤᠷ | ᠠᠮᠤᠭᠤᠯᠠᠩ ᠵᠠᠭᠠᠭ ᠤᠷᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠦ᠂ ᠬᠠᠤᠯᠢ | ᠲᠤᠭᠲᠠᠭᠠᠨ ᠵᠠᠰᠠᠪᠤᠷᠢ ᠣᠷᠣᠭᠤᠯᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠠᠮᠤᠷ ᠠᠮᠤᠭᠤᠯᠠᠩ ᠵᠠᠭᠠᠭ ᠣᠷᠤᠨ ᠤ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠤᠰᠠᠳᠠ᠂ ︽︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠲᠤᠭᠲᠠᠭᠠᠯ﹀ | ᠳᠤ ᠵᠠᠰᠠᠪᠤᠷᠢ ᠣᠷᠣᠭᠤᠯᠵᠣ ᠬᠠᠤᠯᠢ ᠲᠣᠭᠲᠠᠭᠠᠬᠤ ᠪᠠᠶᠢᠴᠠᠭᠠᠨ ᠰᠤᠳᠤᠯᠬᠤ ᠲᠥᠰᠥᠯ ᠤᠨ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠳᠡᠯ︾ ᠤᠨ | ᠱᠠᠭᠠᠷᠳᠠᠯᠭ᠎ᠠ ᠪᠠ ᠭᠤᠣᠯ ᠰᠡᠳᠦᠪᠲᠦ ᠬᠥᠮᠦᠵᠢᠯ ᠤᠨ ᠶᠡᠭᠡ ᠪᠠᠷ ᠪᠠᠶᠢᠴᠠᠭᠠᠨ ᠰᠤᠳᠤᠯᠬᠤ ᠠᠵᠢᠯᠯᠠᠭ᠎ᠠ ᠶᠢᠨ | ᠲᠣᠬᠢᠷᠠᠭᠤᠯᠤᠯᠲᠠ ᠪᠠᠷ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠯ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ | ᠭᠠᠵᠠᠷ ᠤᠨ ᠵᠠᠩ ᠲᠢᠶᠠᠨ ᠱᠦᠨ ᠨᠠᠷ 7 ᠳ᠋ᠤᠭᠠᠷ ᠰᠠᠷ᠎ᠠ ᠶᠢᠨ 25 ᠠᠴᠠ 29 ᠤ ᠡᠳᠦᠷ ᠰᠢᠯᠢ ᠶᠢᠨ ᠭᠤᠣᠯ ᠠᠶᠢᠮᠠᠭ᠂ | ᠤᠯᠠᠭᠠᠨᠬᠠᠳᠠ ᠬᠤᠲᠠ ᠳᠤ ︽ᠲᠤᠭᠲᠠᠭᠠᠯ︾ ᠳᠤ ᠵᠠᠰᠠᠪᠤᠷᠢ ᠣᠷᠣᠭᠤᠯᠵᠤ ᠬᠠᠤᠯᠢ ᠲᠣᠭᠲᠠᠭᠠᠬᠤ᠂ ᠠᠮᠤᠷ | ᠠᠮᠤᠭᠤᠯᠠᠩ ᠬᠢᠯᠢ ᠶᠢᠨ ᠵᠠᠭᠠᠭ ᠤᠨ ᠪᠦᠲᠦᠭᠡᠨ ᠪᠠᠶᠢᠭᠤᠯᠬᠤ ᠶᠢ ᠪᠠᠶᠢᠴᠠᠭᠠᠨ ᠰᠤᠳᠤᠯᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 25᠂ 26 ᠤ ᠡᠳᠤᠷ ᠰᠢᠯᠢ ᠶᠢᠨ ᠭᠤᠣᠯ ᠠᠶᠢᠮᠠᠭ ᠤᠨ | ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ ᠪᠠ ᠰᠢᠯᠢ ᠶᠢᠨ ᠬᠤᠲᠠ ᠳᠤ ᠬᠦᠷᠴᠦ ᠵᠠᠮ ᠵᠡᠭᠡᠯᠢ ᠭᠤᠲᠤᠮᠵᠢ | ᠪᠠᠷ ᠲᠤᠬᠢᠷᠠᠭᠤᠯᠤᠭᠰᠠᠨ ᠭᠠᠵᠠᠷ ᠤᠨ ᠨᠡᠷᠡᠰ ᠤᠨ ᠲᠡᠮᠳᠡᠭ ᠫᠠᠶᠢᠰᠠ ᠶᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ | ᠤᠨ ᠭᠠᠵᠠᠷ ᠤᠨ ᠨᠡᠷᠡᠰ ᠤᠨ ᠲᠡᠮᠳᠡᠭ ᠫᠠᠶᠢᠰᠠ ᠶᠢᠨ ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠪᠠ᠃ | 27 ᠤ ᠡᠳᠤᠷ ᠰᠢᠯᠢ ᠶᠢᠨ ᠬᠤᠲᠠ ᠳᠤ ︽ᠲᠣᠭᠲᠠᠭᠠᠯ︾ ᠳᠤ ᠵᠠᠰᠠᠪᠤᠷᠢ ᠣᠷᠣᠭᠤᠯᠵᠣ ᠬᠠᠤᠯᠢ ᠲᠣᠭᠲᠠᠭᠠᠬᠤ | ᠪᠠᠶᠢᠴᠠᠭᠠᠨ ᠰᠤᠳᠤᠯᠬᠤ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠯᠢ ᠶᠢᠨ ᠭᠤᠣᠯ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠰᠢᠯᠢ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽ᠲᠣᠭᠲᠠᠭᠠᠯ︾ ᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠬᠦᠯᠤᠯᠳᠡ ᠶᠢ ᠰᠣᠨᠣᠰᠴᠤ᠂ ᠰᠢᠯᠢ ᠶᠢᠨ ᠭᠤᠣᠯ ᠠᠶᠢᠮᠠᠭ ᠤᠨ ᠬᠠᠮᠢᠶ᠎ᠠ | ᠪᠦᠬᠦᠢ ᠨᠢᠭᠡᠴᠢ ᠪᠤᠯᠤᠨ ᠰᠢᠯᠢ ᠶᠢᠨ ᠬᠤᠲᠠ ᠶᠢᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠵᠥᠪᠯᠡᠯ ᠤᠨ | ᠪᠦᠷᠢᠯᠳᠦᠭᠦᠨ ᠨᠢᠭᠡᠴᠢ ᠶᠢᠨ ᠬᠢᠨ ᠪᠠᠶᠢᠴᠠᠭᠠᠨ ᠰᠤᠳᠤᠯᠤᠯᠲᠠ ᠶᠢᠨ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ | ᠰᠤᠯᠢᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠯᠢ ᠶᠢᠨ ᠬᠤᠲᠠ ᠶᠢᠨ ᠪᠠᠶᠠᠨ ᠬᠦᠷᠢᠶ᠎ᠡ ᠮᠠᠯᠵᠢᠯ ᠤᠨ | ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠲᠠᠨ ᠤ ᠰᠢᠯᠢ ᠶᠢᠨ | ᠬᠤᠲᠠ ᠪᠣᠯᠣᠨ ᠤᠯᠠᠭᠠᠨᠬᠠᠳᠠ ᠬᠤᠳᠠ ᠶᠢᠨ ᠬᠡᠰᠢᠭᠲᠡᠨ ᠬᠤᠰᠢᠭᠤᠨ ᠤ ᠬᠦᠷᠰᠢᠯᠡᠵᠦ ᠪᠦᠬᠦᠢ ᠵᠠᠭᠠᠭ ᠤᠨ ᠣᠷᠤᠨ ᠤ | ᠬᠠᠮᠢᠶᠠᠷᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ ᠵᠠᠭᠤᠷᠠᠯᠳᠤᠭᠠᠨ ᠢ ᠰᠡᠷᠭᠡᠶᠢᠯᠡᠨ ᠰᠢᠢᠳᠪᠦᠷᠢᠯᠡᠬᠦ ᠰᠠᠨᠠᠭᠤᠯᠭ᠎ᠠ ᠪᠠ ᠱᠠᠭᠠᠷᠳᠠᠯᠭ᠎ᠠ ᠶᠢ ᠳᠤᠷᠠᠳᠴᠤ᠂ | ᠠᠮᠤᠷ ᠠᠮᠤᠭᠤᠯᠠᠩ ᠵᠠᠭᠠᠭ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠬᠤ ᠳᠤ | ᠵᠢᠯᠣᠭᠤᠳᠤᠯᠭ᠎ᠠ ᠬᠠᠩᠭᠠᠪᠠ᠃ | 28 ᠤ ᠡᠳᠦᠷ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠯᠢᠨᠰᠢ ᠪᠠᠯᠭᠠᠰᠤᠨ ᠳᠤ ︽ᠲᠣᠭᠲᠠᠭᠠᠯ︾ ᠳᠤ | ᠵᠠᠰᠠᠪᠤᠷᠢ ᠣᠷᠣᠭᠤᠯᠵᠣ ᠬᠠᠤᠯᠢ ᠲᠤᠭᠲᠠᠭᠠᠬᠤ ᠶᠢᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ | ᠬᠤᠷᠠᠯᠳᠤᠭᠤᠯᠪᠠ᠃ ᠯᠢᠨᠰᠢ ᠰᠢᠶᠠᠨ ᠤ ᠵᠠᠰᠠᠭ ᠤᠨ ᠣᠷᠳᠣᠨ ᠤ ᠬᠢᠨᠨ ᠯᠢᠨᠰᠢ ᠰᠢᠶᠠᠨ ᠤ ᠭᠠᠵᠠᠷ ᠤᠨ ᠨᠡᠷᠡᠰ ᠤᠨ | ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠬᠦᠯᠵᠤ᠂ ᠯᠢᠨᠰᠢ ᠰᠢᠶᠠᠨ ᠤ ᠭᠠᠵᠠᠷ ᠤᠨ | ᠨᠡᠷᠡᠰ ᠤᠨ ᠬᠠᠮᠢᠶᠠᠷᠤᠯᠲᠠ ᠶᠢᠨ ᠵᠥᠪᠯᠡᠯ ᠤᠨ ᠪᠦᠷᠢᠯᠳᠦᠭᠦᠨ ᠨᠢᠭᠡᠴᠢ ᠪᠣᠯᠣᠨ ᠲᠦᠩ ᠪᠦ᠋ ᠪᠠᠯᠭᠠᠰᠤᠨ ᠤ | ᠤᠳᠤᠷᠢᠳᠤᠯᠭ᠎ᠠ ᠨᠠᠷ ᠰᠠᠨᠠᠯ ᠢᠶᠠᠨ ᠰᠤᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ︽ᠲᠣᠭᠲᠠᠭᠠᠯ︾ | ᠳᠤ ᠵᠠᠰᠠᠪᠤᠷᠢ ᠣᠷᠣᠭᠤᠯᠬᠤ ᠠᠵᠢᠯ ᠢ ᠬᠡᠷᠬᠢᠨ ᠠᠬᠢᠭᠤᠯᠬᠤ ᠲᠠᠯ᠎ᠠ ᠪᠠᠷ ᠡᠯ᠎ᠡ ᠲᠠᠯ᠎ᠠ ᠶᠢᠨ ᠬᠢᠨ ᠤ ᠰᠠᠨᠠᠯ ᠢ | ᠰᠣᠨᠣᠰᠴᠤ᠂ ᠰᠢᠨ᠎ᠡ ᠪᠠᠷ ᠨᠡᠶᠢᠲᠡᠯᠡᠨ ᠬᠡᠷᠡᠭᠵᠢᠭᠦᠯᠦᠭᠰᠡᠨ ︽ᠭᠠᠵᠠᠷ ᠤᠨ ᠨᠡᠷᠡᠰ ᠢ ᠪᠦᠷᠢᠳᠬᠡᠨ ᠳᠠᠩᠰᠠᠯᠠᠭᠤᠯᠵᠣ | ᠵᠠᠷᠯᠠᠨ ᠨᠡᠶᠢᠲᠡᠯᠡᠬᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠠᠭᠤᠯᠭ᠎ᠠ ᠶᠢ | ᠲᠠᠶᠢᠯᠪᠤᠷᠢᠯᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ 29 ᠤ ᠦᠳᠡ ᠶᠢᠨ ᠡᠮᠦᠨ᠎ᠡ ᠤᠯᠠᠭᠠᠨᠬᠠᠳᠠ ᠬᠤᠲᠠ ᠶᠢᠨ ᠠᠷᠤ | ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠪᠠ ᠱᠤᠸᠠᠩ ᠱᠧᠩ ᠪᠠᠯᠭᠠᠰᠤᠨ ᠳᠤ ᠬᠦᠷᠴᠦ ᠵᠠᠰᠠᠮᠠᠯ ᠵᠠᠮ ᠤᠨ | ᠬᠠᠵᠠᠭᠤᠳᠡᠬᠢ ᠭᠠᠵᠠᠷ ᠤᠨ ᠨᠡᠷᠡᠰ ᠤᠨ ᠲᠡᠮᠳᠡᠭ ᠫᠠᠶᠢᠰᠠ ᠪᠠ ᠡᠷᠦᠬᠡ ᠶᠢᠨ ᠡᠭᠦᠳᠡᠨ ᠫᠠᠶᠢᠰᠠ ᠶᠢ ᠪᠠᠶᠢᠴᠠᠭᠠᠨ | ᠦᠵᠡᠵᠦ᠂ ᠠᠷᠤ ᠬᠤᠷᠴᠢᠨ ᠬᠤᠰᠢᠭᠤᠨ ᠤ ᠭᠠᠵᠠᠷ ᠤᠨ ᠨᠡᠷᠡᠰ ᠤᠨ ᠲᠡᠮᠳᠡᠭ ᠫᠠᠶᠢᠰᠠ ᠶᠢ ᠪᠢᠴᠢᠵᠦ ᠪᠠᠶᠢᠭ᠎ᠠ | ᠪᠠᠶᠢᠳᠠᠯ ᠢ ᠣᠶᠢᠯᠠᠭᠠᠪᠠ᠃ | ᠪᠠᠶᠢᠴᠠᠭᠠᠨ ᠰᠤᠳᠤᠯᠤᠯᠲᠠ ᠪᠠᠷ ᠮᠠᠨ ᠤ ᠣᠷᠣᠨ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ | ᠪᠠ ︽ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠩ ᠪᠥᠬᠦ ᠲᠠᠯ᠎ᠠ ᠪᠠᠷ ᠣᠶᠢᠯᠠᠭᠠᠵᠤ᠂ ᠮᠠᠨ ᠤ | ᠣᠷᠣᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠤᠯᠠᠮ ᠲᠦᠷᠢᠮᠵᠢᠭᠦᠯᠦᠨ᠂ ᠭᠠᠵᠠᠷ ᠤᠨ ᠨᠡᠷᠡᠰ ᠤᠨ | ᠬᠠᠮᠢᠶᠠᠷᠤᠯᠲᠠ ᠶᠢᠨ ᠠᠵᠢᠯ ᠳᠤ ᠳᠦᠷᠢᠮᠵᠢᠭᠦᠯᠬᠦ ᠠᠴᠠ ᠬᠠᠤᠯᠢ ᠲᠠᠢ᠂ ᠵᠢᠷᠤᠮᠯᠠᠬᠤ ᠠᠴᠠ ᠳᠦᠷᠢᠮ ᠲᠠᠢ ᠰᠠᠶᠢᠨ | ᠰᠠᠶᠢᠬᠠᠨ ᠪᠠᠶᠢᠳᠠᠯ ᠢ ᠪᠣᠶ ᠪᠣᠯᠭᠠᠬᠤ ᠳᠤ ᠰᠠᠭᠤᠷᠢ ᠲᠠᠯᠪᠢᠪᠠ᠃ | |