ᠨᠣᠭᠤᠭᠠᠨ ᠥᠩᠭᠡ ᠪᠠᠷ ᠰᠠᠭᠤᠷᠢ ᠪᠣᠯᠭᠠᠵᠤ ᠭᠠᠳᠠᠭᠰᠢᠯᠠᠭᠤᠯᠤᠯᠲᠠ ᠶᠢ ᠪᠠᠭᠠᠰᠬᠠᠭᠠᠳ ᠥᠪᠥᠷ ᠮᠣᠩᠭᠤᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠭᠠᠳᠠᠬᠰᠢᠯᠠᠭᠤᠯᠬᠤ ᠶᠢ ᠪᠠᠭᠠᠰᠬᠠᠬᠤ ᠪᠠ ᠠᠵᠤ ᠠᠬᠤᠢ ᠶᠢᠨ ᠬᠥᠭᠵᠢᠯᠲᠡ ᠬᠠᠮᠲᠤ ᠪᠠᠷ ᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2023/11/6
     ᠬᠥᠬᠡᠬᠤᠲᠠ ᠳᠤ ᠪᠠᠶᠢᠭ᠎ᠠ ᠥᠪᠥᠷ ᠮᠣᠩᠭᠤᠯ ᠤᠨ ᠳᠡᠭᠡᠳᠦ ᠴᠢᠳᠠᠪᠬᠢᠲᠤ ᠪᠣᠳᠣᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ︽ᠬᠥᠬᠡ ᠬᠤᠳᠠ ᠶᠢᠨ ᠭᠡᠷᠡᠯ︾  ᠤᠨ ᠮᠠᠰᠢᠨ ᠤ ᠦᠷᠦᠭᠡ ᠳᠤ ᠣᠷᠣᠬᠤ ᠳᠤ ᠤᠯᠠᠭᠠᠨ ᠬᠥᠬᠡ ᠠᠯᠠᠭᠯᠠᠭᠰᠠᠨ ᠴᠠᠬᠢᠯᠭᠠᠨ ᠭᠡᠷᠡᠯ ᠪᠠᠶᠢᠨ ᠲᠠᠬᠢᠨ ᠭᠢᠯᠠᠯᠵᠠᠵᠤ᠂ ᠡᠭᠦᠯᠡᠨ ᠮᠡᠳᠡᠭᠡ ᠵᠠᠩᠭᠢ ᠰᠧᠺᠦ᠋ᠨ᠋ᠳ᠋ ᠪᠦᠷᠢ 1 ᠳ᠋ᠦᠩᠰᠢᠭᠤᠷ  ᠤᠳᠠᠭ᠎ᠠ ᠶᠢᠨ ᠬᠤᠷᠳᠤᠴᠠ ᠪᠠᠷ ᠠᠳᠡ ᠠᠴᠠ ᠰᠢᠭᠤᠳ ᠬᠡᠷᠡᠭᠯᠡᠭᠴᠢ ᠶᠢᠨ ᠭᠠᠷ ᠲᠤ ᠬᠦᠷᠦᠨ᠎ᠡ᠃      ︽ᠪᠣᠳᠣᠯᠭ᠎ᠠ ᠶᠢᠨ ᠴᠢᠳᠠᠪᠤᠷᠢ ᠨᠢ 10 ᠲᠦᠮᠡᠨ ᠭᠡᠷ ᠤᠨ ᠬᠡᠷᠡᠭᠯᠡᠭᠡᠨ ᠤ ᠺᠣᠮᠫᠢᠦ᠋ᠲ᠋ᠧᠷ ᠲᠠᠢ ᠲᠡᠩᠴᠡᠵᠦ᠂ ᠳᠡᠭᠡᠳᠦ ᠳᠡᠰ ᠤᠨ ᠰᠢᠨᠵᠢᠯᠡᠬᠦ ᠤᠬᠠᠭᠠᠨ ᠤ ᠪᠣᠳᠣᠯᠭ᠎ᠠ ᠪᠣᠯᠣᠨ ᠶᠡᠭᠡ ᠬᠡᠪᠴᠢᠶᠡᠨ ᠤ ᠬᠢᠮᠡᠯ ᠣᠶᠤᠨ ᠤ ᠪᠣᠯᠪᠠᠰᠤᠷᠠᠯ ᠤᠨ ᠬᠡᠷᠡᠭᠴᠡᠭᠡ ᠶᠢ ᠬᠠᠮᠲᠤ ᠳᠤ ᠨᠢ ᠬᠠᠩᠭᠠᠵᠤ᠂ ᠬᠡᠷᠡᠭᠯᠡᠭᠡᠨ ᠳᠤ ᠰᠠᠨᠰᠠᠷ ᠤᠨ ᠠᠶᠠᠯᠠᠯ᠂ ᠡᠯᠧᠺᠲᠷᠣᠨ ᠮᠡᠳᠡᠭᠡ ᠵᠠᠩᠭᠢ᠂ ᠠᠮᠢᠳᠤ ᠪᠣᠳᠠᠰ ᠤᠨ ᠡᠮ ᠡᠮᠨᠡᠯᠭᠡ᠂ ᠲᠣᠨᠤᠭ ᠲᠥᠬᠦᠭᠡᠷᠦᠮᠵᠢ ᠦᠢᠯᠡᠳᠬᠦ᠂ ᠲᠡᠷᠢᠭᠦᠨ ᠤ ᠮᠠᠲ᠋ᠧᠷᠢᠶᠠᠯ᠂ ᠡᠨᠧᠷᠭᠢ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠶᠢ ᠪᠦᠷᠬᠦᠬᠦᠯᠵᠤ ᠪᠣᠯᠣᠨ᠎ᠠ︾᠃ ᠲᠥᠷᠥᠯ ᠵᠦᠢᠯ ᠤᠨ ᠬᠠᠷᠢᠭᠤᠴᠠᠯᠭᠠᠲᠠᠨ ᠰᠢᠦᠢ ᠰᠢᠩ ᠬᠠᠢ ᠲᠠᠨᠢᠯᠴᠠᠭᠤᠯᠬᠤ ᠪᠠᠷ ᠣᠳᠣᠬᠠᠨ ᠳᠤ ︽  ᠬᠦᠬᠡ ᠬᠤᠳᠠ ᠶᠢᠨ ᠬᠡᠷᠡᠯ︾ ᠨᠢ ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ 100 ᠰᠢᠬᠠᠮ ᠬᠡᠷᠡᠭᠯᠡᠭᠴᠢ ᠳᠤ 5200 ᠲᠦᠮᠡᠨ ᠴᠠᠭ ᠤᠨ ᠦᠢᠯᠡᠴᠢᠯᠡᠭᠡ ᠬᠠᠩᠭᠠᠵᠤ ᠪᠠᠶᠢᠨ᠎ᠠ᠃       ᠪᠣᠳᠣᠯᠭ᠎ᠠ ᠶᠢᠨ ᠬᠦᠴᠦᠨ ᠤ ᠠᠵᠤ ᠦᠢᠯᠡᠰ ᠪᠣᠯ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠤ ᠦᠢᠯᠡᠰ ᠮᠥᠨ᠃ ︽ᠵᠡᠭᠦᠨ ᠤ ᠲᠤᠭ᠎ᠠ ᠶᠢ ᠪᠠᠷᠠᠭᠤᠨᠳᠠᠢ ᠪᠤᠳᠤᠬᠤ︾ ᠢᠨᠵᠧᠨᠧᠷᠢᠩ ᠤᠨ ᠠᠷᠪᠠᠨ ᠶᠡᠭᠡ ᠲᠤᠭ᠎ᠠ ᠪᠠᠷᠢᠮᠲᠠ ᠶᠢᠨ ᠲᠥᠪ ᠤᠨ ᠪᠦᠯᠦᠭᠯᠡᠯ ᠤᠨ ᠨᠢᠭᠡ ᠪᠣᠯᠤᠭᠰᠠᠨ ᠬᠤᠷᠢᠨᠭᠡᠷ ᠲᠤᠭ᠎ᠠ ᠪᠠᠷᠢᠮᠲᠠ ᠶᠢᠨ ᠲᠥᠪ  ᠲᠤ ᠨᠡᠶᠢᠳᠡᠮ ᠬᠡᠷᠡᠭᠯᠡᠬᠦ ᠪᠣᠳᠣᠯᠭ᠎ᠠ ᠶᠢᠨ ᠬᠦᠴᠦᠨ ᠤ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ 120 ᠲᠦᠮᠡ ᠳᠤ ᠬᠦᠷᠴᠦ᠂ ᠬᠡᠳᠦ ᠪᠣᠳᠣᠯᠭ᠎ᠠ ᠶᠢᠨ ᠬᠦᠴᠦᠨ ᠤ ᠬᠡᠪᠴᠢᠶ᠎ᠡ 140P ᠳᠤ ᠬᠦᠷᠴᠦ᠂ ᠣᠶᠤᠨᠲᠤ ᠪᠣᠳᠣᠯᠭ᠎ᠠ ᠶᠢᠨ ᠬᠦᠴᠦᠨ ᠤ ᠬᠡᠪᠴᠢᠶ᠎ᠡ 23P ᠳᠤ ᠬᠦᠷᠴᠦ᠂ ᠪᠣᠳᠣᠯᠭ᠎ᠠ ᠶᠢᠨ ᠬᠦᠴᠦᠨ ᠤ ᠬᠡᠪᠴᠢᠶ᠎ᠡ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠭᠠᠳ ᠴᠠᠬᠢᠯᠭᠠᠨ ᠬᠡᠷᠡᠭᠯᠡᠬᠦ ᠬᠡᠮᠵᠢᠶ᠎ᠡ ᠨᠡᠯᠢᠶᠡᠳ ᠶᠡᠭᠡ ᠪᠣᠯᠪᠠ᠃ ︽ᠬᠤᠣᠰ ᠨᠡᠭᠦᠷᠡᠰᠦᠲᠥ᠋ᠷᠥᠭᠴᠢ ︾ ᠶᠢᠨ ᠬᠠᠷᠠᠯᠲᠠ ᠶᠢᠨ ᠳᠠᠭᠠᠭᠤᠯᠭ᠎ᠠ ᠪᠠᠷ ᠬᠤᠷᠢᠨᠭᠡᠷ ᠰᠢᠨ᠎ᠡ ᠲᠣᠭᠤᠷᠢᠭ ᠤᠨ ᠬᠢᠨ ᠪᠣᠳᠣᠯᠭ᠎ᠠ ᠶᠢᠨ ᠬᠦᠴᠦᠨ ᠤ ᠪᠣᠬᠢᠷᠲᠤᠯ ᠦᠭᠡᠢ ᠬᠦᠭᠵᠢᠬᠦᠯᠤᠯᠳᠡ ᠶᠢ ᠶᠡᠭᠡ ᠪᠠᠷ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢ ᠠᠬᠢᠭᠤᠯᠵᠤ᠂ ᠪᠣᠳᠣᠯᠭ᠎ᠠ ᠶᠢᠨ ᠬᠦᠴᠦᠨ ᠤ ᠠᠵᠤ ᠦᠢᠯᠡᠰ ᠢ ᠴᠢᠨᠠᠷ ᠰᠠᠶᠢᠲᠠᠢ ᠬᠥᠭᠵᠢᠯᠲᠡ ᠲᠡᠶᠢᠰᠢ ᠬᠥᠭᠵᠢᠭᠦᠯᠵᠡᠢ ᠃ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠤᠨ ᠪᠦᠯᠦᠭᠯᠡᠯ ᠤᠨ ᠬᠡᠷᠡᠭᠯᠡᠭᠰᠡᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠠᠬᠢᠯᠭᠠᠨ ᠵᠡᠷᠭᠡ ︽ᠪᠠᠶᠢᠭᠠᠯᠢᠯᠢᠭ ᠴᠠᠬᠢᠯᠭᠠᠨ︾ ᠤ ᠡᠵᠡᠯᠡᠬᠦ ᠬᠠᠷᠢᠴᠠᠯ ᠨᠢ ᠦᠨᠤ ᠵᠢᠯ ᠤᠨ 6 ᠳ᠋ᠤᠭᠠᠷ ᠰᠠᠷ᠎ᠠ ᠪᠣᠯᠲᠠᠯ᠎ᠠ 58% ᠣᠷᠴᠢᠮ ᠭᠦᠷᠦᠭᠰᠡᠨ ᠪᠠᠶᠢᠨ᠎ᠠ᠃      ︽ᠣᠳᠣᠬᠠᠨ ᠳᠤ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠨᠢᠭᠡᠨᠲᠡ ᠵᠥᠪᠰᠢᠶᠡᠷᠡᠭᠳᠡᠵᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠠᠯᠬᠢᠨ ᠬᠦᠴᠦᠨ ᠤ ᠴᠠᠬᠢᠯᠭᠠᠨ ᠤ 30 ᠲᠦᠮᠡᠨ ᠺᠢᠯᠣᠸᠠᠲ᠂ ᠬᠡᠷᠡᠯ ᠴᠡᠨᠡᠭ ᠤᠨ 6 ᠲᠦᠮᠡᠨ ᠺᠢᠯᠣᠸᠠᠲ᠂ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ 3.5 ᠲᠦᠮᠡᠨ ᠺᠢᠯᠣᠸᠠᠲ ᠵᠡᠷᠭᠡ ᠢᠨᠵᠧᠨᠧᠷᠢᠩ ᠪᠠᠭᠲᠠᠨ᠎ᠠ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ  ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠪᠣᠬᠢᠷᠲᠤᠯ ᠦᠭᠡᠢ ᠴᠠᠬᠢᠯᠭᠠᠨ ᠤ ᠰᠢᠭᠤᠳ ᠬᠠᠩᠭᠠᠯᠭ᠎ᠠ ᠶᠢᠨ ᠣᠷᠣᠯᠠᠬᠤ ᠨᠣᠷᠮ᠎ᠠ 67% ᠶᠢ ᠳᠠᠪᠠᠵᠤ᠂ ᠵᠢᠯ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 180 ᠲᠦᠮᠡᠨ ᠲᠣᠨ ᠠᠴᠠ ᠳᠡᠭᠡᠭᠰᠢ ᠪᠠᠭᠠᠰᠬᠠᠬᠤ ᠪᠣᠯᠣᠨ᠎ᠠ︾ ᠭᠡᠵᠦ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠰᠢᠤᠸᠠᠢ ᠵᠢᠶᠦ᠋ᠨ ᠬᠡᠯᠡᠪᠡ᠃    ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠠᠴᠠ ᠡᠮᠦᠨ᠎ᠡ ᠣᠷᠭᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠠᠭᠠᠷᠮᠠᠭᠵᠢᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃︾ ᠡᠨᠡ ᠪᠣᠯ ᠳᠤᠮᠳᠠᠳᠤ ᠤᠯᠤᠰ ᠠᠴᠠ ᠳᠡᠯᠡᠬᠡᠢ ᠳ᠋ᠠᠬᠢᠨ ᠵᠠᠷᠯᠠᠬᠰᠠᠨ ᠲᠥᠪ ᠴᠢᠩᠭ᠎ᠠ ᠠᠮᠠᠯᠠᠯᠲᠠ ᠪᠣᠯᠣᠨ᠎ᠠ᠃    ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ ᠥᠪᠥᠷ ᠮᠣᠩᠭᠤᠯ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠᠨ ᠵᠣᠭᠰᠣᠭᠠᠵᠤ᠂ ᠬᠦᠭᠵᠢᠬᠦᠯᠤᠯᠳᠡ ᠶᠢᠨ ᠠᠷᠭ᠎ᠠ ᠬᠡᠯᠪᠡᠷᠢ ᠪᠠᠨ ᠪᠣᠬᠢᠷᠲᠤᠯ ᠦᠭᠡᠢ ᠲᠡᠶᠢᠰᠢ ᠬᠤᠪᠢᠷᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠨᠣᠭᠤᠭᠠᠨ ᠥᠩᠭᠡ ᠪᠠᠷ ᠰᠠᠭᠤᠷᠢ ᠪᠣᠯᠭᠠᠨ ᠭᠠᠳᠠᠭᠰᠢᠯᠠᠭᠤᠯᠤᠯᠲᠠ ᠶᠢ ᠪᠠᠭᠠᠰᠬᠠᠬᠤ︾ ᠰᠢᠨ᠎ᠡ ᠵᠠᠮ ᠢ ᠰᠦᠪᠡᠭᠴᠢᠯᠡᠪᠡ᠃       ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠳᠤᠷᠠᠳᠤᠭᠰᠠᠨ ᠠᠴᠠ ᠨᠠᠭᠠᠰᠢ ᠥᠪᠥᠷ ᠮᠣᠩᠭᠤᠯ ᠤᠨ  ᠬᠢᠨ ︽1+N+X︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ︽ᠰᠢᠨ᠎ᠡ ᠬᠦᠭᠵᠢᠬᠦᠯᠤᠯᠳᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ  ᠪᠠᠷ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠬᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ  ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠢᠨᠵᠢᠯᠡᠬᠦ ᠮᠡᠷᠭᠡᠵᠢᠯ᠂ ᠡᠨᠧᠷᠭᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠵᠡᠷᠭᠡ 17 ᠵᠦᠢᠯ ᠤᠨ ᠬᠦᠷᠢᠶ᠎ᠡ ᠬᠡᠪᠴᠢᠶ᠎ᠡ ᠪᠠ ᠠᠵᠢᠯ ᠲᠦᠷᠦᠯ ᠬᠤᠪᠢᠶᠠᠨ ᠬᠡᠷᠡᠭᠵᠢᠭᠦᠯᠬᠦ ᠲᠥᠰᠥᠯ ᠢ ᠨᠡᠶᠢᠲᠡᠯᠡᠵᠦ᠂ ᠤᠰᠤᠲᠥ᠋ᠷᠥᠭᠴᠢ ᠡᠨᠧᠷᠭᠢ ᠶᠢ ᠬᠥᠭᠵᠢᠭᠦᠯᠬᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ  ᠭᠠᠳᠠᠬᠰᠢᠯᠠᠭᠤᠯᠵᠤ ᠬᠡᠯᠪᠡᠷᠢ ᠶᠢ ᠬᠤᠪᠢᠷᠠᠭᠤᠯᠬᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠡᠷᠭᠡ 9 ᠲᠠᠯ᠎ᠠ ᠶᠢᠨ ᠢᠵᠢ ᠪᠦᠷᠢᠳᠦᠭᠰᠡᠨ ᠲᠦᠷᠦ ᠶᠢᠨ ᠪᠣᠳᠣᠯᠭ᠎ᠠ ᠠᠷᠭ᠎ᠠ ᠶᠢ ᠲᠣᠭᠲᠠᠭᠠᠪᠠ ᠁ ︽ᠵᠠᠮ ᠱᠤᠭᠤᠮ ᠤᠨ ᠵᠢᠷᠤᠭ︾ ᠢ ᠲᠣᠭᠲᠠᠭᠠᠵᠤ᠂ ︽ᠴᠠᠭ ᠤᠨ ᠬᠦᠰᠦᠨᠦᠭᠲᠦ︾ ᠶᠢ ᠲᠣᠩᠭᠤᠷᠠᠭᠤᠯᠤᠨ ᠵᠢᠭᠰᠠᠭᠠᠵᠤ᠂ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢ ᠪᠠᠭᠠᠰᠬᠠᠵᠤ ᠬᠤᠷᠣᠭᠳᠠᠯ ᠢ ᠪᠠᠭᠠᠰᠬᠠᠬᠤ ︽ᠡᠯᠭᠦᠭᠡ ᠵᠢᠷᠤᠭ︾ ᠢᠶᠠᠷ ᠪᠠᠶᠢᠯᠳᠤᠵᠤ᠂ ᠪᠣᠬᠢᠷᠲᠤᠯ ᠦᠭᠡᠢ   ᠬᠦᠭᠵᠢᠯᠳᠡ ᠶᠢ ᠡᠷᠡᠰ ᠰᠢᠭᠤᠷᠬᠠᠢ ᠪᠠᠷ ᠬᠥᠭᠵᠢᠭᠦᠯᠪᠡ᠃      ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠯ ᠪᠣᠳᠠᠰ ᠢ ᠶᠡᠭᠡ ᠭᠠᠳᠠᠭᠰᠢᠯᠠᠭᠤᠯᠬᠤ ᠵᠦᠢᠯᠡᠰ ᠲᠤ ᠴᠢᠩᠭ᠎ᠠ ᠴᠣᠬᠢᠯᠲᠠ ᠦᠭᠪᠡ᠃ ︽ᠬᠤᠶᠠᠷ ᠥᠨᠳᠥᠷ︾ ᠤ ᠳᠣᠣᠷ᠎ᠠ ᠲᠦᠪᠰᠢᠨ ᠤ ᠵᠦᠢᠯᠡᠰ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ︽  ᠳᠣᠣᠷ᠎ᠠ ᠲᠦᠪᠰᠢᠨ ᠪᠦᠬᠦᠢ ︿ᠬᠤᠶᠠᠷ ᠥᠨᠳᠥᠷ﹀ ᠵᠦᠢᠯᠡᠰ ᠢ ᠰᠣᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠬᠯᠠᠵᠤ ᠬᠠᠮᠢᠶᠠᠷᠤᠨ ᠡᠵᠡᠮᠳᠡᠬᠦ ᠭᠠᠷᠴᠠᠭ︾ ᠢ ᠨᠡᠶᠢᠲᠡᠯᠡᠵᠦ᠂ ᠵᠦᠪᠰᠢᠶᠡᠷᠡᠬᠦ᠂ ᠬᠡᠬᠡᠬᠦ᠂ ᠡᠨᠧᠷᠭᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ 4 ᠲᠠᠯ᠎ᠠ ᠠᠴᠠ 8 ᠶᠡᠭᠡ ᠠᠵᠢᠯ ᠲᠦᠷᠦᠯ ᠤᠨ 30 ᠲᠦᠷᠦᠯ ᠤᠨ ᠭᠤᠣᠯᠳᠠᠯᠭ᠎ᠠ ᠲᠠᠢ ᠵᠦᠢᠯᠡᠰ ᠤᠨ ᠬᠠᠮᠢᠶᠠᠷᠤᠨ ᠡᠵᠡᠮᠳᠡᠬᠦ ᠠᠷᠭ᠎ᠠ ᠶᠢ ᠨᠠᠷᠢᠯᠢᠭᠵᠢᠭᠤᠯᠪᠠ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠠᠴᠠ ᠨᠠᠭᠠᠰᠢ ᠪᠥᠬᠦ ᠣᠷᠣᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠳᠣᠲᠣᠷ᠎ᠠ ︽ᠬᠤᠶᠠᠷ ᠥᠨᠳᠥᠷ︾ ᠲᠥᠷᠥᠯ ᠵᠦᠢᠯ ᠤᠨ ᠡᠵᠡᠯᠡᠬᠦ ᠬᠠᠷᠢᠴᠠᠯ ᠶᠡᠭᠡ ᠪᠠᠷ ᠪᠠᠭᠤᠷᠠᠪᠠ᠃     ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠲᠡᠶᠢᠰᠢ ᠦᠷᠭᠦᠯᠵᠢᠯᠡᠨ ᠬᠦᠴᠦᠯᠡᠪᠡ ᠃ ᠡᠨᠧᠷᠭᠢ ᠶᠢᠨ ᠰᠤᠷᠪᠤᠯᠵᠢ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ  ᠶᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠪᠥᠭᠡᠳ ᠡᠮᠬᠢ ᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭᠠᠨ ᠤ ᠪᠠᠭᠠᠵᠢ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠪᠠ᠃ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠭᠵᠢᠯᠳᠡ ᠶᠢ ᠪᠥᠬᠦ ᠲᠠᠯ᠎ᠠ ᠪᠠᠷ ᠠᠬᠢᠭᠤᠯᠵᠤ᠂ 8 ᠲᠣᠮᠣ ᠠᠵᠤ ᠦᠢᠯᠡᠰ ᠤᠨ ᠪᠦᠯᠦᠭᠯᠡᠯ ᠪᠠ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠲᠥᠪᠯᠡᠷᠡᠭᠦᠯᠦᠨ ᠪᠣᠶ ᠪᠣᠯᠭᠠᠵᠤ᠂ ᠪᠣᠬᠢᠷᠲᠤᠯ ᠦᠭᠡᠢ ᠦᠢᠯᠡᠳᠪᠦᠷᠢᠯᠡᠯ ᠤᠨ  ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠦᠢᠯᠡᠰ ᠤᠨ ᠨᠣᠭᠤᠭᠠᠷᠠᠭᠤᠯᠤᠯᠲᠠ ᠶᠢᠨ ᠬᠡᠮᠵᠢᠶ᠎ᠡ᠂ ᠰᠢᠨ᠎ᠡ ᠶᠢᠨ ᠬᠡᠮᠵᠢᠶ᠎ᠡ᠂ ᠴᠢᠨᠰᠠᠭ᠎ᠠ ᠶᠢ ᠲᠠᠰᠤᠷᠠᠯᠲᠠ ᠦᠭᠡᠢ ᠲᠡᠭᠡᠭᠰᠢᠯᠡᠬᠦᠯᠪᠡ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠤᠪᠵᠢᠬᠦᠯᠬᠡ ᠠᠴᠠ ᠨᠠᠭᠠᠰᠢ ᠪᠥᠬᠦ ᠣᠷᠣᠨ ᠤ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠭᠤᠯᠤᠯ 13.8% ᠪᠠᠷ ᠪᠠᠭᠤᠷᠠᠵᠤ᠂ ᠠᠬᠢᠴᠠ ᠶᠢᠨ ᠬᠠᠷᠠᠯᠲᠠ ᠪᠠᠨ ᠪᠡᠶᠡᠯᠡᠭᠦᠯᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠱᠦᠢᠨᠢ᠂ ᠮᠧᠲ᠋ᠢᠯ ᠠᠯᠺᠣᠣᠯ᠂ ᠣᠯᠠᠨ ᠲᠠᠯᠠᠰᠲᠤ ᠴᠠᠬᠢᠭᠤᠷ᠂ ᠵᠡᠰ᠂ ᠬᠠᠷ᠎ᠠ ᠲᠤᠭᠤᠯᠭ᠎ᠠ᠂ ᠮᠠᠭᠨᠢ ᠵᠡᠷᠭᠡ 11 ᠠᠵᠢᠯ ᠲᠥᠷᠥᠯ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠢ ᠤᠯᠤᠰ ᠤᠨ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠲᠡᠷᠢᠭᠦᠨ ᠤ ᠬᠡᠮᠵᠢᠭᠳᠡᠯ ᠳᠤ ᠬᠦᠷᠤᠬᠦᠯᠪᠡ᠃       ᠪᠠᠷᠠᠭᠠᠯᠬᠢᠯᠠᠯ ᠤᠨ ᠴᠢᠨᠠᠷᠲᠠᠢ ᠪᠤᠳᠤᠯᠬᠢᠯᠠᠨ᠂ ᠪᠦᠬᠦ ᠲᠠᠯ᠎ᠠ ᠶᠢᠨ ᠴᠢᠨᠠᠷᠲᠠᠢ  ᠲᠦᠯᠦᠪᠵᠢᠬᠦᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠯᠠᠭᠤᠯᠤᠨ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠪᠠ᠃ ︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ ᠥᠪᠥᠷ ᠮᠣᠩᠭᠤᠯ ᠤᠨ ᠬᠢᠨ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠤᠨ ᠲᠠᠯᠠᠪᠠᠢ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠦᠭᠵᠢᠬᠦᠯᠤᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠠᠰᠤᠷᠠᠯᠳᠡ ᠦᠭᠡᠢ ᠪᠤᠭᠤᠮᠳᠠ ᠰᠢᠪᠳᠤᠯᠤᠨ ᠠᠰᠠᠭᠤᠳᠠᠯ ᠢ ᠰᠢᠢᠳᠪᠦᠷᠢᠯᠡᠵᠦ᠂ ᠠᠮᠵᠢᠯᠲᠠ ᠪᠦᠲᠦᠮᠵᠢ ᠤᠯᠤᠬᠰᠠᠨ ᠪᠠᠶᠢᠯ᠎ᠠ᠃   ᠪᠤᠭᠤᠲᠤ ᠬᠤᠲᠠ ᠶᠢᠨ ᠬᠢᠨ ᠡᠩ ᠲᠡᠷᠢᠭᠦᠨ ᠳᠤ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠬᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠪᠤᠭᠤᠲᠤ ᠬᠤᠲᠠ ᠶᠢᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠶᠢ ᠭᠦᠨᠵᠡᠭᠡᠢ ᠠᠬᠢᠭᠤᠯᠬᠤ ᠪᠠ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠬᠤᠲᠠ ᠶᠢ ᠲᠦᠷᠭᠡᠨ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠵᠣᠬᠢᠶᠠᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠨ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠥᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠬᠤᠰᠢᠭᠤᠴᠢ ᠬᠤᠲᠠ᠂ ᠵᠢᠱᠢᠶᠡᠴᠢ ᠬᠤᠲᠠ ᠶᠢ  ᠴᠢᠷᠮᠠᠶᠢᠨ ᠪᠠᠶᠢᠭᠤᠯᠪᠠ᠃      ᠣᠷᠳᠣᠰ ᠬᠤᠳᠠ ᠶᠢᠨ ᠬᠢᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠡᠨᠧᠷᠭᠢ ᠪᠠᠷ ᠡᠨᠧᠷᠭᠢ ᠶᠢᠨ ᠪᠦᠲᠦᠴᠡ ᠶᠢ ᠲᠣᠬᠢᠷᠠᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠨᠧᠷᠭᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠪᠠᠷ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠠᠵᠢᠯ ᠢ ᠳᠠᠶᠢᠴᠢᠯᠠᠵᠦ᠂ ︽ᠤᠰᠤᠲᠥ᠋ᠷᠥᠭᠴᠢ ᠶᠢ ᠬᠠᠳᠠᠭᠠᠯᠠᠬᠤ ᠦᠵᠡᠮᠵᠢ ᠶᠢᠨ ᠲᠡᠷᠭᠡ︾ ᠵᠡᠷᠬᠡ ᠲᠠᠪᠤᠨ ᠶᠡᠭᠡ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠴᠣᠭᠴᠠᠯᠠᠵᠤ᠂ ᠡᠬᠢ ᠪᠠᠶᠠᠯᠢᠭ ᠤᠨ ᠬᠡᠯᠪᠡᠷᠢ ᠲᠠᠢ ᠬᠤᠳᠠ ᠶᠢᠨ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠳᠤ ᠰᠢᠨ᠎ᠡ ᠵᠠᠮ ᠢ ᠨᠡᠬᠡᠬᠡᠪᠡ᠃      ᠦᠬᠠᠢ ᠬᠤᠳᠠ ᠶᠢᠨ ᠬᠢᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠨᠢ ᠠᠵᠤ ᠠᠬᠤᠶᠢᠯᠠᠯ ᠤᠨ ᠵᠠᠪᠠᠯ ᠰᠤᠷᠬᠤ ᠬᠢᠴᠢᠶᠡᠯ ᠪᠣᠯᠬᠤ ᠪᠠᠷ ᠪᠠᠷᠠᠬᠤ ᠦᠭᠡᠢ ᠪᠠᠰᠠ ᠠᠷᠠᠳ ᠤᠯᠠᠨ ᠤ ︽ᠴᠦᠡᠭᠭᠦ︾ ᠶᠢ ᠲᠦᠭᠳᠤᠶᠢᠯᠬᠡᠪᠡ᠃      ᠥᠪᠥᠷ ᠮᠣᠩᠭᠤᠯ ᠢ ᠪᠠᠷᠠᠯᠠᠬᠤᠶ᠎ᠠ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠦᠭᠡᠢ ᠬᠦᠭᠵᠢᠬᠦᠯᠤᠯᠳᠡ ᠨᠢ ᠨᠢᠭᠡᠨᠲᠡ ᠨᠡᠶᠢᠭᠡᠮ ᠲᠠᠶᠠᠭᠠᠷ ᠤᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃    2021 ︱ 2022 ᠣᠨ ᠳᠤ ᠮᠠᠨ ᠤ ᠣᠷᠣᠨ ᠤ ᠡᠨᠧᠷᠭᠢ ᠶᠢᠨ ᠬᠤᠷᠣᠭᠳᠠᠯ ᠢ 11% ᠠᠴᠠ ᠳᠡᠭᠡᠭᠰᠢ ᠪᠠᠭᠤᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢᠨ ᠠᠬᠢᠴᠠ ᠶᠢ 70% ᠠᠴᠠ ᠳᠡᠭᠡᠭᠰᠢ ᠪᠡᠶᠡᠯᠡᠭᠦᠯᠵᠦ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠦᠨᠤ ᠵᠢᠯ ᠤᠨ ᠡᠮᠦᠨ᠎ᠡ ᠬᠠᠭᠠᠰ ᠵᠢᠯ ᠪᠥᠬᠦ ᠣᠷᠣᠨ ᠤ ᠡᠨᠧᠷᠭᠢ ᠶᠢᠨ ᠬᠤᠷᠣᠭᠳᠠᠯ 3.5% ᠠᠴᠠ ᠳᠡᠭᠡᠭᠰᠢ ᠪᠠᠭᠤᠷᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠ GDP ᠲᠣᠰ ᠲᠣᠰ 34.5% ᠪᠠ 7.3% ᠪᠠᠷ ᠨᠡᠮᠡᠭᠳᠡᠨ᠂ ᠲᠣᠰ ᠲᠣᠰ ᠪᠥᠬᠦ ᠤᠯᠤᠰ ᠤᠨ ᠬᠤᠶᠠᠳᠤᠭᠠᠷ ᠪᠠ ᠲᠠᠪᠤᠳᠤᠭᠠᠷ ᠲᠤ ᠣᠷᠣᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠤᠨ ︽ᠬᠥᠳᠡᠯᠭᠡᠬᠦ ᠬᠦᠴᠦᠨ ᠤ ᠡᠬᠢ ᠰᠤᠷᠪᠤᠯᠵᠢ︾ ᠶᠢ ᠲᠣᠭᠲᠠᠪᠤᠷᠢᠵᠢᠭᠤᠯᠬᠤ ᠶᠢ ᠬᠦᠴᠦᠲᠡᠢ ᠪᠠᠲᠤᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠠᠵᠤ ᠠᠬᠤᠢ ᠶᠢᠨ ᠬᠦᠭᠵᠢᠬᠦᠯᠤᠯᠳᠡ ᠶᠢ ᠵᠣᠬᠢᠴᠠᠯᠳᠤᠭᠤᠯᠤᠨ ᠵᠡᠷᠬᠡ ᠪᠠᠷ  ᠬᠦᠭᠵᠢᠬᠦᠯᠵᠤ ᠴᠢᠳᠠᠬᠰᠠᠨ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map