ᠮᠠᠨ ᠤ ᠤᠷᠤᠨ ᠤ ᠵᠠᠬ᠎ᠠ ᠳᠡᠯᠭᠡᠭᠦᠷ ᠤᠨ ᠭᠤᠣᠯ ᠴᠣᠭᠴᠠ 5 ᠵᠢᠯ ᠳᠤ 35.99% ᠨᠡᠮᠡᠭᠳᠡᠪᠡ
ᠨᠡᠶᠢᠲᠡᠯᠡᠭᠰᠡᠨ ᠴᠠᠭ᠄
2023/2/10
   ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠠᠲᠠᠬᠤ ᠪᠠ ᠳᠡᠮᠵᠢᠬᠦ ᠶᠢᠨ ᠵᠠᠩᠭᠢᠯᠠᠭ᠎ᠠ ᠮᠥᠨ᠃ 2 ᠳ᠋ᠤᠭᠠᠷ ᠰᠠᠷ᠎ᠠ ᠶᠢᠨ 8 ᠤ ᠡᠳᠦᠷ ᠬᠤᠷᠠᠯᠳᠤᠬᠰᠠᠨ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠪᠠ ᠨᠠᠮ ᠤᠨ ᠰᠤᠷᠲᠠᠯ ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠷᠠᠯ ᠠᠴᠠ ᠣᠶᠢᠯᠠᠭᠠᠭᠰᠠᠨ ᠢᠶᠠᠷ 5 ᠵᠢᠯ ᠤᠨ ᠲᠤᠷᠰᠢ ᠮᠠᠨ ᠤ ᠣᠷᠣᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠤᠯᠠᠮ ᠪᠠᠳᠠᠷᠠᠵᠤ᠂ ᠪᠥᠬᠦ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ 2022 ᠣᠨ ᠤ ᠡᠴᠦᠰ ᠪᠣᠯᠲᠠᠯ᠎ᠠ  253 ᠲᠦᠮᠡᠨ ᠡᠷᠦᠬᠡ ᠪᠣᠯᠣᠨ ᠬᠥᠭᠵᠢᠵᠦ᠂ 2017 ᠣᠨ ᠤ ᠬᠢ ᠠᠴᠠ 35.99% ᠪᠠᠷ ᠨᠡᠮᠡᠭᠳᠡᠪᠡ᠃ ᠢᠯᠠᠩᠭᠤᠶ᠎ᠠ 2022 ᠣᠨ ᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠨᠡᠯᠢᠶᠡᠳ ᠶᠡᠭᠡ ᠪᠠᠶᠢᠳᠠᠯ ᠤᠨ ᠳᠣᠣᠷ᠎ᠠ ᠪᠦᠬᠦ ᠵᠢᠯ ᠳᠤ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ 36.84 ᠲᠦᠮᠡᠨ ᠡᠷᠦᠬᠡ ᠳᠤ ᠬᠦᠷᠴᠡᠢ᠃   2022 ᠣᠨ ᠳᠤ ᠮᠠᠨ ᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ  ᠬᠢᠨ ᠠᠵᠤ ᠠᠬᠤᠶᠢᠯᠠᠯ ᠡᠷᠬᠢᠯᠡᠬᠦ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠵᠠᠬ᠎ᠠ ᠳᠡᠯᠭᠡᠭᠦᠷ ᠢ ᠰᠠᠭᠠᠳ ᠦᠭᠡᠢ ᠨᠠᠪᠲᠠᠷᠡᠭᠦᠯᠵᠦ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠬᠳᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 90 ᠠᠷᠭ᠎ᠠ ᠶᠢ ᠬᠡᠷᠡᠭᠵᠢᠭᠦᠯᠪᠡ᠃ ᠦᠨᠡᠮᠯᠡᠯ ᠪᠠ ᠭᠡᠷᠡᠴᠢ ᠶᠢ ᠰᠠᠯᠭᠠᠬᠤ᠂ ᠠᠵᠢᠯ ᠵᠣᠭᠰᠣᠬᠤ ᠳᠦᠷᠢᠮ ᠵᠡᠷᠭᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠦᠨᠡᠨ ᠨᠡᠷ᠎ᠡ ᠪᠠᠷ ᠳᠠᠩᠰᠠᠯᠠᠬᠤ ᠪᠠ ᠡᠵᠡᠩᠨᠡᠬᠦ ᠬᠡᠪᠴᠢᠶ᠎ᠡ ᠶᠢ ᠵᠢᠷᠤᠮᠵᠢᠭᠤᠯᠬᠤ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠤᠯᠠᠨ ᠭᠠᠵᠠᠷ ᠲᠤ ᠬᠡᠷᠡᠭᠯᠡᠬᠦ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠥᠪᠰᠢᠶᠡᠷᠡᠯ ᠢ ᠤᠯᠠᠮ ᠳᠥᠭᠦᠮᠴᠢᠯᠡᠪᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠦᠴᠢᠷᠳᠡᠯ ᠢ ᠰᠢᠢᠳᠪᠦᠷᠢᠯᠡᠬᠦ ᠶᠢ 24 ᠠᠷᠭ᠎ᠠ ᠶᠢ ᠨᠡᠶᠢᠲᠡᠯᠡᠨ ᠬᠡᠷᠡᠭᠵᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ 7 ᠠᠷᠭ᠎ᠠ ᠶᠢ ᠨᠡᠶᠢᠲᠡᠯᠡᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ 26 ᠡᠷᠬᠡ ᠶᠢ ᠳᠣᠷᠣᠭᠰᠢ ᠪᠠᠭᠤᠯᠭᠠᠵᠤ᠂ 223 ᠵᠦᠢᠯ ᠤᠨ ᠮᠠᠲ᠋ᠧᠷᠢᠶᠠᠯ ᠢ ᠴᠣᠮᠬᠠᠳᠬᠠᠨ᠂ 113 ᠵᠠᠩᠭᠢᠯᠠᠭ᠎ᠠ ᠶᠢ ᠪᠠᠭᠠᠰᠬᠠᠨ᠂ ᠰᠢᠢᠳᠪᠦᠷᠢᠯᠡᠵᠦ ᠳᠠᠭᠤᠰᠬᠠᠬᠤ ᠴᠠᠭ ᠢ 72% ᠢᠶᠠᠷ ᠪᠠᠭᠠᠰᠬᠠᠪᠠ᠂ ᠡᠨᠡ ᠪᠣᠯ ᠣᠶᠢᠷ᠎ᠠ ᠶᠢᠨ 5 ᠵᠢᠯ ᠤᠨ ᠲᠤᠷᠰᠢᠬᠢ ᠬᠠᠮᠤᠭ ᠠᠴᠠ ᠡᠷᠴᠢᠮ ᠲᠠᠢ ᠥᠭᠡᠷᠡᠴᠢᠯᠡᠯᠲᠡ ᠪᠣᠯᠣᠨ᠎ᠠ᠃    ᠦᠨᠤ ᠵᠢᠯ ᠮᠠᠨ ᠤ ᠣᠷᠣᠨ ︽ᠵᠢᠵᠢᠭ ᠠᠵᠤ ᠠᠬᠤᠶᠢᠯᠠᠯ᠂ ᠦᠢᠯᠡᠳᠪᠤᠷᠢ ᠬᠤᠳᠠᠯᠳᠤᠭ᠎ᠠ ᠶᠢᠨ ᠬᠤᠪᠢ ᠡᠷᠤᠬᠡ᠂ ᠲᠤᠰᠬᠠᠢ ᠵᠠᠬ᠎ᠠ ᠲᠡᠯᠬᠡᠬᠦᠷ︾ ᠤᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠪᠠᠷ ᠶᠡᠷᠦᠩᠬᠡᠢ ᠪᠠᠷᠢᠴᠨ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠡᠭᠦᠨ ᠳᠤ ᠵᠢᠱᠢᠭᠰᠡᠨ ᠬᠠᠷᠠᠯᠲᠠ ᠪᠠᠨ ᠵᠦᠢ ᠵᠣᠬᠢᠰᠲᠠᠢ ᠲᠣᠭᠲᠠᠭᠠᠵᠤ᠂ 2025 ᠣᠨ ᠤ ᠰᠡᠭᠦᠯᠴᠢ ᠪᠣᠯᠬᠤ ᠳᠤ ᠠᠳᠠᠯᠢ ᠪᠤᠰᠤ ᠠᠵᠢᠯ ᠲᠦᠷᠦᠯ ᠤᠨ ᠠᠳᠠᠯᠢ ᠪᠤᠰᠤ ᠬᠡᠪᠴᠢᠶᠡᠨ ᠤ ︽ᠵᠢᠵᠢᠭ ᠠᠵᠤ ᠠᠬᠤᠶᠢᠯᠠᠯ᠂ ᠦᠢᠯᠡᠳᠪᠤᠷᠢ ᠬᠤᠳᠠᠯᠳᠤᠭ᠎ᠠ ᠶᠢᠨ ᠬᠤᠪᠢ ᠡᠷᠤᠬᠡ᠂ ᠲᠤᠰᠬᠠᠢ ᠵᠠᠬ᠎ᠠ ᠲᠡᠯᠬᠡᠬᠦᠷ︾ ᠬᠦᠭᠵᠢᠯᠳᠡ ᠶᠢᠨ ᠬᠠᠷᠢᠴᠠᠯ ᠢ ᠲᠣᠳᠣᠷᠬᠠᠶᠢᠯᠠᠬᠤ ᠶᠢ ᠪᠠᠭᠲᠠᠭᠠᠨ᠎ᠠ᠃ ︽ᠵᠢᠵᠢᠭ ᠠᠵᠤ ᠠᠬᠤᠶᠢᠯᠠᠯ᠂ ᠦᠢᠯᠡᠳᠪᠤᠷᠢ ᠬᠤᠳᠠᠯᠳᠤᠭ᠎ᠠ ᠶᠢᠨ ᠬᠤᠪᠢ ᠡᠷᠤᠬᠡ᠂ ᠲᠤᠰᠬᠠᠢ ᠵᠠᠬ᠎ᠠ ᠲᠡᠯᠬᠡᠬᠦᠷ︾ ᠤᠨ ᠬᠦᠭᠵᠢᠯᠳᠡ ᠶᠢᠨ ᠳᠤᠮᠳᠠᠬᠢ ᠡᠪᠡᠷᠰᠢᠶᠡᠯ᠂ ᠲᠦᠭᠵᠢᠷᠡᠯ ᠤᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠭᠵᠢᠯᠳᠡ ᠶᠢ ᠲᠡᠳᠬᠦᠬᠦ ᠪᠣᠳᠠᠲᠠᠢ ᠶᠢ ᠡᠷᠬᠢᠮᠯᠡᠭᠰᠡᠨ᠂ ᠪᠦᠲᠦᠮᠵᠢᠲᠡᠢ᠂ ᠬᠡᠷᠡᠭᠴᠡᠭᠡ ᠪᠦᠬᠦᠢ ᠠᠷᠭ᠎ᠠ ᠶᠢ ᠲᠣᠭᠲᠠᠭᠠᠨ᠎ᠠ᠃ ᠦᠨᠤ ᠵᠢᠯ ᠪᠠᠰᠨ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠤ ᠲᠥᠬᠦᠮ ᠦᠵᠡᠬᠦᠯᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠬᠦᠴᠦᠨ ᠨᠡᠮᠡᠷᠢᠯᠡᠬᠦ 9 ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ︽ᠦᠢᠯᠡᠴᠢᠯᠡᠭᠡ ᠶᠢ ᠰᠢᠯᠢᠳᠡᠭᠵᠢᠭᠦᠯᠬᠦ᠂ ᠭᠤᠣᠯ ᠴᠣᠭᠴᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ︾ 10 ᠪᠣᠳᠠᠲᠤ ᠶᠠᠪᠤᠳᠠᠯ ᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠦᠡᠭᠭᠡᠷᠡᠬᠦᠯᠬᠦ ᠪᠤᠯᠤᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map