| ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠢᠨ ᠤᠷᠴᠢᠮ ᠳᠤ ᠮᠡᠳᠡᠭᠳᠡᠯ ᠨᠡᠶᠢᠲᠡᠯᠡᠵᠦ᠂ 2022 ᠣᠨ ᠤ | ᠠᠮᠤ ᠪᠤᠳᠠᠭ᠎ᠠ ᠲᠠᠷᠢᠬᠰᠠᠨ ᠲᠠᠯᠠᠪᠠᠶ ᠪᠤᠶᠤ ᠤᠨᠠᠯᠳᠠ᠂ ᠨᠡᠮᠡᠭᠳᠡᠯ ᠨᠢ ᠪᠥᠬᠦ ᠤᠯᠤᠰ ᠤᠨ ᠡᠮᠦᠨ᠎ᠡ 10 | ᠵᠢᠬᠰᠠᠭᠠᠬᠳᠠᠬᠰᠠᠨ᠂ ᠰᠢᠷ᠎ᠠ ᠪᠤᠷᠴᠠᠭ ᠪᠠ ᠰᠢᠯᠢᠮᠳᠡᠭ ᠤᠨ ᠭᠠᠷᠤᠯᠲᠠ ᠶᠢᠨ ᠨᠡᠮᠡᠭᠳᠡᠯ ᠨᠢ ᠪᠥᠬᠦ ᠤᠯᠤᠰ ᠤᠨ ᠡᠮᠦᠨ᠎ᠡ | 5 ᠲᠤ ᠵᠢᠭᠰᠠᠭᠠᠭᠳᠠᠭᠰᠠᠨ ᠪᠠ ᠨᠠᠮᠤᠷ ᠤᠨ ᠦᠶᠡᠷ ᠢ ᠰᠡᠷᠬᠡᠶᠢᠯᠡᠬᠦ ᠲᠠᠶᠢᠯᠠᠯᠳᠤᠭᠠᠨ᠂ ᠥᠨᠳᠥᠷ ᠳᠤᠯᠠᠭᠠᠨ ᠭᠠᠩ | ᠬᠠᠭᠰᠠᠷᠠᠭᠠᠨ ᠲᠠᠢ ᠲᠡᠮᠡᠴᠡᠵᠦ ᠡᠯᠪᠡᠭ ᠬᠤᠷᠢᠶᠠᠯᠲᠠ ᠶᠢ ᠪᠠᠳᠤᠯᠠᠬᠰᠠᠨ ᠠᠵᠢᠯ ᠲᠣᠪᠣᠶᠢᠮ᠎ᠠ ᠪᠠᠶᠢᠭ᠎ᠠ 21 ᠮᠤᠵᠢ | ᠣᠷᠣᠨ ᠢ ᠰᠠᠶᠢᠰᠢᠶᠠᠨ ᠬᠦᠬᠢᠬᠦᠯᠦᠭᠰᠡᠨ ᠳᠤ ᠥᠪᠥᠷ ᠮᠣᠩᠭᠤᠯ ᠨᠡᠷᠡᠰ ᠤᠨ ᠵᠢᠭᠰᠠᠭᠠᠯᠲᠠ ᠳᠤ ᠣᠷᠣᠭᠰᠠᠨ ᠪᠠᠶᠢᠨ᠎ᠠ᠃ | ᠮᠠᠨ ᠤ ᠤᠷᠤᠨ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ | ᠪᠠᠶᠢᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠡᠷᠢᠭᠦᠨ ᠴᠢᠬᠤᠯᠠ | ᠶᠠᠪᠤᠳᠠᠯ ᠪᠣᠯᠭᠠᠨ ᠠᠳᠬᠤᠵᠤ᠂ ᠠᠮᠤ ᠪᠤᠳᠠᠭ᠎ᠠ ᠶᠢᠨ ᠣᠨᠠᠯᠳᠠ ᠶᠢ ᠲᠣᠭᠲᠠᠪᠤᠷᠢᠵᠢᠭᠤᠯᠵᠤ ᠪᠤᠷᠴᠠᠭ ᠲᠠᠷᠢᠬᠤ | ᠲᠠᠯᠠᠪᠠᠢ ᠶᠢ ᠥᠷᠭᠡᠳᠬᠡᠬᠦ ᠠᠵᠢᠯ ᠤᠨ ᠲᠣᠭᠤᠷᠢᠨ ᠳᠤ ᠠᠮᠤ ᠪᠤᠳᠠᠭᠠᠨ ᠤ ᠦᠢᠯᠡᠳᠪᠦᠷᠢᠯᠡᠯ ᠤᠨ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠵᠦ᠂ 2022 ᠣᠨ ᠳᠤ ᠠᠮᠤ ᠪᠤᠳᠠᠭᠠᠨ ᠤ ᠦᠢᠯᠡᠳᠪᠦᠷᠢᠯᠡᠯ ᠠᠷᠪᠠ ᠶᠢᠰᠤᠨ ᠵᠢᠯ | ᠳᠠᠷᠠᠭᠠᠯᠠᠨ ᠡᠯᠪᠡᠭ ᠬᠤᠷᠢᠶᠠᠪᠠ᠃ 2022 ᠣᠨ ᠳᠤ ᠮᠠᠨ ᠤ ᠤᠷᠤᠨ ᠤ ᠠᠮᠤ ᠪᠤᠳᠠᠭ᠎ᠠ ᠳᠠᠷᠢᠬᠤ ᠲᠠᠯᠠᠪᠠᠶ | 10427.7 ᠲᠦᠮᠡᠨ ᠮᠦ ᠳᠤ ᠬᠦᠷᠴᠦ᠂ ᠪᠥᠬᠦ ᠤᠯᠤᠰ ᠲᠤ ᠲᠠᠪᠤᠳᠤᠭᠠᠷ ᠲᠤ ᠣᠷᠣᠪᠠ ᠃ ᠠᠮᠤ ᠪᠤᠳᠠᠭᠠᠨ ᠤ | ᠤᠨᠠᠯᠲᠠ 780.1 ᠳ᠋ᠦᠩᠰᠢᠭᠤᠷ ᠵᠢᠩ ᠳᠤ ᠬᠦᠷᠴᠦ᠂ ᠲᠦᠷᠦᠭᠦᠦ ᠵᠢᠯ ᠤᠨ ᠬᠢ ᠠᠴᠠ 12 ᠳ᠋ᠦᠩᠰᠢᠭᠤᠷ ᠵᠢᠩ | ᠨᠡᠮᠡᠭᠳᠡᠵᠦ᠂ ᠨᠡᠮᠡᠭᠳᠡᠯ ᠤᠨ 1.6% ᠳᠤ ᠬᠦᠷᠴᠦ᠂ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠤᠨ 16.2% ᠢ | ᠡᠵᠡᠯᠡᠵᠦ᠂ ᠪᠦᠬᠦ ᠤᠯᠤᠰ ᠤᠨ ᠭᠤᠷᠪᠠᠳᠤᠭᠠᠷ ᠲᠤ ᠤᠷᠤᠭᠠᠳ᠂ ᠶᠡᠷᠦᠩᠬᠡᠢ ᠭᠠᠷᠤᠯᠲᠠ ᠨᠢ ᠪᠦᠬᠦ ᠤᠯᠤᠰ ᠤᠨ | ᠵᠢᠷᠭᠤᠳᠤᠭᠠᠷ ᠲᠤ ᠣᠷᠣᠵᠤ᠂ 3 ᠵᠢᠯ ᠳᠠᠷᠠᠭᠠᠯᠠᠨ 750 ᠳ᠋ᠦᠩᠰᠢᠭᠤᠷ ᠵᠢᠩ ᠠᠴᠠ ᠳᠡᠭᠡᠭᠰᠢ ᠬᠤᠷᠢᠶᠠᠪᠠ᠃ | 2022 ᠣᠨ ᠳᠤ ᠮᠠᠨ ᠤ ᠤᠷᠤᠨ 65 ᠬᠤᠰᠢᠭᠤ ᠰᠢᠶᠠᠨ ᠳᠤ ᠠᠮᠤ ᠲᠣᠰᠣᠨ ᠤ ᠲᠠᠷᠢᠮᠠᠯ ᠤᠨ ᠵᠢᠱᠢᠶ᠎ᠡ | ᠦᠵᠡᠭᠦᠯᠬᠦ ᠣᠷᠣᠨ ᠢ 1060 ᠪᠠᠶᠢᠭᠤᠯᠵᠤ᠂ ᠶᠡᠷᠦᠩᠬᠡᠢ ᠲᠠᠯᠠᠪᠠᠶ ᠶᠢ 203 ᠲᠦᠮᠡᠨ ᠮᠦ ᠳᠤ ᠬᠦᠷᠦᠭᠦᠯᠵᠦ᠂ | ᠡᠷᠳᠡᠨᠢ ᠰᠢᠰᠢ ᠶᠢ ᠨᠢᠭᠲᠠ ᠳᠠᠷᠢᠬᠤ᠂ ᠰᠢᠷ᠎ᠠ ᠪᠤᠷᠴᠠᠭ ᠤᠨ ᠳᠠᠯᠠᠩ ᠢ ᠭᠤᠷᠪᠠᠨ ᠮᠥᠷ ᠲᠠᠯᠪᠢᠬᠤ ᠵᠡᠷᠭᠡ ᠥᠨᠳᠥᠷ | ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠳᠡᠯᠭᠡᠷᠡᠭᠦᠯᠪᠡ᠃ ᠲᠠᠷᠢᠮᠠᠯ ᠤᠨ ᠲᠣᠮᠣ | ᠡᠷᠦᠬᠡ ᠪᠠᠷ ᠭᠤᠣᠯ ᠴᠣᠭᠴᠠ ᠪᠣᠯᠭᠠᠨ᠂ ᠪᠥᠬᠦ ᠣᠷᠣᠨ ᠳᠤ 530 ᠤᠳᠠᠭᠠᠨ ᠤ ᠦᠵᠡᠭᠦᠯᠦᠯᠭᠡ ᠶᠢᠨ ᠭᠠᠷᠠᠭ ᠤᠨ | ᠠᠵᠢᠯᠯᠠᠭ᠎ᠠ ᠶᠢ ᠥᠷᠨᠢᠭᠦᠯᠵᠦ᠂ 3.2 ᠲᠦᠮᠡᠨ ᠬᠥᠮᠥᠨ ᠣᠷᠣᠯᠴᠠᠵᠤ᠂ ᠲᠠᠷᠢᠶᠠᠴᠢᠳ ᠲᠤ ᠬᠢᠵᠦ ᠦᠵᠡᠭᠦᠯᠦᠨ᠂ | ᠲᠠᠷᠢᠶᠠᠴᠢᠳ ᠢ ᠳᠠᠭᠠᠭᠤᠯᠤᠨ ᠠᠵᠢᠯᠯᠠᠬᠤ ᠶᠢ ᠪᠡᠶᠡᠯᠡᠭᠦᠯᠪᠡ᠃ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠮᠡᠷᠭᠡᠵᠢᠯ ᠢ | ᠪᠣᠳᠠᠲᠠᠶᠢᠵᠢᠭᠤᠯᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠪᠠ᠃ ᠪᠦᠬᠦ ᠣᠷᠣᠨ ᠤ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ | ᠲᠤᠲᠤᠷᠭ᠎ᠠ ᠵᠡᠷᠭᠡ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠴᠥᠮ ᠪᠦᠬᠦ ᠤᠯᠤᠰ ᠤᠨ | ᠳᠤᠮᠳᠠᠴᠢ ᠲᠦᠪᠰᠢᠨ ᠠᠴᠠ ᠥᠨᠳᠥᠷ ᠪᠠᠶᠢᠨ᠎ᠠ᠃ ᠡᠭᠦᠨ ᠳᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ | ᠨᠢ 985 ᠵᠢᠩ\ᠮᠦ ᠪᠠᠶᠢᠵᠤ᠂ ᠪᠥᠬᠦ ᠤᠯᠤᠰ ᠤᠨ ᠳᠤᠮᠳᠠᠴᠢ ᠲᠦᠪᠰᠢᠨ ᠠᠴᠠ 127 ᠵᠢᠩ\ ᠮᠦ ᠥᠨᠳᠥᠷ᠂ ᠪᠥᠬᠦ | ᠤᠯᠤᠰ ᠲᠤ ᠭᠤᠷᠪᠠᠳᠤᠭᠠᠷ ᠲᠤ ᠣᠷᠣᠪᠠ᠃ ᠲᠥᠮᠥᠰᠥᠨ ᠤ ᠲᠠᠯᠠᠪᠠᠢ ᠨᠢᠭᠡᠴᠢ ᠶᠢᠨ ᠤᠨᠠᠯᠲᠠ 3274 ᠵᠢᠩ/ᠮᠦ ᠳᠤ | ᠬᠦᠷᠴᠦ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 510 ᠵᠢᠩ/ᠮᠦ ᠦᠨᠳᠤᠷ᠂ ᠲᠤᠲᠤᠷᠭ᠎ᠠ ᠶᠢᠨ ᠲᠠᠯᠠᠪᠠᠢ | ᠨᠢᠭᠡᠴᠢ ᠶᠢᠨ ᠤᠨᠠᠯᠲᠠ ᠨᠢ ᠮᠦ ᠪᠦᠷᠢ ᠳᠤ 1026 ᠵᠢᠩ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 82 | ᠵᠢᠩ/ ᠮᠦ ᠦᠨᠳᠤᠷ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ 267.8 ᠵᠢᠩ\ᠮᠦ᠂ ᠪᠥᠬᠦ | ᠤᠯᠤᠰ ᠤᠨ ᠳᠤᠮᠳᠠᠴᠢ ᠲᠦᠪᠰᠢᠨ ᠠᠴᠠ 4 ᠵᠢᠩ\ ᠮᠦ ᠥᠨᠳᠥᠷ ᠪᠠᠶᠢᠨ᠎ᠠ᠃ | | | | | | | | | | |