ᠮᠠᠨ ᠤ ᠤᠷᠤᠨ ᠤ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠤᠩᠭᠡᠢ ᠥᠷᠲᠡᠭ 9 ᠲᠦᠮᠡᠨ ᠲᠥᠭᠦᠷᠢᠭ ᠢ ᠳᠠᠪᠠᠵᠤ ᠪᠥᠬᠦ ᠤᠯᠤᠰ ᠤᠨ ᠨᠠᠢᠮᠠᠳᠤᠭᠠᠷ ᠲᠤ ᠵᠢᠬᠰᠠᠭᠠᠬᠳᠠᠪᠠ
ᠨᠡᠶᠢᠲᠡᠯᠡᠭᠰᠡᠨ ᠴᠠᠭ᠄
2023/2/14
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ 2022 ᠣᠨ ᠳᠤ ᠮᠠᠨ ᠤ ᠣᠷᠣᠨ ᠤ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠤᠩᠭᠡᠢ ᠥᠷᠲᠡᠭ 9 ᠲᠦᠮᠡᠨ ᠲᠥᠭᠦᠷᠢᠭ ᠢ ᠳᠠᠪᠠᠵᠤ᠂ 96474 ᠲᠥᠭᠦᠷᠢᠭ ᠲᠤ ᠬᠦᠷᠴᠦ᠂ ᠲᠦᠷᠤᠬᠦᠤ ᠵᠢᠯ ᠤᠨ  ᠬᠢ ᠠᠴᠠ 4.2% ᠨᠡᠮᠡᠭᠳᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠠᠴᠠ ᠨᠠᠭᠠᠰᠢ 2021 ᠣᠨ ᠳᠤ ᠪᠦᠬᠦ ᠣᠷᠣᠨ ᠤ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 8 ᠲᠦᠮᠡᠨ ᠲᠥᠭᠦᠷᠢᠭ ᠢ ᠳᠠᠪᠠᠭᠰᠠᠨ ᠤ ᠳᠠᠷᠠᠭ᠎ᠠ ᠥᠪᠥᠷ ᠮᠣᠩᠭᠤᠯ ᠤᠨ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠪᠠᠰᠠ ᠨᠢᠭᠡ ᠰᠢᠨ᠎ᠡ ᠳᠡᠭᠲᠡᠷ ᠲᠤ  ᠭᠠᠷᠤᠬᠰᠠᠨ ᠪᠦᠬᠡᠳ ᠥᠪᠥᠷ ᠮᠣᠩᠭᠤᠯ ᠤᠨ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠠᠩᠬ᠎ᠠ ᠤᠳᠠᠭ᠎ᠠ 9 ᠲᠦᠮᠡᠨ ᠲᠥᠭᠦᠷᠢᠭ ᠢ ᠳᠠᠪᠠᠵᠤ᠂ ᠪᠦᠬᠦ ᠤᠯᠤᠰ ᠲᠤ ᠨᠠᠢᠮᠠᠳᠤᠭᠠᠷ ᠲᠤ ᠵᠢᠭᠰᠠᠭᠠᠭᠳᠠᠵᠤ᠂ 2021 ᠣᠨ ᠤ ᠬᠢ ᠠᠴᠠ ᠬᠤᠶᠠᠷ ᠳᠡᠭᠡᠭᠰᠢᠯᠡᠵᠡᠢ᠃    2022 ᠣᠨ ᠳᠤ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠪᠡᠷᠬᠡ ᠬᠠᠲᠠᠭᠤᠵᠢᠯᠲᠠᠢ ᠬᠦᠨᠳᠦ ᠡᠭᠦᠷᠭᠡ ᠶᠢᠨ ᠡᠮᠦᠨ᠎ᠡ ᠪᠦᠬᠦ ᠣᠷᠣᠨ ᠢᠶᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠶᠢ ᠠᠳᠬᠤᠬᠤ᠂ ᠨᠡᠭᠡᠭᠡᠯᠲᠡ ᠶᠢ ᠥᠷᠭᠡᠳᠬᠡᠬᠦ᠂ ᠶᠡᠭᠡ ᠲᠠᠯ᠎ᠠ ᠶᠢ ᠪᠠᠲᠤᠯᠠᠬᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠣᠷᠣᠭᠤᠯᠤᠯᠲᠠ ᠪᠠᠨ ᠨᠡᠮᠡᠭᠳᠡᠭᠦᠯᠬᠦ᠂ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠦᠢᠯᠡᠰ ᠢ ᠪᠣᠶᠢᠵᠢᠭᠤᠯᠬᠤ᠂ ᠬᠥᠳᠡᠯᠭᠡᠭᠦ     ᠬᠦᠴᠦᠨ ᠢ ᠰᠣᠯᠢᠬᠤ ᠶᠢ ᠪᠠᠷᠢᠮᠲᠠᠯᠠᠵᠤ᠂ ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠵᠢᠱᠢᠯᠲᠡ ᠠᠴᠠ ᠳᠠᠪᠠᠭᠰᠠᠨ ᠡᠯᠧᠮᠧᠨ᠋ᠲ ᠤᠨ ᠳᠠᠭᠠᠷᠢᠯᠲᠠ  ᠪᠠ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠢ ᠪᠦᠲᠦᠮᠵᠢᠲᠡᠢ ᠠᠷᠭᠠᠴᠠᠭᠠᠵᠤ᠂ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠠᠷᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠴᠢᠨᠠᠷᠯᠢᠭ ᠬᠥᠭᠵᠢᠯᠲᠡ ᠶᠢ ᠠᠬᠢᠭᠤᠯᠤᠬᠰᠠᠨ ᠢᠶᠠᠷ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠦᠬᠡᠳ ᠲᠣᠭᠲᠠᠭᠤᠨ ᠤ ᠳᠤᠮᠳᠠ ᠲᠠᠪᠰᠢᠬᠰᠠᠨ ᠪᠠᠶᠢᠳᠠᠯ ᠢᠯᠡᠷᠡᠵᠡᠢ᠃ 2022 ᠣᠨ ᠳᠤ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2.3 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ᠃ ᠪᠥᠬᠦ ᠣᠷᠣᠨ ᠤ ᠬᠥᠮᠥᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ ᠪᠥᠬᠦ ᠤᠯᠤᠰ ᠤᠨ ᠳᠤᠮᠳᠠᠴᠢ ᠲᠦᠪᠰᠢᠨ ᠠᠴᠠ 10776 ᠲᠥᠭᠦᠷᠢᠭ ᠥᠨᠳᠥᠷ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map