ᠮᠠᠨ ᠤ ᠤᠷᠤᠨ ᠦᠨᠤ ᠵᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠬᠡᠷ ᠢ 1.1  ᠲᠦᠮᠨ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2023/2/28
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠦᠨᠤ ᠵᠢᠯ ᠪᠥᠬᠦ ᠣᠷᠣᠨ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠬᠡᠷ ᠢ 1.1 ᠲᠦᠮᠡᠨ ᠪᠠᠶᠢᠭᠤᠯᠵᠤ᠂ 1.5 ᠲᠦᠮᠡᠨ ᠲᠦᠬᠦᠮ ᠤᠷᠤᠨ ᠰᠠᠭᠤᠴᠨ ᠶᠢ ᠵᠠᠰᠠᠵᠤ᠂ ᠪᠠᠳᠤᠯᠠᠭ᠎ᠠ ᠬᠦᠷᠳᠡᠵᠤ ᠪᠠᠶᠢᠭ᠎ᠠ ᠬᠤᠲᠠ ᠪᠠᠯᠭᠠᠰᠤᠨ ᠤ 2.6 ᠲᠦᠮᠡᠨ ᠡᠷᠦᠬᠡ ᠳᠤ ᠬᠡᠷ ᠤᠨ ᠲᠦᠷᠢᠶᠡᠰᠤ  ᠶᠢᠨ ᠨᠥᠬᠦᠪᠦᠷᠢ ᠦᠭᠭᠦ ᠪᠠᠷ ᠪᠠᠶᠢᠨ᠎ᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ᠄ ︽ᠪᠢᠳᠡ ᠦᠨᠤ ᠵᠢᠯ ᠠᠷᠠᠳ ᠣᠯᠠᠨ ᠤ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠬᠤ ᠪᠠᠷ ᠡᠬᠢᠯᠡᠯᠲᠡ ᠪᠣᠯᠭᠠᠵᠤ᠂ ︿ᠳᠡᠭᠡᠳᠦ ᠲᠠᠰ ᠤᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠠᠢ ᠪᠠᠶᠢᠯᠭᠠᠬᠤ᠂ ᠳᠤᠮᠳᠠ ᠲᠠᠰ ᠤᠨ ᠣᠷᠣᠨ ᠰᠠᠭᠤᠴᠠ ᠶᠢ ᠳᠡᠮᠵᠢᠬᠦ᠂ ᠳᠣᠣᠷᠠᠳᠤ ᠲᠠᠰ ᠤᠨ ᠣᠷᠣᠨ ᠰᠠᠭᠤᠴᠠ ᠶᠢ ᠪᠠᠲᠤᠯᠠᠭ᠎ᠠ ᠲᠠᠢ ᠪᠠᠶᠢᠯᠭᠠᠬᠤ﹀ ᠵᠠᠷᠴᠢᠮ ᠢᠶᠠᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠬᠡᠷ ᠢ ᠲᠦᠷᠬᠡᠨ ᠪᠠᠶᠢᠭᠤᠯᠵᠤ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠵᠢᠷᠤᠮᠵᠢᠭᠤᠯᠤᠨ᠂ ᠣᠯᠠᠨ ᠲᠠᠯ᠎ᠠ ᠠᠴᠠ ᠬᠠᠩᠭᠠᠬᠤ᠂ ᠣᠯᠠᠨ ᠠᠷᠭ᠎ᠠ ᠪᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠳᠥᠭᠦᠮ ᠤᠷᠤᠨ ᠰᠠᠭᠤᠴᠨ ᠲᠠᠢ ᠲᠣᠭᠤᠷᠢᠭ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠣᠷᠣᠨ ᠰᠠᠭᠤᠴᠠ ᠶᠢᠨ ᠬᠦᠴᠢᠷᠳᠡᠯ ᠲᠠᠢ ᠬᠤᠲᠠ ᠪᠠᠯᠭᠠᠰᠤᠨ ᠤ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠠ ᠣᠷᠣᠨ ᠰᠠᠭᠤᠴᠠ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠪᠤᠯᠤᠨ᠎ᠠ︾ ᠭᠡᠵᠦ ᠬᠡᠯᠡᠵᠡᠢ᠃    ᠦᠪᠤᠷ ᠮᠤᠩᠭᠤᠯ ᠤᠨ  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠢᠨ ᠪᠤᠳᠠᠳᠠᠢ ᠪᠠᠷ ᠬᠡᠷᠬᠢᠨ ᠬᠢᠬᠦ ᠲᠤᠬᠠᠢ ᠴᠠᠭ ᠤᠨ ᠬᠦᠰᠦᠨᠦᠭᠲᠦ᠂ ᠬᠢᠬᠦ ᠲᠦᠯᠦᠪᠯᠡᠭᠡ ᠶᠢᠨ ᠵᠢᠷᠤᠭ ᠭᠠᠷᠭᠠᠵᠤ᠂ ᠬᠠᠮᠢᠶ᠎ᠠ ᠪᠦᠬᠦᠢ ᠠᠵᠢᠯ ᠢ ᠨᠠᠷᠢᠯᠢᠭ ᠠᠬᠢᠭᠤᠯᠵᠤ ᠪᠠᠶᠢᠨ᠎ᠠ᠃ ᠦᠪᠤᠷ ᠮᠤᠩᠭᠤᠯ ᠤᠨ  ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠢᠨ 2 ᠳ᠋ᠤᠭᠠᠷ ᠰᠠᠷ᠎ᠠ ᠶᠢᠨ 3 ᠤ ᠡᠳᠦᠷ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ 2023 ᠣᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠬᠡᠷ᠂ ᠨᠡᠶᠢᠲᠡ ᠶᠢᠨ ᠲᠦᠷᠢᠶᠡᠰᠦᠨ  ᠪᠠᠶᠢᠷᠢ ᠶᠢᠨ ᠪᠠᠲᠤᠯᠠᠭ᠎ᠠ᠂ ᠲᠥᠬᠦᠮ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢᠨ ᠲᠤᠬᠠᠢ ᠠᠵᠢᠯ ᠢ  ᠪᠠᠶᠢᠷᠢᠯᠠᠭᠤᠯᠪᠠ᠃    ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠪᠥ᠋ᠬᠦ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠡᠭᠦᠷᠭᠡ ᠶᠢ ᠡᠯ᠎ᠡ ᠠᠶᠢᠮᠠᠭ ᠬᠤᠲᠠ ᠳᠤ ᠬᠤᠪᠢᠶᠠᠵᠤ᠂ ᠪᠣᠳᠠᠲᠠᠢ ᠲᠥᠷᠥᠯ ᠵᠦᠢᠯ ᠳᠤ ᠨᠠᠶᠢᠳᠠᠪᠤᠷᠢᠵᠢᠭᠤᠯᠤᠨ᠂ ᠪᠡᠶᠡᠯᠡᠭᠦᠯᠬᠦ ᠲᠦᠰᠦᠪ ᠪᠠ ᠴᠠᠭ ᠲᠣᠳᠣᠷᠬᠠᠢ ᠲᠤᠬᠳᠠᠭᠠᠬᠰᠠᠨ ᠤ ᠬᠠᠮᠲᠤ ᠡᠯ᠎ᠡ ᠠᠶᠢᠮᠠᠭ ᠬᠤᠳᠠ ᠶᠢ ᠵᠣᠬᠢᠶᠠᠨ ᠪᠠᠶᠢᠭᠤᠯᠤᠨ ᠲᠥᠷᠥᠯ ᠵᠦᠢᠯ  ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠤᠯᠬᠤ ᠪᠣᠯᠣᠨ ᠣᠷᠣᠨ ᠨᠤᠲᠤᠭ  ᠤᠨ ᠵᠠᠰᠠᠭ  ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠪᠠᠷ ᠪᠡᠯᠡ  ᠴᠤᠬᠯᠠᠭᠤᠯᠬᠤ ᠠᠵᠢᠯ ᠢ ᠢᠳᠡᠪᠬᠢᠳᠡᠢ ᠬᠢᠵᠤ ᠪᠠᠶᠢᠨ᠎ᠠ᠃ ᠡᠭᠦᠨ ᠤ ᠬᠠᠮᠲᠤ ᠡᠯ᠎ᠡ ᠭᠠᠵᠠᠷ ᠤᠨ ᠬᠢᠨ ᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠭᠤᠯᠤᠨ ᠬᠢᠯᠬᠡᠵᠤ᠂ ᠣᠯᠠᠨ ᠠᠷᠭ᠎ᠠ ᠪᠠᠷ ᠪᠡᠯᠡ ᠮᠥᠩᠭᠦ ᠴᠤᠭᠯᠠᠭᠤᠯᠤᠨ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠢᠵᠢ ᠪᠦᠷᠢᠳᠦᠭᠦᠯᠬᠦ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡ ᠳᠤ ᠨᠢ ᠬᠡᠷᠡᠭᠵᠢᠭᠦᠯᠦᠨ᠂ ᠡᠷᠲᠡ ᠡᠬᠢᠯᠡᠭᠦᠯᠵᠦ᠂ ᠡᠷᠲᠡ  ᠲᠠᠭᠤᠰᠬᠠᠨ᠂ ᠦᠷ᠎ᠡ ᠪᠦᠲᠦᠮᠵᠢ ᠣᠯᠬᠤ ᠪᠠᠷ ᠴᠢᠷᠮᠠᠶᠢᠵᠤ ᠪᠤᠢ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠠ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map