ᠤᠷᠠᠳ ᠤᠨ ᠲᠠᠯ᠎ᠠ ᠨᠤᠲᠤᠭ ᠤᠨ ︽ᠯᠧᠢ ᠹᠧᠩ︾ — ᠪᠤᠶᠠᠨᠳᠡᠯᠬᠡᠷ ᠪᠣᠯᠣᠨ ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠬᠢᠨ
ᠨᠡᠶᠢᠲᠡᠯᠡᠭᠰᠡᠨ ᠴᠠᠭ᠄
2023/3/9
    ︽ ᠨᠠᠮ᠎ᠠ ᠶᠢ ᠲᠢᠶᠠᠨᠬᠤᠸᠠᠷ ᠭᠡᠳᠡᠭ᠂ ᠮᠠᠨ ᠤ ᠡᠪᠡᠰᠤᠨ ᠤᠪᠤᠭᠠᠨ ᠳᠤ ᠭᠠᠯ ᠭᠠᠷᠴᠤ᠂ 4 ᠦᠬᠡᠷ ᠰᠢᠳᠠᠵᠤ ᠦᠬᠦᠬᠡᠳ ᠪᠤᠭᠤᠵᠢ ᠲᠠᠢ ᠡᠪᠡᠰᠤ ᠰᠢᠳᠠᠵᠤ ᠲᠠᠭᠤᠰᠪᠠ᠃ ᠡᠷ᠎ᠡ ᠨᠥᠬᠦᠷ ᠮᠠᠨᠢ ᠠᠭᠤᠰᠬᠢᠨ ᠤ ᠡᠪᠡᠳᠴᠢᠨ ᠤᠯᠤᠭᠠᠳ ᠬᠦᠨᠳᠦ ᠠᠵᠢᠯ ᠬᠢᠵᠦ ᠲᠡᠶᠢᠯᠬᠦ ᠦᠬᠡᠢ ᠶᠢᠨ ᠲᠡᠬᠡᠷ᠎ᠡ᠂ ᠭᠠᠯ ᠤᠨ ᠠᠶᠤᠯ ᠠᠴᠠ ᠪᠤᠯᠤᠭᠠᠳ ᠠᠶᠢᠯ ᠪᠦᠯᠢ ᠰᠦᠢᠳᠦᠭᠳᠡᠵᠤ ᠬᠦᠢᠴᠡᠭᠰᠡᠨ ᠳᠤ ᠪᠢ ᠠᠮᠢᠳᠤᠷᠠᠬᠤ ᠲᠤᠷ᠎ᠠ ᠦᠬᠡᠢ ᠪᠤᠯᠪᠠ︾ ᠭᠡᠵᠦ ᠬᠡᠯᠡᠵᠤ ᠪᠠᠶᠢᠯ᠎ᠠ᠃ ᠤᠷᠠᠳ ᠤᠨ ᠬᠤᠶᠢᠲᠤ ᠬᠤᠰᠢᠭᠤᠨ ᠤ ᠴᠤᠬᠠᠦ᠋ᠨᠳᠤᠷ ᠪᠠᠯᠭᠠᠰᠤᠨ ᠤ  ᠪᠤᠶᠠᠨᠳᠡᠯᠬᠡᠷ ᠨᠢᠬᠡ ᠡᠳᠤᠷ ᠴᠤᠬᠠᠦ᠋ᠨᠳᠤᠷ ᠪᠠᠯᠭᠠᠰᠤᠨ ᠤ ᠬᠠᠷᠠᠴᠢᠯᠠᠭᠤ ᠭᠠᠴᠠᠭᠠᠨ ᠤ ᠲᠢᠶᠠᠨᠬᠤᠸᠠᠷ ᠤᠨ ᠲᠤᠰᠠᠯᠠᠮᠵᠢ ᠭᠤᠶᠤᠬᠤ ᠵᠠᠬᠢᠳᠠᠯ ᠢ ᠲᠤᠰᠴᠠᠢ᠃
W020230308360017953275.png
     ᠲᠠᠯ᠎ᠠ ᠨᠤᠲᠤᠭ ᠤᠨ ᠮᠤᠲ᠋ᠤᠷᠳᠤ ᠴᠠᠭᠳᠠᠭ᠎ᠠ ᠪᠤᠶᠠᠨᠳᠡᠯᠬᠡᠷ    ᠪᠤᠶᠠᠨᠳᠡᠯᠬᠡᠷ ᠪᠣᠯ ᠤᠷᠠᠳ ᠤᠨ ᠬᠤᠶᠢᠲᠤ ᠬᠤᠰᠢᠭᠤᠨ ᠤ ᠴᠠᠭᠳᠠᠭ᠎ᠠ ᠶᠤᠮ᠂ ᠪᠦᠭᠦ ᠤᠯᠤᠰ ᠤᠨ ᠲᠡᠷᠢᠭᠦᠨ ᠤ  ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠰᠠᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠢᠷᠠᠭᠤ ᠠᠯᠳᠠᠷ ᠢ ᠬᠦᠢᠷᠲᠠᠵᠤ ᠥᠩᠭᠡᠷᠡᠵᠡᠢ᠃ ︽ᠬᠠᠯᠠᠭᠤᠨ ᠰᠡᠳᠬᠢᠯ ᠲᠠᠢ᠂ ᠪᠤᠰᠤᠳ ᠢ ᠬᠠᠪᠰᠤᠷᠬᠤ ᠳᠤᠷᠠᠲᠠᠢ︾ ᠬᠡᠳᠡᠭ ᠪᠤᠯ ᠲᠤᠬᠠᠢ ᠶᠢᠨ ᠨᠤᠳᠤᠭ ᠤᠨ ᠬᠢᠨ ᠤ  ᠪᠤᠶᠠᠨᠳᠡᠯᠬᠡᠷ ᠲᠤ ᠥᠭᠭᠦᠭᠰᠡᠨ ᠦᠨᠡᠯᠡᠯᠲᠡ ᠪᠣᠯᠣᠨ᠎ᠠ᠃ ᠪᠤᠶᠠᠨᠳᠡᠯᠬᠡᠷ ᠡᠳᠦᠷ ᠪᠦᠷᠢ ᠮᠣᠲ᠋ᠣᠷ ᠤᠨᠤᠵᠤ ᠲᠠᠯ᠎ᠠ ᠨᠤᠲᠤᠭ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠢᠶᠠᠷ ᠰᠦᠯᠵᠢᠵᠤ᠂ ᠬᠠᠮᠢᠭ᠎ᠠ ᠬᠦᠴᠢᠷ ᠪᠡᠷᠬᠡᠰᠢᠶᠡᠯ ᠪᠠᠶᠢᠪᠠᠯ ᠲᠡᠨᠳᠡ ᠬᠠᠷᠠᠭᠳᠠᠳᠠᠭ ᠪᠦᠬᠡᠳ ᠥᠨᠥᠳᠥᠷ  ᠡᠬᠦᠨ ᠢ ᠨᠢ ᠬᠠᠪᠰᠤᠷᠳᠠᠯ᠎ᠠ ᠮᠠᠷᠭᠠᠰᠢ ᠨᠦᠬᠦᠬᠡ ᠶᠢ ᠨᠢ ᠬᠠᠪᠰᠤᠷᠳᠠᠭ ᠠᠴᠠ ᠮᠣᠲ᠋ᠣᠷ ᠢᠶᠠᠷ ᠲᠠᠪᠬᠢᠭᠤᠯᠤᠨ ᠠᠷᠠᠳ ᠤᠨ ᠬᠦᠴᠢᠷ ᠵᠣᠪᠠᠯᠠᠩ ᠢ ᠰᠢᠢᠳᠪᠦᠷᠢᠯᠡᠵᠦ ᠥᠭᠲᠡᠭ  ᠪᠤᠶᠠᠨᠳᠡᠯᠬᠡᠷ ᠢ ᠬᠦᠮᠤᠰ ︽ᠮᠤᠲ᠋ᠤᠷᠳᠤ ᠴᠠᠭᠳᠠᠭ᠎ᠠ︾ ᠭᠡᠵᠦ ᠳᠠᠭᠤᠳᠠᠳᠠᠭ ᠪᠤᠯᠪᠠ᠃  ᠪᠤᠶᠠᠨᠳᠡᠯᠬᠡᠷ ᠤᠨ ᠪᠤᠶᠠᠨᠰᠠᠭ ᠦᠢᠯᠨ ᠶᠢ ᠬᠠᠷᠠᠬᠰᠠᠨ ᠪᠤᠯᠭᠠᠨ  ᠪᠠᠭ᠋ᠠᠳᠤᠨ ᠪᠢᠰᠢᠷᠡᠬᠦ ᠳᠤ ᠪᠠᠨ ︽ᠳᠠᠭᠠᠭᠤᠯᠤᠭᠴᠢ︾ ᠶᠢ ᠳᠠᠭᠠᠵᠤ ᠯᠧᠢ ᠹᠧᠩ ᠠᠴᠠ ᠰᠤᠷᠤᠯᠴᠠᠵᠤ ᠰᠠᠶᠢᠨ ᠶᠠᠪᠤᠳᠠᠯ ᠬᠢᠬᠦ ᠰᠠᠨᠠᠭ᠎ᠠ ᠤᠷᠤᠵᠠᠭᠠᠪᠠ᠃ ᠡᠶᠢᠨ ᠬᠦ ᠪᠤᠶᠠᠨᠳᠡᠯᠬᠡᠷ ᠤᠨ ᠨᠦᠯᠤᠬᠡᠯᠡᠯ ᠲᠠᠭᠠᠭᠤᠯᠭ᠎ᠠ ᠪᠠᠷ ᠨᠡᠩ ᠤᠯᠠᠨ ᠬᠦᠮᠦᠰ ᠰᠠᠶᠢᠨ ᠲᠤᠷ᠎ᠠ ᠶᠢᠨ ᠦᠢᠯᠡᠴᠢᠯᠡᠬᠡᠨ ᠤ ᠵᠠᠮ  ᠢᠶᠠᠷ ᠵᠠᠮᠨᠠᠬᠰᠠᠨ ᠪᠦᠬᠡᠳ ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠢ ᠪᠠᠶᠢᠭᠤᠯᠤᠭᠰᠠᠨ ᠪᠠᠶᠢᠨ᠎ᠠ᠃ ᠨᠡᠶᠢᠭᠡᠮᠯᠢᠭ ᠤᠨ ᠭᠡᠰᠢᠭᠦᠳ ᠤᠨ ᠳᠣᠲᠣᠷ᠎ᠠ ᠶᠡᠭᠡ ᠰᠤᠷᠭᠠᠭᠤᠯᠢ  ᠶᠢᠨ ᠰᠤᠷᠤᠯᠭ᠎ᠠ ᠪᠠᠨ ᠲᠡᠬᠦᠰᠬᠡᠬᠡᠳ ᠬᠠᠷᠢᠵᠤ ᠢᠷᠡᠭᠰᠡᠨ ᠤᠶᠤᠳᠠᠨ᠂ ᠪᠠᠭᠰᠢ᠂ ᠡᠮᠴᠢ᠂ ᠠᠯᠪᠠᠨ ᠠᠵᠢᠯᠳᠠᠳ ᠪᠤᠯᠤᠨ ᠲᠡᠳᠬᠦᠪᠤᠷᠢ ᠳᠤ ᠭᠠᠷᠤᠬᠰᠠᠨ ᠺᠠᠳ᠋ᠷ ᠠᠵᠢᠯᠲᠠᠨ ᠠᠵᠢᠯᠴᠢᠨ ᠪᠤᠢ ᠪᠤᠯᠪᠠᠴᠤ᠂ ᠨᠤᠳᠤᠭ ᠤᠰᠤᠨ ᠤ ᠮᠠᠯᠴᠢᠳ ᠨᠡᠩ ᠤᠯᠠᠨ ᠶᠤᠮ᠃ ᠲᠡᠳᠡᠨ ᠤ  ᠰᠡᠳᠬᠢᠯ ᠢ ᠪᠦᠯᠢᠶᠡᠴᠡᠬᠦᠯᠦᠭᠰᠡᠨ ᠨᠠᠨᠳᠢᠨ ᠲᠤᠰᠠᠯᠠᠮᠵᠢ ᠨᠤᠭᠤᠳ ᠯᠧᠢ ᠹᠧᠩ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ ᠂ ᠴᠠᠭ ᠦᠶ᠎ᠡ ᠶᠢᠨ ᠰᠢᠨ᠎ᠡ ᠰᠤᠷᠲᠠᠯ ᠢ ᠪᠤᠶ ᠪᠤᠯᠭᠠᠨ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃
W020230308360018153532.png
     ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠬᠢᠨ ᠮᠠᠯᠴᠢᠳ ᠤᠨ ᠡᠪᠡᠰᠦ ᠪᠣᠷᠳᠤᠭ᠎ᠠ  ᠶᠢ ᠵᠥᠭᠡᠭᠡᠪᠦᠷᠢᠯᠡᠵᠦ ᠦᠭᠴᠤ ᠪᠠᠶᠢᠭ᠎ᠠ ᠨᠢ    ᠲᠢᠶᠠᠨᠬᠤᠸᠠᠷ ᠬᠠᠪᠰᠤᠷᠤᠯᠭ᠎ᠠ ᠭᠤᠶᠤᠬᠰᠠᠨ ᠵᠠᠬᠢᠳᠠᠯ ᠢ ᠣᠯᠣᠭᠰᠠᠨ ᠤ ᠲᠠᠷᠠᠭ᠎ᠠ᠂ ᠪᠠᠴᠢᠮᠳᠠᠨ ᠰᠠᠨᠳᠤᠷᠤᠭᠰᠠᠨ ᠪᠤᠶᠠᠨᠳᠡᠯᠬᠡᠷ ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠸᠢᠴᠠᠲ ᠢᠶᠠᠷ ᠲᠡᠷᠡ ᠳᠠᠷᠤᠢ ᠳᠤ  ᠨᠢ ᠨᠡᠶᠢᠭᠡᠮ ᠤᠨ ᠡᠯ᠎ᠡ ᠡᠲᠡᠭᠡᠳ ᠲᠤ ᠵᠣᠭᠤᠰ ᠮᠦᠡᠭᠭᠦ ᠬᠠᠨᠳᠢᠪᠯᠠᠭᠤᠯᠬᠤ ᠰᠠᠨᠠᠭᠠᠴᠢᠯᠠᠭ᠎ᠠ ᠭᠠᠷᠭᠠᠵᠤ᠂ ᠨᠡᠶᠢᠭᠡᠮᠯᠢᠭ ᠤᠨ ᠭᠡᠰᠢᠭᠦᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠤᠶᠠᠨᠰᠠᠭ ᠬᠥᠮᠥᠰ ᠤᠨ ᠬᠦᠴᠦᠲᠡᠢ ᠳᠡᠮᠵᠢᠯᠭᠡ ᠪᠠᠷ ᠬᠤᠶᠠᠷ ᠬᠤᠨᠤᠭ ᠪᠤᠯᠤᠭ᠎ᠠ ᠦᠬᠡᠢ ᠪᠠᠷ 6400 ᠲᠥᠭᠦᠷᠢᠭ ᠤᠨ ᠬᠠᠨᠳᠢᠪ ᠴᠤᠭᠯᠠᠭᠤᠯᠵᠤ᠂ ᠲᠢᠶᠠᠨᠬᠤᠸᠠᠷ ᠤᠨ ᠨᠢᠳᠤᠨ ᠡᠮᠦᠨᠡᠬᠢ ᠬᠦᠴᠢᠷᠳᠡᠯ ᠢ ᠨᠢ ᠰᠢᠢᠳᠪᠤᠷᠢᠯᠡᠭᠰᠡᠨ ᠪᠠᠶᠢᠯ᠎ᠠ᠃      2022 ᠣᠨ ᠤ 12 ᠳ᠋ᠤᠭᠠᠷ ᠰᠠᠷ᠎ᠠ ᠶᠢᠨ 13  ᠤ ᠡᠳᠦᠷ᠂ ᠭᠠᠨᠰᠤ ᠨᠤᠲᠤᠭ ᠲᠠᠢ ᠬᠥᠯᠥᠰᠦᠨ ᠠᠵᠢᠯᠴᠢᠨ ᠵᠠᠩ ᡁᠢ ᠴᠧᠩ ᠨᠢᠭᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠠᠵᠢᠯᠯᠠᠵᠤ ᠪᠠᠶᠢᠬᠤ ᠳᠤ ᠪᠠᠨ ᠰᠠᠨᠠᠮᠰᠠᠷ ᠦᠭᠡᠢ ᠲᠣᠯᠣᠭᠠᠢ ᠪᠠᠨ ᠰᠢᠷᠬᠠᠲᠤᠭᠤᠯᠤᠭᠠᠳ ᠮᠡᠳᠡᠭᠡ ᠠᠯᠳᠠᠵᠠᠢ᠃ ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠭᠡᠰᠢᠭᠦᠨ᠂ ᠰᠢᠷᠠᠨᠠᠭᠤᠷ ᠭᠠᠴᠠᠭ᠎ᠠ ᠶᠢᠨ  ᠬᠦᠳᠡᠷ 120 ᠲᠦᠷᠭᠡᠨ ᠠᠪᠤᠷᠠᠯᠳᠠ ᠶᠢᠨ ᠬᠢᠨ ᠲᠠᠢ ᠲᠡᠷᠤᠢ ᠬᠠᠷᠢᠯᠴᠠᠵᠤ᠂ ᠵᠠᠩ ᡁᠢ ᠴᠧᠩ ᠢ ᠬᠠᠮᠤᠭ ᠤᠨ ᠣᠶᠢᠷ᠎ᠠ ᠶᠢᠨ ᠡᠮᠨᠡᠯᠭᠡ ᠶᠢᠨ ᠬᠤᠷᠢᠶ᠎ᠠ ᠳᠤ ᠬᠦᠷᠭᠡᠭᠰᠡᠨ ᠤ ᠲᠠᠷᠠᠭ᠎ᠠ ᠲᠠᠬᠢᠨᠳᠠ ᠦᠬᠡᠷ᠎ᠡ ᠡᠮᠨᠡᠯᠭᠡ  ᠳᠤ ᠰᠢᠯᠵᠢᠬᠦᠯᠤᠨ ᠲᠠᠷᠢᠬᠢᠨ ᠤ ᠮᠡᠰᠡ ᠵᠠᠰᠠᠯ ᠬᠢᠯᠬᠡᠬᠦ ᠴᠢᠬᠤᠯᠨ ᠲᠠᠢ ᠪᠤᠯᠤᠬᠰᠠᠨ ᠪᠠᠶᠢᠳᠠᠯ ᠲᠤᠤᠷ᠎ᠠ ᠮᠡᠰᠡ ᠵᠠᠰᠠᠯ ᠤᠨ ᠵᠠᠷᠤᠳᠠᠯ ᠪᠣᠯᠣᠨ ᠰᠡᠭᠦᠯᠴᠢ ᠶᠢᠨ ᠬᠤᠭᠤᠴᠠᠭᠠᠨ ᠤ ᠵᠠᠷᠤᠳᠠᠯ ᠤᠨ ᠡᠮᠦᠨ᠎ᠡ᠂ ᠠᠮᠢᠳᠤᠷᠠᠯ ᠨᠢ ᠬᠦᠴᠢᠷᠲᠡᠢ ᠵᠠᠩ ᡁᠢ ᠴᠧᠩ ᠭᠠᠷ ᠨᠤᠬᠤᠯᠤᠨ ᠭᠠᠴᠢᠬᠳᠠᠭᠠᠳ᠂ ᠡᠮᠨᠡᠯᠬᠡ ᠠᠴᠠ ᠶᠠᠪᠤᠵᠤ ᠬᠤᠪᠢ ᠵᠠᠶᠠᠭ᠎ᠠ ᠪᠠᠨ ᠬᠦᠯᠢᠶᠡᠬᠦ ᠪᠤᠳᠤᠯ ᠤᠷᠤᠵᠤ ᠦᠡᠭᠭᠡᠷᠡᠭᠰᠡᠨ ᠪᠠᠶᠢᠯ᠎ᠠ᠃ 2023 ᠣᠨ ᠤ 1 ᠳ᠋ᠤᠬᠡᠷ ᠰᠠᠷ᠎ᠠ ᠶᠢᠨ 11 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠤᠬᠠᠦ᠋ᠨᠳᠤᠷ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ ᠱᠦᠵᠢ᠂  ᠲᠤᠮᠢᠯᠠᠬᠰᠠᠨ ᠰᠠᠯᠪᠤᠷᠢ  ᠶᠢᠨ ᠳᠠᠷᠤᠭ᠎ᠠ ᠬᠤ᠋ ᠭᠦᠸᠧ ᠴᠢᠩ ᠴᠠᠭᠳᠠᠭ᠎ᠠ ᠪᠣᠯᠣᠨ ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠬᠡᠨ ᠤ ᠨᠡᠶᠢᠬᠡᠮᠯᠢᠭ ᠤᠨ ᠰᠠᠶᠢᠨ ᠲᠤᠷᠠᠴᠤᠤᠯ ᠢ ᠳᠠᠭᠠᠭᠤᠯᠤᠨ ᠵᠠᠩ ᡁᠢ ᠴᠧᠩ ᠢ ᠪᠣᠯᠭᠤᠭᠠᠨ ᠦᠵᠡᠪᠡ᠃ ᠴᠤᠬᠠᠦ᠋ᠨᠳᠤᠷ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠢᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠪᠣᠯᠣᠨ ᠨᠠᠮ ᠤᠨ ᠭᠡᠰᠢᠭᠦᠨ ᠰᠠᠶᠢᠨ  ᠲᠤᠷᠠᠴᠤᠤᠯ ᠢ ᠵᠣᠬᠢᠶᠠᠨ ᠪᠠᠶᠢᠭᠤᠯᠤᠨ ᠵᠠᠩ ᡁᠢ ᠴᠧᠩ ᠳᠤ ᠬᠠᠨᠳᠢᠪ ᠡᠷᠬᠦᠵᠤ᠂ ᠰᠡᠬᠦᠯᠴᠢ ᠶᠢᠨ ᠬᠤᠭᠤᠴᠠᠭᠠᠨ ᠤ ᠡᠮᠴᠢᠯᠡᠬᠡᠨ ᠤ ᠵᠠᠷᠤᠳᠠᠯ ᠪᠤᠯᠤᠨ ᠬᠠᠷᠢᠬᠤ ᠵᠠᠷᠤᠳᠠᠯ ᠢ ᠪᠡᠯᠡᠳᠴᠤ ᠦᠭᠭᠦᠭᠰᠡᠨ ᠢᠶᠠᠷ ᠪᠠᠷᠠᠬᠤ ᠦᠬᠡᠢ ᠂ ᠡᠷᠤᠬᠡ ᠠᠮᠨ ᠪᠠᠨ ᠬᠡᠭᠡᠭᠰᠡᠨ ᠬᠡᠷᠡᠴᠢ ᠪᠢᠴᠢᠵᠤ ᠦᠭᠭᠦᠬᠡᠳ ᠬᠡᠷ ᠲᠤ ᠪᠠᠨ ᠬᠠᠷᠢᠬᠤ ᠶᠢ ᠨᠢ ᠲᠤᠰᠠᠯᠠᠬᠰᠠᠨ ᠶᠤᠮ᠃
W020230308360018172299.png
     ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠬᠢᠨ ᠶᠠᠳᠠᠭᠤ ᠬᠦᠴᠢᠷᠳᠡᠯᠲᠡᠢ ᠤᠯᠠᠨ ᠲᠦᠮᠡᠨ ᠢ  ᠬᠠᠪᠰᠤᠷᠠᠤ ᠪᠠᠶᠢᠭ᠎ᠠ ᠨᠢ     ︽ᠪᠤᠶᠠᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠬᠢᠨ  ᠲᠤᠰᠠᠯᠠᠵᠤ ᠲᠡᠮᠵᠢᠭᠰᠡᠨ ᠡᠶᠢᠮᠤᠷᠬᠦᠤ   ᠵᠢᠱᠢᠶ᠎ᠡ ᠶᠢ ᠲᠤᠭᠠᠴᠢᠭᠠᠳ ᠪᠠᠷᠠᠰᠢ ᠦᠬᠡᠢ᠃    ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ︽ᠪᠤᠶᠠᠨ︾ ᠰᠠᠶᠢᠨ ᠲᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠬᠢᠨ 2022 ᠣᠨ ᠤ ᠰᠡᠭᠦᠯᠴᠢ ᠪᠣᠯᠲᠠᠯ᠎ᠠ  200 ᠭᠠᠷᠤᠢ ᠬᠡᠰᠢᠬᠦᠨ ᠲᠠᠢ ᠪᠣᠯᠵᠤ᠂ 3752 ᠤᠳᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠢ ᠤᠯᠠᠨ ᠲᠦᠮᠡᠨ ᠳᠤ 13 ᠲᠦᠮᠡ ᠭᠠᠷᠤᠢ ᠲᠥᠭᠦᠷᠢᠭ ᠬᠠᠨᠳᠢᠪᠯᠠᠬᠤ ᠶᠢᠨ ᠬᠠᠮᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠲᠠᠢ ᠬᠠᠮᠵᠢᠯᠴᠠᠨ ᠠᠮᠤᠷ ᠢ ᠬᠠᠮᠠᠭᠠᠯᠠᠵᠤ ᠴᠠᠭᠳᠠᠬᠤ᠂ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠨᠢᠬᠦᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠦᠢᠯᠡᠳᠦᠯ ᠦᠵᠡᠭᠦᠯᠵᠦ ᠪᠠᠶᠢᠨ᠎ᠠ᠃ ᠣᠨᠴᠠ ᠢᠷᠠᠭᠤ ᠠᠯᠳᠠᠷ ᠢ ᠤᠯᠠᠨᠳᠠ ᠭᠥᠷᠳᠡᠭᠰᠡᠨ ᠲᠠᠯ᠎ᠠ ᠨᠤᠲᠤᠭ ᠤᠨ ᠮᠤᠲ᠋ᠤᠷᠳᠤ ᠴᠠᠭᠳᠠᠭ᠎ᠠ ᠪᠤᠶᠠᠨᠳᠡᠯᠬᠡᠷ ᠮᠣᠲ᠋ᠣᠷ ᠤᠨᠤᠭᠠᠳ ᠭᠤᠪᠢ ᠨᠤᠲᠤᠭ ᠢᠶᠠᠷ  ᠲᠠᠪᠬᠢᠭᠤᠯᠤᠨ᠂ ︽ᠨᠠᠮ ᠢᠶᠠᠨ ᠬᠠᠶᠢᠷᠠᠯᠠᠵᠤ᠂ ᠠᠷᠠᠳ ᠢᠶᠠᠨ ᠬᠠᠶᠢᠷᠠᠯᠠᠵᠤ᠂ ᠨᠤᠲᠤᠭ ᠤᠰᠤ ᠪᠠᠨ ᠬᠠᠶᠢᠷᠠᠯᠠᠬᠤ︾ ᠠᠨᠳᠠᠭᠠᠢ ᠪᠠᠨ ᠦᠢᠯᠡᠳᠦᠯᠭᠡᠵᠢᠭᠦᠯᠦᠭᠰᠡᠭᠡᠷ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map