ᠲᠥᠪ ᠤᠨ ᠡᠳ᠋ ᠤᠨ ᠵᠠᠰᠠᠭ ᠠᠴᠠ ᠦᠨᠤ ᠵᠢᠯ ᠮᠠᠨ ᠤ ᠤᠷᠤᠨ ᠳᠤ ᠬᠦᠴᠢᠷᠳᠡᠯᠲᠡᠢ ᠣᠯᠠᠨ ᠲᠦᠮᠡᠨ ᠢ ᠲᠤᠰᠠᠯᠠᠮᠵᠢ ᠶᠢᠨ ᠨᠥᠬᠦᠪᠦᠷᠢ ᠶᠢ 55.07 ᠳ᠋ᠦᠩᠰᠢᠭᠤᠷ ᠲᠥᠭᠦᠷᠢᠭ ᠪᠠᠭᠤᠯᠭᠠᠵᠤ 160 ᠭᠠᠷᠤᠢ ᠲᠦᠮᠡᠨ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2023/5/15
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠷᠴᠢᠮ ᠳᠤ ᠲᠥᠪ ᠤᠨ ᠡᠳ᠋ ᠤᠨ ᠵᠠᠰᠠᠭ ᠤᠨ ᠬᠦᠴᠢᠷᠳᠡᠯᠲᠡᠢ ᠣᠯᠠᠨ ᠲᠦᠮᠡᠨ ᠢ  ᠲᠤᠰᠠᠯᠠᠮᠵᠢ ᠶᠢᠨ ᠨᠥᠬᠦᠪᠦᠷᠢ 7.99 ᠳ᠋ᠦᠩᠰᠢᠭᠤᠷ ᠲᠥᠭᠦᠷᠢᠭ ᠢ ᠬᠤᠷᠢᠶᠠᠨ ᠤᠯᠤᠬᠰᠠᠨ ᠢᠶᠠᠷ ᠨᠢᠬᠡᠨᠳᠡ ᠪᠠᠭᠤᠯᠭᠠᠭᠰᠠᠨ 47.08 ᠳ᠋ᠦᠩᠰᠢᠭᠤᠷ ᠲᠥᠭᠦᠷᠢᠭ ᠢ ᠨᠡᠮᠡᠪᠡᠯ᠂ 2023 ᠣᠨ ᠳᠤ ᠲᠥᠪ ᠤᠨ ᠡᠳ᠋ ᠤᠨ ᠵᠠᠰᠠᠭ ᠠᠴᠠ ᠪᠠᠭᠤᠯᠭᠠᠬᠰᠠᠨ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ 55.07 ᠳ᠋ᠦᠩᠰᠢᠭᠤᠷ ᠲᠥᠭᠦᠷᠢᠭ ᠬᠦᠷᠴᠤ᠂ 2022 ᠣᠨ ᠤ ᠬᠢ ᠠᠴᠠ 2.75 ᠳ᠋ᠦᠩᠰᠢᠭᠤᠷ ᠲᠥᠭᠦᠷᠢᠭ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 5.25% ᠳᠤ ᠬᠦᠷᠴᠡᠢ᠃ 2021 ᠣᠨ ᠤ ᠬᠢ ᠠᠴᠠ 8.13 ᠳ᠋ᠦᠩᠰᠢᠭᠤᠷ ᠲᠥᠭᠦᠷᠢᠭ ᠨᠡᠮᠡᠭᠳᠡᠵᠦ᠂ 17.3% ᠨᠡᠮᠡᠭᠳᠡᠪᠡ᠃    ᠲᠥᠪ ᠤᠨ ᠡᠳ᠋ ᠤᠨ ᠵᠠᠰᠠᠭ ᠠᠴᠠ ᠢᠯᠡᠭᠦᠦ ᠨᠥᠬᠦᠪᠦᠷᠢᠯᠡᠭᠰᠡᠨ ᠤ ᠬᠠᠮᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢᠭᠲᠠ ᠬᠠᠮᠵᠢᠯᠴᠠᠨ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠨ ᠠᠷᠭ᠎ᠠ ᠪᠠᠷ ᠠᠳᠬᠤᠵᠤ᠂ ᠪᠡᠯᠡ ᠮᠥᠩᠭᠦ ᠶᠢ ︽ᠰᠠᠶᠢᠲᠤᠷ ᠬᠡᠷᠡᠭᠯᠡᠬᠦ︾ ᠶᠢ ᠦᠨᠡᠨ ᠬᠦ ᠪᠠᠲᠤᠯᠠᠪᠠ᠃ ᠲᠥᠰᠥᠪ ᠤᠨ ᠭᠦᠢᠴᠡᠳᠬᠡᠯ ᠳᠤ ᠬᠢᠨᠠᠯᠲᠠ ᠲᠠᠯᠪᠢᠬᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠯ᠎ᠡ ᠠᠶᠢᠮᠠᠭ ᠬᠤᠲᠠ ᠳᠤ ᠴᠠᠭ ᠲᠤᠬᠠᠢ ᠳᠤ ᠨᠢ ᠮᠡᠳᠡᠭᠡ ᠵᠠᠩᠭᠢ ᠪᠠᠭᠤᠯᠭᠠᠵᠤ᠂ ᠲᠠᠷᠤᠶᠢᠬᠠᠨ ᠰᠡᠷᠡᠮᠵᠢᠯᠡᠭᠦᠯᠬᠦ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠪᠠᠷ ᠳᠠᠮᠵᠢᠭᠤᠯᠤᠨ ᠪᠡᠯᠡ ᠮᠥᠩᠭᠦ ︽ᠬᠤᠷᠤᠬᠳᠠᠬᠤ︾ ᠠᠴᠠ ᠴᠢᠷᠮᠠᠶᠢᠨ ᠰᠡᠷᠭᠡᠶᠢᠯᠡᠵᠦ᠂ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠥᠬᠦ ᠲᠠᠯ᠎ᠠ ᠪᠠᠷ  ᠲᠡᠭᠡᠭᠰᠢᠯᠡᠬᠦᠯᠪᠡ᠃ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ︽ᠬᠦᠴᠢᠷᠳᠡᠯᠲᠡᠢ ᠣᠯᠠᠨ ᠲᠦᠮᠡᠨ ᠤ  ᠲᠤᠰᠠᠯᠠᠮᠵᠢ  ᠶᠢᠨ ᠪᠡᠯᠡ ᠮᠥᠩᠭᠦ︾ ᠶᠢᠨ ᠲᠥᠷᠥᠯ ᠵᠦᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠷᠳᠣ ᠬᠤᠭᠤᠴᠠᠭ᠎ᠠ ᠪᠠᠷ ᠬᠠᠮᠲᠤᠷᠠᠨ ᠬᠢᠨᠠᠨ ᠬᠠᠮᠢᠶᠠᠷᠬᠤ ᠵᠦᠢᠯᠡᠰ ᠲᠤ ᠵᠢᠬᠰᠠᠭᠠᠵᠤ᠂ ᠪᠥᠬᠦ ᠣᠷᠣᠨ ᠤ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠪᠡᠯᠡ ᠮᠥᠩᠭᠦ ᠶᠢᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠰᠬᠠᠢ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢᠨ ︽ᠵᠠᠩᠭᠢᠯᠠᠭ᠎ᠠ︾ ᠶᠢ ᠠᠳᠬᠤᠪᠠ᠃      ᠪᠡᠯᠡ ᠮᠥᠩᠭᠦ ᠶᠢ ︽ᠲᠦᠷᠭᠡᠨ ᠪᠥᠭᠡᠳ ᠰᠢᠭᠤᠳ ᠬᠦᠷᠭᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ︾ ᠬᠡᠷᠡᠭᠯᠡᠭᠡᠨ ᠤ ᠵᠠᠷᠴᠢᠮ ᠶᠣᠰᠣᠭᠠᠷ᠂ ᠮᠠᠨ ᠤ ᠣᠷᠣᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠳᠤ ᠪᠠᠨ ᠪᠡᠯᠡ ᠮᠥᠩᠭᠦ ᠶᠢᠨ ᠵᠠᠷᠤᠯᠭ᠎ᠠ ᠶᠢᠨ ᠴᠠᠬᠴᠢ ᠴᠢᠨᠠᠷ ᠢ ᠭᠤᠣᠯᠳᠠᠯᠭ᠎ᠠ ᠲᠠᠢ ᠠᠩᠬᠠᠷᠴᠤ᠂ ᠡᠳ᠋ ᠤᠨ ᠵᠠᠰᠠᠭ ᠤᠨ ᠪᠡᠯᠡ ᠮᠥᠩᠭᠦ ᠶᠢ ︽ᠲᠦᠷᠭᠡᠨ︾ ᠲᠠᠷᠬᠠᠭᠠᠬᠤ ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ ᠤ ᠬᠠᠷᠮᠠᠨ ︽  ᠲᠦᠬᠦᠷᠡᠩ︾᠂ ᠵᠣᠯ ᠵᠢᠷᠭᠠᠯᠲᠤ ᠲᠥᠷᠥᠭᠳᠡᠯ ᠢ ︽ᠢᠯᠡᠭᠦᠦ︾ ᠪᠠᠶᠢᠯᠭᠠᠬᠤ ᠪᠠᠷ ᠴᠢᠷᠮᠠᠶᠢᠪᠠ᠃      ᠮᠠᠨ ᠤ ᠣᠷᠣᠨ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠤᠯᠠᠨ ᠠᠷᠭ᠎ᠠ ᠪᠠᠷ ᠪᠠᠲᠤ ᠰᠠᠬᠢᠵᠤ᠂ 2023 ᠣᠨ ᠤ ᠲᠤᠰᠠᠯᠠᠮᠵᠢ ᠶᠢᠨ ᠨᠥᠬᠦᠪᠦᠷᠢ ᠪᠠᠷ ᠮᠠᠨ ᠤ ᠣᠷᠣᠨ ᠤ 160 ᠭᠠᠷᠤᠢ ᠲᠦᠮᠡᠨ ᠬᠦᠴᠢᠷᠳᠡᠯᠲᠡᠢ ᠤᠯᠠᠨ ᠲᠦᠮᠡᠨ ᠳᠤ ᠠᠰᠢᠭ ᠬᠦᠷᠳᠡᠬᠡᠪᠡ᠃ ᠡᠭᠦᠨ ᠳᠤ ᠨᠢᠭᠡ ᠬᠤᠶᠠᠳᠤᠭᠠᠷ ᠳᠡᠰ ᠤᠨ  ᠨᠤᠴᠢᠳᠠᠢ ᠵᠡᠮᠳᠡᠭᠴᠤᠤᠯ 30 ᠭᠠᠷᠤᠢ ᠲᠦᠮᠡ ᠂  80 ᠨᠠᠰᠤᠨ ᠠᠴᠠ ᠳᠡᠭᠡᠭᠰᠢᠬᠢ ᠦᠳᠡᠬᠦᠰ 16 ᠲᠦᠮᠡ᠂ ᠬᠤᠲᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠥᠨ 10 ᠲᠦᠮᠨ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ 6000 ᠭᠠᠷᠤᠢ ᠬᠡᠦᠬᠡᠳ ᠢ ᠪᠠᠭᠳᠠᠨ᠎ᠠ᠃ 
 
ᠢᠷᠡᠯᠲᠡ᠄ ​ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map