ᠦᠬᠠᠢ ᠬᠤᠲᠠ ᠶᠢᠨ ᠬᠢᠨ ᠲᠦᠷᠦᠭᠦᠸ ᠬᠤᠶᠠᠷ ᠤᠯᠠᠷᠢᠯ ᠳᠤ 4400 ᠭᠠᠷᠤᠢ ᠲᠦᠮᠡᠨ ᠲᠥᠭᠦᠷᠢᠭ ᠲᠤᠰᠠᠯᠠᠮᠵᠢ ᠶᠢᠨ ᠮᠦᠡᠭᠭᠦ ᠶᠢ ᠪᠦᠬᠦᠨ ᠢ  ᠲᠠᠷᠬᠠᠭᠠᠪᠠ
ᠨᠡᠶᠢᠲᠡᠯᠡᠭᠰᠡᠨ ᠴᠠᠭ᠄
2023/7/12
    ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠤ ᠵᠢᠯ ︽ᠬᠦᠴᠢᠷᠳᠡᠯ ᠳᠤ ᠤᠴᠠᠷᠠᠬᠰᠠᠳ ᠲᠤ ᠦᠢᠯᠡᠴᠢᠯᠡᠬᠦ᠂ ᠨᠠᠰᠤᠳᠠᠶᠢᠴᠤᠳ ᠲᠤ ᠦᠢᠯᠡᠴᠢᠯᠡᠬᠦ᠂ ᠬᠡᠤᠬᠡᠳ ᠲᠤ ᠦᠢᠯᠡᠴᠢᠯᠡᠬᠦ᠂ ᠵᠡᠮᠳᠡᠭᠴᠦᠳ ᠲᠤ ᠦᠢᠯᠡᠴᠢᠯᠡᠬᠦ︾ ᠪᠠᠷ  ᠭᠤᠤᠯᠳᠠᠯᠭ᠎ᠠ ᠪᠤᠯᠭᠠᠨ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ  ᠴᠢᠷᠮᠠᠶᠢᠨ ᠪᠠᠲᠤᠯᠠᠵᠤ᠂ ᠲᠦᠷᠦᠭᠦᠦ ᠬᠤᠶᠠᠷ ᠤᠯᠠᠷᠢᠯ ᠳᠤ ᠬᠦᠴᠢᠷᠳᠡᠯᠲᠡᠢ ᠤᠯᠠᠨ ᠲᠦᠮᠡᠨ ᠤ ᠡᠯ᠎ᠡ ᠲᠦᠷᠦᠯ ᠤᠨ ᠲᠤᠰᠠᠯᠠᠵᠤ ᠠᠰᠠᠷᠠᠨ ᠲᠡᠵᠢᠭᠡᠬᠦ ᠪᠡᠯᠡ ᠮᠥᠩᠭᠦ ᠶᠢ 4000 ᠭᠠᠷᠤᠢ ᠲᠦᠮᠡᠨ ᠲᠥᠭᠦᠷᠢᠭ ᠢ ᠪᠦᠷᠢᠨ ᠪᠦᠳᠤᠨ ᠢᠶᠠᠷ ᠨᠢ ᠴᠠᠭ ᠲᠤᠬᠠᠢ ᠳᠤ ᠨᠢ ᠥᠭᠴᠦ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠬᠤ ᠶᠢ ᠪᠡᠶᠡᠯᠡᠭᠦᠯᠵᠡᠢ᠃    ᠲᠦᠷᠦᠭᠦᠸ ᠬᠤᠶᠠᠷ ᠤᠯᠠᠷᠢᠯ ᠳᠤ ᠨᠡᠶᠢᠲᠡ 7353 ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠴᠢ᠂ ᠣᠨᠴᠠ ᠬᠦᠴᠢᠷᠳᠡᠯᠲᠡᠢ ᠬᠥᠮᠥᠰ ᠪᠠ ᠲᠦᠷ ᠴᠠᠭ ᠤᠨ ᠬᠦᠴᠢᠷᠳᠡᠯᠲᠡᠢ ᠭᠡᠷ ᠪᠦᠯᠢ ᠳᠤ ᠨᠡᠶᠢᠲᠡ 3258.79 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠭᠰᠠᠨ ᠪᠠᠶᠢᠨ᠎ᠠ᠃ ᠡᠭᠦᠨ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠴᠢ 4397 ᠡᠷᠦᠬᠡ 6576 ᠬᠥᠮᠥᠨ ᠳᠤ 2745.01 ᠲᠦᠮᠡᠨ ᠲᠥᠭᠦᠷᠢᠭ ᠣᠯᠭᠤᠪᠠ᠃ 346 ᠡᠷᠦᠬᠡ ᠶᠢᠨ 348 ᠠᠰᠠᠷᠠᠨ ᠲᠡᠵᠢᠭᠡᠭᠰᠡᠳ  ᠲᠤ 393.37 ᠲᠦᠮᠡᠨ ᠲᠥᠭᠦᠷᠢᠭ ᠲᠠᠷᠬᠠᠭᠠᠪᠠ᠃ 429 ᠬᠥᠮᠥᠨ ᠢ ᠲᠦᠷ ᠲᠤᠰᠠᠯᠠᠵᠤ᠂ 120.41 ᠲᠦᠮᠡᠨ ᠲᠥᠭᠦᠷᠢᠭ ᠲᠠᠷᠬᠠᠭᠠᠪᠠ᠃    ᠶᠠᠳᠠᠭᠤ ᠬᠦᠴᠢᠷᠳᠡᠯᠲᠡᠢ ᠥᠨᠥᠴᠢᠨ ᠬᠡᠦᠬᠡᠳ ᠤᠨ ᠦᠨᠳᠦᠰᠦᠨ ᠪᠠᠲᠤᠯᠠᠭ᠎ᠠ ᠶᠢ  ᠴᠢᠩᠭᠠᠳᠬᠠᠪᠠ᠃ 2023 ᠣᠨ ᠤ 1 ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠨ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ 10% ᠪᠠᠷ ᠳᠡᠭᠡᠭᠰᠢᠯᠡᠭᠦᠯᠪᠡ᠃ ᠣᠳᠣᠬᠠᠨ ᠳᠤ᠂ ᠪᠥᠬᠦ ᠬᠤᠲᠠ ᠶᠢᠨ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠨᠢ ᠬᠥᠮᠥᠨ ᠪᠦᠷᠢ ᠳᠤ ᠰᠠᠷ᠎ᠠ ᠳᠤ 2310᠂ 1980 ᠲᠥᠭᠦᠷᠢᠭ ᠪᠠᠶᠢᠵᠤ᠂ ᠲᠦᠷᠦᠭᠦᠸ ᠬᠤᠶᠠᠷ ᠤᠯᠠᠷᠢᠯ ᠳᠤ 12 ᠥᠨᠥᠴᠢᠨ ᠬᠡᠦᠬᠡᠳ ᠲᠤ ᠨᠡᠶᠢᠲᠡ 16.63 ᠲᠦᠮᠡᠨ ᠲᠥᠭᠦᠷᠢᠭ ᠤᠨ ᠦᠨᠳᠦᠰᠦᠨ ᠠᠮᠢᠳᠤᠷᠠᠯ ᠤᠨ ᠨᠥᠬᠦᠪᠦᠷᠢ ᠣᠯᠭᠤᠵᠤ᠂ 15 ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ ᠲᠤ 19.26 ᠲᠦᠮᠡᠨ ᠲᠥᠭᠦᠷᠢᠭ ᠤᠨ ᠦᠨᠳᠦᠰᠦᠨ ᠠᠮᠢᠳᠤᠷᠠᠯ ᠤᠨ ᠨᠥᠬᠦᠪᠦᠷᠢ ᠣᠯᠭᠤᠪᠠ᠃ ᠪᠤᠳᠠᠳᠠᠢ ᠠᠰᠠᠷᠠᠨ ᠲᠡᠵᠢᠭᠡᠬᠦ ᠬᠥᠮᠥᠨ ᠦᠭᠡᠢ 36 ᠬᠡᠦᠬᠡᠳ ᠲᠤ ᠦᠨᠳᠦᠰᠦᠨ ᠠᠮᠢᠳᠤᠷᠠᠯ ᠤᠨ ᠨᠥᠬᠦᠪᠦᠷᠢ 36.39 ᠲᠦᠮᠡᠨ ᠲᠥᠭᠦᠷᠢᠭ ᠣᠯᠭᠤᠪᠠ᠃ ᠣᠳᠣᠬᠠᠨ ᠳᠤ 18 ᠨᠠᠰᠤᠨ ᠠᠴᠠ ᠳᠡᠭᠡᠭᠰᠢᠬᠢ ᠰᠤᠷᠭᠠᠭᠤᠯᠢ ᠳᠤ ᠪᠠᠶᠢᠭ᠎ᠠ ᠥᠨᠥᠴᠢᠨ ᠬᠡᠦᠬᠡᠳ 10 ᠪᠠᠶᠢᠵᠤ᠂ ᠨᠢᠭᠡᠳᠦᠭᠡᠷ᠂ ᠬᠤᠶᠠᠳᠤᠭᠠᠷ ᠤᠯᠠᠷᠢᠯ ᠳᠤ ︽ᠬᠦᠰᠡᠯ ᠢ ᠨᠢ ᠲᠡᠷᠭᠡᠯᠰᠢᠭᠦᠯᠬᠦ︾ ᠥᠨᠥᠴᠢᠨ ᠬᠡᠦᠬᠡᠳ ᠤᠨ ᠰᠤᠷᠤᠯᠭ᠎ᠠ ᠶᠢᠨ ᠲᠡᠳᠬᠦᠮᠵᠢ ᠶᠢᠨ ᠢᠨᠵᠧᠨᠧᠷᠢᠩ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠨᠡᠶᠢᠲᠡ 5 ᠲᠦᠮᠡᠨ ᠲᠥᠭᠦᠷᠢᠭ ᠲᠠᠷᠬᠠᠭᠠᠵᠠᠢ᠃    ᠵᠡᠮᠳᠡᠭᠴᠦᠳ ᠤᠨ ᠦᠨᠳᠦᠰᠦᠨ ᠪᠠᠲᠤᠯᠠᠭ᠎ᠠ ᠶᠢᠨ ᠠᠵᠢᠯ ᠢ ᠴᠢᠩᠭᠠᠳᠬᠠᠨ᠂ 4917 ᠵᠡᠮᠳᠡᠭᠴᠦᠳ ᠲᠤ ︽ᠬᠤᠶᠠᠷ ᠨᠥᠬᠦᠪᠦᠷᠢ︾ 369.9 ᠲᠦᠮᠡᠨ ᠲᠥᠭᠦᠷᠢᠭ ᠣᠯᠭᠤᠵᠤ᠂ ᠡᠭᠦᠨ ᠳᠤ 2693 ᠬᠥᠮᠥᠨ ᠳᠤ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ 162.6 ᠲᠦᠮᠡᠨ ᠲᠥᠭᠦᠷᠢᠭ ᠣᠯᠭᠤᠵᠤ᠂ 3399 ᠬᠥᠮᠥᠨ ᠳᠤ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ 207.3 ᠲᠦᠮᠡᠨ ᠲᠥᠭᠦᠷᠢᠭ ᠣᠯᠭᠤᠪᠠ᠃    ᠦᠳᠡᠬᠦᠰ ᠤᠨ ᠨᠦᠬᠦᠪᠤᠷᠢ ᠶᠢ ᠴᠠᠭ ᠲᠤᠬᠠᠢ ᠲᠤᠭ᠎ᠠ ᠶᠣᠰᠣᠭᠠᠷ ᠨᠢ ᠤᠯᠭᠤᠪᠠ᠃ ᠠᠮᠢᠳᠤᠷᠠᠯ ᠨᠢ ᠬᠦᠴᠢᠷᠳᠡᠯᠳᠡᠢ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ 6.12 ᠲᠦᠮᠡᠨ ᠲᠦᠬᠦᠷᠢᠭ ᠲᠠᠷᠬᠠᠭᠠᠪᠠ᠃ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠦᠳᠡᠬᠦᠰ ᠤᠨ ᠨᠦᠬᠦᠪᠤᠷᠢ 732.36 ᠲᠦᠮᠡᠨ ᠲᠥᠭᠦᠷᠢᠭ ᠣᠯᠭᠤᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map