︽ᠨᠢᠭᠡ ᠪᠦᠰᠡ ᠨᠢᠭᠡ ᠵᠠᠮ︾  ᠢ ᠬᠠᠮᠳᠤ ᠪᠠᠷ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠴᠠ ᠨᠠᠭᠠᠰᠢᠬᠢ 10 ᠵᠢᠯ ᠳᠤ ᠥᠪᠥᠷ ᠮᠣᠩᠭᠤᠯ ᠤᠨ ᠵᠠᠮ ᠳᠠᠭᠠᠤ ᠶᠢᠨ ᠤᠯᠤᠰ ᠤᠳ ᠯᠤᠭ᠎ᠠ ᠶᠢᠨ ᠠᠷᠠᠯᠵᠢᠶᠠᠨ ᠤ ᠥᠷᠲᠡᠭ 6902.1 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2023/8/21
   ᠦᠨᠤ ᠵᠢᠯ ᠪᠣᠯ ︽ᠨᠢᠭᠡ ᠪᠦᠰᠡ ᠨᠢᠭᠡ ᠵᠠᠮ︾  ᠢ  ᠬᠠᠮᠳᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠤᠢ ᠪᠣᠯᠣᠨ᠎ᠠ᠃ ᠬᠥᠬᠡᠬᠤᠲᠠ ᠶᠢᠨ ᠪᠣᠭᠤᠮᠲᠠ ᠶᠢᠨ ᠬᠢᠨ ᠤ ᠪᠦᠷᠢᠳᠬᠡᠯ ᠢ ᠦᠨᠳᠦᠰᠦᠯᠡᠪᠡᠯ᠂ 2013 ᠣᠨ ᠠᠴᠠ 2023 ᠣᠨ ᠤ 6 ᠰᠠᠷ᠎ᠠ ᠪᠣᠯᠲᠠᠯ᠎ᠠ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠦᠷᠳᠡᠭ 6902.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ ᠤᠨ 62.9%  ᠢ ᠡᠵᠡᠯᠡᠪᠡ᠃ ᠡᠭᠦᠨ ᠤ ᠳᠣᠲᠣᠷ᠎ᠠ ᠭᠠᠳᠠᠭᠠᠳᠤ ᠳᠤ ᠭᠠᠷᠭᠠᠭᠰᠠᠨ ᠨᠢ 2341.8 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠴᠠ ᠣᠷᠣᠭᠤᠯᠤᠭᠰᠠᠨ ᠨᠢ 45603 ᠳ᠋ᠦᠩᠰᠢᠭᠤᠷ ᠲᠥᠭᠦᠷᠢᠭ ᠲᠤ ᠬᠦᠷᠴᠡᠢ᠃   10 ᠵᠢᠯ ᠤᠨ ᠬᠤᠭᠤᠴᠠᠭᠠᠨ ᠳᠤ ᠥᠪᠥᠷ ᠮᠣᠩᠭᠤᠯ ︽ᠨᠢᠭᠡ ᠪᠦᠰᠡ ᠨᠢᠭᠡ ᠵᠠᠮ︾  ᠢ ᠬᠠᠮᠳᠤ ᠪᠠᠷ ᠪᠠᠶᠢᠭᠤᠯᠬᠤ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠠᠵᠤ ᠠᠬᠤᠢ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠠᠶᠢᠵᠢ ᠶᠢᠨ ᠬᠦᠷᠢᠶ᠎ᠡ︾ ᠲᠠᠰᠤᠷᠠᠯᠳᠡ ᠦᠭᠡᠢ ᠥᠷᠭᠡᠳᠴᠦ᠂ ᠨᠢᠭᠡᠨᠲᠡ ᠵᠠᠮ ᠳᠠᠭᠠᠤ ᠶᠢᠨ 64 ᠤᠯᠤᠰ ᠲᠠᠢ ᠠᠷᠠᠯᠵᠢᠶᠠᠨ ᠤ ᠶᠠᠪᠤᠯᠴᠠᠭ᠎ᠠ ᠲᠠᠢ ᠪᠣᠯᠵᠠᠢ᠃ ᠡᠭᠦᠨ ᠳᠤ ᠮᠣᠩᠭᠤᠯ ᠤᠯᠤᠰ ᠲᠤ  ᠬᠢ ᠭᠠᠳᠠᠭᠠᠳᠤ ᠣᠷᠣᠭᠤᠯᠤᠯᠲᠠ ᠭᠠᠷᠭᠠᠯᠲᠠ 3162.8 ᠳ᠋ᠦᠩᠰᠢᠭᠤᠷ ᠲᠥᠭᠦᠷᠢᠭ ᠲᠤ ᠬᠦᠷᠴᠦ᠂ 15% ᠪᠠᠷ ᠨᠡᠮᠡᠭᠳᠡᠪᠡ᠃ ᠣᠷᠣᠰ ᠲᠤ ᠬᠢ ᠭᠠᠳᠠᠭᠠᠳᠤ ᠣᠷᠣᠭᠤᠯᠤᠯᠲᠠ ᠭᠠᠷᠭᠠᠯᠲᠠ 1995.8 ᠳ᠋ᠦᠩᠰᠢᠭᠤᠷ ᠲᠥᠭᠦᠷᠢᠭ ᠲᠤ ᠬᠦᠷᠴᠦ᠂ 5.1% ᠪᠠᠷ ᠨᠡᠮᠡᠭᠳᠡᠨ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ ᠤᠯᠤᠰ ᠤᠳ ᠲᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ᠤᠨ 74.7% ᠶᠢ ᠡᠵᠡᠯᠡᠪᠡ᠃ ᠠᠳᠠᠯᠢ ᠬᠤᠭᠤᠴᠠᠭᠠᠨ ᠳᠤ ᠳᠤᠮᠳᠠᠳᠤ ᠠᠽᠢᠶ᠎ᠠ ᠶᠢᠨ ᠦᠽᠪᠧᠺᠰᠲ᠋ᠠᠨ᠂ ᠺᠠᠽᠠᠭᠰᠲ᠋ᠠᠨ᠂ ᠲᠦᠷᠺᠮᠧᠨ᠋ᠰᠲ᠋ᠠᠨ᠂ ᠳᠤᠮᠳᠠᠳᠤ ᠳᠣᠷᠣᠨᠠᠲᠤ ᠶᠢᠨ ᠰᠠᠦ᠋ᠳ᠋ ᠠᠷᠠᠪ᠂ ᠢᠷᠠᠺ᠂ ᠲᠦᠷᠺ ᠪᠠ ᠵᠡᠭᠦᠨ ᠡᠮᠦᠨᠡᠲᠦ ᠠᠽᠢᠶ᠎ᠠ ᠶᠢᠨ ᠮᠠᠯᠠᠶᠢᠰᠢᠶ᠎ᠠ᠂ ᠢᠨᠳᠤᠨᠧᠰᠢᠶ᠎ᠠ ᠵᠡᠷᠭᠡ ᠤᠯᠤᠰ ᠯᠤᠭ᠎ᠠ ᠶᠢᠨ ᠭᠠᠳᠠᠭᠠᠳᠤ ᠠᠷᠠᠯᠵᠢᠶ᠎ᠠ ᠦᠳᠲᠡᠷ ᠲᠦᠷᠭᠡᠨ ᠨᠡᠮᠡᠭᠳᠡᠪᠡ᠃   ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠪᠦᠲᠦᠴᠡ ᠠᠴᠠ ᠦᠵᠡᠪᠡᠯ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠤ ᠭᠠᠷᠭᠠᠭᠰᠠᠨ ᠮᠠᠰᠢᠨ ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ᠂ ᠪᠣᠯᠣᠳ ᠮᠠᠲ᠋ᠧᠷᠢᠶᠠᠯ ᠲᠣᠰ ᠲᠣᠰ 516 ᠳ᠋ᠦᠩᠰᠢᠭᠤᠷ᠂ 406 ᠳ᠋ᠦᠩᠰᠢᠭᠤᠷ ᠪᠠ 376.9 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠲᠤ ᠭᠠᠷᠭᠠᠭᠰᠠᠨ ᠭᠠᠳᠠᠭᠠᠳᠤ ᠳᠤ ᠭᠠᠷᠭᠠᠭᠰᠠᠨ ᠥᠷᠲᠡᠭ ᠤᠨ 55.5% ᠶᠢ ᠡᠵᠡᠯᠡᠪᠡ᠃ ᠡᠭᠦᠨ ᠳᠤ  ᠲᠠᠷᠢᠶᠠᠯᠠᠩ ᠤᠨ ᠪᠦᠲᠦᠭᠡᠭᠳᠡᠬᠦᠨ ᠢ ᠭᠤᠣᠯᠳᠠᠭᠤ ᠳᠤᠮᠳᠠᠳᠤ ᠳᠣᠷᠣᠨᠠᠲᠤ ᠶᠢᠨ ᠤᠯᠤᠰ ᠤᠳ ᠲᠤ ᠭᠠᠷᠭᠠᠵᠤ᠂ ᠪᠣᠯᠣᠳ ᠮᠠᠲ᠋ᠧᠷᠢᠶᠠᠯ ᠨᠢ ᠴᠢᠨᠠᠷ ᠰᠠᠶᠢᠨ ᠦᠨ᠎ᠡ ᠬᠢᠮᠳᠠ ᠪᠠᠶᠢᠬᠤ ᠳᠠᠪᠠᠭᠤᠯᠢᠭ ᠢᠶᠠᠷ ᠢᠶᠠᠨ ᠵᠡᠭᠦᠨ ᠡᠮᠦᠨᠡᠲᠦ ᠠᠽᠢᠶ᠎ᠠ ᠳᠤ ᠥᠷᠭᠡᠨ ᠳᠡᠯᠭᠡᠷ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ  ᠲᠠᠢ ᠪᠠᠶᠢᠳᠠᠭ᠃ ᠡᠬᠢ ᠪᠠᠶᠠᠯᠢᠭ ᠤᠨ ᠬᠡᠯᠪᠡᠷᠢ ᠶᠢᠨ ᠲᠠᠸᠠᠷ ᠢ ᠭᠠᠳᠠᠭᠠᠳᠤ ᠠᠴᠠ ᠣᠷᠣᠭᠤᠯᠬᠤ ᠪᠠᠷ ᠭᠤᠣᠯ ᠪᠣᠯᠭᠠᠵᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠠᠴᠠ 1529.7 ᠳ᠋ᠦᠩᠰᠢᠭᠤᠷ ᠲᠥᠭᠦᠷᠢᠭ ᠤᠨ ᠲᠡᠮᠦᠷᠯᠢᠭ ᠤᠨ ᠡᠷᠦᠳᠡᠰᠦ ᠶᠢ ᠭᠠᠳᠠᠭᠠᠳᠤ ᠠᠴᠠ ᠣᠷᠣᠭᠤᠯᠵᠤ᠂ 11.9% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 1458.9 ᠳ᠋ᠦᠩᠰᠢᠭᠤᠷ ᠲᠥᠭᠦᠷᠢᠭ ᠲᠤ ᠬᠦᠷᠴᠤ᠂ 27.2%  ᠢᠶᠠᠷ ᠨᠡᠮᠡᠭᠳᠡᠪᠡ᠃ ᠲᠦᠭᠦᠬᠡᠢ ᠴᠢᠯᠠᠭᠤᠨ ᠲᠣᠰᠣ ᠶᠢ 101.7 ᠳ᠋ᠦᠩᠰᠢᠭᠤᠷ ᠲᠥᠭᠦᠷᠢᠭ ᠲᠤ ᠬᠦᠷᠴᠤ᠂ 13.7% ᠪᠠᠷ  ᠨᠡᠮᠡᠭᠳᠡᠭᠰᠡᠨ ᠠᠴᠠ ᠭᠠᠳᠠᠨ᠎ᠠ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ 28.6 ᠳ᠋ᠦᠩᠰᠢᠭᠤᠷ ᠲᠥᠭᠦᠷᠢᠭ ᠲᠤ ᠬᠦᠷᠴᠤ᠂ 16% ᠪᠠᠷ  ᠨᠡᠮᠡᠭᠳᠡᠵᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map