ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠤᠰᠠᠯᠠᠮᠵᠢ ᠶᠢᠨ ᠮᠥᠩᠭᠦ ᠶᠢ ᠲᠠᠷᠬᠠᠭᠠᠬᠤ ᠠᠵᠢᠯ ᠢ ᠰᠠᠶᠢᠲᠤᠷ ᠬᠢᠵᠦ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/8/21
   ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠦᠨᠤ ᠵᠢᠯ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠣᠭᠲᠠᠴᠠ ᠶᠢ ᠤᠯᠠᠮ ᠪᠦᠷᠢᠨᠰᠢᠭᠦᠯᠵᠦ᠂  ᠲᠤᠰᠠᠯᠠᠮᠵᠢ ᠬᠦᠷᠳᠡᠭᠰᠡᠳ ᠢ ᠨᠠᠷᠢᠯᠢᠭ ᠣᠨᠣᠴᠠᠲᠠᠢ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠬᠥᠮᠥᠰ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠲᠤᠰᠠᠯᠠᠮᠵᠢ ᠶᠢᠨ ᠪᠠᠲᠤᠯᠠᠭ᠎ᠠ ᠳᠤ ᠴᠠᠭ ᠲᠤᠬᠠᠢ ᠳᠤ ᠨᠢ ᠣᠷᠣᠭᠤᠯᠪᠠ᠃ ᠲᠦᠷ ᠴᠠᠭ ᠤᠨ  ᠲᠤᠰᠠᠯᠠᠮᠵᠢ ᠶᠢᠨ ᠡᠷᠴᠢᠮ ᠢ ᠴᠢᠩᠭᠠᠷᠠᠭᠤᠯᠵᠤ᠂ ᠭᠡᠨᠡᠳᠲᠡ ᠶᠢᠨ᠂ ᠲᠤᠯᠭᠠᠮ᠂ ᠲᠦᠷ ᠴᠠᠭ ᠤᠨ ᠠᠮᠢᠳᠤᠷᠠᠯ ᠤᠨ ᠬᠦᠴᠢᠷᠳᠡᠯ ᠳᠤ  ᠲᠤᠯᠭᠠᠷᠠᠬᠰᠠᠳ ᠲᠤ ᠲᠦᠷ ᠴᠠᠭ ᠤᠨ ᠲᠤᠰᠠᠯᠠᠮᠵᠢ ᠬᠦᠷᠳᠡᠬᠡᠪᠡ᠃  ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠮᠥᠩᠭᠦ ᠣᠯᠭᠤᠬᠤ ᠠᠵᠢᠯ ᠳᠤ ᠴᠠᠭ ᠲᠤᠬᠠᠢ  ᠳᠤ ᠨᠢ ᠬᠢᠨᠠᠯᠲᠠ ᠲᠠᠯᠪᠢᠬᠤ ᠶᠢ ᠢᠳᠡᠪᠬᠢᠲᠡᠢ ᠪᠦᠲᠦᠮᠵᠢᠲᠡᠶ ᠠᠷᠭ᠎ᠠ ᠪᠠᠷ ᠴᠢᠩᠭᠠᠳᠬᠠᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠤᠨ᠂  ᠲᠤᠰᠠᠯᠠᠮᠵᠢ ᠶᠢᠨ ᠮᠥᠩᠭᠦ ᠶᠢ ᠴᠠᠭ ᠲᠤᠬᠠᠢ ᠳᠤ ᠨᠢ᠂ ᠲᠤᠭ᠎ᠠ ᠶᠣᠰᠣᠭᠠᠷ ᠂ ᠣᠨᠣᠪᠴᠢᠲᠠᠶ ᠣᠯᠭᠤᠬᠤ ᠶᠢ  ᠪᠠᠳᠤᠯᠠᠯ᠎ᠠ᠃   2023 ᠣᠨ ᠤ 1 ︱ 7 ᠳ᠋ᠤᠭᠠᠷ ᠰᠠᠷ᠎ᠠ ᠳᠤ ᠪᠥᠬᠦ ᠣᠷᠣᠨ ᠳᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠦᠷᠳᠡᠭᠴᠢ 152.24 ᠲᠦᠮᠡᠨ ᠬᠥᠮᠥᠨ ᠪᠠᠲᠤᠯᠠᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠶᠢ 43.20 ᠳ᠋ᠦᠩᠰᠢᠭᠤᠷ ᠲᠥᠭᠦᠷᠢᠭ ᠲᠠᠷᠬᠠᠭᠠᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map