ᠪᠤᠭᠤᠲᠤ ᠬᠤᠲᠠ ᠶᠢᠨ ᠬᠢᠨ 2024 ᠣᠨ ᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠬᠢᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/3/11
     ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ 2024 ᠣᠨ ᠤ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ ᠶᠢᠨ ᠬᠢᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠪᠡ᠃ ᠪᠣᠯᠪᠠᠰᠤᠷᠠᠯ ᠳᠤ ᠣᠨᠣᠯ ᠤᠨ ᠵᠠᠳᠠᠯᠤᠯᠲᠠ ᠪᠠ ᠦᠢᠯᠡᠳᠦᠯᠭᠡ ᠶᠢᠨ ᠳᠠᠭᠤᠷᠢᠶᠠᠯ ᠢ ᠤᠶᠠᠯᠳᠤᠭᠤᠯᠵᠤ᠂ ᠭᠤᠣᠯᠳᠠᠭᠤ ᠨᠡᠶᠢᠭᠡᠮ ᠤᠨ ᠠᠵᠢᠯ ᠤᠨ ᠪᠠᠷᠢᠮᠵᠢᠶᠠᠵᠢᠭᠤᠯᠤᠯᠲᠠ ᠶᠢᠨ ᠬᠦᠰᠦᠨᠦᠭᠲᠦ ᠲᠠᠬᠯᠠᠬᠤ ᠵᠡᠷᠭᠡ ᠨᠡᠶᠢᠭᠡᠮ ᠤᠨ ᠠᠵᠢᠯ ᠤᠨ ᠡᠳᠦᠷ ᠲᠤᠲᠤᠮ ᠤᠨ ᠪᠣᠳᠠᠲᠤ ᠠᠵᠢᠯ ᠤᠨ ᠲᠣᠭᠤᠷᠢᠨ ᠳᠤ ᠪᠤᠯᠪᠠᠰᠤᠷᠠᠭᠤᠯᠵᠤ᠂ ᠨᠡᠶᠢᠭᠡᠮ ᠤᠨ ᠠᠵᠢᠯ ᠤᠨ ᠬᠠᠮᠢᠶᠠᠷᠤᠯᠲᠠ ᠶᠢᠨ ᠠᠵᠢᠯᠲᠠᠨ ᠪᠠ ᠥᠷᠲᠡᠭᠡᠨ ᠳᠤ ᠰᠠᠭᠤᠭ᠎ᠠ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠲᠦᠪᠰᠢᠨ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
      ᠲᠤᠰᠬᠠᠢ ᠮᠡᠷᠭᠡᠵᠢᠯᠲᠡᠨ ︽ᠡᠶ᠎ᠡ ᠵᠣᠬᠢᠴᠠᠯ ᠲᠠᠢ ᠭᠡᠷ ᠣᠷᠣᠨ — ᠨᠡᠶᠢᠭᠡᠮ ᠲᠣᠭᠤᠷᠢᠭ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ︾ ︽ᠪᠠᠶᠠᠷ ᠬᠦᠷ ᠲᠠᠢ ᠬᠤᠷᠢᠶᠠᠯᠠᠯ — ᠵᠡᠮᠳᠡᠭ ᠬᠥᠮᠥᠰ ᠬᠡᠷ ᠠᠴᠠ ᠪᠠᠨ ᠭᠠᠷᠴᠤ ᠨᠡᠶᠢᠭᠡᠮ ᠲᠣᠭᠤᠷᠢᠭ ᠲᠤ ᠪᠠᠨ ᠵᠣᠬᠢᠴᠠᠬᠤ︾ ᠭᠡᠬᠦ ᠬᠤᠶᠠᠷ ᠭᠤᠣᠯ ᠰᠡᠳᠦᠪᠲᠦ ᠬᠡᠷᠡᠭ ᠤᠨ ᠵᠢᠱᠢᠶ᠎ᠡ ᠶᠢᠨ ᠲᠣᠭᠤᠷᠢᠨ ᠳᠤ ᠵᠠᠳᠠᠯᠤᠯᠲᠠ  ᠬᠢᠪᠡ᠃
W020240308601430581267.png
        ᠲᠣᠰ ᠪᠣᠯᠪᠠᠰᠤᠷᠠᠯ ᠳᠤ 29 ᠨᠡᠶᠢᠭᠡᠮ ᠤᠨ ᠠᠵᠢᠯ ᠤᠨ ᠥᠷᠲᠡᠭᠡᠨ ᠤ 38 ᠨᠡᠶᠢᠭᠡᠮ ᠤᠨ ᠠᠵᠢᠯᠲᠠᠨ ᠣᠷᠣᠯᠴᠠᠵᠠᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map