ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷᠯᠢᠭ | ᠬᠥᠭᠵᠢᠯᠲᠡ ᠶᠢ ᠠᠬᠢᠭᠤᠯᠵᠤ᠂ ᠰᠦ ᠮᠢᠬ᠎ᠠ ᠨᠣᠯᠤᠤᠷ ᠤᠨ ᠠᠵᠤ ᠦᠢᠯᠡᠰ ᠤᠨ ᠪᠣᠬᠢᠷᠲᠤᠯ ᠥᠬᠡᠶ ᠡᠷᠡᠭᠦᠯ | ᠬᠦᠭᠵᠢᠯᠳᠡ ᠶᠢ ᠪᠠᠳᠤᠯᠠᠵᠤ᠂ ᠮᠠᠨ ᠤ ᠤᠷᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠤᠨ ᠬᠢᠨ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠨᠠᠷᠢᠨ ᠲᠠᠩᠰᠠ︾ ︵︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠭᠡᠵᠦ ᠲᠤᠪᠴᠢᠯᠠᠶ᠎ᠠ︶ ᠶᠢ ᠳᠠᠷᠤᠮᠠᠯᠯᠠᠨ | ᠲᠠᠷᠬᠠᠭᠠᠪᠠ᠃ | ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠳᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ | ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ᠂ ᠡᠭᠦᠯᠳᠡᠷ ᠪᠣᠶᠢᠵᠢᠭᠤᠯᠬᠤ ᠶᠢ ᠰᠤᠳᠤᠯᠤᠨ ᠨᠡᠭᠡᠭᠡᠬᠦ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ᠂ ᠡᠪᠡᠰᠦ ᠪᠣᠷᠳᠤᠭ᠎ᠠ ᠶᠢᠨ | ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠳᠡᠮᠵᠢᠬᠦ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ | ᠵᠡᠷᠭᠡ ᠲᠠᠯ᠎ᠠ ᠪᠠᠷ 11 ᠵᠦᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠪᠠ᠃ ᠡᠪᠡᠰᠦᠨ ᠤ ᠦᠷ᠎ᠡ ᠡᠳ᠋ ᠤᠨ ᠡᠬᠢ | ᠪᠠᠶᠠᠯᠢᠭ ᠢ ᠴᠤᠭᠯᠠᠭᠤᠯᠬᠤ ᠪᠠ ᠬᠢᠨᠠᠨ ᠲᠣᠭᠲᠠᠭᠠᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠵᠢᠯ ᠪᠦᠷᠢ ᠶᠢᠨ | ᠴᠤᠭᠯᠠᠭᠤᠯᠤᠭᠰᠠᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ 2000 ᠬᠤᠪᠢ ᠠᠴᠠ ᠳᠤᠲᠠᠭᠤ ᠦᠭᠡᠢ | ᠪᠠᠶᠢᠯᠭᠠᠵᠤ᠂ ᠬᠢᠨᠠᠨ ᠲᠣᠭᠲᠠᠭᠠᠵᠤ ᠦᠨᠡᠯᠡᠬᠦ ᠶᠢ 1000 ᠬᠤᠪᠢ ᠠᠴᠠ ᠳᠤᠲᠠᠭᠤ ᠦᠭᠡᠢ ᠪᠠᠶᠢᠯᠭᠠᠵᠤ᠂ ᠮᠠᠨ ᠤ | ᠣᠷᠣᠨ ᠳᠤ ᠪᠥᠬᠦ ᠤᠯᠤᠰ ᠤᠨ ᠲᠡᠷᠢᠭᠦᠨ ᠲᠠᠰ ᠤᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ | ᠪᠠᠶᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠪᠡᠰᠦᠨ ᠤ ᠦᠷ᠎ᠡ ᠶᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠡᠮᠵᠢᠵᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠨᠥᠬᠦᠪᠦᠷᠢᠯᠡᠬᠦ ᠠᠷᠭ᠎ᠠ ᠪᠠᠷ 300 ᠮᠤ᠋ | ᠠᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠲᠦᠪᠯᠡᠷᠡᠩᠭᠦᠢ ᠡᠪᠡᠰᠦᠨ ᠤ ᠦᠷ᠎ᠡ ᠶᠢᠨ ᠲᠠᠷᠢᠰᠢᠨ ᠭᠠᠵᠠᠷ ᠲᠤ ᠨᠢᠭᠡ | ᠯᠨ ᠤᠳᠠᠭ᠎ᠠ 500 ᠲᠥᠭᠦᠷᠢᠭ / ᠮᠤ᠋ ᠶᠢᠨ ᠨᠥᠬᠦᠪᠦᠷᠢ ᠥᠭᠴᠦ᠂ ᠬᠤᠶᠢᠰᠢᠳᠠ ᠦᠷᠭᠦᠯᠵᠢᠯᠡᠨ | ᠦᠢᠯᠡᠳᠪᠦᠷᠢᠯᠡᠬᠦ ᠶᠢᠨ ᠬᠠᠮᠲᠤ ᠵᠣᠬᠢᠬᠤ ᠤᠨᠠᠯᠲᠠ ᠶᠢᠨ ᠬᠡᠮᠵᠢᠶ᠎ᠡ ᠳᠤ ᠬᠥᠷᠥᠭᠰᠡᠨ ᠪᠣᠯ ᠵᠢᠯ ᠪᠦᠷᠢ 200 ᠲᠥᠭᠦᠷᠢᠭ | / ᠮᠤ᠋ ᠶᠢᠨ ᠪᠠᠲᠤᠳᠬᠠᠨ ᠳᠡᠭᠡᠭᠰᠢᠯᠡᠭᠦᠯᠬᠦ ᠨᠥᠬᠦᠪᠦᠷᠢ ᠣᠯᠭᠤᠨ᠎ᠠ᠃ ᠡᠪᠡᠰᠦ ᠪᠣᠷᠳᠤᠭ᠎ᠠ ᠳᠠᠷᠢᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠪᠡᠯᠴᠢᠬᠡᠷ ᠡᠪᠡᠰᠦ ᠶᠢ ᠬᠥᠮᠥᠨ ᠤ ᠬᠦᠴᠦ ᠪᠠᠷ ᠳᠠᠷᠢᠬᠤ ᠶᠢ ᠳᠡᠮᠵᠢᠵᠦ᠂ | ᠬᠠᠷᠢᠴᠠᠩᠭᠤᠢ ᠪᠠᠷ ᠲᠦᠪᠯᠡᠷᠡᠭᠰᠡᠨ ᠪᠥᠭᠡᠳ ᠪᠠᠷᠢᠮᠵᠢᠶᠠᠵᠢᠭᠤᠯᠤᠨ ᠳᠠᠷᠢᠭᠰᠠᠨ 200 ᠮᠦ ᠠᠴᠠ ᠳᠡᠭᠡᠭᠰᠢᠬᠢ | ᠪᠡᠯᠴᠢᠬᠡᠷ ᠡᠪᠡᠰᠦ ᠶᠢ ᠬᠥᠮᠥᠨ ᠤ ᠬᠦᠴᠦ ᠪᠠᠷ ᠳᠠᠷᠢᠬᠤ ᠳᠤ ᠮᠦ ᠪᠦᠷᠢ ᠳᠤ ᠭᠤᠷᠪᠠᠨ ᠵᠢᠯ ᠬᠤᠪᠢᠶᠠᠨ 1000 | ᠲᠥᠭᠦᠷᠢᠭ ᠤᠨ ᠨᠥᠬᠦᠪᠦᠷᠢ ᠣᠯᠭᠤᠨ᠎ᠠ᠃ ᠲᠡᠵᠢᠭᠡᠯ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ ᠳᠠᠷᠢᠬᠤ ᠶᠢ | ᠳᠡᠮᠵᠢᠵᠦ᠂ ᠬᠠᠷᠢᠴᠠᠩᠭᠤᠢ ᠲᠦᠪᠯᠡᠷᠡᠭᠰᠡᠨ᠂ ᠪᠠᠷᠢᠮᠵᠢᠶᠠᠵᠢᠭᠤᠯᠤᠨ ᠳᠠᠷᠢᠭᠰᠠᠨ 300 ᠮᠦ ᠠᠴᠠ ᠳᠡᠭᠡᠭᠰᠢᠬᠢ | ᠲᠡᠵᠢᠭᠡᠯ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ ᠡᠪᠡᠰᠦᠨ ᠲᠠᠷᠢᠶᠠᠨ ᠳᠤ ᠨᠥᠬᠦᠪᠦᠷᠢ ᠥᠭᠴᠦ᠂ | ᠨᠥᠬᠦᠪᠦᠷᠢ ᠶᠢᠨ ᠪᠠᠷᠢᠮᠵᠢᠶ᠎ᠠ ᠨᠢ 100 ᠲᠥᠭᠦᠷᠢᠭ / ᠮᠦ ᠳᠤ ᠬᠦᠷᠴᠦ᠂ ᠡᠭᠦᠨ ᠳᠤ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 70% ᠶᠢᠨ ᠨᠥᠬᠦᠪᠦᠷᠢ ᠥᠭᠴᠦ᠂ ᠠᠶᠢᠮᠠᠭ ᠬᠤᠲᠠ ᠨᠢ | 30% ᠶᠢᠨ ᠢᠵᠢ ᠪᠦᠷᠢᠳᠦᠭᠦᠯᠦᠨ᠎ᠡ᠃ | | | | | | | |