ᠳᠤᠷᠠᠯᠠᠯ ᠤᠨ ᠮᠣᠳᠣ ᠶᠢ ᠲᠠᠷᠢᠵᠦ ︽ᠲᠦᠡᠭ ᠰᠢᠨ︾ ᠤᠢ ᠶᠢ ᠬᠠᠮᠳᠤ ᠪᠠᠷ ᠲᠠᠷᠢᠵᠤ ᠪᠠᠶᠢᠨ᠎ᠠ
ᠨᠡᠶᠢᠲᠡᠯᠡᠭᠰᠡᠨ ᠴᠠᠭ᠄
2024/5/17
   ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠬᠢᠨ ᠤᠷᠴᠢᠮ ᠳᠤ ︽ᠳᠤᠷᠠᠯᠠᠯ ᠤᠨ ᠮᠣᠳᠣ ᠳᠠᠷᠢᠵᠤ᠂ ᠰᠡᠳᠬᠢᠯ ᠨᠢᠬᠡᠳᠡᠢ ᠤᠢ ᠶᠢ ᠬᠠᠮᠳᠤ ᠪᠠᠷ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠮᠣᠳᠣ ᠳᠠᠷᠢᠬᠤ ᠠᠵᠢᠯᠯᠠᠭ᠎ᠠ ᠥᠷᠨᠢᠭᠦᠯᠵᠦ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠣᠶᠢᠯᠠᠭᠠᠭᠳᠠᠬᠤᠨ ᠢ ᠰᠠᠨᠠᠭᠠᠴᠢᠯᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠪᠦᠯᠬᠦᠮᠳᠡᠯ ᠬᠠᠮᠵᠢᠯᠴᠠᠭ᠎ᠠ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠤᠯᠠᠭᠠᠨ ᠬᠠᠳᠠ ᠠᠭᠤᠯᠠ ᠶᠢ ᠪᠦᠲᠦᠭᠡᠨ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃   ᠠᠵᠢᠯᠯᠠᠭ᠎ᠠ ᠶᠢᠨ ᠲᠤᠬᠠᠢ ᠶᠢᠨ ᠡᠳᠦᠷ  ᠨᠠᠷᠠᠨ ᠲᠤᠨᠤᠷᠠᠵᠤ᠂ ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠤᠯᠠᠭᠠᠨᠬᠠᠳᠠ ᠴᠡᠴᠡᠷᠯᠢᠭ ᠲᠤ ᠪᠠᠶᠠᠷ ᠬᠦᠷ ᠢᠶᠠᠷ ᠪᠢᠯᠬᠠᠨ᠎ᠠ᠃ ᠲᠠᠩᠬᠢᠮ ᠳᠤ ᠴᠤᠬᠯᠠᠷᠠᠬᠰᠠᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠮᠳᠠ ᠰᠢᠨ᠎ᠡ ᠬᠤᠷᠢᠮᠯᠠᠭᠰᠠᠨ ᠵᠠᠯᠠᠭᠤ  ᠬᠤᠤᠰ ᠪᠠᠶᠢᠬᠤ ᠪᠥᠭᠡᠳ ᠪᠠᠰᠠ ᠰᠠᠯᠬᠢ ᠪᠣᠷᠣᠭᠠᠨ ᠢ ᠬᠠᠮᠲᠤ ᠪᠠᠷ ᠥᠩᠭᠡᠷᠡᠭᠦᠯᠦᠭᠰᠡᠨ ᠨᠠᠰᠤᠲᠠᠨ ᠪᠠᠶᠢᠬᠤ ᠪᠥᠭᠡᠳ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠵᠠᠯᠠᠭᠤ   ᠲᠤᠷᠠᠴᠤᠤᠯ ᠴᠤ ᠪᠠᠶᠢᠨ᠎ᠠ᠃ ᠤᠯᠠᠨ ᠢᠶᠠᠷ ᠢᠶᠠᠨ ᠬᠠᠶᠢᠷ᠎ᠠ ᠳᠤᠷᠠᠯᠠᠯ ᠤᠨ ᠬᠦᠨᠳᠦᠳᠬᠡᠯ ᠪᠢᠰᠢᠷᠡᠯ᠂ ᠪᠠᠶᠢᠭᠠᠯᠢ ᠶᠢ ᠬᠠᠶᠢᠷᠠᠯᠠᠬᠤ ᠰᠡᠳᠬᠢᠯᠭᠡ ᠪᠣᠯᠣᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠡᠪᠦᠷᠯᠡᠵᠦ᠂ ᠡᠨᠡ ᠬᠦ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠮᠣᠳᠣ ᠲᠠᠷᠢᠬᠤ ᠠᠵᠢᠯᠯᠠᠭ᠎ᠠ ᠳᠤ ᠬᠠᠮᠳᠤ ᠪᠠᠷ ᠣᠷᠣᠯᠴᠠᠪᠠ᠃    ᠵᠠᠩ ᠹᠧᠩ ᠱᠠᠨ ᠨᠠᠰᠤᠳᠠᠨ᠄ ︽ᠬᠠᠭᠠᠰ ᠵᠠᠭᠤᠨ ᠤ ᠲᠤᠷᠰᠢ ᠬᠠᠷᠢᠯᠴᠠᠨ ᠲᠦᠰᠢᠯᠴᠡᠵᠦ᠂ ᠭᠠᠷ ᠭᠠᠷ ᠢᠶᠠᠨ ᠬᠤᠯᠪᠣᠯᠴᠠᠨ ᠵᠢᠷᠭᠠᠯ ᠤᠨ ᠮᠣᠳᠣ ᠶᠢ ᠲᠠᠷᠢᠵᠦ᠂ ᠲᠤᠰᠬᠠᠢ ᠮᠡᠷᠭᠡᠵᠢᠯ ᠤᠨ ᠬᠥᠮᠥᠰ ᠤᠨ ᠵᠢᠯᠣᠭᠤᠳᠤᠯᠭ᠎ᠠ ᠪᠠᠷ ᠮᠣᠳᠣ ᠶᠢ ᠬᠡᠷᠬᠢᠨ ᠲᠠᠷᠢᠬᠤ ᠪᠠ ᠠᠷᠠᠴᠢᠯᠠᠵᠤ ᠬᠠᠷᠠᠭᠠᠯᠵᠠᠬᠤ ᠶᠢ ᠰᠤᠷᠴᠠᠢ᠂ ᠪᠢ  ᠨᠦᠬᠡ ᠤᠬᠤᠵᠤ᠂ ᠬᠥᠭᠰᠢᠨ ᠴᠢᠬᠢ ᠪᠠᠨ ᠲᠦᠰᠢᠨ ᠲᠠᠷᠢᠬᠰᠠᠨ ᠮᠤᠳᠤ ᠶᠢ ᠤᠰᠤᠯᠠᠵᠤ᠂ ᠠᠯᠬᠤᠮ ᠪᠦᠷᠢ ᠳᠤ ᠬᠢᠨᠠᠮᠠᠭᠠᠢ ᠤᠷᠤᠯ᠎ᠠ᠂ ᠬᠠᠶᠢᠷ᠎ᠠ ᠲᠤᠷᠠᠯᠠᠯ ᠢ ᠦᠨᠢ ᠤᠳᠠᠭᠠᠨ ᠪᠠᠶᠢᠯᠭᠠᠬᠤ ᠶᠢᠨ ᠨᠢᠭᠤᠴᠠ ᠵᠣᠷ ᠪᠣᠯ  ᠬᠡᠨ ᠠᠯᠢᠨ ᠢᠶᠠᠨ ᠪᠠᠭᠲᠠᠭᠠᠵᠤ᠂ ᠬᠠᠶᠢᠷᠠᠯᠠᠯᠴᠠᠵᠤ᠂ ᠬᠠᠯᠠᠮᠵᠢᠯᠠᠯᠴᠠᠵᠤ᠂ ᠣᠶᠢᠯᠠᠭᠠᠯᠴᠠᠬᠤ ᠶᠠᠪᠤᠳᠠᠯ ᠪᠣᠯᠣᠨ᠎ᠠ᠂ ᠡᠶᠢᠮᠦᠷᠬᠦᠦ ᠤᠷᠤᠭ ᠬᠤᠷᠢᠮ ᠰᠠᠶ᠋ᠢ ᠤᠷᠳᠤ ᠤᠳᠠᠭᠠᠨ ᠪᠠᠶᠢᠵᠤ ᠴᠢᠳᠠᠬᠤ ᠪᠥᠭᠡᠳ ᠵᠠᠯᠠᠭᠤᠴᠤᠳ ᠲᠤ ᠰᠠᠶᠢᠨ ᠳᠠᠭᠤᠷᠢᠶᠠᠯ ᠪᠣᠯᠬᠤ ᠶᠤᠮ︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ ︽ᠲᠦᠡᠭ ᠰᠢᠨ︾ ᠤᠢ ᠶᠢᠨ ᠪᠦᠲᠦᠭᠡᠨ ᠪᠠᠶᠢᠭᠤᠯᠤᠯᠲᠠ ᠪᠣᠯ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠬᠦᠰᠡᠯ ᠡᠷᠡᠮᠡᠯᠵᠡᠯ ᠤᠨ ᠠᠮᠢᠳᠤᠯᠢᠭ ᠦᠢᠯᠡᠳᠦᠯᠭᠡ ᠮᠥᠨ᠃ 6.6 ᠮᠦ ᠭᠠᠵᠠᠷ ᠲᠤ ᠲᠤᠷᠠᠯᠠᠯ ᠤᠨ ᠮᠤᠳᠤ ᠶᠢ 199 ᠳᠠᠷᠢᠵᠤ᠂ ᠬᠥᠮᠥᠰ ᠤᠨ ᠬᠠᠶᠢᠷ᠎ᠠ ᠰᠡᠳᠬᠢᠯᠭᠡ ᠶᠢ ᠢᠯᠡᠳᠬᠡᠨ᠂ ᠡᠶ᠎ᠡ ᠵᠣᠬᠢᠴᠠᠯ  ᠲᠠᠢ ᠰᠠᠶᠢᠬᠠᠨ ᠤᠷᠤᠭ ᠤᠨ ᠪᠠᠷᠢᠯᠳᠤᠯᠭ᠎ᠠ ᠶᠢ ᠳᠠᠮᠵᠢᠭᠤᠯᠵᠤ ᠪᠠᠶᠢᠭ᠎ᠠ ᠶᠤᠮ᠃       5925 ᠪᠤᠳᠠ ᠴᠠᠶᠢᠪᠤᠷ ᠪᠣᠷᠣ ᠥᠩᠭᠡ ᠶᠢᠨ ᠤᠷᠭᠤᠮᠠᠯ ᠳᠤᠷᠠᠯᠠᠯ ᠤᠨ ᠡᠯᠴᠢ ᠰᠢᠭ ᠰᠠᠯᠬᠢᠨ ᠪᠠᠷ ᠨᠠᠮᠤᠭᠤᠬᠠᠨ ᠭᠠᠨᠭ᠍ᠬᠤᠵᠤ᠂ ︽ᠬᠠᠨᠢ ᠶᠢᠨ ᠵᠠᠶᠠᠭ᠎ᠠ︾ ᠬᠡᠬᠦ ᠷᠣᠮᠠᠨᠲ᠋ᠢᠭ ᠠᠶᠠᠯᠭᠤ ᠶᠢ ᠤᠶᠠᠩᠭᠠᠯᠠᠨ ᠲᠠᠭᠤᠯᠠᠬᠤ ᠰᠢᠭ᠋᠃ 1314520 ᠪᠤᠳᠠ  ᠬᠥᠬᠡ ᠴᠡᠴᠡᠭᠲᠦ ᠬᠤᠯᠤᠭᠠᠨ᠎ᠠ ᠶᠢᠨ ᠰᠡᠬᠦᠯ ᠡᠪᠡᠰᠦ ᠨᠢ ᠲᠠᠯᠠᠢ ᠲᠠᠩᠭᠢᠰ ᠲᠤ ᠲᠤᠰᠤᠬᠰᠠᠨ ᠤᠳᠤᠨ ᠮᠡᠴᠢᠳ ᠰᠢᠭ ᠢᠶᠠᠷ ᠬᠥᠬᠡ ᠲᠤᠶᠠᠭ᠎ᠠ ᠰᠠᠴᠤᠷᠠᠭᠤᠯᠵᠤ᠂ ︽ᠵᠠᠵᠢᠨ ᠪᠤᠭᠤᠷᠤᠯᠳᠤᠳᠠᠯ᠎ᠠ ᠪᠠᠨ ᠬᠠᠶᠢᠷᠠᠯᠠᠯᠴᠠᠶ᠎ᠠ ︾ ᠭᠡᠵᠤ ᠠᠨᠳᠠᠭᠠᠶᠢᠯᠠᠬᠤ  ᠮᠡᠳᠤ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map