ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠭᠦᠷ ᠤᠷᠭᠤᠭᠤᠯᠬᠤ ᠲᠥᠯᠥᠪᠯᠡᠭᠡ︾ ᠶᠢᠨ ᠲᠥᠷᠥᠯ ᠵᠦᠢᠯ ᠤᠨ ᠡᠮᠴᠢᠯᠡᠭᠡᠨ ᠤ ᠰᠢᠭᠰᠢᠨ ᠪᠠᠶᠢᠴᠠᠭᠠᠬᠤ ᠳᠤᠭᠤᠶᠢᠯᠠᠩ ᠤᠨ ᠬᠢᠨ ᠠᠯᠠᠱᠠ ᠶᠢᠨ ᠡᠵᠡᠨ᠎ᠡ ᠬᠤᠰᠢᠭᠤᠨ ᠳᠤ ᠲᠥᠷᠥᠯᠬᠢ ᠵᠢᠷᠦᠬᠡᠨ ᠡᠪᠡᠳᠴᠢᠨ ᠢ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠪᠠ
ᠨᠡᠶᠢᠲᠡᠯᠡᠭᠰᠡᠨ ᠴᠠᠭ᠄
2024/5/23
     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠬᠦᠴᠢᠷᠳᠡᠯ ᠳᠤ ᠲᠤᠯᠭᠠᠷᠠᠭᠰᠠᠨ ᠲᠥᠷᠥᠯᠬᠢ ᠶᠢᠨ ᠵᠢᠷᠦᠬᠡᠨ ᠡᠪᠡᠳᠴᠢᠨ ᠲᠠᠢ ᠬᠡᠦᠬᠡᠳ ᠲᠤ ︽ᠵᠢᠭᠦᠷ ᠤᠷᠭᠤᠭᠤᠯᠬᠤ  ᠲᠥᠯᠥᠪᠯᠡᠭᠡ︾ ᠶᠢᠨ ᠲᠥᠷᠥᠯ ᠵᠦᠢᠯ ᠤᠨ ᠡᠮᠴᠢᠯᠡᠭᠡᠨ ᠤ ᠳᠤᠭᠤᠶᠢᠯᠠᠩ ᠤᠨ 5 ᠬᠥᠮᠥᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠲᠥᠷᠥᠯᠬᠢ ᠵᠢᠷᠦᠬᠡᠨ ᠡᠪᠡᠳᠴᠢᠨ ᠲᠠᠢ ᠬᠡᠤᠬᠡᠳ ᠤᠨ ᠡᠪᠡᠳᠴᠢᠨ ᠢ ᠪᠠᠶᠢᠴᠠᠭᠠᠪᠠ᠃ ᠡᠨᠡ ᠬᠦ ᠠᠵᠢᠯᠯᠠᠭ᠎ᠠ ᠶᠢ ᠮᠣᠩᠭᠤᠯ ᠦᠨᠳᠦᠰᠦᠲᠡᠨ ᠤ ᠰᠤᠷᠭᠠᠭᠤᠯᠢ ᠪᠣᠯᠣᠨ ᠡᠵᠡᠨ᠎ᠡ ᠬᠤᠰᠢᠭᠤᠨ ᠤ ᠪᠠᠭ᠎ᠠ ᠰᠤᠷᠭᠠᠭᠤᠯᠢ ᠳᠤ ᠥᠷᠨᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠳ ᠴᠢᠩᠨᠠᠬᠤ᠂ ᠠᠰᠠᠭᠤᠬᠤ᠂ ᠵᠢᠷᠦᠬᠡᠨ ᠤ ᠬᠡᠲᠦ ᠳᠣᠯᠭᠢᠶᠠᠨ ᠢ ᠤᠶᠠᠯᠳᠤᠭᠤᠯᠬᠤ ᠬᠡᠯᠪᠡᠷᠢ ᠪᠠᠷ ᠬᠡᠦᠬᠡᠳ  ᠨᠢᠬᠡ ᠪᠦᠷᠢ ᠬᠦᠯᠢᠴᠡᠩᠭᠦᠢ ᠪᠠᠷ ᠨᠢᠮᠪᠠᠢ ᠪᠠᠶᠢᠴᠠᠭᠠᠵᠤ᠂ ᠡᠪᠡᠳᠴᠢᠨ ᠤ ᠲᠡᠦᠬᠡ ᠶᠢ ᠨᠠᠷᠢᠨ ᠠᠰᠠᠭᠤᠨ᠂ ᠲᠤᠰᠠᠯᠠᠬᠤ ᠨᠥᠬᠦᠴᠡᠯ ᠳᠤ ᠨᠡᠶᠢᠴᠡᠭᠰᠡᠨ ᠬᠡᠦᠬᠡᠳ ᠤᠨ ᠦᠨᠳᠦᠰᠦᠨ ᠮᠡᠳᠡᠭᠡ ᠵᠠᠩᠭᠢ ᠶᠢ ᠨᠢᠮᠪᠠᠢ ᠲᠡᠮᠳᠡᠭᠯᠡᠬᠡᠳ᠂ ᠬᠡᠦᠬᠡᠳ ᠤᠨ ᠭᠡᠷ ᠤᠨ ᠠᠬᠠᠮᠠᠳ᠂ ᠪᠠᠭᠰᠢ ᠶᠢᠨ ᠠᠰᠠᠭᠤᠯᠲᠠ ᠶᠢ ᠬᠠᠷᠢᠭᠤᠯᠬᠤ ᠶᠢᠨ ᠬᠠᠮᠲᠤ ᠵᠣᠬᠢᠬᠤ ᠰᠠᠨᠠᠭᠤᠯᠭ᠎ᠠ ᠭᠠᠷᠭᠠᠭᠰᠠᠨ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠦᠩᠬᠡᠢ ᠡᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠢᠨ ᠤ ︽ᠵᠢᠭᠦᠷ ᠤᠷᠭᠤᠭᠤᠯᠬᠤ ᠲᠥᠯᠥᠪᠯᠡᠭᠡ︾ ᠶᠢᠨ ᠲᠥᠷᠥᠯ ᠵᠦᠢᠯ ᠪᠣᠯ 0 ︱ 18 ᠨᠠᠰᠤᠨ ᠤ ᠲᠥᠷᠥᠯᠬᠢ ᠶᠢᠨ ᠵᠢᠷᠦᠬᠡᠨ ᠡᠪᠡᠳᠴᠢᠨ ᠲᠠᠢ᠂ ᠵᠢᠷᠤᠬᠡᠨ ᠤ ᠬᠤᠪᠳᠤᠯ ᠲᠠᠰᠤᠯᠤᠪᠴᠢ ᠨᠢ ᠳᠤᠲᠠᠭᠤ ᠵᠡᠷᠬᠡ ᠬᠡᠮ ᠲᠠᠢ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠠ ᠭᠡᠷ ᠪᠦᠯᠢ ᠶᠢᠨ ᠶᠠᠳᠠᠭᠤ ᠬᠦᠴᠢᠷᠳᠡᠯ ᠠᠴᠠ ᠪᠣᠯᠵᠤ ᠡᠪᠡᠳᠴᠢᠨ ᠦᠵᠡᠭᠦᠯᠬᠦ ᠳᠤ ᠬᠦᠴᠢᠷᠲᠡᠢ ᠪᠣᠯᠤᠭᠰᠠᠨ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠮᠠᠶ᠋ᠢᠭ ᠢᠶᠠᠷ ᠪᠠᠶᠢᠴᠠᠭᠠᠪᠠ᠃ ᠲᠣᠰ ᠤᠳᠠᠭ᠎ᠠ 525 ᠬᠡᠦᠬᠡᠳ ᠢ ᠰᠢᠭᠰᠢᠨ ᠪᠠᠶᠢᠴᠠᠭᠠᠵᠤ᠂ 4 ᠬᠡᠦᠬᠡᠳ ᠢ ᠪᠠᠶᠢᠴᠠᠭᠠᠵᠤ ᠭᠠᠷᠭᠠᠵᠠᠢ᠂ ᠡᠭᠦᠨ ᠳᠤ ᠮᠡᠰᠡ ᠵᠠᠰᠠᠯ ᠤᠨ ᠱᠠᠭᠠᠷᠳᠠᠯᠭ᠎ᠠ ᠳᠤ ᠨᠡᠶᠢᠴᠡᠬᠦ ᠬᠡᠦᠬᠡᠳ 3 ᠪᠣᠶ᠃ ᠲᠣᠰ ︽ᠵᠢᠭᠦᠷ  ᠤᠷᠭᠤᠭᠤᠯᠬᠤ ᠲᠥᠯᠥᠪᠯᠡᠭᠡ︾ ᠶᠢᠨ ᠲᠥᠷᠥᠯ ᠵᠦᠢᠯ ᠢ ᠥᠷᠨᠢᠭᠦᠯᠬᠦ ᠪᠠᠷ ᠳᠡᠮᠵᠢᠨ  ᠬᠦᠴᠢᠷᠳᠡᠯ ᠳᠤ ᠲᠤᠯᠭᠠᠷᠠᠭᠰᠠᠨ ᠲᠥᠷᠥᠯᠬᠢ ᠰᠡᠳᠬᠢᠯ ᠤᠨ ᠡᠪᠡᠳᠴᠢᠨ ᠲᠠᠢ ᠬᠡᠦᠬᠡᠳ ᠢ ᠴᠠᠭ ᠲᠤᠬᠠᠢ ᠳᠤ ᠨᠢ ᠪᠦᠲᠦᠮᠵᠢᠲᠡᠶ ᠪᠠᠶᠢᠴᠠᠭᠠᠨ ᠠᠪᠤᠷᠠᠨ ᠵᠠᠰᠠᠵᠤ᠂ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠤᠨ ᠡᠷᠡᠭᠦᠯ ᠮᠡᠨᠳᠦ ᠳᠤ ᠬᠦᠴᠦᠲᠡᠢ ᠪᠠᠲᠤᠯᠠᠭ᠎ᠠ ᠬᠠᠩᠭᠠᠵᠤ᠂ ᠨᠠᠮ ᠪᠠ ᠵᠠᠰᠠᠭ ᠤᠨ ᠣᠷᠳᠣᠨ  ᠬᠠᠯᠠᠮᠵᠢ ᠶᠢ ᠭᠦᠢᠴᠡᠳ ᠢᠯᠡᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠢ ᠬᠦᠮᠦᠨ ᠪᠤᠯᠭᠠᠨ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map