ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠦᠦ ᠯᠢᠶᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠ ︽ᠬᠤᠶᠠᠷ ᠲᠤ ᠨᠡᠷ᠎ᠡ ᠮᠡᠳᠡᠭᠦᠯᠬᠦ᠂ ᠬᠤᠶᠠᠷ ᠲᠤ ᠦᠢᠯᠡᠴᠢᠯᠡᠬᠦ᠂ ᠬᠤᠶᠠᠷ ᠢ ᠮᠡᠳᠡᠭᠦᠯᠬᠦ︾ ᠬᠤᠯᠪᠤᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/25
  ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠰᠠᠶᠢᠲᠤᠷ ᠦᠷᠨᠢᠬᠦᠯᠬᠦ ᠶᠢᠨ ᠲᠦᠯᠤᠬᠡ ᠠᠵᠢᠯ ᠳᠤ ᠪᠠᠶᠢᠭ᠎ᠠ ᠨᠠᠮ ᠤᠨ ᠭᠡᠰᠢᠭᠦᠨ ᠺᠠᠳ᠋ᠷᠴᠤᠳ ᠤᠨ ︽ ᠬᠤᠶᠠᠷ ᠲᠤ ᠨᠡᠷ᠎ᠡ ᠮᠡᠳᠡᠭᠦᠯᠬᠦ᠂ ᠬᠤᠶᠠᠷ ᠲᠤ ᠦᠢᠯᠡᠴᠢᠯᠡᠬᠦ᠂ ᠬᠤᠶᠠᠷ ᠢ ᠮᠡᠳᠡᠭᠦᠯᠬᠦ︾ ᠠᠵᠢᠯ ᠢ ᠬᠢᠨᠠᠮᠠᠭᠠᠢ ᠠᠬᠢᠭᠤᠯᠬᠤ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 5 ᠳ᠋ᠤᠭᠠᠷ ᠰᠠᠷ᠎ᠠ ᠶᠢᠨ 23 ᠤ ᠡᠳᠦᠷ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠢ ᠵᠤᠬᠢᠶᠠᠨ ᠪᠠᠶᠢᠭᠤᠯᠵᠤ ᠲᠠᠭᠠᠭᠠᠴᠢᠯᠠᠨ ᠬᠤᠯᠪᠤᠭᠠᠯᠠᠬᠤ ᠨᠡᠶᠢᠭᠡᠮ ᠲᠣᠭᠤᠷᠢᠭ ᠪᠤᠯᠬᠤ ᠬᠤᠲᠣᠩ ᠠᠷᠠᠳ ᠤᠨ ᠲᠣᠭᠤᠷᠢᠭ ᠤᠨ ᠬᠠᠶᠢᠯᠠᠷ ᠪᠠᠷᠠᠭᠤᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠤᠨ ᠳᠠᠭᠠᠯᠲᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠ ᠵᠣᠯᠭᠠᠭᠤᠯᠵᠤ ᠬᠤᠯᠪᠤᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠬᠠᠮᠢᠶ᠎ᠠ ᠪᠦᠬᠦᠢ ᠠᠵᠢᠯ ᠢ ᠥᠷᠨᠢᠭᠦᠯᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠴᠤᠭ ᠨᠠᠷ ᠨᠡᠶᠢᠭᠡᠮ ᠲᠣᠭᠤᠷᠢᠭ ᠤᠨ ᠠᠵᠢᠯᠲᠠᠳ ᠲᠠᠢ ᠬᠤᠯᠪᠤᠭ᠎ᠠ ᠪᠠᠶᠢᠭᠤᠯᠵᠤ ᠬᠠᠮᠳᠤ ᠪᠠᠷ ᠪᠠᠶᠢᠭᠤᠯᠬᠤ ᠶᠠᠷᠢᠯᠴᠠᠬᠤ ᠬᠤᠷᠠᠯ ᠥᠷᠨᠢᠭᠦᠯᠵᠦ᠂ ᠨᠡᠶᠢᠭᠡᠮ ᠲᠣᠭᠤᠷᠢᠭ ᠤᠨ ᠦᠨᠳᠦᠰᠦᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠪᠦᠬᠦ ᠲᠠᠯ᠎ᠠ ᠪᠠᠷ ᠣᠶᠢᠯᠠᠭᠠᠵᠤ᠂ ︽ᠬᠤᠶᠠᠷ ᠲᠤ ᠨᠡᠷ᠎ᠡ ᠮᠡᠳᠡᠭᠦᠯᠬᠦ᠂ ᠬᠤᠶᠠᠷ ᠲᠤ ᠦᠢᠯᠡᠴᠢᠯᠡᠬᠦ᠂ ᠬᠤᠶᠠᠷ ᠢ ᠮᠡᠳᠡᠭᠦᠯᠬᠦ︾ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠭᠦᠨᠵᠡᠭᠡᠢ ᠰᠣᠯᠢᠯᠴᠠᠵᠠᠢ᠃     ᠠᠵᠢᠯᠯᠠᠭ᠎ᠠ ᠶᠢᠨ ᠳᠤᠮᠳᠠ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠰᠠᠶᠢᠨ ᠳᠤᠷ᠎ᠠ ᠶᠢᠨ ᠦᠢᠯᠡᠴᠢᠯᠡᠭᠴᠢᠳ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ︾ ᠭᠡᠬᠦ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ ᠬᠡᠷ ᠲᠤ ᠨᠢ ᠬᠦᠷᠴᠦ  ᠤᠬᠠᠭᠤᠯᠬᠤ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠪᠠᠷ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠭᠤᠣᠯᠳᠠᠯᠭ᠎ᠠ ᠲᠠᠢ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠡᠨ ᠰᠡᠳᠬᠢᠯ ᠠᠴᠠ ᠪᠠᠨ ᠨᠠᠮ ᠤᠨ ᠠᠴᠢ ᠶᠢ  ᠮᠡᠳᠡᠷᠡᠨ᠂ ᠨᠠᠮ ᠤᠨ ᠦᠭᠡ ᠶᠢ ᠰᠤᠨᠤᠰᠴᠤ᠂ ᠨᠠᠮ ᠢᠶᠠᠨ ᠳᠠᠭᠠᠬᠤ ᠲᠡᠶᠢᠰᠢ ᠲᠠᠶᠢᠴᠢᠯᠠᠨ ᠵᠢᠯᠤᠭᠤᠳᠤᠬᠰᠠᠨ ᠪᠠᠶᠢᠨ᠎ᠠ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map