ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠭᠤᠴᠢᠨ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/5/28
     ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ ᠭᠤᠣᠯᠯᠠᠨ ᠡᠷᠭᠢᠯᠡᠭᠰᠡᠨ ᠭᠤᠴᠢᠨ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ  5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ ᠥᠪᠥᠷ ᠮᠣᠩᠭᠤᠯ ᠤᠨ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠵᠢᠯ ᠳᠤ ᠲᠣᠬᠢᠷᠠᠬᠤ ᠦᠢᠯᠡᠳᠬᠦᠨ ᠢ ᠳᠡᠯᠭᠡᠨ ᠦᠵᠡᠭᠦᠯᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠴᠤᠭ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠵᠢᠶᠠ ᠫᠸᠡᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠨᠡᠶᠢᠭᠡᠮᠯᠢᠭ ᠪᠣᠯᠣᠨ ᠬᠡᠰᠡᠭ ᠨᠠᠰᠤᠲᠠᠶᠢᠴᠤᠳ᠂ ᠵᠡᠮᠳᠡᠭᠴᠦᠳ ᠤᠨ ᠲᠥᠯᠥᠭᠡᠯᠡᠭᠴᠢ 100 ᠭᠠᠷᠤᠢ ᠬᠥᠮᠥᠨ ᠲᠤᠰ ᠠᠵᠢᠯᠯᠠᠭ᠎ᠠ ᠳᠤ ᠣᠷᠣᠯᠴᠠᠪᠠ᠃    ︽ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠮᠳᠡᠭᠴᠦᠳ ᠢ ᠲᠤᠰᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ︾ ᠭᠤᠣᠯ ᠰᠡᠳᠦᠪ ᠤᠨ ᠲᠣᠭᠤᠷᠢᠨ ᠳᠤ ᠡᠯ᠎ᠡ ᠲᠥᠷᠥᠯ ᠤᠨ ᠡᠷᠡᠭᠦᠯᠵᠢᠯ ᠤᠨ ᠲᠤᠰᠠᠯᠠᠬᠤ ᠪᠠᠭᠠᠵᠢ᠂ ᠨᠠᠰᠤᠵᠢᠯ ᠳᠤ ᠲᠤᠬᠢᠷᠠᠬᠤ ᠦᠢᠯᠡᠳᠬᠦᠨ ᠢ ᠲᠣᠭᠤᠷᠢᠨ ᠦᠵᠡᠭᠦᠯᠦᠭᠰᠡᠨ ᠪᠦᠬᠡᠳ ᠬᠡᠰᠡᠭ ᠰᠣᠨᠣᠷ ᠤᠨ ᠰᠠᠭᠠᠳ ᠲᠠᠢ ᠪᠠ ᠬᠠᠷᠠᠭ᠎ᠠ ᠮᠠᠭᠤ ᠵᠡᠮᠳᠡᠭᠴᠦᠳ ᠲᠤ ᠰᠠᠭᠠᠳ ᠦᠭᠡᠢ ᠶᠢᠨ ᠲᠤᠬᠠᠢ ᠺᠢᠨᠣ᠋ ᠶᠢ ᠦᠵᠡᠭᠦᠯᠬᠦ ᠶᠢᠨ ᠬᠠᠮᠲᠤ ᠡᠯ᠎ᠡ ᠵᠦᠢᠯ ᠤᠨ ᠣᠶᠤᠨᠲᠤ ᠲᠥᠬᠦᠭᠡᠷᠦᠮᠵᠢ ᠪᠠᠷ ᠲᠤᠬᠠᠢ ᠶᠢᠨ ᠲᠠᠯᠠᠪᠤᠷ ᠲᠤ ᠢᠷᠡᠭᠰᠡᠨ ᠤᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠴᠢᠰᠤᠨ ᠤ ᠳᠠᠷᠤᠯᠲᠠ᠂ ᠴᠢᠰᠤᠨ ᠤ ᠰᠢᠬᠢᠷ᠂ ᠴᠢᠰᠤᠨ ᠤ ᠬᠦᠴᠢᠯᠲᠥ᠋ᠷᠥᠭᠴᠢ ᠪᠠ ᠰᠣᠨᠣᠷ ᠢ ᠨᠢ ᠪᠠᠶᠢᠴᠠᠠᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠭᠤᠨ ᠳᠤᠯᠠᠭᠠᠨ ᠢ ᠬᠦᠷᠲᠡᠭᠡᠵᠦ᠂ ᠤᠯᠠᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃    ᠲᠣᠰ ᠠᠵᠢᠯᠯᠠᠭ᠎ᠠ ᠲᠡᠬᠡᠷ᠎ᠡ ᠵᠡᠮᠳᠡᠭᠴᠦᠳ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠭᠠᠷ ᠠᠪᠤᠯᠭ᠎ᠠ ᠶᠢ 300 ᠳᠡᠪᠲᠡᠷ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠰᠦᠢᠳᠬᠡᠯ ᠬᠤᠷᠢᠶᠠᠬᠤ ᠦᠭᠡᠢ ᠪᠠᠷ 50 ᠭᠠᠷᠤᠢ ᠬᠦᠮᠦᠨ ᠤ ᠪᠡᠶ᠎ᠡ ᠶᠢ ᠪᠠᠶᠢᠴᠠᠭᠠᠪᠠ᠃  ᠠᠵᠢᠯᠯᠠᠭ᠎ᠠ ᠳᠤ ᠤᠷᠤᠯᠴᠠᠬᠰᠠᠨ ᠵᠡᠮᠳᠡᠭᠴᠦᠳ ᠤᠨ ᠲᠦᠯᠤᠬᠡᠯᠡᠭᠴᠢᠳ᠄ ︽ᠲᠣᠰ ᠠᠵᠢᠯᠯᠠᠭ᠎ᠠ ᠪᠠᠷ ᠳᠡᠮᠵᠢᠨ ᠡᠷᠡᠭᠦᠯᠵᠢᠯ ᠤᠨ ᠵᠢᠯᠣᠭᠤᠳᠤᠮᠵᠢ ᠦᠢᠯᠡᠴᠢᠯᠡᠭᠡ ᠶᠢ ᠭᠥᠷᠳᠡᠭᠰᠡᠨ ᠢᠶᠠᠷ ᠪᠠᠷᠠᠬᠤ ᠦᠭᠡᠢ ᠪᠠᠰᠠ ᠨᠡᠶᠢᠭᠡᠮ ᠤᠨ ᠬᠠᠶᠢᠷ᠎ᠠ ᠬᠠᠯᠠᠮᠵᠢ ᠶᠢ ᠭᠥᠷᠳᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠢᠲᠡᠭᠡᠯ ᠵᠣᠷᠢᠭ ᠢ ᠬᠥᠪᠴᠢᠯᠡᠵᠦ᠂   ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠪᠡ︾ ᠬᠡᠵᠡᠬᠡᠪᠡ᠃         
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map