ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2024 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠤᠳᠤᠯᠤᠨ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
    ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠢᠨ 5 ᠳ᠋ᠤᠭᠠᠷ ᠰᠠᠷ᠎ᠠ ᠶᠢᠨ 22 ᠤᠨ ᠡᠳᠦᠷ ᠬᠠᠮᠲᠤ ᠶᠢᠨ ᠰᠤᠷᠤᠯᠴᠠᠯᠭ᠎ᠠ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠯ᠎ᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠤᠳᠤᠷᠢᠳᠤᠯᠭ᠎ᠠ ᠬᠤᠷᠠᠯ ᠢ ᠡᠷᠭᠢᠯᠡᠪᠡ᠃     ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠭᠦᠸᠧ ᠳ᠋ᠦᠩ ᠮᠧᠶ ᠫᠷᠤᠹᠧᠰᠰᠤᠷ ᠢ ᠤᠷᠢᠵᠤ ︽ᠮᠠᠨ ᠤ ᠤᠯᠤᠰ ᠤᠨ ᠡᠷᠲᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠪᠠ ᠣᠲᠣ ᠦᠶ᠎ᠡ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠵᠢᠯᠣᠭᠤᠳᠤᠯᠭ᠎ᠠ ᠬᠢᠯᠭᠡᠵᠡᠢ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾  ᠤᠨ ᠬᠤᠪᠢᠶᠠᠷᠢ ᠳᠦᠷᠢᠮ ᠤᠨ ᠬᠡᠰᠡᠭ ᠢ ᠰᠤᠷᠤᠯᠴᠠᠭᠰᠠᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾  ᠤᠨ ᠲᠣᠭᠤᠷᠢᠨ ᠳᠤ ᠰᠤᠳᠤᠯᠤᠨ ᠰᠤᠯᠢᠯᠴᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠬᠡᠰᠡᠭ ᠭᠠᠵᠠᠷ ᠳᠠᠰᠤᠭ ᠤᠨ ᠬᠠᠷᠢᠭᠤᠴᠠᠯᠭᠠᠲᠠᠨ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠵᠠᠢ᠃    ᠬᠤᠷᠠᠯ ᠲᠡᠬᠡᠷ᠎ᠡ᠄ ︽ᠨᠢᠬᠡ ᠳᠤ᠂ ᠰᠠᠭᠤᠷᠢ ᠪᠠᠨ ᠪᠠᠲᠤᠳᠬᠠᠵᠤ᠂ ︿ᠰᠠᠬᠢᠯᠭ᠎ᠠ ᠶᠢ ᠰᠤᠷᠤᠯᠴᠠᠬᠤ﹀ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠳᠦᠷᠢᠮ ᠨᠠᠮ ᠤᠨ ᠲᠣᠭᠲᠠᠭᠠᠯ ᠪᠠ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ﹀ ᠢ ᠰᠤᠷᠤᠯᠴᠠᠨ ᠲᠤᠭᠤᠰᠢᠯᠠᠭᠤᠯᠬᠤ ᠳᠤ ᠲᠡᠷᠡ ᠬᠡᠪ ᠢᠶᠠᠷ ᠨᠢ ᠲᠠᠬᠢᠨ ᠳᠠᠪᠲᠠᠨ ᠰᠤᠷᠤᠯᠴᠠᠬᠤ ᠪᠠᠷ ᠪᠠᠷᠠᠬᠤ ᠦᠭᠡᠢ ᠪᠠᠰᠠ ᠠᠵᠢᠯ ᠲᠠᠢ ᠪᠠᠨ ᠤᠶᠠᠯᠳᠤᠭᠤᠯᠤᠨ᠂ ᠠᠰᠠᠭᠤᠳᠠᠯ ᠳᠤ ᠪᠠᠨ ᠴᠢᠭᠯᠡᠭᠦᠯᠦᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠳᠣᠲᠣᠭᠠᠳᠤ ᠱᠠᠭᠠᠷᠳᠠᠯᠭ᠎ᠠ ᠶᠢ ᠦᠨᠡᠨ ᠬᠦ ᠣᠶᠢᠯᠠᠭᠠᠬᠤ ᠬᠡᠷᠡᠭᠲᠡᠢ᠃ ᠬᠤᠶᠠᠷ ᠲᠤ᠂ ᠤᠷᠢᠲᠠᠯ ᠢ ᠨᠢ ᠡᠵᠡᠮᠳᠡᠵᠦ᠂ ︿ᠰᠠᠬᠢᠯᠭ᠎ᠠ ᠶᠢ ᠮᠡᠳᠡᠬᠦ﹀ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠠᠷᠠᠯᠲᠠ ᠪᠠ ᠱᠠᠭᠠᠷᠳᠠᠯᠭ᠎ᠠ ᠶᠢ ᠦᠨᠡᠨ ᠬᠦ ᠲᠣᠳᠣᠷᠬᠠᠶᠢᠯᠠᠵᠤ᠂ ᠭᠤᠣᠯᠳᠠᠯᠭ᠎ᠠ ᠪᠠ ᠮᠥᠨ ᠴᠢᠨᠠᠷ ᠢ ᠪᠦᠬᠦ ᠲᠠᠯ᠎ᠠ ᠪᠠᠷ ᠡᠵᠡᠮᠳᠡᠨ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠬᠥᠮᠦᠵᠢᠯ ᠢ ᠲᠤᠬᠠᠶᠢᠯᠠᠬᠰᠠᠨ ᠠᠵᠢᠯ᠂ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠥᠪᠡᠷ ᠢ ᠪᠠᠨ ᠪᠤᠯᠪᠠᠰᠤᠷᠠᠭᠤᠯᠵᠤ᠂ ᠥᠪᠡᠷ ᠢ ᠪᠠᠨ ᠬᠢᠵᠠᠭᠠᠷᠯᠠᠨ᠂ ᠦᠪᠡᠷ ᠢ ᠪᠠᠨ ᠲᠡᠬᠦᠯᠳᠡᠷᠵᠢᠬᠦᠯᠤᠨ ᠲᠤᠬᠠᠶᠢᠯᠠᠭᠰᠠᠨ ᠠᠵᠢᠯ ᠤᠨ ᠢᠶᠠᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠦᠨᠳᠦᠰᠦᠨ ᠵᠦᠢᠯ ᠢ ᠴᠢᠬᠤᠯᠠᠴᠢᠯᠠᠵᠤ᠂ ᠤᠬᠠᠮᠰᠠᠷ ᠠᠴᠠ ᠪᠠᠨ ︿ᠰᠠᠬᠢᠯᠭ᠎ᠠ ᠶᠢ ᠮᠡᠳᠡᠬᠦ﹀ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠴᠠᠭ ᠢᠮᠠᠭᠲᠠ ᠴᠢᠩᠳᠠᠯᠠᠵᠤ᠂ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠴᠢᠩᠳᠠᠯᠠᠵᠤ᠂ ᠲᠤᠰ ᠰᠠᠯᠠᠭ᠎ᠠ ᠮᠥᠴᠢᠷ ᠪᠠ ᠲᠤᠰ ᠨᠢᠭᠡᠴᠢ ᠶᠢᠨ ᠢᠶᠠᠨ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠬᠠᠮᠳᠤ ᠪᠠᠷ ᠰᠠᠶᠢᠲᠤᠷ ᠰᠠᠬᠢᠬᠤ ᠬᠡᠷᠡᠭᠲᠡᠢ᠃ ᠳᠥᠷᠪᠡ ᠳᠤ᠂ ᠵᠠᠩᠭᠢᠯᠠᠭ᠎ᠠ ᠶᠢ ᠠᠳᠬᠤᠵᠤ᠂᠂ ᠰᠠᠬᠢᠯᠭ᠎ᠠ  ᠶᠢ ᠰᠠᠬᠢᠬᠤ ﹀ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠠᠷᠠᠳ ᠤᠨ ᠶᠠᠪᠤᠳᠠᠯ ᠤᠨ ᠡᠯ᠎ᠡ ᠵᠦᠢᠯ ᠤᠨ ᠪᠣᠳᠠᠲᠠᠢ ᠠᠵᠢᠯ ᠤᠨ ᠳᠤᠮᠳᠠ ᠲᠡᠷᠡ ᠬᠡᠪ ᠢᠶᠠᠷ ᠨᠢ  ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠨᠡᠶᠢᠭᠡᠮ ᠤᠨ ᠦᠨᠳᠦᠰᠦᠨ ᠦᠢᠯᠡᠴᠢᠯᠡᠭᠡ ᠪᠠ ᠬᠤᠯᠪᠣᠭᠳᠠᠯ ᠪᠦᠬᠦᠢ ᠨᠡᠶᠢᠭᠡᠮ ᠤᠨ ᠵᠠᠰᠠᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠳᠤᠮᠳᠠ ᠰᠤᠷᠤᠯᠭ᠎ᠠ ᠶᠢᠨ ᠰᠠᠬᠢᠯᠭ᠎ᠠ ᠶᠢ ᠮᠡᠳᠡᠨ᠂ ᠰᠠᠬᠢᠯᠭ᠎ᠠ ᠶᠢ ᠲᠣᠳᠤ ᠤᠶᠢᠯᠠᠭᠠᠵᠤ᠂ ᠰᠠᠬᠢᠯᠭ᠎ᠠ ᠶᠢ  ᠰᠠᠬᠢᠵᠤ᠂ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠳᠤ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ︾ ᠭᠡᠵᠡᠢ᠃     ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠨ ᠪᠠᠶᠢᠴᠠᠭᠠᠭᠴᠢ᠂ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠨᠢᠬᠡᠴᠢ ᠶᠢᠨ ᠬᠠᠷᠢᠭᠤᠴᠠᠯᠭᠠᠳᠠᠳ ᠰᠤᠷᠤᠯᠴᠠᠯᠭ᠎ᠠ ᠳᠤ ᠣᠷᠣᠯᠴᠠᠪᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map