ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠳᠠᠨ ᠤ ᠪᠤᠯᠪᠠᠰᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/5/29
    ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠪᠣᠯᠣᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠪᠣᠯᠪᠠᠰᠤᠷᠠᠯ ᠢ 5 ᠳ᠋ᠤᠭᠠᠷ ᠰᠠᠷ᠎ᠠ ᠶᠢᠨ 19 ᠠᠴᠠ 26 ᠳᠤ ᠬᠤᠷᠢᠨᠭᠡᠷ ᠰᠢᠶᠠᠨ ᠳᠤ ᠡᠷᠭᠢᠯᠡᠵᠦ᠂ ᠪᠥᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 180 ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ  ᠪᠣᠯᠪᠠᠰᠤᠷᠠᠯ ᠳᠤ ᠣᠷᠣᠯᠴᠠᠵᠠᠢ᠃
W020240528623791623590_ORIGIN.jpg   ᠲᠤᠰ ᠪᠣᠯᠪᠠᠰᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ
ᠰᠢᠵᠢᠮ ᠢ ᠪᠦᠬᠦ ᠲᠠᠯ᠎ᠠ ᠪᠠᠷ ᠪᠠᠲᠤᠳᠬᠠᠬᠤ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠭᠦᠨᠵᠡᠭᠡᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠪᠣᠳᠠᠲᠠᠢ ᠪᠣᠯᠪᠠᠰᠤᠷᠠᠯ ᠤᠨ ᠠᠭᠤᠯᠭ᠎ᠠ ᠶᠢ ᠲᠤᠪᠤᠶᠢᠯᠭᠠᠵᠦ᠂ ᠪᠦᠬᠦ ᠤᠯᠤᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠢ ᠲᠤᠰᠬᠠᠢ ᠮᠡᠷᠭᠡᠵᠢᠯᠲᠡᠨ ᠡᠷᠳᠡᠮᠲᠡᠨ᠂ ᠶᠡᠭᠡ ᠳᠡᠭᠡᠳᠦ ᠰᠤᠷᠭᠠᠭᠤᠯᠢ ᠶᠢᠨ ᠫᠷᠤᠹᠥᠰᠰᠤᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠰᠢᠯᠢᠳᠡᠭ ᠠᠵᠢᠯᠲᠠᠨ ᠢ ᠤᠷᠢᠵᠤ ᠲᠤᠰᠬᠠᠢ ᠰᠡᠳᠦᠪ ᠢᠶᠠᠷ ᠬᠢᠴᠢᠶᠡᠯᠯᠡᠭᠦᠯᠵᠡᠢ᠃
W020240528623791704834_ORIGIN.jpg   ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠳᠤ ᠶᠢᠨ
ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠠᠮᠢᠶ᠎ᠠ ᠪᠦᠬᠦᠢ ᠠᠭᠤᠯᠭ᠎ᠠ ᠪᠠ ᠱᠠᠭᠠᠷᠳᠠᠯᠭ᠎ᠠ ᠶᠣᠰᠣᠭᠠᠷ ᠪᠣᠯᠪᠠᠰᠤᠷᠠᠯ ᠤᠨ ᠠᠩᠭᠢ ᠪᠠᠰᠠ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠢ ᠶᠢᠨ ᠨᠢᠭᠡᠳᠦᠭᠡᠷ ᠭᠢᠨᠳᠠᠨ᠂ ᠬᠥᠬᠡᠬᠤᠲᠠ ᠶᠢᠨ ᠭᠤᠷᠪᠠᠳᠤᠭᠠᠷ ᠭᠢᠨᠳᠠᠨ ᠳᠤ ᠣᠴᠢᠭᠤᠯᠵᠤ ᠲᠤᠬᠠᠢ ᠶᠢᠨ ᠲᠠᠯᠠᠪᠤᠷ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠪᠥᠬᠦ ᠨᠠᠮ ᠤᠨ ᠭᠡᠰᠢᠭᠦᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠠᠬᠢᠯᠭ᠎ᠠ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠶᠢ ᠲᠣᠳᠣᠷᠬᠠᠢ ᠮᠡᠳᠡᠬᠦ᠂ ᠰᠠᠬᠢᠯᠭ᠎ᠠ ᠶᠢ ᠰᠠᠬᠢᠬᠤ  ᠬᠦᠮᠤᠵᠢᠯ ᠢ ᠬᠦᠷᠳᠡᠭᠡᠭᠰᠡᠨ ᠪᠠᠶᠢᠨ᠎ᠠ᠃
W020240528623791827267_ORIGIN.jpg    ᠪᠣᠯᠪᠠᠰᠤᠷᠠᠯ ᠢᠶᠠᠷ ᠳᠠᠮᠵᠢᠭᠠᠳ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ
ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠪᠡ᠃ ︽ᠪᠣᠯᠪᠠᠰᠤᠷᠠᠯ ᠤᠨ ᠠᠩᠭᠢ ᠳᠤ ᠰᠤᠷᠴᠤ ᠣᠯᠣᠭᠰᠠᠨ ᠤᠨᠤᠯ ᠤᠨ ᠮᠡᠳᠡᠯᠭᠡ ᠶᠢ ᠪᠣᠳᠠᠲᠠᠢ ᠠᠵᠢᠯ ᠤᠨ ᠳᠤᠮᠳᠠᠬᠢ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠨᠡᠩ ᠥᠨᠳᠥᠷ ᠪᠠᠷᠢᠮᠵᠢᠶ᠎ᠠ ᠪᠠᠷ ᠲᠤᠰ ᠨᠢᠬᠡᠴᠢ ᠶᠢᠨ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠢ ᠨᠠᠷᠢᠯᠢᠭ ᠪᠥᠭᠡᠳ ᠪᠣᠳᠠᠲᠠᠢ ᠬᠢᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠴᠢᠨᠠᠷᠵᠢᠭᠤᠨ ᠨᠠᠮ ᠤᠨ ᠪᠠᠶᠢᠭᠤᠯᠤᠯᠲᠠ ᠪᠠᠷ  ᠴᠢᠨᠠᠷᠯᠢᠭ ᠬᠥᠭᠵᠢᠯᠲᠡ ᠶᠢ ᠠᠬᠢᠭᠤᠯᠤᠨ᠎ᠠ︾ ᠭᠡᠵᠡᠬᠡᠵᠤ ᠪᠠᠶᠢᠯ᠎ᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map