ᠮᠠᠨ ᠤ ᠤᠷᠤᠨ ᠤ ᠬᠢᠨ ᠭᠤᠷᠪᠠᠨ ᠲᠠᠯ᠎ᠠ ᠠᠴᠠ 5 ᠵᠢᠯ ᠳᠤ 5 ᠳ᠋ᠦᠩᠰᠢᠭᠤᠷ ᠲᠥᠭᠦᠷᠢᠭ ᠪᠡᠯᠨ ᠤᠷᠤᠭᠤᠯᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠭᠵᠢᠬᠦᠯᠤᠯᠳᠡ ᠳᠤ ᠴᠢᠳᠠᠪᠬᠢ ᠤᠯᠭᠤᠪᠠ
ᠨᠡᠶᠢᠲᠡᠯᠡᠭᠰᠡᠨ ᠴᠠᠭ᠄
2024/5/29
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠠᠴᠠ ᠤᠶᠢᠯᠠᠭᠠᠬᠰᠠᠨ ᠢᠶᠠᠷ 2024 ᠣᠨ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ᠲᠠᠢ ᠬᠠᠮᠲᠤᠷᠠᠨ ︽ᠳᠤᠮᠳᠠᠳᠤ ᠤᠯᠤᠰ ᠤᠨ ᠣᠨᠴᠠᠯᠢᠭ ᠪᠦᠬᠦᠢ ᠥᠨᠳᠥᠷ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ︵︽ᠬᠤᠣᠰ ᠥᠨᠳᠥᠷ ᠵᠡᠷᠭᠡ ᠶᠢᠨ ᠲᠥᠯᠥᠪᠯᠡᠭᠡ︾ ᠭᠡᠵᠦ  ᠲᠤᠪᠴᠢᠯᠠᠶ᠎ᠠ︶ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠡᠯᠡᠯᠲᠡ ᠶᠢᠨ ᠠᠵᠢᠯ ᠢ ᠪᠡᠶᠡᠯᠡᠭᠦᠯᠪᠡ᠃ ᠢᠩᠭᠢᠭᠡᠳ ᠥᠪᠥᠷ ᠮᠣᠩᠭᠤᠯ ᠭᠤᠷᠪᠠᠨ ᠲᠠᠯ᠎ᠠ ᠶᠢᠨ ︵ᠡᠳ᠋ ᠤᠨ ᠵᠠᠰᠠᠭ᠂ ᠰᠤᠷᠭᠠᠭᠤᠯᠢ᠂ ᠠᠵᠢᠯ ᠲᠥᠷᠥᠯ ᠤᠨ ᠠᠵᠤ ᠠᠬᠤᠶᠢᠯᠠᠯ︶ ᠶᠢᠨ ᠣᠷᠣᠭᠤᠯᠤᠯᠲᠠ ᠶᠢᠨ ᠡᠨᠧᠷᠭᠢ ᠣᠯᠭᠤᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠪᠠ᠃   ︽ᠬᠤᠣᠰ ᠥᠨᠳᠥᠷ ᠲᠥᠯᠥᠪᠯᠡᠭᠡ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ︵2019 — 2023 ᠣᠨ︶ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠡᠰᠢᠵᠢᠭᠰᠡᠨ ᠣᠷᠣᠭᠤᠯᠤᠯᠲᠠ᠂ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠬᠠᠮᠵᠢᠯᠴᠠᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ ᠡᠳ᠋ ᠤᠨ ᠵᠠᠰᠠᠭ᠂ ᠰᠤᠷᠭᠠᠭᠤᠯᠢ᠂ ᠠᠵᠢᠯ ᠲᠥᠷᠥᠯ ᠤᠨ ᠠᠵᠤ ᠠᠬᠤᠶᠢᠯᠠᠯ ᠤᠳ ᠨᠡᠶᠢᠲᠡ 5.38 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠡᠭᠦᠨ ᠳᠤ ᠡᠳ᠋ ᠤᠨ ᠵᠠᠰᠠᠭ ᠤᠨ ᠣᠷᠣᠭᠤᠯᠤᠯᠲᠠ ᠶᠢᠨ ᠪᠡᠯᠡ ᠮᠥᠩᠭᠦ 2.1 ᠳ᠋ᠦᠩᠰᠢᠭᠤᠷ ᠲᠥᠭᠦᠷᠢᠭ ᠲᠤ ᠬᠦᠷᠴᠦ ᠡᠵᠡᠯᠡᠬᠦ ᠬᠠᠷᠢᠴᠠᠯ ᠨᠢ 39.04% ᠳᠤ ᠬᠦᠷᠴᠡᠢ᠃ ᠰᠤᠷᠭᠠᠭᠤᠯᠢ ᠶᠢᠨ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ 2.95 ᠳ᠋ᠦᠩᠰᠢᠭᠤᠷ ᠲᠥᠭᠦᠷᠢᠭ ᠲᠤ ᠬᠦᠷᠴᠦ᠂ 54.83% ᠶᠢ ᠡᠵᠡᠯᠡᠪᠡ᠃ ᠠᠵᠢᠯ ᠲᠥᠷᠥᠯ ᠤᠨ ᠠᠵᠤ ᠠᠬᠤᠶᠢᠯᠠᠯ ᠤᠨ ᠳᠡᠮᠵᠢᠯᠭᠡ ᠶᠢᠨ ᠪᠡᠯᠡ ᠮᠥᠩᠭᠦ 0.33 ᠳ᠋ᠦᠩᠰᠢᠭᠤᠷ ᠲᠥᠭᠦᠷᠢᠭ ᠪᠠᠶᠢᠵᠤ᠂ 6.13% ᠶᠢ ᠡᠵᠡᠯᠡᠪᠡ᠃ ᠤᠯᠠᠨ ᠡᠰᠢᠴᠢᠯᠡᠭᠰᠡᠨ ᠪᠡᠯᠡ ᠣᠷᠣᠭᠤᠯᠤᠯᠲᠠ ᠶᠢᠨ ᠳᠡᠮᠵᠢᠯᠭᠡ  ᠪᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠬᠦ᠂ ᠠᠵᠤ ᠦᠢᠯᠡᠰ ᠤᠨ ᠬᠥᠭᠵᠢᠯᠲᠡ ᠶᠢ ᠵᠣᠯᠭᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠨ ᠬᠥᠮᠥᠨ ᠬᠥᠮᠥᠵᠢᠭᠦᠯᠬᠦ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠵᠤ᠂ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠳᠤ ᠬᠦᠴᠦᠷᠬᠡᠭ ᠶᠡᠭᠡ ᠮᠡᠷᠭᠡᠵᠢᠯ ᠪᠣᠯᠣᠨ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃     ᠲᠠᠷᠠᠭᠠᠴᠢ ᠪᠠᠷ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠥᠨᠳᠥᠷ ᠲᠥᠯᠥᠪᠯᠡᠭᠡ︾ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠶᠢ  ᠠᠬᠢᠭᠤᠯᠬᠤ ᠪᠤᠯᠤᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map