ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠤ ᠶᠠᠳᠠᠭᠤ ᠬᠦᠴᠢᠷᠳᠡᠯᠲᠡᠢ ᠤᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ ᠶᠢ56.33 ᠳ᠋ᠦᠩᠰᠢᠭᠤᠷ ᠲᠥᠭᠦᠷᠢᠭ  ᠪᠠᠭᠤᠯᠭᠠᠪᠠ
ᠨᠡᠶᠢᠲᠡᠯᠡᠭᠰᠡᠨ ᠴᠠᠭ᠄
2024/5/29
   ᠲᠥᠪ ᠤᠨ ᠡᠳ᠋ ᠤᠨ ᠵᠠᠰᠠᠭ ᠠᠴᠠ 2024 ᠣᠨ ᠳᠤ  ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ 56.33 ᠳ᠋ᠦᠩᠰᠢᠭᠤᠷ ᠲᠥᠭᠦᠷᠢᠭ ᠪᠠᠭᠤᠯᠭᠠᠵᠤ᠂ ᠲᠦᠷᠤᠬᠦᠤ ᠵᠢᠯ ᠤᠨ ᠬᠢ ᠠᠴᠠ 1.27 ᠳ᠋ᠦᠩᠰᠢᠭᠤᠷ ᠲᠥᠭᠦᠷᠢᠭ ᠨᠡᠮᠡᠭᠳᠡᠪᠡ᠃    ᠦᠨᠤ ᠵᠢᠯ  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠢᠨ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠢ  ᠠᠬᠢᠭᠤᠯᠵᠤ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠢᠳᠡᠪᠬᠢᠲᠡᠢ ᠰᠠᠶᠢᠲᠤᠷ ᠬᠢᠵᠦ᠂ ︽ᠠᠷᠠᠳ ᠤᠨ ᠶᠠᠪᠤᠳᠠᠯ ᠤᠨ ᠶᠠᠮᠤᠨ ᠤ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠳᠡᠮᠵᠢᠬᠦ ᠪᠣᠳᠠᠲᠠᠢ ᠠᠷᠭ᠎ᠠ︾ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠤ᠂ ᠲᠥᠪ ᠤᠨ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ ᠶᠢᠨ ᠳᠡᠮᠵᠢᠯᠭᠡ ᠶᠢᠨ ᠡᠷᠴᠢᠮ ᠢ ᠤᠯᠠᠮ ᠴᠢᠩᠭᠠᠷᠠᠭᠤᠯᠬᠤ ᠪᠠᠷ ᠴᠢᠷᠮᠠᠶᠢᠪᠠ᠃   ᠣᠳᠣ ᠪᠣᠯᠲᠠᠯ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠢ ᠣᠯᠠᠨ ᠲᠦᠮᠡᠨ ᠢ  ᠲᠤᠰᠠᠯᠠᠮᠵᠢ ᠶᠢᠨ ᠨᠦᠬᠦᠪᠤᠷᠢ ᠶᠢ 74.42 ᠳ᠋ᠦᠩᠰᠢᠭᠤᠷ ᠲᠥᠭᠦᠷᠢᠭ ︵ᠡᠭᠦᠨ ᠳᠤ᠂ ᠲᠥᠪ ᠤᠨ ᠡᠳ᠋ ᠤᠨ ᠵᠠᠰᠠᠭ 56.33 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 18.09 ᠳ᠋ᠦᠩᠰᠢᠭᠤᠷ ᠲᠥᠭᠦᠷᠢᠭ︶ ᠪᠠᠭᠤᠯᠭᠠᠵᠤ᠂ ᠮᠠᠨ ᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠴᠢ 167 ᠲᠦᠮᠡᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠢ ᠳᠡᠮᠵᠢᠨ ᠪᠠᠲᠤᠯᠠᠵᠤ᠂ ᠲᠦᠷ ᠴᠠᠭ ᠤᠨ ᠲᠤᠰᠠᠯᠠᠮᠵᠢ ᠪᠠ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠲᠤᠰᠠᠯᠠᠬᠤ ᠠᠵᠢᠯ ᠢ ᠴᠠᠭ ᠲᠤᠬᠠᠢ ᠳᠤ ᠨᠢ ᠦᠷᠨᠢᠬᠦᠯᠤᠨ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠤᠰᠠᠯᠠᠮᠵᠢ ᠶᠢᠨ ᠨᠥᠬᠦᠪᠦᠷᠢ ᠪᠠᠷ ︽ᠪᠠᠴᠢᠮ ᠪᠠ ᠬᠦᠴᠢᠷᠳᠡᠯᠳᠡᠢ ᠬᠦᠮᠦᠰ ᠢ ᠲᠤᠰᠠᠯᠠᠬᠤ︾᠂ ︽ᠬᠤᠷᠢᠭ᠎ᠠ ᠱᠤᠭᠤᠮ ᠢ ᠪᠠᠲᠤᠯᠠᠬᠤ︾ ᠦᠢᠯᠡᠳᠦᠯ ᠢᠶᠠᠨ ᠰᠠᠶᠢᠲᠤᠷ  ᠪᠠᠳᠠᠷᠠᠭᠤᠯᠵᠠᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map