ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ | ᠬᠢᠨ ᠠᠴᠠ ᠣᠶᠢᠯᠠᠭᠠᠭᠰᠠᠨ ᠢᠶᠠᠷ᠂ ᠲᠦᠷᠤᠬᠦᠤ ᠤᠯᠠᠷᠢᠯ ᠳᠤ᠂ ᠮᠠᠨ ᠤ ᠣᠷᠣᠨ ᠤ ᠪᠤᠳᠠ ᠪᠤᠭ ᠮᠠᠯ ᠤᠨ ᠲᠦᠯ ᠤᠨ | ᠤᠨᠳᠤᠷᠤᠯᠳᠠ ᠶᠢᠨ ᠨᠣᠷᠮ᠎ᠠ 3077 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.65% ᠪᠠᠷ | ᠨᠡᠮᠡᠭᠳᠡᠨ᠂ ᠲᠥᠯ ᠤᠨ ᠤᠨᠳᠤᠷᠤᠯᠲᠠ ᠶᠢᠨ ᠨᠣᠷᠮ᠎ᠠ 98% ᠶᠢ ᠲᠠᠪᠠᠪᠠ᠃ ᠲᠦᠷᠤᠬᠦᠤ ᠤᠯᠠᠷᠢᠯ ᠳᠤ ᠪᠥᠬᠦ | ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 44 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ᠂ ᠡᠭᠦᠨ ᠳᠤ ᠦᠬᠡᠷ ᠤᠨ ᠮᠢᠬ᠎ᠠ᠂ ᠬᠤᠨᠢᠨ ᠤ ᠮᠢᠬ᠎ᠠ ᠲᠣᠰ ᠲᠣᠰ | 9.8% ᠪᠠ 4.9% ᠪᠠᠷ ᠨᠡᠮᠡᠭᠳᠡᠪᠡ᠃ 592.5 ᠲᠦᠮᠡᠨ ᠭᠠᠭ᠋ᠠᠢ ᠲᠠᠢ ᠪᠤᠯᠵᠤ᠂ ᠠᠳᠠᠯᠢ ᠬᠤᠭᠤᠴᠠᠭᠠᠨ ᠤ | ᠬᠢ ᠠᠴᠠ 2.6% ᠨᠡᠮᠡᠭᠳᠡᠪᠡ᠃ ᠠᠯᠠᠰᠢᠨ ᠦᠬᠡᠷ 950.1 ᠲᠦᠮᠡ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 7.9% ᠨᠡᠮᠡᠭᠳᠡᠪᠡ᠃ 6947.7 ᠲᠦᠮᠡᠨ ᠬᠤᠨᠢ ᠲᠡᠵᠢᠭᠡᠵᠦ᠂ ᠠᠳᠠᠯᠢ ᠬᠤᠭᠤᠴᠠᠭᠠᠨ ᠤ ᠬᠢ ᠠᠴᠠ 0. | 9% ᠨᠡᠮᠡᠭᠳᠡᠪᠡ᠃ | ᠲᠥᠯ ᠲᠤᠰᠴᠤ ᠪᠣᠶᠢᠵᠢᠭᠤᠯᠬᠤ ᠪᠣᠯ ᠲᠡᠵᠢᠭᠡᠨ ᠦᠷᠡᠵᠢᠭᠦᠯᠬᠦ ᠦᠢᠯᠡᠰ ᠤᠨ ᠵᠠᠩᠭᠢᠯᠠᠭ᠎ᠠ ᠶᠢᠨ ᠭᠤᠭᠴᠤᠭ᠎ᠠ | ᠪᠣᠯᠬᠤ ᠪᠥᠭᠡᠳ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠲᠠᠢ ᠰᠢᠭᠤᠳ ᠬᠤᠯᠪᠣᠭᠳᠠᠵᠤ | ᠪᠠᠶᠢᠳᠠᠭ᠃ ᠲᠥᠯ ᠲᠤᠰᠴᠤ ᠪᠣᠶᠢᠵᠢᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ | ᠲᠥᠯᠥᠭᠡ ᠮᠠᠨ ᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠮᠠᠯ | ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠮᠠᠯ ᠤᠨ ᠳᠤᠯᠠᠭᠠᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠪᠠ ᠳᠠᠷᠤᠰᠢᠭᠤᠯᠬᠤ | ᠲᠦᠬᠦᠬᠡᠷᠤᠮᠵᠢ ᠵᠡᠷᠭᠡ ᠶᠢ ᠲᠡᠰ ᠲᠡᠪᠰᠢᠬᠦᠯᠤᠨ ᠲᠦᠯ ᠲᠤᠰᠬᠤ ᠠᠵᠢᠯ ᠤᠨ ᠠᠮᠤᠷ ᠲᠦᠪᠰᠢᠨ ᠪᠠ ᠡᠬᠡ ᠮᠠᠯ ᠤᠨ | ᠲᠠᠷᠭᠤ ᠬᠦᠴᠦ ᠶᠢ ᠬᠠᠮᠠᠭᠠᠯᠠᠬᠤ ᠠᠵᠢᠯ ᠢ ᠪᠦᠲᠦᠮᠵᠢᠲᠡᠶ ᠳᠡᠭᠡᠭᠰᠢᠯᠡᠭᠦᠯᠪᠡ᠃ | ᠡᠭᠦᠨ ᠤ ᠬᠠᠮᠲᠤ ᠮᠠᠨ ᠤ ᠣᠷᠣᠨ ᠤ ᠬᠢᠨ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠰᠠᠶᠢᠲᠤᠷ ᠬᠢᠵᠦ᠂ | ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠡᠪᠡᠰᠦ ᠪᠣᠷᠳᠤᠭ᠎ᠠ ᠬᠤᠳᠠᠯᠳᠤᠨ ᠠᠪᠬᠤ ᠠᠷᠭ᠎ᠠ ᠵᠠᠮ ᠲᠠᠢ ᠣᠯᠠᠨ | ᠲᠠᠯ᠎ᠠ ᠪᠠᠷ ᠬᠤᠯᠪᠣᠭᠳᠠᠭᠤᠯᠵᠤ᠂ ᠡᠬᠡ ᠮᠠᠯ ᠳᠤ ᠲᠡᠵᠢᠭᠡᠯ ᠨᠥᠬᠦᠪᠦᠷᠢᠯᠡᠬᠦ ᠠᠵᠢᠯ ᠢ ᠰᠠᠶᠢᠲᠤᠷ ᠬᠢᠵᠦ᠂ ᠲᠥᠯ | ᠮᠠᠯ ᠤᠨ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠵᠦᠢ ᠵᠣᠬᠢᠰᠲᠠᠢ᠂ ᠬᠠᠩᠭᠠᠯᠭ᠎ᠠ ᠬᠦᠢᠴᠡᠳ ᠪᠠᠶᠢᠬᠤ ᠶᠢ | ᠪᠠᠳᠤᠯᠠᠯ᠎ᠠ᠃ ᠲᠡᠵᠢᠭᠡᠨ ᠦᠷᠡᠵᠢᠭᠦᠯᠬᠦ ᠡᠷᠦᠬᠡ ᠶᠢ ᠵᠢᠯᠣᠭᠤᠳᠤᠨ ᠴᠠᠭ ᠲᠤᠬᠠᠢ ᠳᠤ ᠨᠢ ᠬᠠᠰᠢᠶ᠎ᠠ ᠪᠠᠨ | ᠨᠥᠬᠦᠪᠦᠷᠢᠯᠡᠵᠦ᠂ ᠡᠬᠡ ᠮᠠᠯ ᠤᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠲᠥᠯ ᠮᠠᠯ ᠤᠨ | ᠤᠨᠳᠤᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ᠂ ᠰᠢᠯᠢᠳᠡᠭ ᠪᠡᠯᠡᠳᠬᠡᠯ ᠡᠬᠡ ᠮᠠᠯ ᠢ ᠰᠣᠩᠭᠤᠵᠤ ᠴᠠᠭ | ᠲᠤ ᠨᠢ ᠲᠣᠬᠢᠷᠠᠭᠤᠯᠤᠨ ᠬᠠᠰᠢᠶ᠎ᠠ ᠶᠢ ᠨᠢ ᠨᠦᠬᠦᠪᠤᠷᠢᠯᠡᠬᠦᠯᠪᠡ᠃ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠬᠠᠰᠢᠶ᠎ᠠ ᠰᠠᠷᠠᠪᠴᠢ ᠬᠠᠰᠢᠶᠠᠯᠠᠨ ᠠᠷᠢᠭᠤᠳᠬᠠᠬᠤ | ᠠᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠮᠡᠷᠭᠡᠵᠢᠯ ᠢ | ᠢᠳᠡᠪᠬᠢᠲᠡᠢ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠷᠤᠭᠡ ᠳᠤ ᠪᠠᠲᠤ ᠪᠠᠬᠢ ᠮᠡᠷᠭᠡᠵᠢᠯ ᠤᠨ ᠪᠠᠲᠤᠯᠠᠭ᠎ᠠ ᠶᠢ | ᠬᠠᠨᠭ᠍ᠭᠠᠬᠰᠠᠨ ᠪᠠᠶᠢᠨ᠎ᠠ᠃ | | | | | | | | | | | | | | |