ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠳᠥᠷᠪᠡᠨ ᠠᠷᠭ᠎ᠠ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/6/25
    ᠪᠦᠬᠦ ᠤᠯᠤᠰ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠦᠬᠠᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠳᠦᠰᠦᠨ ᠨᠡᠶᠢᠭᠡᠮ ᠤᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂  ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠴᠢᠷᠮᠠᠶᠢᠨ ᠠᠬᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠦᠮᠦᠰ ᠢ  ᠬᠠᠯᠠᠮᠵᠢᠯᠠᠬᠤ ᠦᠢᠯᠡᠴᠢᠯᠡᠭᠡ ᠪᠠ ᠪᠠᠲᠤᠯᠠᠭ᠎ᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠠᠵᠢᠯ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦ ᠨᠡᠮᠡᠷᠢᠯᠡᠪᠡ᠃   ᠨᠢᠭᠡ ᠳᠤ᠂ ᠦᠢᠯᠡᠴᠢᠯᠡᠭᠡ ᠪᠠᠨ ᠭᠦᠨᠵᠡᠭᠡᠶᠢᠷᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ︽ᠰᠡᠳᠬᠢᠯ ᠢ ᠳᠤᠯᠠᠭᠠᠴᠠᠭᠤᠯᠬᠤ ᠲᠣᠣᠷ︾ ᠢ ᠨᠢᠭᠲᠠ ᠰᠦᠯᠵᠢᠪᠡ    15 ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠦᠬᠠᠢ ᠬᠤᠲᠠ ᠶᠢᠨ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠪᠦᠯ ᠤᠨ ᠠᠮᠠᠷᠠᠯᠲᠠ᠂ ᠴᠠᠭᠠᠨ ᠰᠠᠷ᠎ᠠ ᠶᠢᠨ ᠪᠠᠶᠠᠷ ᠢᠶᠠᠷ ᠠᠵᠠ ᠲᠣᠬᠢᠶᠠᠯ ᠪᠣᠯᠭᠠᠵᠤ᠂ ᠪᠦᠬᠦ ᠬᠤᠲᠠ ᠶᠢᠨ ᠬᠡᠪᠴᠢᠶᠡᠨ ᠳᠤ ᠡᠪᠦᠯ ᠤᠨ ᠠᠮᠠᠷᠠᠯᠲᠠ᠂ ᠴᠠᠭᠠᠨ ᠰᠠᠷ᠎ᠠ ᠶᠢᠨ ᠬᠤᠭᠤᠴᠠᠭᠠᠨ ᠳᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ., ᠬᠠᠯᠠᠮᠵᠢᠯᠠᠬᠤ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠶᠢ 82 ᠬᠥᠮᠥᠨ ᠳᠠᠶᠢᠴᠢᠯᠠᠵᠤ᠂ 469 ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠡᠷᠦᠬᠡ ᠳᠤ ᠬᠦᠷᠴᠦ ᠪᠠᠶᠢᠴᠠᠭᠠᠨ ᠵᠢᠭᠰᠠᠭᠠᠵᠤ᠂ ᠠᠶᠤᠯ ᠦᠬᠡᠢ  ᠶᠢᠨ ᠲᠤᠬᠠᠢ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ 17 ᠤᠳᠠᠭ᠎ᠠ ᠥᠷᠨᠢᠭᠦᠯᠵᠦ᠂ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠮᠤᠷ ᠲᠦᠪᠰᠢᠨ ᠡᠷᠡᠭᠦᠯ ᠴᠢᠭᠢᠷᠠᠭ᠂ ᠬᠠᠯᠠᠭᠤᠨ ᠳᠤᠯᠠᠭᠠᠨ ᠥᠯᠵᠡᠢ ᠪᠡᠯᠭᠡ ᠲᠠᠢ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠬᠠᠯᠠᠮᠵᠢᠯᠠᠬᠤ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠵᠢ‌‍ᠪᠠᠬᠢᠵᠢᠬᠦᠯᠪᠡ᠃ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠶᠢ  ᠲᠡᠭᠡᠭᠰᠢᠯᠡᠬᠦᠯᠪᠡ᠃ ᠲᠠᠷᠬᠠᠨ ᠰᠠᠭᠤᠵᠤ ᠪᠠᠶᠢᠭ᠎ᠠ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠬᠥᠮᠥᠨ ᠪᠦᠷᠢ ᠳᠤ ᠰᠠᠷ᠎ᠠ ᠳᠤ 1980 ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠲᠡᠵᠢᠭᠡᠵᠦ ᠪᠠᠶᠢᠭ᠎ᠠ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠬᠥᠮᠥᠨ ᠪᠦᠷᠢ ᠳᠤ ᠰᠠᠷ᠎ᠠ ᠳᠤ 2310 ᠲᠥᠭᠦᠷᠢᠭ ᠪᠣᠯᠭᠠᠨ ᠂ ᠪᠤᠳᠠᠳᠠᠢ  ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠣᠯᠣᠨ ᠲᠠᠷᠬᠠᠨ ᠰᠠᠭᠤᠵᠤ ᠪᠠᠶᠢᠭ᠎ᠠ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠪᠠᠷᠢᠮᠵᠢᠶ᠎ᠠ ᠶᠢ ᠵᠡᠷᠭᠡ ᠳᠤᠨᠢ ᠬᠡᠷᠡᠭᠵᠢᠬᠦᠯᠪᠡ᠃ᠬᠤᠶᠠᠷ ᠲᠤ᠂ ᠣᠨᠴᠠᠭᠠᠶ  ᠬᠦᠮᠦᠰ ᠢ ᠠᠩᠬᠠᠷᠴᠤ᠂ ᠵᠡᠮᠳᠡᠭᠴᠦᠳ ᠤᠨ ︽ᠳᠣᠲᠣᠨᠣ ᠬᠥᠮᠥᠨ︾  ᠪᠤᠯᠪᠠ   ᠦᠨᠳᠦᠰᠦᠨ ᠪᠠᠲᠤᠯᠠᠭ᠎ᠠ  ᠂ ᠨᠠᠷᠢᠯᠢᠭ ᠣᠨᠣᠴᠠᠲᠠᠢ ᠬᠠᠮᠢᠶᠠᠷᠤᠯᠲᠠ ᠪᠠ ᠡᠷᠡᠭᠦᠯᠵᠢᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ︽ᠭᠤᠷᠪᠠ ᠶᠢ ᠳᠡᠭᠡᠭᠰᠢᠯᠡᠭᠦᠯᠬᠦ︾ ᠪᠠᠷ ᠪᠠᠷᠢᠴᠨ ᠪᠣᠯᠭᠠᠵᠤ᠂ ᠵᠡᠮᠳᠡᠭᠴᠦᠳ ᠤᠨ ᠠᠰᠠᠷᠠᠮᠵᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠪᠠ᠃ ︽ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ  ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ 2023 ᠣᠨ ᠳᠤ 5011 ᠵᠡᠮᠳᠡᠭᠴᠦᠳ ᠲᠤ ᠨᠡᠶᠢᠲᠡ 739.53 ᠲᠦᠮᠡᠨ ᠲᠥᠭᠦᠷᠢᠭ ᠤᠨ ︽ᠬᠤᠶᠠᠷ ᠨᠥᠬᠦᠪᠦᠷᠢ︾ ᠣᠯᠭᠤᠪᠠ᠃ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢ ᠲᠣᠰ ᠲᠣᠰ ᠬᠥᠮᠥᠨ ᠪᠦᠷᠢ 1200 ᠲᠥᠭᠦᠷᠢᠭ ᠪᠠᠶᠢᠭᠰᠠᠨ ᠠᠴᠠ ᠬᠥᠮᠥᠨ ᠪᠦᠷᠢ ᠵᠢᠯ ᠳᠤ 1440 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠭᠤᠯᠵᠤ᠂  ᠨᠤᠴᠢᠳᠠᠢ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠠᠷᠢᠮᠵᠢᠶ᠎ᠠ ᠶᠢ ᠬᠤᠶᠠᠳᠤᠭᠠᠷ ᠲᠤ ᠤᠷᠤᠭᠤᠯᠪᠠ᠃ ︽ᠮᠤᠵᠢ ᠠᠯᠤᠰᠯᠠᠨ  ᠲᠤᠭᠤᠰᠢᠳᠠᠢ ᠰᠢᠢᠳᠪᠦᠷᠢᠯᠡᠬᠦ︾ ︽ᠪᠥᠬᠦ ᠶᠠᠪᠤᠴᠠ ᠳᠤ ᠰᠦᠯᠵᠢᠶ᠎ᠡ ᠪᠠᠷ ᠰᠢᠢᠳᠪᠦᠷᠢᠯᠡᠬᠦ︾ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠶᠢ ᠦᠷᠭᠦᠯᠵᠢᠯᠡᠨ ᠠᠬᠢᠭᠤᠯᠵᠤ᠂ ︽ᠬᠥᠮᠥᠨ ᠨᠢ ᠲᠥᠷᠥ ᠶᠢᠨ ᠪᠣᠳᠣᠯᠭ᠎ᠠ ᠡᠷᠢᠬᠦ︾ ᠪᠠᠶᠢᠭᠰᠠᠨ ᠢ ︽ᠲᠥᠷᠥ ᠶᠢᠨ ᠪᠣᠳᠣᠯᠭ᠎ᠠ ᠪᠠᠷ ᠬᠥᠮᠥᠨ ᠡᠷᠢᠬᠦ︾ ᠪᠣᠯᠭᠠᠨ᠂ ᠵᠡᠮᠳᠡᠭᠴᠦᠳ  ᠨᠥᠬᠦᠪᠦᠷᠢ  ᠭᠤᠶᠤᠴᠢᠯᠠᠬᠤ ᠳᠤ ᠲᠥᠬᠦᠮ ᠦᠵᠡᠬᠦᠯᠪᠡ     ᠭᠤᠷᠪᠠ ᠳᠤ᠂ ᠵᠠᠩ ᠳᠠᠳᠬᠠᠯ ᠢ ᠦᠬᠡᠷᠡᠴᠢᠯᠡᠯᠳᠡ ᠶᠢ ᠠᠬᠢᠭᠤᠯᠵᠤ᠂ ᠤᠷᠤᠰᠢᠭᠤᠯᠭ᠎ᠠ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ ︽ᠪᠣᠯᠪᠠᠰᠤᠨ ᠰᠤᠷᠲᠠᠯ︾ ᠢ ᠪᠠᠳᠠᠷᠠᠭᠤᠯᠪᠠ    ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠵᠠᠩ ᠳᠠᠳᠬᠠᠯ ᠤᠨ ᠥᠭᠡᠷᠡᠴᠢᠯᠡᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠡᠭᠦᠷᠭᠡ ᠪᠣᠯᠭᠠᠨ ᠠᠳᠬᠤᠵᠤ᠂ ︽ᠢᠨᠲ᠋ᠧᠷ ᠰᠦᠯᠵᠢᠶ᠎ᠡ + ᠣᠷᠣᠰᠢᠭᠤᠯᠭ᠎ᠠ ᠶᠢᠨ ᠦᠢᠯᠡᠴᠢᠯᠡᠭᠡ︾ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠬᠠᠮᠤᠭ ᠠᠴᠠ ᠤᠷᠢᠳ ᠬᠤᠲᠠ ᠶᠢᠨ ᠲᠠᠰ ᠤᠨ ︽ᠠᠷᠤ ᠲᠠᠯ᠎ᠠ ᠶᠢᠨ ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ᠬᠠᠮᠲᠤᠷᠠᠨ ᠭᠦᠢᠴᠡᠳᠬᠡᠬᠦ ᠲᠠᠪᠴᠠᠩ ᠢ ᠰᠦᠯᠵᠢᠶᠡᠨ ᠳᠤ ᠣᠷᠣᠭᠤᠯᠤᠨ ᠬᠡᠷᠡᠭᠯᠡᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠡᠬᠢᠯᠡᠨ ᠬᠡᠷᠡᠭᠯᠡᠵᠦ᠂ ᠣᠷᠣᠰᠢᠭᠤᠯᠭ᠎ᠠ ᠶᠢᠨ ᠲᠡᠦᠬᠡ ᠶᠢᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠣᠷᠣᠭᠤᠯᠬᠤ ᠪᠠ ᠬᠥᠳᠡᠯᠦᠩᠭᠦᠢ ᠲᠤᠭ᠎ᠠ ᠪᠠᠷᠢᠮᠲᠠ ᠶᠢ ᠴᠠᠭ ᠲᠤᠬᠠᠢ ᠳᠠᠮᠵᠢᠭᠤᠯᠬᠤ  ᠪᠤᠯᠭᠠᠵᠤ᠂ ᠰᠦᠯᠵᠢᠶᠡᠨ ᠳᠡᠭᠡᠷᠡᠬᠢ ︽ᠡᠭᠦᠯᠡᠨ ᠳᠠᠬᠢᠯᠭ᠎ᠠ ᠶᠢᠨ ᠮᠡᠷᠬᠡᠨ ᠴᠤᠬᠤᠷ︾ ᠢ ᠰᠢᠯᠢᠳᠡᠭᠵᠢᠬᠦᠯᠤᠨ᠂ ᠣᠯᠠᠨ ᠲᠦᠮᠡᠨ ᠤ ︽  ᠬᠤᠶᠢᠳᠤᠬᠢ ᠶᠠᠪᠤᠳᠠᠯ︾ ᠢ ᠭᠦᠢᠴᠡᠳᠬᠡᠬᠦ ᠶᠠᠪᠤᠴᠨ ᠳᠤ ᠬᠢ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠰᠢᠢᠳᠪᠤᠷᠢᠯᠡᠪᠡ᠃ ᠦᠬᠠᠢ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠦᠬᠠᠢ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ ᠨᠢᠬᠡᠴᠢ ᠶᠢᠨ ᠬᠢᠨ ᠲᠠᠢ ᠢᠳᠡᠪᠬᠢᠲᠡᠢ ᠪᠠᠷ ᠵᠣᠬᠢᠴᠠᠭᠤᠯᠵᠤ ᠪᠠᠶᠢᠭᠠᠳ ᠰᠦᠯᠵᠢᠶ᠎ᠡ᠂ ᠲᠧᠯᠸᠢᠰ᠂ ᠰᠣᠨᠢᠨ ᠳᠡᠭᠡᠷ᠎ᠡ ︽ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠨᠡᠶᠢᠲᠡᠯᠡᠬᠦ ᠵᠡᠷᠭᠡ ᠠᠷᠭ᠎ᠠ ᠪᠠᠷ ᠬᠤᠲᠠ ᠶᠢᠨ ᠠᠷᠠᠳ ᠲᠤ ᠪᠣᠯᠪᠠᠰᠤᠨ ᠪᠥᠭᠡᠳ ᠠᠷᠪᠢᠴᠢ ᠭᠠᠮᠲᠠᠢ᠂ ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠠᠷᠭ᠎ᠠ  ᠶᠢ ᠢᠳᠡᠪᠬᠢᠲᠡᠢ ᠳᠡᠯᠭᠡᠷᠡᠭᠦᠯᠵᠦ᠂ ᠵᠠᠩ ᠳᠠᠳᠬᠠᠯ ᠤᠨ ᠦᠬᠡᠷᠡᠴᠢᠯᠡᠯᠳᠡ ᠵᠢ‌ᠠᠬᠢᠭᠤᠯᠵᠤ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠨ᠂ ᠪᠣᠬᠢᠷᠲᠤᠯ ᠦᠭᠡᠢ ᠪᠣᠯᠪᠠᠰᠤᠨ ᠣᠷᠣᠰᠢᠭᠤᠯᠭ᠎ᠠ ᠶᠢᠨ ᠤᠶᠢᠯᠠᠭᠠᠬᠳᠠᠬᠤᠨ ᠢ ᠪᠤᠢ ᠪᠤᠯᠭᠠᠵᠤ ᠴᠢᠳᠠᠯ᠎ᠠ᠃ ᠡᠭᠦᠨ ᠤ ᠬᠠᠮᠲᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠯᠪᠠᠰᠤᠨ ᠢᠶᠠᠷ ᠪᠡᠯᠪᠡᠰᠤᠷᠡᠬᠦ ᠶᠢ ᠤᠶᠤᠨ ᠤ ᠪᠣᠯᠪᠠᠰᠤᠨ ᠤ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠳᠤ ᠣᠷᠣᠭᠤᠯᠵᠤ᠂ ᠤᠯᠠᠨ ᠲᠦᠮᠡᠨ ᠤ ᠪᠣᠯᠪᠠᠰᠤᠨ ᠢᠶᠠᠷ ᠪᠡᠯᠪᠡᠰᠤᠷᠡᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠦᠢᠯᠡᠳᠬᠦ ᠲᠡᠶᠢᠰᠢ ᠲᠠᠶᠢᠴᠢᠯᠠᠪᠠ᠃   ᠳᠥᠷᠪᠡ ᠳᠤ᠂  ᠤᠷᠤᠭ ᠤᠨ ᠵᠠᠩ ᠳᠠᠳᠬᠠᠯ ᠰᠢᠨ᠎ᠡ ᠰᠤᠷᠲᠠᠯ  ᠲᠡᠶᠢᠰᠢ ᠲᠠᠶᠢᠴᠢᠯᠠᠵᠤ ᠤᠷᠤᠭ ᠬᠤᠷᠢᠮ ᠤᠨ ᠶᠠᠪᠤᠳᠠᠯ ᠢ  ᠰᠢᠨ᠎ᠡ ᠮᠠᠶ᠋ᠢᠭ ᠢᠶᠠᠷ ᠡᠷᠬᠢᠯᠡᠬᠦ ᠪᠤᠯᠭᠠᠪᠠ     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠬᠤ ᠪᠠᠷ ᠪᠦᠬᠦ ᠬᠤᠲᠠ ᠪᠠ ᠡᠯ᠎ᠡ ᠪᠠᠯᠭᠠᠰᠤ  ᠶᠢ ᠬᠦᠴᠦᠯᠡᠨ ᠠᠬᠢᠭᠤᠯᠵᠤ ᠂ ᠡᠯ᠎ᠡ ᠲᠣᠰᠬᠤᠨ ᠤ ᠤᠷᠤᠭ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠵᠠᠩ ᠳᠠᠳᠬᠠᠯ ᠢ ᠥᠭᠡᠷᠡᠴᠢᠯᠡᠵᠦ᠂ ᠵᠥᠪ ᠣᠨᠣᠪᠴᠢᠲᠠᠶ ᠤᠷᠤᠭ ᠭᠡᠷ ᠪᠦᠯᠢ ᠶᠢᠨ ᠦᠵᠡᠯᠲᠡ ᠶᠢ ᠰᠠᠨᠠᠭᠠᠴᠢᠯᠠᠵᠤ᠂ ᠤᠷᠤᠭ ᠤᠨ ᠶᠣᠰᠣ ᠲᠥᠪ ᠪᠤᠰᠤ ᠰᠤᠷᠲᠠᠯ ᠢ ᠬᠤᠷᠢᠭᠯᠠᠨ ᠵᠣᠭᠰᠣᠭᠠᠵᠤ᠂ ᠳᠤᠮᠳᠠᠳᠤ ᠶᠢᠨ ᠰᠢᠯᠢᠳᠡᠭ ᠤᠷᠤᠭ ᠭᠡᠷ ᠪᠦᠯᠢ ᠶᠢᠨ ᠰᠣᠶᠣᠯ ᠢ ᠤᠯᠠᠮᠵᠢᠯᠠᠨ ᠬᠥᠭᠵᠢᠭᠦᠯᠵᠦ᠂ ᠤᠷᠤᠭ ᠬᠤᠷᠢᠮ ᠤᠨ ᠬᠠᠭᠤᠴᠢᠨ ᠵᠠᠩ ᠳᠠᠳᠬᠠᠯ ᠢ ᠡᠪᠳᠡᠬᠦ᠂ ᠪᠣᠯᠪᠠᠰᠤᠨ ᠬᠤᠷᠢᠮ ᠤᠨ ᠵᠠᠩ ᠳᠠᠳᠬᠠᠯ ᠢ ᠰᠠᠨᠠᠭᠠᠴᠢᠯᠠᠬᠤ ᠵᠡᠷᠭᠡ ᠲᠠᠯ᠎ᠠ ᠪᠠᠷ ᠠᠰᠢᠭᠲᠠᠢ ᠰᠦᠪᠡᠭᠴᠢᠯᠡᠯᠲᠡ ᠬᠢᠵᠦ᠂ ᠪᠣᠯᠪᠠᠰᠤᠨ ᠰᠢᠨ᠎ᠡ ᠰᠤᠷᠲᠠᠯ ᠢ ᠲᠦᠭ ᠲᠦᠮᠡᠨ ᠠᠶᠢᠯ ᠡᠷᠦᠬᠡ ᠳᠤ ᠳᠡᠯᠭᠡᠷᠡᠭᠦᠯᠬᠦ ᠶᠢ ᠠᠬᠢᠭᠤᠯᠵᠤ᠂ ᠤᠷᠤᠭ ᠬᠤᠷᠢᠮ ᠤᠨ ᠶᠠᠪᠤᠳᠠᠯ ᠢ ᠰᠢᠨ᠎ᠡ ᠪᠠᠷ ᠡᠷᠬᠢᠯᠡᠬᠦ᠂ ᠪᠠᠶᠠᠷ ᠤᠨ ᠶᠠᠪᠤᠳᠠᠯ ᠢ ᠳᠥᠭᠦᠮᠴᠢᠯᠡᠨ ᠬᠢᠬᠦ ᠨᠢ ᠢᠳᠡᠭ ᠢᠳᠡᠭ ᠢᠶᠠᠷ ᠵᠠᠩᠰᠢᠯ ᠪᠤᠯᠪᠠ᠃ ︽2024 ᠣᠨ ᠤ ︿ᠠᠶᠢᠮᠠᠭ ᠤᠨ ᠪᠠᠶᠠᠷ ᠤᠨ ᠶᠠᠪᠤᠳᠠᠯ ᠢ ᠰᠢᠨ᠎ᠡ ᠪᠠᠷ ᠡᠷᠭᠢᠯᠡᠬᠦ﹀ ᠬᠤᠷᠢᠮ ᠤᠨ ᠵᠠᠩ ᠳᠠᠳᠬᠠᠯ ᠤᠨ ᠰᠣᠶᠣᠯ ᠤᠨ ᠠᠵᠢᠯᠯᠠᠭ᠎ᠠ︾ ᠶᠢ ᠡᠷᠭᠢᠯᠡᠬᠦ ᠪᠠᠷ ᠳᠠᠮᠵᠢᠭᠤᠯᠤᠨ᠂ ᠣᠷᠤᠭ ᠤᠨ ᠦᠵᠡᠯᠲᠡ ᠶᠢᠨ ᠬᠥᠮᠦᠵᠢᠯ ᠪᠠ  ᠪᠠᠳᠤᠯᠠᠪᠤᠷᠢ ᠣᠯᠭᠤᠬᠤ ᠶᠣᠰᠣᠯᠠᠯ ᠢ ᠬᠠᠷᠢᠯᠴᠠᠨ ᠤᠶᠠᠯᠳᠤᠭᠤᠯᠵᠤ᠂ ︽  ᠲᠠᠩᠰᠠᠯᠠᠬᠤ ᠶᠢ ᠴᠢᠬᠤᠯᠠᠴᠢᠯᠠᠬᠤ᠂ ᠬᠠᠷᠢᠭᠤᠴᠠᠯᠭ᠎ᠠ ᠶᠢ ᠴᠢᠩᠭᠠᠳᠬᠠᠬᠤ᠂ ᠠᠷᠪᠢᠯᠠᠨ ᠭᠠᠮᠨᠠᠬᠤ ᠶᠢ ᠡᠷᠬᠢᠮᠯᠡᠬᠦ︾ ᠤᠷᠤᠭ ᠬᠤᠷᠢᠮ ᠤᠨ ᠰᠢᠨ᠎ᠡ ᠵᠠᠩᠰᠢᠯ ᠢ ᠪᠤᠢ ᠪᠤᠯᠭᠠᠵᠤ ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map