ᠸᠠᠩ ᠯᠢ ᠰᠢᠶᠠ ᠬᠢᠩᠭᠠᠨ ᠠᠶᠢᠮᠠᠭ ᠲᠤ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/7/10
    ᠸᠠᠩ ᠯᠢ ᠰᠢᠶᠠ 7 ᠳ᠋ᠤᠭᠠᠷ ᠰᠠᠷ᠎ᠠ ᠶᠢᠨ 8᠂ 9  ᠳᠤ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠤᠳᠤ ᠦᠶ᠎ᠡ ᠶᠢᠨ ᠲᠠᠷᠢᠶᠠᠯᠠᠩ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠠᠢ᠃ 
W020240710285581839373_ORIGIN.jpg
   ᠸᠠᠩ ᠯᠢ ᠰᠢᠶᠠ 7 ᠳ᠋ᠤᠭᠠᠷ ᠰᠠᠷ᠎ᠠ ᠶᠢᠨ 9 ᠤ ᠡᠳᠦᠷ ᠵᠠᠯᠠᠶᠢᠳ ᠬᠤᠰᠢᠭᠤᠨ ᠤ ᠲᠣᠭᠠᠴᠢᠯᠠᠭᠰᠠᠨ ᠲᠠᠷᠢᠶᠠᠯᠠᠩ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠥᠪ ᠲᠤ ᠬᠦᠷᠴᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠬᠡᠷᠡᠭᠯᠡᠯᠲᠡ ᠶᠢᠨ ᠪᠠᠶᠢᠳᠠᠯ ᠢ ᠤᠶᠢᠯᠠᠭᠠᠵᠤ ᠪᠠᠶᠢᠭ᠎ᠠ ᠨᠢ
W020240710285582004233_ORIGIN.jpg
    ᠸᠠᠩ ᠯᠢ ᠰᠢᠶᠠ 7 ᠳ᠋ᠤᠭᠠᠷ ᠰᠠᠷ᠎ᠠ ᠶᠢᠨ 9  ᠤ ᠡᠳᠦᠷ ᠦ᠋ ᠳ᠋ᠣᠣ ᠾᠧ ᠽᠢ ᠲᠣᠰᠬᠤᠨ ᠳᠤ ᠬᠠᠭᠤᠷᠠᠢ ᠲᠤᠲᠤᠷᠭ᠎ᠠ ᠶᠢᠨ ᠲᠠᠷᠢᠮᠠᠯ ᠤᠨ ᠦᠢᠯᠡᠳᠪᠦᠷᠢᠯᠡᠯ ᠪᠣᠯᠣᠨ ᠲᠤᠲᠤᠷᠭ᠎ᠠ ᠶᠢᠨ ᠲᠠᠷᠢᠶᠠᠴᠢᠨ ᠤ ᠣᠷᠣᠯᠭ᠎ᠠ ᠶᠢᠨ ᠪᠠᠶᠢᠳᠠᠯ ᠢ ᠨᠠᠷᠢᠨ ᠤᠶᠢᠯᠠᠭᠠᠵᠤ ᠪᠠᠶᠢᠭ᠎ᠠ ᠨᠢ   ᠵᠠᠯᠠᠶᠢᠳ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠤᠰᠤᠨ ᠲᠤᠲᠤᠷᠭ᠎ᠠ ᠶᠢᠨ ᠤᠷᠭᠤᠴᠠ ᠰᠠᠶᠢᠨ ᠪᠠᠶᠢᠯ᠎ᠠ᠃ ᠸᠠᠩ ᠯᠢ ᠰᠢᠶᠠ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠡᠷᠦᠬᠡ ᠶᠢᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠭᠤᠷᠠᠢ ᠲᠤᠲᠤᠷᠭ᠎ᠠ ᠶᠢᠨ ᠲᠠᠷᠢᠮᠠᠯ ᠤᠨ ᠦᠢᠯᠡᠳᠪᠦᠷᠢᠯᠡᠯ ᠪᠣᠯᠣᠨ ᠲᠤᠲᠤᠷᠭ᠎ᠠ ᠶᠢᠨ ᠲᠠᠷᠢᠶᠠᠴᠢᠨ ᠤ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠵᠡᠩᠨᠡᠯᠲᠡ ᠶᠢᠨ ᠡᠷᠦᠬᠡ ᠶᠢᠨ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠲᠡᠮᠳᠡᠭᠵᠢᠭᠦᠯᠬᠦ ᠳᠡᠭᠡᠷ᠎ᠡ ᠬᠦᠴᠦ ᠣᠷᠣᠭᠤᠯᠬᠤ ᠶᠢ ᠵᠣᠷᠢᠭᠵᠢᠭᠤᠯᠵᠤ᠂ ᠴᠢᠳᠠᠪᠤᠷᠢᠲᠠᠨ ᠢ ᠬᠥᠮᠥᠵᠢᠭᠦᠯᠵᠦ᠂ ᠲᠦᠷᠦᠯ ᠲᠡᠮᠳᠡᠭ ᠢ ᠪᠣᠶᠢᠵᠢᠭᠤᠯᠵᠤ᠂ ᠰᠠᠶᠢᠨ ᠶᠠᠭᠤᠮ᠎ᠠ ᠶᠢ ᠰᠠᠶᠢᠨ ᠦᠨ᠎ᠡ ᠪᠠᠷ ᠬᠤᠳᠠᠯᠳᠤᠵᠤ᠂ ᠲᠤᠬᠠᠢ ᠶᠢᠨ ᠭᠠᠵᠠᠷ ᠤᠨ ᠠᠷᠠᠳ ᠤᠯᠠᠨ ᠳᠤ ᠨᠡᠩ ᠤᠯᠠᠨ ᠪᠣᠳᠠᠲᠤ ᠠᠰᠢᠭ ᠬᠦᠷᠲᠡᠭᠡᠬᠦ ᠶᠢ ᠵᠣᠷᠢᠭᠵᠢᠭᠤᠯᠪᠠ᠃ ᠸᠠᠩ ᠯᠢ ᠰᠢᠶ᠋ᠨ ᠠᠵᠤ ᠦᠢᠯᠡᠰ ᠤᠨ ᠬᠦᠷᠢᠶᠡᠯᠡᠩ ᠤᠨ ᠲᠤᠷᠰᠢᠯᠲᠠ ᠶᠢᠨ ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠡᠭᠦᠳᠦᠯᠲᠡ ᠪᠣᠯᠣᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠵᠤ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠪᠦᠷ ᠲᠣᠭᠠᠴᠢᠯᠠᠭᠰᠠᠨ ᠮᠡᠷᠭᠡᠵᠢᠯ ᠢ ᠬᠡᠷᠡᠭᠯᠡᠭᠰᠡᠨ ᠢ ᠣᠶᠢᠯᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠥᠭᠦᠯᠡᠯ ᠢᠶᠠᠨ ᠭᠠᠵᠠᠷ ᠤᠨ ᠬᠦᠷᠤᠰᠤᠨ ᠲᠡᠬᠡᠷ᠎ᠡ ᠪᠢᠴᠢᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠤᠨ ᠣᠳᠣᠬᠢᠴᠢᠯᠠᠯᠲᠠ ᠳᠤ ᠡᠨᠧᠷᠭᠢ ᠣᠯᠭᠤᠬᠤ ᠶᠢ ᠵᠤᠷᠢᠬᠵᠢᠭᠤᠯᠪᠠ᠃
W020240710285582405243_ORIGIN.jpg
   ᠸᠠᠩ ᠯᠢ ᠰᠢᠶᠠ 7 ᠳ᠋ᠤᠭᠠᠷ ᠰᠠᠷ᠎ᠠ ᠶᠢᠨ 9  ᠤ ᠡᠳᠦᠷ ᠲᠦᠮᠡᠯᠵᠢ ᠳᠤ ᠬᠦᠷᠴᠦ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠤᠶᠢᠯᠠᠭᠠᠵᠤ ᠪᠠᠶᠢᠭ᠎ᠠ ᠨᠢ    ᠲᠦᠮᠡᠯᠵᠢ ᠶᠢᠨ ᠡᠪᠡᠰᠤ ᠪᠡᠯᠴᠢᠭᠡᠷ ᠢ ᠰᠠᠶᠢᠲᠤᠷ ᠬᠠᠮᠠᠭᠠᠯᠠᠵᠤ ᠪᠠᠶᠢᠬᠤ ᠶᠢ ᠬᠠᠷᠠᠭᠠᠳ ᠸᠠᠩ ᠯᠢ ᠰᠢᠶᠠ᠄ ︽ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ᠂ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠬᠤᠷᠢᠬᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠡᠷᠭᠡ ᠳᠦᠷᠢᠮ ᠲᠣᠭᠲᠠᠭᠠᠯ ᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠭᠤᠶᠣᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠢ ᠪᠠᠶᠠᠵᠢᠭᠤᠯᠬᠤ ᠶᠢ ᠪᠡᠶᠡᠯᠡᠭᠦᠯᠵᠦ ᠲᠠᠭᠠᠭᠠᠮᠠᠭᠠᠢ ᠬᠦᠭᠵᠢᠬᠦᠯᠤᠯᠳᠡ ᠶᠢ ᠪᠡᠶᠡᠯᠡᠭᠦᠯᠬᠦ ᠬᠡᠷᠡᠭᠲᠡᠢ︾ ᠭᠡᠵᠦ ᠬᠡᠯᠡᠪᠡ᠃
W020240710285582428124_ORIGIN.jpg
   ᠸᠠᠩ ᠯᠢ ᠰᠢᠶᠠ 7 ᠳ᠋ᠤᠭᠠᠷ ᠰᠠᠷ᠎ᠠ ᠶᠢᠨ 8  ᠤ ᠡᠳᠦᠷ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠴᠤᠤᠯ ᠤᠰᠤᠨ ᠴᠥᠭᠦᠷᠥᠮ ᠳᠤ ᠦᠶᠡᠷ ᠢ ᠰᠡᠷᠭᠡᠶᠢᠯᠡᠬᠦ ᠪᠠ ᠤᠰᠤᠨ ᠴᠥᠭᠦᠷᠥᠮ ᠤᠨ ᠠᠵᠢᠯᠯᠠᠭᠠᠨ ᠤ ᠪᠠᠶᠢᠳᠠᠯ ᠢ ᠨᠠᠷᠢᠨ ᠤᠶᠢᠯᠠᠭᠠᠵᠤ ᠪᠠᠶᠢᠭ᠎ᠠ ᠨᠢ    ᠲᠤᠯᠤᠳᠤᠭᠠᠷ ᠰᠠᠷ᠎ᠠ ᠶᠢᠨ ᠰᠡᠬᠦᠯᠴᠢ᠂ ᠨᠠᠢᠮᠠᠳᠤᠭᠠᠷ ᠰᠠᠷ᠎ᠠ ᠶᠢᠨ ᠡᠬᠢ ᠪᠤᠯ ᠥᠪᠥᠷ ᠮᠣᠩᠭᠤᠯ ᠤᠨ ᠦᠶᠡᠷ ᠢ ᠰᠡᠷᠭᠡᠶᠢᠯᠡᠬᠦ ᠳᠤ ᠬᠠᠮᠤᠭ ᠤᠨ ᠬᠦᠴᠢᠷᠲᠡᠢ ᠴᠠᠭ ᠬᠤᠭᠤᠴᠠᠭ᠎ᠠ ᠪᠣᠯᠣᠨ᠎ᠠ᠂ ᠸᠠᠩ ᠯᠢ ᠰᠢᠶᠠ ᠴᠤᠤᠯ ᠤᠰᠤᠨ ᠴᠥᠭᠦᠷᠥᠮ ᠳᠤ ᠲᠤᠰᠬᠠᠶᠢᠯᠠᠨ ᠢᠷᠡᠵᠤ ᠴᠥᠭᠦᠷᠥᠮ ᠤᠨ ᠪᠠᠭᠲᠠᠭᠠᠮᠵᠢ᠂ ᠤᠰᠤᠨ ᠤ ᠬᠡᠮᠵᠢᠶ᠎ᠡ᠂ ᠤᠰᠤᠯᠠᠯᠲᠠ ᠵᠡᠷᠭᠡ ᠪᠠᠶᠢᠳᠠᠯ ᠢ ᠨᠠᠷᠢᠨ ᠤᠶᠢᠯᠠᠭᠠᠬᠰᠠᠨ ᠤ ᠲᠠᠷᠠᠭ᠎ᠠ᠄ ︽ᠳᠠᠯᠳᠠ ᠬᠡᠮ ᠢ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠪᠠᠴᠢᠮ ᠪᠠᠶᠢᠳᠠᠯ ᠢ  ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ︿ᠰᠠᠨᠠᠭᠠᠴᠢᠯᠠᠭᠠᠲᠤ ᠳᠠᠶᠢᠯᠠᠯᠳᠤᠭᠠᠨ﹀ ᠢ ᠰᠠᠶᠢᠲᠤᠷ ᠬᠢᠬᠦ ᠬᠡᠷᠡᠭᠲᠡᠢ᠃ ᠪᠠᠷᠢᠯᠭ᠎ᠠ ᠶᠢᠨ ᠴᠢᠨᠠᠷᠲᠠᠢ ᠤᠰᠤ ᠦᠯᠡᠳᠡᠭᠡᠬᠦ ᠲᠠᠯ᠎ᠠ ᠪᠠᠷ ᠠᠷᠭ᠎ᠠ ᠪᠤᠳᠤᠵᠤ᠂ ᠤᠰᠤᠨ ᠤ ᠦᠨ᠎ᠡ ᠶᠢ ᠰᠠᠶᠢᠲᠤᠷ ᠬᠡᠷᠡᠭᠯᠡᠬᠦ ᠲᠣᠭᠲᠠᠴᠠ ᠶᠢ ᠲᠡᠬᠦᠯᠳᠡᠷᠵᠢᠬᠦᠯᠤᠨ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠪᠣᠯᠣᠨ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠪᠤᠶᠠᠨ ᠦᠢᠯᠡᠳᠬᠦ ᠬᠡᠷᠡᠭᠲᠡᠢ︾ ᠭᠡᠵᠡᠢ᠃
W020240710285582686980.jpg    ᠸᠠᠩ ᠯᠢ ᠰᠢᠶᠠ 7 ᠳ᠋ᠤᠭᠠᠷ ᠰᠠᠷ᠎ᠠ ᠶᠢᠨ 9  ᠤ ᠡᠳᠦᠷ  ᠵᠠᠯᠠᠶᠢᠳ ᠬᠤᠰᠢᠭᠤᠨ ᠤ  ᠬᠤᠯᠪᠤᠭ᠎ᠠ ᠪᠠᠯᠭᠠᠰᠤᠨ ᠤ
ᠬᠦ᠋ ᠮᠢᠶᠣᠣ ᠲᠣᠰᠬᠤᠨ ᠤ ᠠᠷᠠᠳ ᠵᠦ ᠴᠢᠩ ᠬᠤᠩ ᠤᠨ ᠳᠤ ᠢᠷᠡᠵᠤ᠂ ᠲᠡᠭᠦᠨ ᠲᠠᠢ ᠣᠷᠣᠯᠭ᠎ᠠ ᠶᠢᠨ ᠨᠠᠷᠢᠨ ᠳᠠᠩᠰᠠ ᠶᠢ ᠪᠤᠳᠤᠵᠤ᠂ ᠡᠮ ᠡᠮᠨᠡᠯᠭᠡ ᠶᠢᠨ ᠳᠠᠭᠠᠳᠬᠠᠯ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠠᠰᠠᠭᠤᠵᠤ ᠪᠠᠶᠢᠭ᠎ᠠ ᠨᠢ    ᠶᠠᠳᠠᠭᠤ ᠠᠴᠠ ᠠᠩᠭᠢᠵᠢᠷᠠᠭᠰᠠᠨ ᠡᠷᠦᠬᠡ ᠵᠦ ᠴᠢᠩ ᠬᠤᠩ ᠤᠨ ᠭᠡᠷ ᠲᠤ ᠸᠠᠩ ᠯᠢ ᠰᠢᠶᠠ ᠣᠷᠣᠯᠭ᠎ᠠ ᠶᠢᠨ ᠨᠠᠷᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠡᠮ ᠡᠮᠨᠡᠯᠭᠡ ᠡᠮ ᠡᠮᠨᠡᠯᠭᠡ ᠶᠢᠨ ᠳᠠᠭᠠᠳᠬᠠᠯ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ᠂ ᠲᠤᠬᠠᠢ ᠶᠢᠨ ᠭᠠᠵᠠᠷ ᠤᠨ ᠬᠢᠨ ᠳᠤ᠄ ︽ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠬᠠᠯᠠᠭᠤᠨ ᠳᠤᠯᠠᠭᠠᠨ ᠢ ᠦᠷᠭᠦᠯᠵᠢᠯᠡᠨ ᠮᠡᠳᠡᠷᠡᠭᠦᠯᠵᠦ᠂ ᠨᠠᠩ ᠢᠲᠡᠭᠡᠯ ᠲᠠᠢ᠂ ᠨᠠᠩ ᠡᠷᠡᠮᠡᠯᠵᠡᠯ ᠲᠠᠢ ᠠᠮᠢᠳᠤᠷᠠᠭᠤᠯᠬᠤ ᠬᠡᠷᠡᠭᠲᠡᠢ︾ ᠭᠡᠵᠦ ᠵᠠᠬᠢᠯ᠎ᠠ᠃
W020240710285582703777_ORIGIN.jpg
   ᠸᠠᠩ ᠯᠢ ᠰᠢᠶᠠ 7 ᠳ᠋ᠤᠭᠠᠷ ᠰᠠᠷ᠎ᠠ ᠶᠢᠨ 9 ᠤ ᠡᠳᠦᠷ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠡᠭᠡᠵᠢᠩ᠂ ᠥᠪᠥᠷ ᠮᠣᠩᠭᠤᠯ ᠤᠨ ᠬᠠᠮᠵᠢᠯᠴᠠᠨ ᠲᠤᠰᠢᠶᠠᠯ ᠡᠭᠦᠷᠭᠡᠯᠡᠬᠦ ᠪᠦᠯᠬᠦᠮ ᠤᠨ ᠭᠡᠰᠢᠭᠦᠳ ᠢ ᠪᠣᠯᠭᠤᠭᠠᠨ ᠦᠵᠡᠵᠦ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠪᠠ᠃   ᠸᠠᠩ ᠯᠢ ᠰᠢᠶ᠋ᠨ ᠪᠠᠰᠠ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠦᠷ ᠲᠤᠰᠢᠶᠠᠯ ᠡᠭᠦᠷᠭᠡᠯᠡᠵᠦ ᠪᠠᠶᠢᠭ᠎ᠠ ᠪᠡᠭᠡᠵᠢᠩ ᠤᠨ ᠲᠤᠰᠬᠠᠢ ᠮᠡᠷᠭᠡᠵᠢᠯᠲᠡᠳ ᠢ ᠡᠷᠬᠢᠨ ᠦᠵᠡᠬᠦ ᠳᠤ ᠪᠠᠨ ᠪᠤᠤᠬᠢᠶ᠎ᠠ ᠪᠠᠨ ᠰᠠᠶᠢᠲᠤᠷ ᠳᠠᠮᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠭᠡᠷᠡᠢ ᠭᠡᠵᠦ  ᠵᠤᠷᠢᠬᠵᠢᠭᠤᠯᠵᠠᠢ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map