ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/7/29
ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ  ᠳᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠢᠨ ᠲᠠᠢ ᠬᠠᠮᠲᠤᠷᠠᠨ ᠬᠤᠶᠠᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ᠂ ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ ᠢ ᠰᠣᠩᠭᠤᠬᠤ ᠠᠵᠢᠯ ᠦᠷᠨᠢᠬᠦᠯᠪᠡ᠃ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠲᠠᠨᠢᠯᠴᠠᠭᠤᠯᠵᠤ ᠮᠡᠳᠡᠭᠦᠯᠬᠦ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ  ᠪᠠ ᠵᠠᠷᠯᠠᠬᠤ ᠵᠡᠷᠭᠡ ᠭᠤᠭᠴᠤᠭ᠎ᠠ ᠶᠢ ᠴᠢᠩᠭ᠎ᠠ ᠰᠣᠩᠭᠤᠬᠤ ᠪᠠᠷ ᠳᠡᠮᠵᠢᠨ 7 ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ᠂ 7 ᠨᠠᠰᠤᠵᠢᠯ ᠤᠨ ᠠᠰᠠᠷᠠᠭᠴᠢ ᠶᠢᠨ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ ᠢ  ᠲᠤᠬᠳᠠᠭᠠᠬᠤ ᠪᠤᠯᠤᠨ᠎ᠠ᠃ ᠣᠳᠣᠬᠠᠨ ᠳᠤ ᠮᠠᠨ ᠤ ᠣᠷᠣᠨ ᠳᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ 14᠂ ᠨᠠᠰᠤᠵᠢᠯ ᠤᠨ ᠠᠰᠠᠷᠠᠭᠴᠢ ᠶᠢᠨ ᠪᠣᠯᠪᠠᠰᠤᠷᠠᠯ ᠤᠨ ᠰᠠᠭᠤᠷᠢᠨ ᠭᠠᠵᠠᠷ 16 ᠪᠠᠶᠢᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠨᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ  ᠲᠡᠭᠦᠯᠳᠡᠷᠵᠢᠭᠦᠯᠵᠦ᠂ ︽ᠵᠠᠬᠢᠶᠠᠯᠠᠭ᠎ᠠ ᠶᠢᠨ ᠮᠠᠶ᠋ᠢᠭ︾ ᠤᠨ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠬᠤ ᠳᠤ ᠰᠠᠭᠤᠷᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠨᠠᠰᠤᠵᠢᠯ ᠤᠨ ᠦᠢᠯᠡᠴᠢᠯᠡᠭᠡ   ᠬᠥᠯᠥᠨ ᠪᠤᠶᠢᠷ ᠬᠤᠲᠠ ᠶᠢᠨ ᠬᠢᠨ ᠨᠠᠰᠤᠲᠠᠶᠢᠴᠤᠳ ᠤᠨ ︽ᠪᠠᠴᠢᠮᠳᠠᠯ ᠬᠦᠴᠢᠷᠳᠡᠯ ᠵᠤᠪᠠᠨᠢᠯ ᠪᠠᠷᠠᠯᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠤᠷᠵᠢᠯ ᠤᠨ ᠠᠵᠢᠯᠲᠠᠨ᠂ ᠨᠡᠶᠢᠭᠡᠮ ᠲᠣᠭᠤᠷᠢᠭ  ᠶᠢᠨ ᠬᠢᠨ ᠤ ᠬᠠᠷᠢᠯᠴᠠᠬᠤ ᠠᠷᠭ᠎ᠠ ᠶᠢ ᠲᠠᠷᠤᠮᠠᠯᠯᠠᠬᠰᠠᠨ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ︾ ᠢ ᠭᠠᠷᠭᠠᠵᠤ᠂ ︽ᠲᠤᠤᠷᠵᠢᠯ ᠤᠨ ᠬᠢᠨ ᠬᠦᠳᠡᠯᠤᠩᠬᠦᠢ ᠪᠠᠷ ᠡᠵᠡᠮᠳᠡᠵᠤ᠂ ᠨᠠᠰᠤᠲᠠᠶᠢᠴᠤᠳ ᠰᠠᠨᠠᠭᠠᠴᠢᠯᠠᠭ᠎ᠠ ᠠᠴᠠ ᠪᠠᠨ ᠳᠠᠭᠤᠳᠠᠬᠤ︾ ᠬᠤᠣᠰ ᠴᠢᠭᠯᠡᠯ ᠢᠶᠠᠷ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠨᠠᠰᠤᠲᠠᠶᠢᠴᠤᠳ ᠲᠤ ᠲᠦᠷᠭᠡᠨ ᠲᠠᠭᠤᠳᠠᠭᠤᠷ ᠲᠣᠬᠢᠷᠠᠭᠤᠯᠵᠤ᠂ ︽ᠦᠢᠯᠡᠴᠢᠯᠡᠭᠡᠨ ᠤ ᠺᠠᠷᠲ︾ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ︽ᠨᠢᠭᠡ ᠺᠠᠷᠲ ᠢᠶᠠᠷ ᠬᠤᠶᠠᠷ ᠢ ᠬᠤᠯᠪᠣᠵᠤ ᠭᠤᠷᠪᠠ ᠶᠢ ᠰᠢᠯᠢᠳᠡᠭᠵᠢᠭᠦᠯᠬᠦ︾ ᠠᠵᠢᠯ ᠤᠨ ᠵᠠᠭᠪᠤᠷ ᠢ ᠪᠣᠶ ᠪᠤᠯᠭᠠᠪᠠ᠃ ᠣᠳᠣᠬᠠᠨ ᠳᠤ ︽ᠦᠢᠯᠡᠴᠢᠯᠡᠭᠡᠨ ᠤ ᠺᠠᠷᠲ︾ ᠢ 1500 ᠲᠠᠷᠬᠠᠭᠠᠵᠤ᠂ ᠡᠯ᠎ᠡ ᠲᠥᠷᠥᠯ ᠤᠨ ᠠᠰᠠᠭᠤᠳᠠᠯ ᠢ 530 ᠤᠳᠠᠭ᠎ᠠ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ︽ᠱᠠᠭᠠᠷᠳᠠᠯᠭ᠎ᠠ ᠪᠠᠶᠢᠪᠠᠯ ᠵᠠᠪᠠᠯ ᠬᠠᠨᠭ᠍ᠭᠠᠬᠤ︾ ᠶᠢ ᠪᠡᠶᠡᠯᠡᠭᠦᠯᠪᠡ᠃ ᠨᠢᠬᠦᠯᠡᠰᠤᠩᠭᠦᠢ ᠶᠢᠨ ᠦᠢᠯᠡᠰ ᠢ ᠠᠬᠢᠭᠤᠯᠬᠤ     ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤᠨ ᠳᠤ ᠤᠷᠴᠢᠮ ᠭᠠᠩ ᠬᠠᠭᠰᠠᠷᠠᠭᠠᠨ ᠦᠷᠬᠦᠯᠵᠢᠯᠡᠭᠰᠡᠨ ᠨᠦᠬᠦᠴᠡᠯ ᠳᠤ ᠮᠠᠯᠴᠢᠳ ᠢ ᠬᠠᠪᠰᠤᠷᠤᠨ ᠮᠠᠯ ᠤᠨ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠪᠠᠶᠠᠨᠨᠠᠭᠤᠷ ᠬᠤᠲᠠ ᠶᠢᠨ ᠨᠢᠭᠦᠯᠡᠰᠦᠩᠭᠦᠢ ᠶᠢᠨ ᠨᠡᠶᠢᠬᠡᠮᠯᠢᠭ ᠤᠨ ᠬᠢᠨ ᠪᠠᠶᠠᠨᠨᠠᠭᠤᠷ   ᠬᠤᠲᠠ ᠶᠢᠨ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠂ ᠨᠡᠶᠢᠭᠡᠮ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠪᠤᠶᠠᠨᠰᠠᠭ ᠬᠥᠮᠥᠰ ᠢ ᠴᠠᠭ ᠲᠤᠬᠠᠢ ᠳᠤ ᠨᠢ ᠳᠠᠶᠢᠴᠢᠯᠠᠨ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤᠨ ᠳᠤ ᠭᠦᠨᠵᠡᠭᠡᠶᠢᠷᠡᠭᠦᠯᠦᠨ ᠮᠠᠯᠵᠢᠬᠤ ᠣᠷᠣᠨ ᠤ ᠭᠠᠩ ᠬᠠᠭᠰᠠᠷᠠᠭᠠᠨ ᠤ ᠭᠠᠮᠰᠢᠭ ᠠᠴᠠ ᠠᠪᠤᠷᠠᠨ ᠲᠤᠰᠠᠯᠠᠵᠠᠢ᠃ ᠣᠳᠣᠬᠠᠨ ᠳᠤ 6.5 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠡᠵᠤ᠂ 50 ᠡᠷᠦᠬᠡ ᠳᠤ ᠠᠰᠢᠭ ᠬᠦᠷᠲᠡᠭᠡᠪᠡ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map