ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠦᠢ ᠪᠥᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/5
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶ᠋ᠨ ᠨᠠᠷ 7 ᠳ᠋ᠤᠭᠠᠷ ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠦᠢ ᠪᠥᠸᠧ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠤᠯᠠᠨ ᠬᠦᠷᠢᠶ᠎ᠡ ᠴᠠᠷᠠᠭ᠎ᠠ ᠳᠤ ᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠮᠡᠨᠳᠤ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠶᠡᠷᠦᠩᠬᠡᠢ ᠳᠠᠭᠠᠭᠠᠮᠠᠯ᠂  ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠼᠦᠢ ᡁᠢ ᠴᠧᠩ ᠨᠠᠷ ᠠᠭᠤᠯᠵᠠᠯᠲᠠ ᠳᠤ ᠣᠷᠣᠯᠴᠠᠪᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map