ᠨᠡᠶᠢᠭᠡᠮ ᠤᠨ ᠠᠵᠢᠯᠲᠠᠨ ᠤ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠶ᠎ᠠ — ᠠᠷᠠᠳ ᠲᠤ ᠲᠤᠰᠠᠯᠠᠬᠤ ᠦᠢᠯᠡᠴᠢᠯᠡᠭᠡᠨ ᠤ ᠲᠤᠬᠠᠢ ᠰᠢᠷᠢᠰ ᠮᠡᠳᠡᠭᠡᠯᠡᠯ ︵ᠶᠢᠰᠦ︶
ᠨᠡᠶᠢᠲᠡᠯᠡᠭᠰᠡᠨ ᠴᠠᠭ᠄
2024/7/8
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ ᠪᠠᠶᠠᠨᠨᠠᠭᠤᠷ ᠬᠤᠳᠠ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨ ︽ᠲᠠᠪᠤᠨ  ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠦᠷᠦᠯ ᠵᠦᠢᠯ ᠢ ᠢᠳᠡᠪᠬᠢᠲᠡᠢ ᠥᠷᠨᠢᠭᠦᠯᠵᠦ᠂ ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠠᠵᠢᠯᠲᠠᠳ ᠰᠠᠶᠢᠨ ᠳᠤᠷ᠎ᠠ ᠶᠢᠨ ᠦᠢᠯᠡᠴᠢᠯᠡᠭᠡ᠂ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠬᠡᠯᠪᠡᠷᠢ ᠪᠠᠷ ᠬᠠᠯᠠᠭᠤᠨ ᠳᠣᠲᠣᠨᠣ᠂ ᠬᠠᠶᠢᠷ᠎ᠠ ᠬᠠᠯᠠᠮᠵᠢ ᠲᠠᠢ ᠲᠤᠰᠬᠠᠢ ᠮᠡᠷᠭᠡᠵᠢᠯ ᠤᠨ ᠦᠢᠯᠡᠴᠢᠯᠡᠭᠡ ᠪᠠᠷ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠠᠢ᠃
W020240705400698487755.jpg
    ︽ᠷᠧᠨ ᠠᠢ︾ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠬᠢᠨ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠪᠠᠶᠠᠨᠨᠠᠭᠤᠷ  ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠤᠨ ᠬᠢᠨ ᠤ ᠭᠤᠣᠯᠯᠠᠨ ᠡᠷᠭᠢᠯᠡᠭᠰᠡᠨ ︽ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠲᠤᠯᠤᠭᠠᠨ ᠰᠠᠷ᠎ᠠ ᠶᠢᠨ ᠨᠢᠭᠡᠨ ᠤ ᠠᠶᠠᠯᠠᠯ ᠳᠠᠭᠠᠭᠤᠯᠤᠨ ᠬᠠᠮᠲᠤ ᠪᠠᠷ ᠪᠦᠲᠦᠭᠡᠨ ᠪᠠᠶᠢᠭᠤᠯᠬᠤ · ᠦᠶᠦᠭ ᠲᠤᠯᠠᠭᠠᠬᠠᠨ ᠬᠤᠰᠢᠭᠤᠴᠢ ᠬᠤᠲᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠨᠡᠶᠢᠭᠡᠮ ᠤᠨ ᠠᠵᠢᠯᠲᠠᠳ ᠪᠠᠴᠢᠮ ᠢ ᠠᠷᠭᠠᠴᠠᠭᠠᠬᠤ ᠪᠣᠳᠠᠲᠠᠢ ᠪᠣᠯᠪᠠᠰᠤᠷᠠᠯ ᠤᠨ ᠰᠣᠷᠢᠯᠲᠠ ᠶᠢ ᠥᠷᠨᠢᠭᠦᠯᠵᠦ᠂ ᠲᠤᠰᠬᠠᠢ ᠮᠡᠷᠭᠡᠵᠢᠯ ᠤᠨ ᠮᠡᠳᠡᠯᠭᠡ ᠪᠣᠯᠣᠨ ᠪᠣᠯᠪᠠᠰᠤᠷᠠᠩᠭᠤᠢ ᠮᠡᠷᠭᠡᠵᠢᠯ ᠢᠶᠠᠷ ᠢᠶᠠᠨ ᠪᠠᠴᠢᠮ ᠠᠪᠤᠷᠠᠯᠲᠠ ᠶᠢᠨ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠶᠢᠯᠪᠤᠷᠢᠯᠠᠬᠰᠠᠨ ᠢᠶᠠᠷ ᠬᠦᠮᠤᠰ ᠨᠠᠮ ᠤᠨ ᠲᠦᠷᠦᠭᠰᠡᠨ ᠡᠳᠦᠷ ᠤᠨ ᠪᠠᠶᠠᠷ ᠢ ᠪᠠᠶᠠᠷ ᠬᠦᠷ ᠲᠠᠢ ᠪᠡᠯᠬᠡᠯᠡᠬᠦ ᠶᠢᠨ ᠲᠠᠭᠠᠤ ᠤᠯᠠᠨ ᠨᠡᠶᠢᠲᠡ ᠶᠢᠨ ᠠᠶᠤᠯ ᠦᠬᠡᠢ ᠶᠢᠨ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠡᠢ᠃
 W020240705400698519494.jpg
    ᠤᠷᠠᠳ ᠤᠨ ᠳᠤᠮᠳᠠᠳᠤ ᠬᠤᠰᠢᠭᠤᠨ ᠤ ᠬᠠᠯᠢᠭᠤᠳᠤ ᠪᠠᠯᠭᠠᠰᠤᠨ ᠤ ᠨᠡᠢᠭᠡᠮ ᠤᠨ ᠠᠵᠢᠯ ᠤᠨ ᠥᠷᠲᠡᠭᠡᠨ ᠤ ᠬᠢᠨ ︽ᠨᠤᠳᠤᠭ ᠢᠶᠠᠨ ᠬᠠᠶᠢᠷᠠᠯᠠᠨ ᠤᠷᠠᠳ ᠤᠨ ᠲᠤᠮᠳᠠᠳᠤ ᠬᠤᠰᠢᠭᠤ ᠪᠠᠨ ᠮᠠᠨᠳᠤᠭᠤᠯᠵᠤ᠂ ᠬᠦᠷᠰᠢ ᠲᠠᠢ ᠪᠠᠨ ᠡᠶ᠎ᠡ ᠨᠠᠶᠢᠷᠳᠠᠢ ᠪᠠᠷ ︿7 ·1﹀ ᠪᠡᠯᠬᠡᠯᠡᠶ᠎ᠡ︾ ᠬᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠤᠷᠢᠭ᠂ ᠬᠤᠲᠠ ᠶᠢᠨ ᠪᠣᠯᠪᠠᠰᠤᠨ ᠳᠤ ᠨᠡᠷ᠎ᠡ ᠮᠡᠳᠡᠬᠦᠯᠬᠦ ᠲᠣᠭᠤᠷᠢᠭ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ᠂ ᠰᠣᠨᠢᠷᠬᠠᠯᠲᠤ ᠠᠵᠢᠯᠯᠠᠭᠠᠨ ᠤ ᠲᠣᠭᠤᠷᠢᠭ᠂ ᠦᠢᠯᠡᠳᠬᠦᠨ ᠤ ᠪᠣᠷᠤᠯᠠᠭᠤᠯᠭ᠎ᠠ ᠶᠢ ᠠᠬᠢᠭᠤᠯᠬᠤ ᠲᠣᠭᠤᠷᠢᠭ ᠵᠡᠷᠭᠡ ᠲᠠᠪᠤᠨ ᠲᠤᠭᠤᠷᠢᠭ ᠭᠠᠷᠭᠠᠵᠠᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠤᠷᠢᠭ ᠲᠤ ᠰᠠᠭᠤᠭᠠᠯᠢ ᠠᠷᠠᠳ ᠲᠤ ᠰᠦᠢᠳᠬᠡᠯ ᠦᠯᠦ ᠬᠤᠷᠢᠶᠠᠬᠤ ᠤᠯᠠᠨ ᠨᠡᠶᠢᠲᠡ ᠶᠢᠨ ᠦᠢᠯᠡᠴᠢᠯᠡᠭᠡ ᠶᠢ ᠠᠯᠢ ᠤᠯᠠᠨ ᠬᠠᠩᠭᠠᠪᠠ᠃ ᠬᠤᠲᠠ ᠶᠢᠨ ᠪᠣᠯᠪᠠᠰᠤᠨ ᠳᠤ ᠨᠡᠷ᠎ᠡ ᠮᠡᠳᠡᠬᠦᠯᠬᠦ ᠲᠣᠭᠤᠷᠢᠭ ᠲᠤ ᠪᠣᠯᠪᠠᠰᠤᠨ ᠭᠡᠷ ᠪᠦᠯᠢ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠲᠡᠷᠢᠭᠦᠨ ᠤ ᠦᠶᠯᠡ ᠠᠵᠢᠯᠯᠠᠭ᠎ᠠ ᠶᠢ ᠳᠡᠯᠭᠡᠨ ᠦᠵᠡᠭᠦᠯᠵᠦ᠂ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠵᠢᠭᠤᠯᠴᠢᠯᠠᠯ᠂ ᠪᠣᠯᠪᠠᠰᠤᠨ ᠢᠶᠠᠷ ᠨᠣᠬᠠᠢ ᠲᠡᠵᠢᠭᠡᠬᠦ᠂ ᠪᠣᠯᠪᠠᠰᠤᠨ ᠬᠤᠭᠤᠯᠠᠨ ᠰᠢᠷᠡᠭᠡ ᠵᠡᠷᠭᠡ ᠪᠣᠯᠪᠠᠰᠤᠨ ᠶᠣᠰᠣᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠠᠶᠠᠯᠠᠬᠤ ᠶᠢ ᠬᠥᠲᠥᠯᠥᠨ ᠵᠢᠯᠤᠭᠤᠳᠴᠤ᠂ ᠰᠠᠭᠤᠭᠠᠯᠢ ᠠᠷᠠᠳ ᠤᠨ ᠪᠣᠯᠪᠠᠰᠤᠨ ᠦᠶᠯᠡ ᠠᠵᠢᠯᠯᠠᠭ᠎ᠠ ᠶᠢ ᠰᠠᠨᠠᠭᠠᠴᠢᠯᠠᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ  ᠨᠢ ᠰᠠᠭᠤᠭᠠᠯᠢ ᠠᠷᠠᠳ ᠲᠤ ᠨᠡᠶᠢᠭᠡᠮ ᠤᠨ ᠪᠠᠲᠤᠯᠠᠭ᠎ᠠ᠂ ᠮᠡᠬᠡᠯᠡᠯ ᠢ ᠡᠰᠡᠷᠭᠦᠴᠡᠬᠦ᠂ ᠠᠵᠢᠯ ᠣᠯᠭᠤᠯᠲᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠴᠡᠷᠢᠭ ᠡᠯᠰᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠵᠡᠷᠭᠡ ᠮᠡᠳᠡᠯᠭᠡ ᠶᠢ ᠤᠬᠠᠭᠤᠯᠪᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map