ᠰᠤᠷᠪᠤᠯᠵᠢᠯᠠᠭᠰᠠᠨ ᠴᠠᠭ᠄ 2016 ᠣᠨ ᠤ 8 ᠰᠠᠷ᠎ᠠ ᠶᠢᠨ 2 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | | | ᠰᠤᠷᠪᠤᠯᠵᠢᠯᠠᠭᠰᠠᠨ ᠵᠤᠴᠢᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨᠬᠡᠰᠢᠭᠦᠨ᠂ ᠲᠠᠷᠢᠶᠠᠯᠠᠩ ᠤᠨ ᠶᠡᠷᠦᠩᠬᠡᠢ ᠮᠡᠷᠭᠡᠵᠢᠯᠲᠡᠨ ᠸᠠᠩ ᠢᠦᠢ ᠹᠸᠡᠭ | | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠡᠨᠡ ᠵᠢᠯ᠂ ᠲᠥᠪ ᠠᠴᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠪᠠᠷ ᠳᠤᠷᠠᠳᠤᠭᠰᠠᠨ ᠶᠠᠪᠤᠳᠠᠯ ᠨᠢ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ | ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ᠂ ᠡᠳ᠋ᠰᠢᠭᠦᠯᠬᠦ ᠶᠢ | ᠨᠡᠩ ᠪᠦᠲᠦᠮᠵᠢᠲᠡᠶ ᠪᠠᠷ ᠲᠣᠬᠢᠷᠠᠭᠤᠯᠬᠤ ᠳᠤ ᠰᠠᠶᠢᠨ ᠰᠠᠶᠢᠬᠠᠨ ᠠᠬᠤᠶ ᠪᠠᠶᠢᠳᠠᠯ ᠪᠣᠯᠤᠨ ᠠᠭᠤᠷ ᠠᠮᠢᠰᠬᠤᠯ ᠢ ᠪᠤᠢ | ᠪᠣᠯᠭᠠᠵᠤ ᠥᠭᠪᠡ᠃ ᠦᠢᠯᠡᠳᠪᠦᠷᠢᠯᠡᠬᠦ᠂ ᠡᠳ᠋ᠰᠢᠭᠦᠯᠬᠦ᠂ ᠭᠠᠳᠠᠭᠰᠢ ᠭᠠᠷᠭᠠᠬᠤ ᠵᠡᠷᠭᠡ ᠪᠤᠳᠠᠳᠤ ᠵᠠᠩᠭᠢᠯᠠᠭ᠎ᠠ ᠠᠴᠠ | ᠬᠡᠷᠬᠢᠨ ᠭᠠᠷᠳᠠᠵᠤ᠂ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠥᠪᠥᠷ | ᠮᠣᠩᠭᠤᠯ ᠤᠨ ᠪᠣᠬᠢᠷᠲᠤᠯ ᠦᠭᠡᠢ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠨᠡᠷᠡᠲᠦ ᠲᠥᠷᠥᠯ ᠲᠡᠮᠳᠡᠭᠲᠦ ᠶᠢ ᠴᠤᠭᠴᠠᠯᠠᠨ ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ | ᠦᠭᠡᠢ ᠨᠡᠮᠡᠭᠳᠡᠭᠦᠯᠬᠦ ᠳᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠳᠠᠮᠵᠢᠭᠤᠯᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ | ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰ᠊ᠦ᠋ᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ | ᠲᠠᠷᠢᠶᠠᠯᠠᠩ ᠤᠨ ᠶᠡᠷᠦᠩᠬᠡᠢ ᠮᠡᠷᠭᠡᠵᠢᠯᠲᠡᠨ ᠸᠠᠩ ᠢᠦᠢ ᠹᠸᠡᠭ ᠢ ︽ᠳᠤᠮᠳᠠᠳᠤ ᠤᠯᠤᠰ·ᠥᠪᠥᠷ ᠮᠣᠩᠭᠤᠯ︾ | ᠰᠦᠯᠵᠢᠶᠡᠨ ᠳᠤ ᠤᠷᠢᠵᠤ ᠲᠠ ᠨᠠᠷ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ | ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ᠸᠠᠩ ᠢᠦᠢ ᠹᠸᠡᠭ᠄ | ᠬᠥᠲᠥᠯᠥᠭᠴᠢ ᠰᠠᠶᠢᠨ ᠪᠠᠶᠢᠨ᠎ᠠ ᠦᠦ︖ ᠰᠦᠯᠵᠢᠶᠡᠨ ᠠᠨᠳᠠ ᠲᠠ ᠪᠦᠭᠦᠨ ᠰᠠᠶᠢᠨ ᠪᠠᠶᠢᠵᠠᠭᠠᠨ᠎ᠠ ᠦᠦ︕ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠨ ᠲᠠ ᠨᠠᠷ ᠲᠠᠢ ᠪᠠᠨ ᠵᠤᠯᠭᠠᠬᠤ | ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ | ᠬᠥᠲᠥᠯᠥᠭᠴᠢ᠄ | ᠸᠠᠩ ᠲᠢᠩᠬᠢᠮ ᠤᠨ ᠳᠠᠷᠤᠭ᠎ᠠ ᠡ᠂ ᠶᠠᠭᠤᠨ ᠳᠤ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠠᠬᠢᠭᠤᠯᠬᠤ ᠨᠢ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ | ᠲᠦᠢᠯ ᠤᠨ ᠴᠢᠬᠤᠯᠠ ᠭᠡᠵᠦ ᠬᠡᠯᠡᠳᠡᠭ ᠪᠤᠢ︖ | ᠸᠠᠩ ᠢᠦᠢ ᠹᠸᠡᠭ᠄ | ︽8337︾ ᠬᠥᠭᠵᠢᠯᠲᠡ ᠶᠢᠨ ᠰᠡᠳᠬᠢᠮᠵᠢ ᠳᠤ ︽ᠪᠣᠬᠢᠷᠲᠤᠯ ᠦᠭᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ︾ ᠢ | ᠪᠥᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠲᠠᠭᠠᠯᠲᠠ ᠶᠢ ᠳᠤᠷᠠᠳᠤᠭᠰᠠᠨ ᠠᠴᠠ ᠨᠠᠰᠢ᠂ ᠲᠠᠷᠢᠶᠠᠯᠠᠩ | ᠮᠠᠯ ᠠᠵᠤ ᠠᠬᠤᠶ ᠶᠢᠨ ᠰᠢᠰᠲ᠋ᠧᠮ ᠬᠥᠭᠵᠢᠯᠲᠡ ᠶᠢᠨ ᠰᠡᠳᠬᠢᠮᠵᠢ ᠪᠠᠨ ᠢᠳᠡᠪᠬᠢᠲᠡᠶ ᠬᠤᠪᠢᠷᠠᠭᠤᠯᠵᠤ᠂ | ᠥᠡᠭᠭᠡᠷᠡᠭᠰᠡᠨ ᠤ ᠨᠢᠭᠡᠳᠦᠭᠡᠷ ᠠᠵᠤ ᠦᠢᠯᠡᠰ ᠨᠢ ᠨᠢᠭᠡᠳᠦᠭᠡᠷ ᠠᠵᠤ ᠦᠢᠯᠡᠰ ᠢᠶᠠᠨ ᠯᠠ ᠠᠳᠬᠤᠳᠠᠭ | ᠪᠠᠶᠢᠭᠰᠠᠨ ᠠᠴᠠ ᠪᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ | ᠴᠦᠮ ᠠᠳᠬᠤᠬᠤ ᠪᠣᠯᠵᠤ᠂ ︽ᠭᠠᠳᠠᠭᠰᠢ ᠭᠠᠷᠭᠠᠬᠤ︾ ᠡᠨᠡ ᠨᠢᠭᠡᠨ ᠦᠵᠦᠭᠦᠷ ᠤᠨ ᠵᠠᠩᠭᠢᠯᠠᠭ᠎ᠠ ᠶᠢ ᠨᠡᠩ | ᠴᠢᠬᠤᠯᠠᠴᠢᠯᠠᠬᠤ ᠪᠣᠯᠪᠠ᠃ ᠡᠶᠢᠮᠣᠷᠬᠦᠦ ᠫᠢᠫᠠ ᠴᠢᠪᠬᠠᠳᠠᠬᠤ ᠠᠷᠭ᠎ᠠ ᠮᠠᠶ᠋ᠢᠭ ᠢᠶᠠᠷ ᠬᠠᠷᠢᠯᠴᠠᠨ ᠦᠢᠯᠡᠳᠦᠯᠴᠡᠬᠦ | ᠲᠣᠭᠲᠠᠴᠠ ᠶᠢ ᠪᠦᠷᠢᠯᠳᠦᠭᠦᠯᠵᠦ᠂ ︽ᠭᠠᠳᠠᠭᠰᠢ ᠭᠠᠷᠭᠠᠬᠤ︾ ᠪᠠᠷ ᠳᠠᠮᠵᠢᠭᠤᠯᠤᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠣᠯᠣᠨ ᠲᠤᠭ᠎ᠠ ᠬᠡᠮᠵᠢᠶ᠎ᠡ ᠨᠢ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ | ᠠᠰᠢᠭᠲᠠᠶ ᠪᠠᠶᠢᠬᠤ ᠡᠰᠡᠬᠦ᠂ ᠦᠢᠯᠡᠳᠪᠦᠷᠢᠯᠡᠬᠦ ᠪᠠ ᠡᠳ᠋ᠰᠢᠭᠦᠯᠬᠦ ᠨᠢ ᠬᠡᠷᠡᠭᠴᠡᠭᠡ ᠳᠤ ᠨᠡᠶᠢᠴᠡᠵᠦ ᠪᠠᠶᠢᠬᠤ ᠡᠰᠡᠬᠦ ᠶᠢ | ᠰᠢᠯᠭᠠᠨ ᠪᠠᠶᠢᠴᠠᠭᠠᠨ ᠬᠢᠨᠠᠨ ᠦᠵᠡᠭᠡᠳ᠂ ᠡᠭᠦᠨ ᠤ ᠣᠯᠠᠮ ᠢᠶᠠᠷ ᠡᠳ᠋ᠰᠢᠭᠦᠯᠬᠦ ᠶᠢ ᠳᠠᠶᠢᠴᠢᠯᠠᠨ᠂ ᠦᠢᠯᠡᠳᠪᠦᠷᠢᠯᠡᠯ ᠢ | ᠵᠢᠯᠤᠭᠤᠳᠴᠤ᠂ ᠵᠠᠬ᠎ᠠ ᠳᠡᠯᠭᠡᠭᠦᠷ ᠲᠤ ᠬᠡᠷᠡᠭᠴᠡᠭᠡᠲᠡᠢ ᠮᠥᠷᠲᠡᠭᠡᠨ ᠲᠤᠭ᠎ᠠ ᠬᠡᠮᠵᠢᠶ᠎ᠡ ᠨᠢ ᠲᠣᠬᠢᠷᠠᠮᠵᠢᠲᠠᠶ ᠪᠣᠬᠢᠷᠲᠤᠯ | ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠨᠭ᠍ᠭᠠᠵᠤ᠂ ᠪᠣᠬᠢᠷᠲᠤᠯ ᠦᠭᠡᠶ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠪᠠ᠃ ᠭᠤᠷᠪᠠᠨ ᠵᠢᠯ ᠭᠠᠷᠤᠶ ᠶᠢᠨ ᠬᠠᠶᠢᠨ ᠰᠦᠪᠡᠭᠴᠢᠯᠡᠯᠲᠡ | ᠪᠣᠯᠣᠨ ᠦᠢᠯᠡᠳᠦᠯᠭᠡ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶ ᠣᠶᠢᠯᠠᠭᠠᠭᠠᠳ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠥᠲᠦᠭᠡᠭᠳᠡᠭᠦᠨ ᠢ ᠦᠢᠯᠡᠳᠪᠥᠷᠢᠯᠡᠵᠦ᠂ ᠡᠳ᠋ᠰᠢᠭᠦᠯᠬᠦ ᠳᠤ ᠶᠠᠭ ᠭᠦᠨᠵᠡᠭᠡᠶ ᠲᠤᠬᠢᠷᠠᠭᠤᠯᠤᠯᠲᠠ ᠬᠢᠵᠦ ᠪᠣᠢ᠃ | ᠬᠥᠲᠥᠯᠥᠭᠴᠢ᠄ | ᠲᠡᠭᠡᠪᠡᠯ ᠮᠠᠨ ᠤ ᠣᠷᠣᠨ ᠤ ᠣᠳᠣᠬᠠᠨ ᠳᠤ ᠲᠤᠯᠭᠠᠷᠠᠵᠤ ᠪᠠᠶᠢᠭ᠎ᠠ ᠪᠡᠷᠬᠡ ᠠᠰᠠᠭᠤᠳᠠᠯ ᠪᠣᠯᠣᠨ | ᠥᠷᠢᠰᠦᠯᠳᠦᠭᠡᠨ ᠨᠢ ᠶᠠᠭᠤ ᠪᠤᠢ︖ | ᠸᠠᠩ ᠢᠦᠢ ᠹᠸᠡᠭ᠄ | ᠡᠨᠡ ᠵᠢᠯ᠂ ᠲᠥᠪ ᠠᠴᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠪᠠᠷ ᠳᠤᠷᠠᠳᠤᠭᠰᠠᠨ ᠶᠠᠪᠤᠳᠠᠯ ᠨᠢ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ | ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ᠂ ᠡᠳ᠋ᠰᠢᠭᠦᠯᠬᠦ ᠶᠢ | ᠨᠡᠩ ᠪᠦᠲᠦᠮᠵᠢᠲᠡᠶ ᠪᠠᠷ ᠲᠣᠬᠢᠷᠠᠭᠤᠯᠬᠤ ᠳᠤ ᠰᠠᠶᠢᠨ ᠰᠠᠶᠢᠬᠠᠨ ᠠᠬᠤᠶ ᠪᠠᠶᠢᠳᠠᠯ ᠪᠣᠯᠤᠨ ᠠᠭᠤᠷ ᠠᠮᠢᠰᠬᠤᠯ ᠢ ᠪᠤᠢ | ᠪᠣᠯᠭᠠᠵᠤ ᠥᠭᠪᠡ᠃ ᠦᠨᠡᠨ ᠢ ᠬᠡᠯᠡᠪᠡᠯ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠨᠢ | ᠬᠡᠷᠡᠭᠴᠡᠭᠡᠨ ᠤ ᠬᠤᠪᠢᠷᠠᠯᠲᠠ ᠲᠠᠢ ᠲᠦᠷᠭᠡᠨ ᠵᠣᠬᠢᠴᠠᠵᠤ ᠴᠢᠳᠠᠬᠤ ᠦᠭᠡᠢ ᠪᠠᠶᠢᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠪᠦᠲᠦᠴᠡ ᠶᠢᠨ ᠴᠢᠨᠠᠷᠲᠠᠶ ᠳᠤᠲᠠᠭᠤᠳᠠᠯ ᠪᠣᠯᠣᠨ ᠲᠦᠷ ᠴᠠᠭ ᠤᠨ ᠴᠢᠨᠠᠷᠲᠠᠢ᠂ | ᠬᠠᠷᠢᠴᠠᠩᠭᠤᠶ ᠴᠢᠨᠠᠷᠲᠠᠢ ᠦᠯᠡᠭᠦᠳᠡᠯ ᠬᠤᠣᠰᠯᠠᠨ ᠣᠷᠣᠰᠢᠵᠤ ᠪᠠᠶᠢᠨ᠎ᠠ᠃ ᠨᠢᠭᠡ ᠲᠠᠯ᠎ᠠ ᠪᠠᠷ᠂ ︽ᠲᠤᠭ᠎ᠠ︾ ᠶᠢᠨ | ᠲᠠᠯ᠎ᠠ ᠠᠴᠠ ᠠᠪᠴᠤ ᠬᠡᠯᠡᠪᠡᠯ᠂ ᠢᠯᠡᠷᠡᠯ ᠨᠢ ᠭᠡᠪᠡᠯ ᠦᠢᠯᠡᠳᠬᠦᠨ ᠤ ᠳᠦᠷᠦᠯ ᠵᠦᠢᠯ ᠬᠠᠨᠭ᠍ᠭᠠᠯᠭ᠎ᠠ ᠶᠢᠨ | ᠪᠦᠲᠦᠴᠡ ᠶᠢᠨ ᠴᠢᠨᠠᠷᠲᠠᠶ ᠲᠡᠩᠴᠡᠭᠦᠷᠢ ᠪᠠᠨ ᠠᠯᠳᠠᠵᠤ᠂ ︽ᠠᠮᠤ ᠪᠣᠳᠠᠭᠠᠨ ᠤ ᠲᠠᠷᠢᠮᠠᠯ᠂ ᠠᠵᠤ ᠠᠬᠤᠢ ᠶᠢᠨ | ᠲᠠᠷᠢᠮᠠᠯ᠂ ᠪᠣᠷᠳᠣᠭᠠᠨ ᠲᠠᠷᠢᠮᠠᠯ︾ ᠵᠡᠷᠭᠡ ᠶᠡᠭᠡ ᠬᠡᠮᠵᠢᠶᠡᠨ ᠤ ᠲᠠᠷᠢᠮᠠᠯ ᠤᠨ ᠬᠤᠭᠤᠷᠣᠨᠳᠣᠬᠢ ᠪᠦᠲᠦᠴᠡ ᠲᠡᠩᠴᠡᠭᠦᠷᠢ | ᠦᠭᠡᠢ ᠪᠠᠶᠢᠵᠤ᠂ ᠲᠠᠷᠢᠮᠠᠯ ᠤᠨ ᠲᠠᠯ᠎ᠠ ᠪᠠᠷ ᠡᠷᠳᠡᠨᠢ ᠰᠢᠰᠢ ᠭᠤᠣᠯᠯᠠᠵᠤ᠂ ᠮᠠᠯ ᠰᠦᠷᠦᠭ ᠤᠨ ᠲᠠᠯ᠎ᠠ ᠪᠠᠷ ᠬᠤᠨᠢ ᠪᠠᠷ | ᠭᠤᠣᠯᠯᠠᠵᠤ᠂ ᠴᠠᠷᠭᠠᠰᠤ ᠵᠡᠷᠭᠡ ᠴᠢᠨᠠᠷ ᠰᠠᠶᠢᠲᠠᠶ ᠡᠯᠪᠡᠭ ᠤᠭᠤᠷᠠᠭᠲᠤ ᠲᠡᠵᠢᠭᠡᠯ ᠡᠪᠡᠰᠦᠨ ᠤ ᠬᠠᠩᠭᠠᠯᠭ᠎ᠠ | ᠬᠦᠷᠦᠯᠴᠡᠬᠦ ᠦᠭᠡᠢ ᠪᠠᠶᠢᠨ᠎ᠠ᠃ ᠨᠦᠭᠦᠭᠡ ᠲᠠᠯ᠎ᠠ ᠪᠠᠷ᠂ ︽ᠴᠢᠨᠠᠷ︾ ᠤᠨ ᠲᠠᠯ᠎ᠠ ᠠᠴᠠ ᠠᠪᠴᠤ ᠬᠡᠯᠡᠪᠡᠯ᠂ | ᠢᠯᠡᠷᠡᠯ ᠨᠢ ᠭᠡᠪᠡᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ | ᠲᠡᠩᠴᠡᠭᠦᠷᠢ ᠪᠠᠨ ᠠᠯᠳᠠᠵᠤ᠂ ᠡᠩ ᠤᠨ ᠲᠦᠷᠦᠯ ᠵᠦᠢᠯ ᠤᠨ ᠬᠠᠨᠭ᠍ᠭᠠᠯᠭ᠎ᠠ ᠶᠢᠨ ᠬᠡᠮᠵᠢᠶ᠎ᠡ ᠶᠡᠭᠡ᠂ ᠬᠠᠷᠢᠨ ᠴᠢᠨᠠᠷ | ᠰᠠᠶᠢᠲᠠᠶ᠂ ᠲᠤᠰᠬᠠᠶ ᠬᠡᠷᠡᠭᠯᠡᠭᠡᠨ ᠤ ᠲᠦᠷᠦᠯ ᠵᠦᠢᠯ ᠴᠥᠭᠡᠨ ᠪᠠᠶᠢᠨ᠎ᠠ᠃ ᠬᠡᠷᠪᠡ ᠡᠳᠡᠭᠡᠷ ᠠᠰᠠᠭᠤᠳᠠᠯ ᠢ ᠤᠷᠳᠤ | ᠬᠤᠭᠤᠴᠠᠭ᠎ᠠ ᠪᠠᠷ ᠪᠦᠲᠦᠮᠵᠢᠲᠡᠶ ᠰᠢᠢᠳᠪᠦᠷᠢᠯᠡᠵᠦ ᠴᠢᠳᠠᠬᠤ ᠦᠭᠡᠢ ᠪᠣᠯ᠂ ᠪᠣᠬᠢᠷᠲᠤᠯ ᠦᠭᠡᠶ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠶᠢ ᠨᠥᠯᠥᠭᠡᠯᠡᠬᠦ ᠨᠢ ᠯᠠᠪᠲᠠᠶ ᠶᠤᠮ᠃ | ᠬᠥᠲᠥᠯᠥᠭᠴᠢ᠄ | ᠡᠨᠡ ᠵᠢᠯ ᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ | ᠠᠬᠢᠭᠤᠯᠬᠤ ᠲᠠᠯ᠎ᠠ ᠤᠨ ᠠᠵᠢᠯ ᠤᠨ ᠭᠤᠣᠯᠳᠠᠯᠭ᠎ᠠ ᠨᠢ ᠶᠠᠭᠤ ᠪᠤᠢ︖ | ᠸᠠᠩ ᠢᠦᠢ ᠹᠧᠩ᠄ | ᠡᠨᠡ ᠵᠢᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠠᠵᠢᠯ ᠤᠨ ᠭᠤᠣᠯᠳᠠᠯᠭ᠎ᠠ ᠪᠤᠯ | ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠶᠡᠬᠡᠪᠡᠷ ᠲᠦᠯᠬᠢᠨ ᠠᠬᠢᠭᠤᠯᠵᠤ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠭᠠᠳᠠᠭᠰᠢ ᠭᠠᠷᠭᠠᠬᠤ ᠵᠡᠷᠭᠡ ᠪᠣᠳᠠᠲᠤ | ᠵᠠᠩᠭᠢᠯᠠᠭ᠎ᠠ ᠠᠴᠠ ᠭᠠᠷᠳᠠᠵᠤ᠂ ᠴᠢᠷᠮᠠᠶᠢᠵᠤ ᠪᠠᠶᠢᠭᠠᠳ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠶᠠᠰᠤ | ᠴᠢᠨᠠᠷ ᠢ ᠳᠡᠭᠡᠭᠰᠢᠯᠡᠭᠦᠯᠵᠦ᠂ ᠪᠣᠷᠣᠯᠠᠭᠤᠯᠭ᠎ᠠ ᠰᠠᠶᠢᠲᠠᠶ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠦᠢᠯᠡᠳᠪᠦᠷᠢᠯᠡᠵᠦ᠂ ᠥᠪᠥᠷ ᠮᠣᠩᠭᠤᠯ ᠤᠨ ᠪᠣᠬᠢᠷᠲᠤᠯ ᠦᠭᠡᠢ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠥᠷᠥᠯ ᠲᠡᠮᠳᠡᠭᠲᠦ ᠶᠢ ᠡᠭᠦᠳᠴᠦ᠂ ᠮᠠᠯᠴᠢᠨ ᠲᠠᠷᠢᠶᠠᠴᠢᠳ ᠤᠨ | ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠠᠬᠢᠭᠤᠯᠬᠤ ᠶᠠᠪᠤᠳᠠᠯ ᠪᠤᠯᠤᠨ᠎ᠠ᠃ ᠨᠢᠭᠡ᠂ ᠦᠢᠯᠡᠳᠪᠦᠷᠢᠯᠡᠯ ᠤᠨ ᠲᠠᠯ᠎ᠠ ᠪᠠᠷ᠂ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ᠦᠢᠯᠡᠳᠪᠦᠷᠢᠯᠡᠯ ᠤᠨ ᠵᠠᠩᠭᠢᠯᠠᠭ᠎ᠠ ᠪᠤᠯ ᠲᠠᠷᠢᠶᠠᠯᠠᠩ ᠮᠠᠯ ᠠᠵᠤ | ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ | ᠰᠠᠭᠤᠷᠢ ᠪᠤᠯᠤᠨ᠎ᠠ᠃ ᠮᠠᠨ ᠤ ᠤᠷᠤᠨ ᠤ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ | ᠪᠠᠶᠢᠭ᠎ᠠ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ | ᠦᠢᠯᠡᠳᠪᠦᠷᠢᠯᠡᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ | ᠸᠠᠩ ᠢᠦᠢ ᠹᠧᠩ ᠄ | ᠨᠢᠭᠡ ᠳᠤ᠂ ᠲᠠᠷᠢᠵᠤ ᠲᠡᠵᠢᠭᠡᠬᠦ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠭᠦᠯᠦᠨ᠎ᠡ᠃ ᠮᠠᠨ ᠤ ᠣᠷᠣᠨ ᠤ | ᠠᠮᠤ ᠪᠤᠳᠠᠭᠠᠨ ᠤ ᠭᠤᠣᠯ ᠭᠠᠷᠤᠯᠲᠠ ᠶᠢᠨ ᠮᠣᠵᠢ ᠣᠷᠣᠨ ᠪᠠ ᠮᠠᠯ ᠠᠵᠤ ᠠᠬᠤᠶ ᠶᠢᠨ ᠳᠤᠮᠤ ᠮᠤᠵᠢ ᠪᠣᠯᠬᠤ | ᠳᠠᠪᠠᠭᠤᠯᠢᠭ ᠲᠠᠭᠠᠨ ᠰᠠᠭᠤᠷᠢᠯᠠᠨ᠂ ᠲᠠᠷᠢᠵᠦ ᠲᠡᠵᠢᠭᠡᠬᠦ ᠶᠢᠨ ᠬᠤᠭᠤᠷᠣᠨᠳᠣᠬᠢ ᠪᠦᠲᠦᠴᠡ ᠶᠢ ᠲᠣᠬᠢᠷᠠᠭᠤᠯᠵᠤ᠂ | ᠲᠠᠷᠢᠵᠦ ᠲᠡᠵᠢᠭᠡᠬᠦ ᠶᠢ ᠤᠷᠴᠢᠯᠳᠤᠭᠤᠯᠬᠤ᠂ ᠠᠮᠤ ᠡᠪᠡᠰᠦ ᠶᠢ ᠬᠠᠮᠲᠤ ᠳᠤᠨᠢ ᠬᠠᠷᠠᠭᠠᠯᠵᠠᠬᠤ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠲᠠᠷᠢᠵᠦ ᠲᠡᠵᠢᠭᠡᠬᠦ ᠪᠦᠲᠦᠴᠡ ᠶᠢ ᠪᠠᠶᠢᠭᠤᠯᠤᠨ᠎ᠠ᠃ ᠪᠣᠳᠠᠲᠠᠶ ᠰᠡᠳᠬᠢᠴᠡ ᠪᠤᠯ | ᠨᠣᠭᠤᠭᠠᠨ ᠳᠠᠷᠤᠰᠢ ᠶᠢᠨ ᠡᠷᠳᠡᠨᠢ ᠰᠢᠰᠢ ᠪᠠ ᠲᠡᠵᠢᠭᠡᠯ ᠡᠪᠡᠰᠦ ᠶᠢ ᠶᠡᠬᠡᠪᠡᠷ ᠬᠦᠭᠵᠢᠭᠦᠯᠵᠦ᠂ ᠮᠠᠯ ᠤᠨ ᠬᠡᠪᠡᠯᠢ ᠪᠠᠷ | ᠳᠠᠮᠵᠢᠭᠤᠯᠤᠨ ᠬᠤᠪᠢᠷᠠᠭᠤᠯᠵᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠲᠡᠵᠢᠭᠡᠯ ᠡᠪᠡᠰᠦ ᠵᠡᠷᠭᠡ ᠲᠡᠵᠢᠭᠡᠯ | ᠪᠤᠷᠳᠤᠭ᠎ᠠ ᠶᠢ ᠮᠢᠬ᠎ᠠ᠂ ᠥᠨᠳᠡᠭᠡ᠂ ᠰᠦ᠂ ᠠᠷᠠᠰᠤ ᠨᠣᠣᠰᠣ ᠪᠤᠯᠭᠠᠨ ᠬᠤᠪᠢᠷᠠᠭᠤᠯᠵᠤ᠂ ᠪᠦᠲᠦᠴᠡ ᠶᠢ | ᠲᠣᠬᠢᠷᠠᠭᠤᠯᠬᠤ ᠪᠠ ᠣᠷᠣᠯᠭ᠎ᠠ ᠶᠢ ᠨᠡᠮᠡᠭᠳᠡᠭᠦᠯᠬᠦ ᠪᠠᠷ ︽ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ︾ ᠶᠢ | ᠪᠡᠶᠡᠯᠡᠭᠦᠯᠦᠨ᠎ᠡ᠃ ᠲᠠᠷᠢᠮᠠᠯ ᠤᠨ ᠦᠢᠯᠡᠰ ᠤᠨ ᠲᠠᠯ᠎ᠠ ᠪᠠᠷ᠂ ︽ᠲᠡᠵᠢᠭᠡᠬᠦ ᠶᠢᠨ ᠲᠥᠯᠥᠭᠡ ᠲᠠᠷᠢᠬᠤ᠂ ᠮᠠᠯᠵᠢᠬᠤ ᠶᠢᠨ | ᠲᠤᠯᠦᠭᠡ ᠲᠠᠷᠢᠬᠤ︾ ᠰᠡᠳᠬᠢᠴᠡ ᠶᠢᠨ ᠶᠤᠰᠤᠭᠠᠷ᠂ ᠤᠯᠤᠰ ᠠᠴᠠ ︽ᠠᠮᠤ ᠶᠢ ᠪᠤᠷᠳᠤᠭ᠎ᠠ ᠪᠠᠷ ᠦᠭᠡᠷᠡᠴᠢᠯᠡᠬᠦ︾ ᠶᠢ | ᠬᠡᠷᠡᠭᠵᠢᠭᠦᠯᠬᠦ ᠠᠵᠠ ᠲᠣᠬᠢᠶᠠᠯ ᠢ ᠠᠳᠬᠤᠵᠤ᠂ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ ᠪᠠᠭᠠᠰᠬᠠᠵᠤ᠂ | ᠨᠣᠭᠤᠭᠠᠨ ᠳᠠᠷᠤᠰᠢ ᠶᠢᠨ ᠡᠷᠳᠡᠨᠢ ᠰᠢᠰᠢ ᠪᠠ ᠲᠡᠵᠢᠭᠡᠯ ᠡᠪᠡᠰᠦ ᠲᠠᠷᠢᠬᠤ ᠲᠠᠯᠠᠪᠠᠢ ᠶᠢ ᠦᠷᠭᠡᠳᠬᠡᠨ᠎ᠡ᠃ ᠡᠨᠡ | ᠵᠢᠯ ᠤᠨ ᠭᠤᠣᠯᠳᠠᠯᠭ᠎ᠠ ᠲᠠᠢ ᠡᠭᠦᠷᠭᠡ ᠪᠣᠯ ᠥᠨᠳᠥᠷ ᠥᠷᠭᠡᠷᠢᠭ᠂ ᠳᠠᠯᠠᠶ ᠶᠢᠨ ᠲᠦᠪᠰᠢᠨ ᠠᠴᠠ ᠥᠨᠳᠥᠷ ᠣᠷᠣᠨ ᠳᠤ | ᠪᠠ ᠬᠦᠨᠳᠦ ᠨᠣᠴᠢᠲᠠᠶ ᠭᠠᠩ ᠬᠠᠭᠤᠷᠠᠶ ᠣᠷᠣᠨ ᠳᠤ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ 200 | ᠲᠦᠮᠡᠨ ᠮᠦ ᠪᠠᠭᠠᠰᠬᠠᠨ᠎ᠠ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ 300 ᠲᠦᠮᠡᠨ ᠮᠦ | ᠰᠢᠨ᠎ᠡ ᠪᠠᠷ ᠨᠡᠮᠡᠭᠳᠡᠭᠦᠯᠵᠦ᠂ 800 ᠲᠦᠮᠡᠨ ᠮᠦ ᠳᠤ ᠬᠦᠷᠦᠭᠦᠯᠦᠨ᠎ᠡ᠃ ᠴᠢᠨᠠᠷ ᠰᠠᠶᠢᠨ ᠥᠨᠳᠥᠷ ᠤᠨᠠᠯᠲᠠ ᠲᠠᠢ | ᠪᠤᠷᠤ ᠴᠠᠷᠭᠠᠰᠤ ᠲᠡᠷᠢᠬᠤ ᠲᠠᠯᠠᠪᠠᠢ ᠶᠢ 25 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ 900 ᠲᠦᠮᠡᠨ ᠮᠦ | ᠬᠦᠷᠦᠭᠦᠯᠦᠨ᠎ᠡ᠃ | ᠸᠠᠩ ᠢᠦᠢ ᠹᠧᠩ ᠄ | ᠮᠠᠯ ᠠᠵᠤ ᠠᠬᠤᠢ ᠶᠢᠨ ᠲᠠᠯ᠎ᠠ ᠪᠠᠷ᠂ ︽ᠬᠤᠨᠢ ᠶᠢ ᠪᠠᠲᠣᠯᠠᠨ ᠦᠬᠡᠷ ᠢ ᠨᠡᠮᠡᠭᠳᠡᠭᠦᠯᠬᠦ︾ ᠪᠠ ᠭᠠᠭ᠋ᠠᠶ᠂ | ᠭᠡᠷ ᠤᠨ ᠲᠡᠵᠢᠭᠡᠪᠦᠷᠢ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠬᠤ ᠶᠢ ᠬᠡᠷᠡᠭᠵᠢᠭᠦᠯᠵᠦ᠂ | ᠭᠠᠭ᠋ᠠᠶ ᠭᠡᠷ ᠤᠨ ᠲᠡᠵᠢᠭᠡᠪᠦᠷᠢ ᠶᠢ ᠲᠡᠵᠢᠭᠡᠨ ᠦᠷᠡᠵᠢᠭᠦᠯᠬᠦ ᠳᠤᠲᠠᠭᠳᠠᠯ ᠲᠠᠯ᠎ᠠ ᠶᠢ ᠨᠦᠬᠦᠪᠦᠷᠢᠯᠡᠵᠦ᠂ ᠲᠠᠷᠢᠶᠠᠯᠠᠩ | ᠮᠠᠯ ᠠᠵᠤ ᠠᠬᠤᠶ ᠶᠢ ᠤᠶᠠᠯᠳᠤᠭᠤᠯᠵᠤ᠂ ᠬᠡᠪᠡᠯᠢ ᠪᠠᠷ ᠳᠠᠮᠵᠢᠭᠤᠯᠤᠨ ᠤᠯᠠᠷᠢᠨ ᠰᠢᠯᠵᠢᠭᠦᠯᠬᠦ ᠪᠠᠷ ᠳᠠᠮᠵᠢᠨ᠂ | ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢ ᠲᠤᠬᠢᠷᠠᠭᠤᠯᠵᠤ᠂ ᠠᠮᠢ ᠠᠬᠤᠶ ᠶᠢᠨ ᠬᠠᠮᠠᠭᠠᠯᠠᠬᠤ ᠪᠠ ᠮᠠᠯᠴᠢᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠡᠨᠡ ᠵᠢᠯ ᠤᠨ ᠭᠤᠣᠯᠳᠠᠯᠭ᠎ᠠ ᠪᠣᠯ ︽ᠮᠢᠩᠭᠠᠨ | ᠲᠦᠮᠡᠨ ᠲᠣᠯᠣᠭᠠᠶ ᠮᠢᠬᠠᠨ ᠦᠬᠡᠷ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠲᠣᠭᠲᠠᠭᠠᠵᠤ᠂ ᠭᠠᠳᠠᠭᠠᠳᠤ ᠠᠴᠠ | ᠰᠢᠯᠢᠳᠡᠭ ᠡᠭᠦᠯᠳᠡᠷ ᠤᠨ ᠮᠢᠬᠠᠨ ᠬᠡᠷᠡᠭᠯᠡᠭᠦᠯᠳᠦ ᠦᠬᠡᠷ ᠢ 1.6 ᠲᠦᠮᠡᠨ ᠲᠣᠯᠣᠭᠠᠶ ᠣᠷᠣᠭᠤᠯᠬᠤ ᠳᠤ ᠨᠦᠬᠦᠪᠦᠷᠢ | ᠦᠭᠬᠦ ᠠᠵᠢᠯ ᠢ ᠰᠠᠶᠢᠲᠤᠷ ᠬᠡᠷᠡᠭᠵᠢᠭᠦᠯᠵᠦ᠂ ᠰᠠᠭᠤᠷᠢ ᠦᠨᠢᠶᠡᠨ ᠰᠦᠷᠦᠭ ᠢ ᠦᠷᠭᠡᠳᠬᠡᠨ ᠲᠤᠭ᠎ᠠ ᠶᠢ | ᠨᠡᠮᠡᠭᠳᠡᠭᠦᠯᠬᠦ ᠶᠢ ᠠᠬᠢᠭᠤᠯᠤᠨ᠎ᠠ᠃ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ | ᠪᠤᠯᠬᠤ ᠳᠤ᠂ ᠮᠢᠬᠠᠨ ᠦᠬᠡᠷ ᠤᠨ ᠲᠤᠭ᠎ᠠ ᠶᠢ ᠣᠳᠣᠬᠠᠨ ᠤ ᠪᠦᠬᠦ ᠤᠯᠤᠰ ᠲᠤ 9 ᠳ᠋ᠦ᠋ᠭᠡᠷ ᠲᠤ ᠵᠢᠭᠰᠠᠵᠤ | ᠪᠠᠶᠢᠬᠤ ᠠᠴᠠ ᠨᠢ ᠡᠮᠦᠨ᠎ᠡ 5 ᠳᠤ ᠤᠷᠤᠭᠤᠯᠵᠤ᠂ ᠦᠬᠡᠷ ᠤᠨ ᠮᠢᠬᠠᠨ ᠤ ᠭᠠᠷᠤᠯᠲᠠ ᠶᠢ ᠪᠦᠬᠦ ᠤᠯᠤᠰ ᠤᠨ | ᠲᠦᠷᠦᠭᠦᠦ 3 ᠶᠢᠨ ᠬᠢᠷᠢ ᠬᠡᠮᠵᠢᠶ᠎ᠡ ᠶᠢ ᠪᠠᠲᠤᠯᠠᠵᠤ᠂ ᠪᠦᠬᠦ ᠤᠯᠤᠰ ᠤᠨ ᠴᠢᠨᠠᠷ ᠰᠠᠶᠢᠲᠠᠶ ᠦᠬᠡᠷ ᠤᠨ ᠮᠢᠬ᠎ᠠ | ᠦᠢᠯᠡᠳᠪᠦᠷᠢᠯᠡᠵᠦ ᠡᠳ᠋ᠰᠢᠭᠦᠯᠵᠦ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠪᠤᠯᠭᠠᠬᠤ ᠪᠠᠷ ᠴᠢᠷᠮᠠᠶᠢᠨ᠎ᠠ᠃ | ᠸᠠᠩ ᠢᠦᠢ ᠹᠧᠩ᠄ | ᠬᠤᠶᠠᠷ ᠲᠤ᠂ ᠣᠷᠣᠨ ᠪᠦᠰᠡ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠦᠨ᠎ᠡ᠃ ᠲᠠᠷᠢᠮᠠᠯ ᠤᠨ | ᠦᠢᠯᠡᠰ ᠤᠨ ᠲᠠᠯ᠎ᠠ ᠪᠠᠷ᠂ ᠵᠡᠭᠦᠨ ᠬᠡᠰᠡᠭ ᠤᠨ ᠡᠷᠳᠡᠨᠢ ᠰᠢᠰᠢ ᠶᠢᠨ ᠳᠠᠪᠠᠭᠤᠯᠢᠭ ᠠᠵᠤ ᠦᠢᠯᠡᠰ ᠤᠨ ᠪᠦᠰᠡ ᠪᠤᠯᠤᠨ | ᠪᠠᠷᠠᠭᠤᠨ ᠬᠡᠰᠡᠭ ᠤᠨ ᠬᠠᠳᠤᠨ ᠭᠤᠣᠯ ᠤᠨ ᠤᠰᠤᠯᠠᠯᠲᠠ ᠶᠢᠨ ᠣᠷᠣᠨ ᠤ ᠡᠷᠳᠡᠨᠢ ᠰᠢᠰᠢ ᠶᠢᠨ ᠳᠠᠪᠠᠭᠤᠯᠢᠭ ᠠᠵᠤ | ᠦᠢᠯᠡᠰ ᠤᠨ ᠪᠦᠰᠡ ᠂ ᠬᠠᠳᠤᠨ ᠭᠤᠣᠯ ᠤᠨ ᠤᠰᠤᠯᠠᠯᠲᠠ ᠶᠢᠨ ᠣᠷᠣᠨ ᠳᠠᠭᠠᠤ ᠴᠢᠨᠠᠷ ᠰᠠᠶᠢᠲᠠᠶ ᠪᠤᠭᠤᠳᠠᠢ ᠶᠢᠨ | ᠳᠠᠪᠠᠭᠤᠯᠢᠭ ᠣᠷᠣᠨ᠂ ᠮᠤᠨᠢ ᠠᠭᠤᠯᠠ ᠶᠢᠨ ᠠᠷᠤ ᠬᠤᠷᠮᠤᠢ ᠶᠢᠨ ᠲᠦᠮᠦᠰᠦ ᠶᠢᠨ ᠳᠠᠪᠠᠭᠤᠯᠢᠭ ᠣᠷᠣᠨ᠂ ᠵᠡᠭᠦᠨ | ᠬᠤᠶᠢᠲᠤ ᠣᠷᠣᠨ ᠤ ᠭᠧᠨ ᠬᠤᠪᠢᠷᠠᠭᠤᠯᠤᠭᠰᠠᠨ ᠪᠤᠰᠤ ᠲᠤᠰᠤ ᠶᠡᠬᠡᠲᠡᠶ ᠰᠢᠷ᠎ᠠ ᠪᠤᠷᠴᠠᠭ ᠤᠨ ᠳᠠᠪᠠᠭᠤᠯᠢᠭ ᠣᠷᠣᠨ᠂ | ᠵᠡᠭᠦᠨ ᠳᠦᠷᠪᠡᠨ ᠠᠶᠢᠮᠠᠭ ᠬᠤᠳᠠ ᠶᠢᠨ ᠴᠢᠨᠠᠷ ᠰᠠᠶᠢᠲᠠᠶ ᠲᠤᠲᠤᠷᠭ᠎ᠠ ᠶᠢᠨ ᠳᠠᠪᠠᠭᠤᠯᠢᠭ ᠤᠷᠤᠨ ᠵᠡᠷᠭᠡ ︽ᠬᠤᠶᠠᠷ | ᠪᠦᠰᠡ ᠳᠦᠷᠪᠡᠨ ᠣᠷᠣᠨ︾ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠮᠠᠯ | ᠠᠵᠤ ᠠᠬᠤᠢ ᠶᠢᠨ ᠲᠠᠯ᠎ᠠ ᠪᠠᠷ᠂ ᠲᠦᠮᠡᠳ ᠤᠨ ᠲᠠᠯ᠎ᠠ᠂ ᠪᠣᠷᠣᠲᠣᠬᠤᠶ ᠶᠢᠨ ᠲᠠᠯ᠎ᠠ ᠭᠠᠵᠠᠷ᠂ ᠰᠢᠯᠢ ᠶᠢᠨ ᠭᠤᠣᠯ | ᠠᠶᠢᠮᠠᠭ ᠪᠠ ᠤᠯᠠᠭᠠᠨᠴᠠᠪ ᠬᠤᠳᠠ ᠶᠢᠨ ᠲᠠᠷᠢᠶᠠᠯᠠᠬᠤ ᠮᠠᠯᠵᠢᠬᠤ ᠰᠣᠯᠪᠢᠴᠠᠭᠰᠠᠨ ᠣᠷᠣᠨ᠂ ᠬᠤᠷᠴᠢᠨ ᠤ ᠲᠠᠯ᠎ᠠ | ᠨᠤᠲᠤᠭ ᠪᠣᠯᠤᠨ ᠪᠠᠷᠠᠭᠤᠨ ᠯᠢᠶᠣᠤ ᠾᠧ ᠭᠤᠤᠯ ᠤᠨ ᠲᠠᠯ᠎ᠠ ᠣᠷᠣᠨ᠂ ᠶᠡᠭᠡ ᠬᠢᠩᠭᠠᠨ ᠳᠠᠪᠠᠭ᠎ᠠ ᠶᠢᠨ ᠳᠠᠪᠠᠭᠠᠨ ᠤ | ᠪᠠᠷᠠᠭᠤᠨ ᠤᠷᠤᠨ ᠵᠡᠷᠭᠡ ︽ᠦᠨᠢᠶᠡᠨ ᠰᠦ ᠦᠢᠯᠡᠳᠪᠦᠷᠢᠯᠡᠬᠦ ᠲᠠᠪᠤᠨ ᠲᠤᠮᠤ ᠣᠷᠣᠨ︾ ᠤ ᠪᠦᠳᠦᠭᠡᠠ | ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠲᠠᠯ᠎ᠠ ᠨᠤᠲᠤᠭ ᠤᠨ ᠮᠠᠯᠵᠢᠬᠤ ᠣᠷᠣᠨ᠂ ᠬᠠᠭᠠᠰ | ᠲᠠᠷᠢᠶᠠᠯᠠᠬᠤ ᠬᠠᠭᠠᠰ ᠮᠠᠯᠵᠢᠬᠤ ᠣᠷᠣᠨ ᠪᠣᠯᠤᠨ ᠲᠠᠷᠢᠶᠠᠯᠠᠬᠤ ᠣᠷᠣᠨ ᠤ ︽ᠮᠢᠬᠠᠨ ᠬᠤᠨᠢ ᠲᠡᠵᠢᠭᠡᠨ ᠦᠷᠡᠵᠢᠭᠦᠯᠬᠦ︾ | ᠭᠤᠷᠪᠠᠨ ᠲᠤᠮᠤ ᠤᠷᠤᠨ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠎ᠠ᠃ ᠮᠢᠬᠠᠨ ᠦᠬᠡᠷ ᠨᠢ | ᠳᠤᠮᠳᠠ ᠪᠠ ᠵᠡᠭᠦᠨ ᠬᠡᠰᠡᠭ ᠤᠨ ᠤᠯᠠᠮᠵᠢᠯᠠᠯᠲᠤ ᠮᠢᠬᠠᠨ ᠦᠬᠡᠷ ᠲᠡᠵᠢᠭᠡᠨ ᠦᠷᠡᠵᠢᠭᠦᠯᠬᠦ ᠣᠷᠣᠨ ᠪᠤᠯᠤᠨ ᠪᠠᠷᠠᠭᠤᠨ | ᠬᠡᠰᠡᠭ ᠤᠨ ᠳᠡᠭᠡᠳᠦ ᠲᠡᠰ ᠤᠨ ᠮᠢᠬᠠᠨ ᠦᠬᠡᠷ ᠲᠡᠵᠢᠭᠡᠨ ᠦᠷᠡᠵᠢᠭᠦᠯᠬᠦ ᠣᠷᠣᠨ ᠤ ᠪᠦᠳᠦᠭᠡᠠ ᠪᠠᠶᠢᠭᠤᠯᠤᠯᠲᠠ ᠶᠢ | ᠭᠤᠤᠯᠳᠠᠯᠭ᠎ᠠ ᠲᠠᠢ ᠠᠳᠬᠤᠨ᠎ᠠ᠃ ᠥᠪᠥᠷ ᠮᠣᠩᠭᠤᠯ ᠤᠨ ᠴᠠᠭᠠᠨ ᠨᠣᠯᠤᠤᠷ ᠤᠨ ᠢᠮᠠᠭ᠎ᠠ ᠪᠠᠷ ᠭᠤᠣᠯ ᠪᠣᠯᠭᠠᠭᠰᠠᠨ | ︽ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠣᠨ︾ ᠤ ᠪᠦᠳᠤᠭᠡᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠰᠠᠶᠢᠨ ᠠᠳᠬᠤᠨ᠎ᠠ᠃ | ᠸᠠᠩ ᠢᠦᠢ ᠹᠧᠩ᠄ | ᠭᠤᠷᠪᠠ ᠳᠤ᠂ ᠴᠢᠨᠠᠷ ᠰᠠᠶᠢᠲᠠᠶ ᠦᠢᠯᠡᠳᠬᠦᠨ ᠤ ᠬᠤᠪᠢ ᠶᠢᠨ ᠵᠢᠩ ᠢ ᠥᠷᠭᠡᠳᠬᠡᠨ᠎ᠡ᠃ ᠲᠠᠷᠢᠶᠠᠯᠠᠩ ᠮᠠᠯ | ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠠᠰᠠᠭᠤᠳᠠᠯ ᠭᠠᠷᠤᠭᠰᠠᠨ ᠰᠢᠯᠲᠠᠭᠠᠨ ᠨᠢ᠂ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠪᠦᠬᠦᠯᠢ ᠴᠣᠭᠴᠠ ᠳᠤᠨᠢ ᠠᠷᠠᠳ ᠤᠯᠠᠨ ᠤ ᠤᠨᠴᠠᠯᠢᠭᠲᠤ᠂ ᠪᠣᠬᠢᠷᠲᠤᠯ ᠦᠭᠡᠢ᠂ | ᠡᠷᠡᠭᠦᠯ ᠮᠡᠨᠳᠦ ᠪᠦᠲᠦᠭᠡᠭᠳᠡᠬᠦᠨ ᠳᠠᠬᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠴᠠᠭ ᠲᠤᠬᠠᠶ ᠳᠤᠨᠢ | ᠲᠣᠬᠢᠷᠠᠭᠤᠯᠭ᠎ᠠ ᠬᠢᠭᠰᠡᠨ ᠦᠭᠡᠢ ᠠᠴᠠ ᠪᠦᠲᠦᠭᠡᠭᠳᠡᠬᠦᠨ ᠤ ᠪᠣᠷᠣᠯᠠᠭᠤᠯᠬᠤ ᠵᠠᠮ ᠨᠥᠯᠥᠭᠡᠯᠡᠭᠳᠡᠭᠰᠡᠨ ᠳᠤ ᠪᠤᠢ᠃ | ᠭᠡᠪᠡᠴᠦ ᠵᠠᠷᠢᠮ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ | ᠪᠥᠲᠦᠭᠡᠭᠳᠡᠭᠦᠨ ᠦᠢᠯᠡᠳᠪᠦᠷᠢᠯᠡᠵᠦ᠂ ᠵᠠᠬ᠎ᠠ ᠳᠡᠯᠭᠡᠭᠦᠷ ᠤᠨ ︽ᠬᠠᠷᠢᠭᠤ ᠬᠦᠷᠲᠡᠭᠡᠮᠵᠢ︾ ᠶᠢ ᠣᠯᠣᠭᠰᠠᠨ ᠪᠠᠶᠢᠨ᠎ᠠ᠃ | ᠡᠨᠡ ᠨᠢ ᠪᠢᠳᠡᠨ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠲᠠᠷᠢᠮᠠᠯ | ᠲᠡᠵᠢᠭᠡᠪᠦᠷᠢ ᠶᠢᠨ ᠡᠭᠦᠯᠳᠡᠷ ᠲᠥᠷᠥᠯ ᠢ ᠲᠣᠬᠢᠷᠠᠭᠤᠯᠵᠤ᠂ ᠣᠷᠣᠨ ᠪᠦᠰᠡ ᠶᠢᠨ ᠣᠨᠴᠠᠯᠢᠭ ᠲᠠᠢ᠂ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠤᠨᠴᠠᠯᠢᠭᠲᠤ᠂ ᠪᠣᠬᠢᠷᠲᠤᠯ ᠦᠭᠡᠶ ᠢᠳᠡᠭᠡᠨ ᠤ ᠳᠠᠩᠰᠠᠯᠠᠯ ᠲᠠᠢ᠂ ᠣᠷᠭᠠᠨᠢᠭ | ᠢᠳᠡᠭᠡᠨ ᠤ ᠨᠤᠲᠠᠯᠠᠨ ᠦᠨᠡᠮᠰᠢᠯᠲᠡ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠡᠵᠢᠭᠡᠨ | ᠦᠷᠡᠵᠢᠭᠦᠯᠬᠦ ᠲᠤᠭ᠎ᠠ ᠪᠠ ᠲᠠᠷᠢᠬᠤ ᠲᠠᠯᠠᠪᠠᠢ ᠶᠢ ᠥᠷᠭᠡᠳᠬᠡᠬᠦ ᠬᠡᠷᠡᠭᠲᠡᠢ ᠭᠡᠳᠡᠭ ᠢ ᠰᠠᠨᠠᠭᠤᠯᠵᠠᠢ᠃ ᠡᠶᠢᠮᠦ ᠠᠴᠠ | ᠰᠥᠨᠢᠳ ᠬᠤᠨᠢᠨ ᠮᠢᠬ᠎ᠠ᠂ ᠦᠵᠦᠮᠦᠴᠢᠨ ᠬᠤᠨᠢᠨ ᠮᠢᠬ᠎ᠠ᠂ ᠠᠷᠪᠠᠰ ᠤᠨ ᠨᠣᠯᠣᠤᠷ ᠤᠨ ᠴᠠᠭᠠᠨ ᠢᠮᠠᠭ᠎ᠠ᠂ | ᠣᠷᠳᠣᠰ ᠤᠨ ᠨᠠᠷᠢᠨ ᠨᠤᠤᠰᠤᠳᠤ ᠬᠤᠨᠢ᠂ ᠤᠯᠠᠭᠠᠨᠴᠠᠪ ᠤᠨ ᠲᠥᠮᠥᠰᠥ᠂ ᠦᠶᠤᠸᠠᠨ ᠤ ᠪᠤᠭᠤᠳᠠᠢ᠂ | ᠪᠣᠷᠣᠲᠣᠬᠤᠶ ᠶᠢᠨ ᠨᠡᠷᠡᠨ ᠬᠤᠸᠠᠷ᠂ ᠤᠯᠠᠭᠠᠨᠬᠠᠳᠠ ᠶᠢᠨ ᠨᠣᠭᠤᠭᠠᠨ ᠪᠤᠷᠴᠠᠭ᠂ ᠵᠠᠯᠠᠨ ᠠᠶᠢᠯ ᠤᠨ ᠲᠤᠲᠤᠷᠭ᠎ᠠ ᠵᠡᠷᠭᠡ | ᠭᠠᠵᠠᠷ ᠣᠷᠣᠨ ᠤ ᠣᠨᠴᠠᠯᠢᠭ ᠲᠠᠢ᠂ ᠪᠣᠬᠢᠷᠲᠤᠯ ᠥᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠢ ᠳᠤᠪᠤᠶᠢᠮ᠎ᠠ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠲᠤ ᠴᠢᠨᠠᠷ ᠰᠠᠶᠢᠲᠠᠢ | ᠨᠡᠩ ᠤᠯᠠᠨ ᠠᠩᠬᠠᠨ ᠤ ᠳᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠬᠤ ᠬᠡᠷᠡᠭᠲᠡᠢ | ᠪᠠᠶᠢᠨ᠎ᠠ᠃ | ᠸᠠᠩ ᠢᠦᠢ ᠹᠧᠩ᠄ | ᠬᠤᠶᠠᠷ᠂ ᠡᠳ᠋ᠰᠢᠭᠦᠯᠵᠦ ᠪᠣᠯᠪᠠᠰᠤᠷᠠᠭᠤᠯᠬᠤ ᠲᠠᠯ᠎ᠠ ᠪᠠᠷ᠂ ᠬᠡᠯᠪᠡᠷᠢ ᠶᠢ ᠨᠢ ᠬᠤᠪᠢᠷᠠᠭᠤᠯᠤᠨ ᠳᠡᠰ | ᠳᠡᠪᠰᠢᠭᠦᠯᠦᠨ᠎ᠡ᠃ ᠦᠢᠯᠡᠳᠪᠦᠷᠢᠯᠡᠯ ᠤᠨ ᠵᠠᠩᠭᠢᠯᠠᠭ᠎ᠠ ᠪᠣᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠵᠠᠩᠭᠢᠯᠠᠭ᠎ᠠ ᠮᠥᠨ᠃ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠪᠣᠬᠢᠷᠲᠤᠯ ᠥᠭᠡᠢ᠂ ᠣᠷᠭᠠᠨᠢᠭ᠂ ᠡᠷᠡᠭᠦᠯ᠂ ᠰᠢᠮ᠎ᠡ | ᠲᠡᠵᠢᠭᠡᠯᠲᠦ᠂ ᠴᠢᠨᠠᠭᠰᠢᠯᠠᠪᠠᠯ ᠥᠨᠳᠥᠷ ᠲᠦᠪᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠵᠦ ᠪᠣᠯᠪᠠᠰᠤᠷᠠᠭᠤᠯᠤᠨ᠎ᠠ᠃ ᠨᠢᠭᠡ ᠳᠤ᠂ ᠬᠡᠷᠡᠭᠯᠡᠭᠡ ᠶᠢᠨ ᠵᠢᠯᠣᠭᠤᠳᠤᠮᠵᠢ ᠶᠢ ᠲᠣᠪᠤᠶᠢᠯᠭᠠᠨ᠎ᠠ᠃ ᠰᠢᠨ᠎ᠡ | ᠰᠣᠷᠭᠤᠭ ᠠᠩᠬᠠᠨ ᠤ ᠳᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯ ᠪᠣᠯᠭᠠᠭᠰᠠᠨ | ᠨᠡᠶᠢᠲᠡ ᠳᠤ ᠬᠤᠣᠷᠳᠠᠯ ᠦᠭᠡᠢ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠢ ᠡᠷᠴᠢᠮᠲᠡᠢ ᠬᠥᠭᠵᠢᠭᠦᠯᠵᠦ᠂ | ᠳᠤᠮᠳᠠ ᠪᠠ ᠳᠡᠭᠡᠳᠦ ᠳᠡᠰ ᠤᠨ ᠢᠳᠡᠭᠡᠨ ᠪᠣᠯᠪᠠᠰᠤᠷᠠᠭᠤᠯᠬᠤ ᠪᠠ ᠵᠠᠬ᠎ᠠ ᠳᠡᠯᠭᠡᠭᠦᠷ ᠢᠶᠠᠷ ᠭᠤᠣᠯ ᠪᠣᠯᠭᠠᠭᠰᠠᠨ | ᠪᠣᠬᠢᠷᠲᠤᠯ ᠦᠭᠡᠶ ᠢᠳᠡᠭᠡᠨ ᠢ ᠯᠠᠪᠳᠠᠭᠤᠨ ᠢᠶᠠᠷ ᠬᠥᠭᠵᠢᠭᠦᠯᠵᠦ᠂ ᠳᠡᠭᠡᠳᠦ ᠳᠡᠰ ᠤᠨ ᠦᠢᠯᠡᠳᠬᠦᠨ ᠢᠶᠠᠷ ᠭᠤᠣᠯ | ᠪᠣᠯᠭᠠᠭᠰᠠᠨ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠷᠡᠭᠦᠯ ᠢᠶᠠᠷ ᠬᠥᠭᠵᠢᠭᠦᠯᠵᠦ᠂ | ᠲᠤᠰᠬᠠᠶ ᠬᠡᠷᠡᠭᠯᠡᠭᠡ ᠶᠢ ᠬᠠᠩᠭᠠᠨ᠎ᠠ︔ ᠣᠨᠴᠠ ᠲᠣᠭᠲᠠᠭᠠᠭᠰᠠᠨ ᠭᠠᠵᠠᠷ ᠣᠷᠣᠨ ᠪᠠ ᠦᠢᠯᠡᠳᠪᠦᠷᠢᠯᠡᠯ ᠤᠨ ᠠᠷᠭ᠎ᠠ | ᠬᠡᠯᠪᠡᠷᠢ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠢ | ᠭᠦᠨᠴᠡ ᠲᠠᠢ ᠬᠥᠭᠵᠢᠭᠦᠯᠵᠦ᠂ ᠣᠨᠴᠠᠯᠢᠭ ᠲᠠᠢ ᠪᠦᠲᠦᠭᠡᠭᠳᠡᠬᠦᠨ ᠢ ᠠᠭᠤᠳᠠᠯᠤᠨ᠂ ᠲᠠᠯ᠎ᠠ ᠨᠤᠲᠤᠭ ᠤᠨ ᠰᠣᠶᠣᠯ ᠪᠠ | ᠲᠠᠷᠢᠶᠠᠯᠠᠬᠤ ᠰᠣᠶᠣᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠭᠠᠵᠠᠷ ᠣᠷᠣᠨ ᠤ ᠨᠡᠷᠡᠲᠦ ᠲᠡᠮᠳᠡᠭᠲᠦ ᠢ | ᠬᠥᠭᠵᠢᠭᠦᠯᠦᠨ ᠪᠤᠵᠠᠭᠠᠶᠢᠷᠠᠭᠤᠯᠤᠨ᠎ᠠ᠃ | ᠸᠠᠩ ᠢᠦᠢ ᠹᠧᠩ᠄ | ᠬᠤᠶᠠᠷ ᠲᠤ᠂ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠶᠢ ᠬᠥᠭᠵᠢᠭᠦᠯᠦᠨ᠎ᠡ᠃ ᠳᠡᠭᠡᠳᠦ | ᠰᠢᠨᠵᠢᠯᠡᠭᠡ ᠮᠡᠷᠭᠡᠵᠢᠯ ᠳᠤ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠤᠣᠯᠳᠠᠯᠭ᠎ᠠ ᠲᠠᠢ | ᠨᠡᠭᠡᠭᠡᠨ ᠬᠥᠭᠵᠢᠭᠦᠯᠦᠨ ᠪᠤᠶᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠵᠤ ᠦᠷᠳᠡᠭ ᠢ ᠨᠢ ᠨᠡᠮᠡᠭᠳᠡᠭᠦᠯᠬᠦ ᠣᠷᠣᠨ ᠵᠠᠶ ᠶᠢ ᠥᠷᠭᠡᠳᠬᠡᠨ᠎ᠡ᠃ ᠲᠤᠮᠤ ᠬᠡᠯᠪᠡᠷᠢ ᠶᠢᠨ ᠴᠠᠭᠠᠨ | ᠢᠳᠡᠭᠡᠨ ᠤ ᠠᠵᠤ ᠠᠬᠤᠶᠢᠯᠠᠯ ᠨᠢ ᠳᠡᠭᠡᠳᠦ ᠳᠡᠰ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠳᠤᠮᠳᠠ ᠵᠢᠵᠢᠭ | ᠴᠠᠭᠠᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠨᠢ ᠪᠥᠲᠦᠭᠡᠭᠳᠡᠭᠦᠨ ᠢᠶᠠᠨ ᠰᠢᠯᠢᠳᠡᠭᠵᠢᠭᠦᠯᠦᠨ ᠲᠡᠰ | ᠳᠡᠪᠰᠢᠭᠦᠯᠦᠨ᠎ᠡ᠃ ᠮᠢᠬᠠᠨ ᠤ ᠲᠥᠷᠥᠯ ᠤᠨ ᠪᠣᠯᠪᠠᠰᠤᠷᠠᠭᠤᠯᠬᠤ ᠠᠵᠤ ᠦᠢᠯᠡᠰ ᠨᠢ ᠥᠭᠡᠷᠡᠴᠢᠯᠡᠨ ᠰᠠᠶᠢᠵᠢᠷᠠᠭᠤᠯᠵᠦ | ᠳᠡᠰ ᠳᠡᠪᠰᠢᠭᠦᠯᠦᠨ᠂ ᠤᠯᠤᠰ ᠤᠨ ᠳᠣᠲᠣᠭᠠᠳᠤ ᠶᠢᠨ ᠪᠠ ᠳᠡᠯᠡᠬᠡᠶ ᠶᠢᠨ ᠲᠡᠷᠢᠭᠦᠨ ᠲᠦᠪᠰᠢᠨ ᠳᠤ ᠬᠦᠷᠦᠭᠰᠡᠨ | ᠣᠳᠣᠬᠢᠴᠢᠯᠠᠭᠰᠠᠨ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠤᠨ᠎ᠠ᠃ ᠨᠣᠯᠤᠤᠷ ᠡᠳ᠋ᠰᠢᠭᠦᠯᠬᠦ ᠠᠵᠤ ᠦᠢᠯᠡᠰ ᠨᠢ | ᠥᠪᠡᠷ ᠤᠨ ᠡᠵᠡᠮᠰᠢᠯᠳᠤ ᠨᠡᠷᠡᠳᠤ ᠲᠡᠮᠳᠡᠭᠲᠦ ᠶᠢ ᠪᠤᠶᠢᠵᠢᠭᠤᠯᠵᠤ᠂ ᠲᠡᠮᠳᠡᠭᠲᠦ ᠨᠠᠭᠠᠵᠤ ᠭᠠᠳᠠᠭᠠᠳᠤ ᠳᠤ ᠭᠠᠷᠭᠠᠬᠤ ᠶᠢ | ᠪᠠᠭᠠᠰᠬᠠᠨ᠎ᠠ᠃ ᠠᠮᠤ ᠳᠤᠰᠤ ᠪᠣᠯᠪᠠᠰᠤᠷᠠᠭᠤᠯᠬᠤ ᠠᠵᠤ ᠦᠢᠯᠡᠰ ᠨᠢ ᠨᠠᠷᠢᠯᠢᠭ ᠪᠣᠯᠪᠠᠰᠤᠷᠠᠭᠤᠯᠬᠤ ᠶᠢ ᠰᠠᠶᠢᠲᠤᠷ ᠬᠢᠵᠦ᠂ | ᠤᠢᠢᠯᠡᠳᠭᠦᠨ ᠤ ᠪᠦᠲᠦᠴᠡ ᠶᠢ ᠥᠷᠭᠡᠳᠬᠡᠵᠦ᠂ ᠡᠷᠳᠡᠨᠢ ᠰᠢᠰᠢ ᠶᠢᠨ ᠬᠥᠮᠥᠷᠭᠡ ᠶᠢᠨ ᠬᠠᠳᠠᠭᠠᠯᠠᠯᠲᠠ ᠶᠢ ᠰᠢᠩᠭᠡᠭᠡᠨ᠎ᠡ᠃ | ᠲᠥᠮᠥᠰᠥ ᠡᠳ᠋ᠰᠢᠭᠦᠯᠬᠦ ᠠᠵᠤ ᠦᠢᠯᠡᠰ ᠢ ᠭᠤᠣᠯ ᠠᠮᠤ ᠪᠤᠳᠠᠭ᠎ᠠ ᠦᠢᠯᠡᠳᠪᠦᠷᠢᠯᠡᠬᠦ ᠪᠠ ᠭᠤᠣᠯ ᠢᠳᠡᠭᠡᠨ | ᠪᠣᠯᠪᠠᠰᠤᠷᠠᠭᠤᠯᠬᠤ ᠲᠡᠰᠢ ᠥᠷᠭᠡᠳᠬᠡᠨ᠎ᠡ᠃ ᠡᠭᠦᠨ ᠤ ᠬᠠᠮᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠪᠣᠯᠪᠠᠰᠤᠷᠠᠭᠤᠯᠬᠤ ᠪᠠ ᠳᠠᠭᠠᠯᠲᠠ ᠪᠦᠲᠦᠭᠡᠭᠳᠡᠬᠦᠨ ᠵᠢᠴᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠰᠢ ᠰᠦᠷᠡᠯ ᠤᠨ ᠬᠤᠮᠠᠬᠢ ᠪᠤᠳᠠᠰ ᠢ ᠣᠷᠭᠠᠨᠢᠭ ᠪᠤᠷᠳᠤᠭᠤᠷ | ᠪᠣᠯᠭᠠᠬᠤ ᠵᠢᠴᠢ ᠮᠠᠯ ᠲᠡᠵᠢᠭᠡᠪᠦᠷᠢ ᠶᠢᠨ ᠢᠯᠭᠠᠳᠠᠰᠤ ᠶᠢ ᠪᠤᠷᠳᠤᠭᠤᠷ ᠪᠣᠯᠭᠠᠨ ᠲᠠᠷᠢᠶᠠᠨ ᠳᠤ ᠣᠷᠣᠭᠤᠯᠬᠤ᠂ | ᠲᠤᠲᠤᠷᠭ᠎ᠠ ᠶᠢᠨ ᠬᠡᠪᠡᠭ ᠠᠭ᠎ᠠ ᠵᠡᠷᠭᠡ ᠵᠢᠮᠢᠰ ᠤᠨ ᠬᠠᠯᠢᠰᠤ ᠰᠢᠭᠠᠷᠤ᠂ ᠮᠠᠯ ᠵᠢᠭᠦᠷᠲᠡᠨ ᠤ ᠶᠠᠰᠤ ᠴᠢᠰᠤ᠂ ᠭᠡᠳᠡᠰᠦ | ᠳᠣᠲᠣᠷ ᠵᠡᠷᠭᠡ ᠲᠤᠰᠠᠯᠠᠬᠤ ᠦᠢᠯᠡᠳᠬᠦᠨ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠠ ᠣᠷᠴᠢᠯᠳᠤᠭᠤᠯᠤᠨ | ᠠᠰᠢᠭᠯᠠᠬᠤ ᠶᠢ ᠰᠠᠶᠢᠲᠤᠷ ᠬᠢᠨ᠎ᠡ᠃ | ᠸᠠᠩ ᠢᠦᠢ ᠹᠧᠩ᠄ | ᠭᠤᠷᠪᠠ ᠳᠤ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︽ᠰᠢᠯᠢᠳᠡᠭ ᠢ ᠨᠢ ᠲᠡᠳᠬᠦᠬᠦ᠂ | ᠲᠣᠮᠣ ᠶᠢ ᠨᠢ ᠲᠡᠳᠬᠦᠬᠦ᠂ ᠬᠦᠴᠦᠷᠬᠡᠭ ᠢ ᠨᠢ ᠲᠡᠳᠬᠦᠬᠦ︾ ᠵᠠᠷᠴᠢᠮ ᠶᠣᠰᠣᠭᠠᠷ᠂ ᠠᠵᠤ ᠦᠢᠯᠡᠰᠵᠢᠭᠦᠯᠦᠨ | ᠬᠥᠭᠵᠢᠭᠦᠯᠬᠦ ᠪᠡᠯᠡ ᠮᠥᠩᠭᠦ ᠶᠢ ᠪᠣᠯᠪᠠᠰᠤᠷᠠᠭᠤᠯᠬᠤ ᠠᠵᠤ ᠠᠬᠤᠶᠢᠯᠠᠯ ᠳᠤ ᠣᠷᠣᠭᠤᠯᠵᠤ᠂ ᠲᠡᠭᠦᠨ ᠤ ᠮᠡᠷᠭᠡᠵᠢᠯ ᠢᠶᠠᠨ | ᠰᠠᠶᠢᠵᠢᠷᠠᠭᠤᠯᠬᠤ᠂ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠬᠦ ᠳᠤᠨᠢ ᠳᠡᠮᠵᠢᠯᠭᠡ ᠦᠵᠡᠭᠦᠯᠦᠨ᠎ᠡ᠃ ᠪᠡᠯᠡ | ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠠᠢ ᠢᠳᠡᠪᠬᠢᠲᠡᠢ | ᠬᠠᠮᠵᠢᠯᠴᠠᠨ ᠵᠢᠭᠡᠯᠡᠯᠭᠡ ᠲᠠᠯᠪᠢᠭᠤᠯᠵᠤ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢ ᠥᠷᠭᠡᠨ ᠢᠶᠠᠷ ᠲᠠᠲᠠᠨ | ᠣᠷᠣᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠤᠪᠢᠴᠠᠭᠠᠨ ᠡᠷᠬᠡ ᠪᠣᠯᠭᠠᠬᠤ ᠶᠢ ᠰᠠᠨᠠᠭᠠᠴᠢᠯᠠᠵᠤ᠂ | ᠪᠣᠯᠪᠠᠰᠤᠷᠠᠭᠤᠯᠬᠤ ᠠᠵᠤ ᠠᠬᠤᠶᠢᠯᠠᠯ ᠳᠤ ᠨᠡᠩ ᠣᠯᠠᠨ ᠪᠡᠯᠡ ᠮᠥᠩᠭᠦ ᠣᠷᠣᠭᠤᠯᠤᠨ᠎ᠠ᠃ ᠲᠠᠷᠢᠶᠠᠯᠠᠩ ᠤᠨ | ᠪᠦᠲᠦᠭᠡᠭᠳᠡᠬᠦᠨ ᠢ ᠠᠩᠬ᠎ᠠ ᠪᠣᠯᠪᠠᠰᠤᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠨᠥᠬᠦᠪᠥᠷᠢ ᠥᠭᠬᠦ ᠲᠦᠷᠦ ᠶᠢᠨ | ᠪᠤᠳᠤᠯᠭ᠎ᠠ ᠶᠢ ᠳᠠᠪᠠᠭᠤᠯᠢᠭ ᠭᠠᠷᠤᠯᠲᠠ ᠶᠢᠨ ᠣᠷᠣᠨ᠂ ᠣᠨᠴᠠᠯᠢᠭ ᠪᠦᠬᠦᠢ ᠭᠠᠷᠤᠯᠲᠠ ᠶᠢᠨ ᠣᠷᠣᠨ ᠲᠡᠰᠢ | ᠬᠡᠯᠪᠠᠶᠢᠯᠭᠡᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠬᠠᠳᠠᠭᠠᠯᠠᠬᠤ᠂ ᠰᠢᠨ᠎ᠡ | ᠰᠣᠷᠭᠤᠭ ᠪᠠᠶᠢᠯᠭᠠᠬᠤ᠂ ᠬᠠᠳᠠᠭᠠᠬᠤ᠂ ᠲᠥᠷᠥᠯ ᠲᠡᠰ ᠬᠤᠪᠢᠶᠠᠬᠤ᠂ ᠪᠣᠭᠤᠳᠠᠯᠯᠠᠬᠤ ᠪᠠ ᠲᠡᠭᠡᠭᠡᠪᠦᠷᠢᠯᠡᠨ | ᠪᠣᠷᠣᠯᠠᠭᠤᠯᠬᠤ ᠵᠡᠷᠭᠡ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠬᠤᠬᠢᠷᠠᠯ ᠢ ᠪᠠᠭᠠᠰᠬᠠᠵᠤ ᠬᠠᠩᠭᠠᠯᠭ᠎ᠠ ᠶᠢ | ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠭᠤᠷᠪᠠ᠂ ᠭᠠᠳᠠᠭᠰᠢ ᠭᠠᠷᠭᠠᠬᠤ ᠶᠢ ᠵᠠᠬ᠎ᠠ ᠳᠡᠯᠭᠡᠭᠦᠷ ᠲᠠᠢ | ᠲᠣᠬᠢᠷᠠᠯᠴᠠᠭᠤᠯᠤᠨ᠎ᠠ᠃ ︽ᠭᠠᠳᠠᠭᠰᠢ ᠭᠠᠷᠭᠠᠬᠤ︾ ᠪᠣᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠡᠴᠦᠰ ᠤᠨ ᠠᠯᠬᠤᠮ ᠲᠠᠷᠠᠭ᠎ᠠ ᠮᠥᠨ᠂ ᠮᠥᠨ ᠴᠦ | ᠦᠢᠯᠡᠳᠪᠦᠷᠢᠯᠡᠬᠦ᠂ ᠪᠣᠯᠪᠠᠰᠤᠷᠠᠭᠤᠯᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ ᠪᠠᠶᠢᠬᠤ | ᠡᠰᠡᠬᠦ ᠶᠢ ᠰᠢᠯᠭᠠᠬᠤ ᠰᠢᠢᠳᠪᠦᠷᠢᠯᠡᠭᠴᠢ ᠴᠢᠨᠠᠷ ᠲᠠᠢ ᠵᠠᠩᠭᠢᠯᠠᠭ᠎ᠠ ᠪᠣᠯᠣᠨ᠎ᠠ᠃ | ᠸᠠᠩ ᠢᠦᠢ ᠹᠧᠩ᠄ | ᠨᠢᠭᠡ ᠳᠤ᠂ ᠭᠠᠳᠠᠭᠰᠢ ᠭᠠᠷᠭᠠᠬᠤ ᠠᠭᠤᠯᠭ᠎ᠠ ᠪᠠ ᠴᠢᠭᠯᠡᠯ ᠢ ᠲᠣᠳᠣᠷᠬᠠᠶᠢᠯᠠᠨ᠎ᠠ᠃ ᠮᠠᠨ ᠤ ᠣᠷᠣᠨ ᠤ | ᠣᠨᠴᠠᠯᠢᠭ ᠲᠠᠢ᠂ ᠭᠠᠷᠤᠯᠲᠠ ᠶᠡᠬᠡᠲᠡᠢ᠂ ᠪᠣᠬᠢᠷᠲᠤᠯ ᠥᠭᠡᠢ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠦᠬᠦᠨ ᠢ ᠭᠤᠣᠯᠳᠠᠯᠭ᠎ᠠ ᠲᠠᠢ ᠪᠠᠷ ᠤᠬᠠᠭᠤᠯᠤᠨ ᠲᠠᠨᠢᠯᠴᠠᠭᠤᠯᠤᠨ᠎ᠠ᠃ ᠤᠯᠤᠰ ᠤᠨ ᠳᠣᠲᠣᠭᠠᠳᠤ ᠶᠢᠨ ᠵᠠᠬ᠎ᠠ | ᠳᠡᠯᠭᠡᠭᠦᠷ ᠲᠤ ᠪᠣᠯ᠂ ᠣᠶᠢᠷ᠎ᠠ ᠶᠢᠨ ᠬᠤᠭᠤᠴᠠᠭᠠᠨ ᠳᠤ ᠭᠤᠣᠯᠳᠠᠭᠤ ᠨᠢᠭᠡ ᠬᠤᠶᠠᠳᠤᠭᠠᠷ ᠳᠡᠰ ᠤᠨ᠂ ᠬᠥᠮᠦᠨ | ᠠᠮᠠ ᠶᠢᠨ ᠨᠢᠭᠲᠠᠴᠠ ᠶᠡᠭᠡ᠂ ᠤᠯᠠᠷᠢᠯ ᠤᠨ ᠵᠥᠷᠢᠶ᠎ᠡ ᠶᠡᠭᠡ ᠬᠤᠲᠠ ᠳᠤ ᠬᠠᠨᠳᠤᠭᠤᠯᠤᠨ ᠭᠠᠷᠭᠠᠨ᠎ᠠ᠃ ᠤᠯᠤᠰ ᠤᠨ | ᠭᠠᠳᠠᠭᠠᠳᠤ ᠶᠢᠨ ᠵᠠᠬ᠎ᠠ ᠳᠡᠯᠭᠡᠭᠦᠷ ᠲᠤ ᠪᠣᠯ᠂ ᠴᠠᠭᠠᠨ ᠢᠳᠡᠭᠡ᠂ ᠨᠣᠯᠤᠤᠷ ᠤᠨ ᠪᠦᠲᠦᠭᠡᠭᠳᠡᠬᠦᠨ᠂ ᠲᠥᠮᠥᠰᠥ᠂ | ᠤᠰᠤ ᠥᠬᠡᠶᠢᠳᠡᠭᠦᠯᠦᠭᠰᠡᠨ ᠢᠳᠡᠰᠢᠨ ᠨᠣᠭᠤᠭ᠎ᠠ᠂ ᠪᠦᠳᠦᠭᠦᠯᠢᠭ ᠠᠮᠤ ᠪᠤᠷᠴᠠᠭ ᠵᠡᠷᠭᠡ ᠥᠪᠡᠷᠮᠢᠴᠡ ᠣᠨᠴᠠᠯᠢᠭ ᠲᠠᠢ | ᠪᠦᠲᠦᠭᠡᠭᠳᠡᠬᠦᠨ ᠢ ᠭᠤᠣᠯᠳᠠᠯᠭ᠎ᠠ ᠲᠠᠢ ᠭᠠᠷᠭᠠᠨ᠎ᠠ᠃ ᠡᠭᠦᠨ ᠤ ᠬᠠᠮᠲᠤ᠂ ︽ᠭᠠᠳᠠᠭᠰᠢ ᠭᠠᠷᠭᠠᠬᠤ︾ ᠪᠠᠶᠢᠳᠠᠯ ᠢ | ᠴᠠᠭ ᠲᠤᠬᠠᠶ ᠳᠤᠨᠢ ᠮᠥᠷᠳᠡᠨ ᠣᠶᠢᠯᠠᠭᠠᠵᠤ᠂ ᠵᠠᠬ᠎ᠠ ᠳᠡᠯᠭᠡᠭᠦᠷ ᠲᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ | ᠴᠢᠩᠭᠠᠳᠬᠠᠨ᠂ ᠪᠦᠲᠦᠭᠡᠭᠳᠡᠬᠦᠨ ᠤ ᠳᠦᠷᠦᠯ ᠵᠦᠢᠯ ᠢ ᠴᠠᠭ ᠲᠤᠬᠠᠶ ᠳᠤᠨᠢ ᠲᠣᠬᠢᠷᠠᠭᠤᠯᠵᠤ᠂ ᠭᠠᠳᠠᠭᠰᠢ ᠭᠠᠷᠭᠠᠬᠤ | ᠦᠢᠯᠡᠳᠬᠦᠨ ᠤ ᠶᠠᠰᠤ ᠴᠢᠨᠠᠷ᠂ ᠲᠤᠭ᠎ᠠ ᠬᠡᠮᠵᠢᠶ᠎ᠡ ᠶᠢ ᠴᠥᠮ ᠠᠯᠢ ᠪᠣᠯᠬᠤ ᠪᠠᠷ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠳᠤ ᠨᠡᠶᠢᠴᠡᠭᠦᠯᠦᠨ᠎ᠡ᠃ | ᠸᠠᠩ ᠢᠥᠢ ᠹᠧᠩ᠄ | ᠬᠤᠶᠠᠷ ᠲᠤ᠂ ᠭᠠᠳᠠᠭᠰᠢ ᠭᠠᠷᠭᠠᠬᠤ ᠠᠷᠭ᠎ᠠ ᠵᠠᠮ ᠢ ᠰᠠᠭᠠᠳ ᠤᠢᠭᠡᠢ ᠨᠡᠪᠲᠡᠷᠡᠭᠦᠯᠦᠨ᠎ᠡ᠃ ᠣᠷᠣᠨ ᠤ | ᠳᠣᠲᠣᠷ᠎ᠠ᠂ ᠭᠤᠣᠯᠳᠠᠭᠤ ᠵᠢᠯ ᠤᠨ ᠨᠢᠭᠡ ᠬᠤᠭᠤᠴᠠᠭᠠᠨ ᠤ ︽ᠪᠣᠬᠢᠷᠲᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ︾ ᠢ ᠰᠠᠶᠢᠲᠤᠷ ᠡᠷᠬᠢᠯᠡᠨ᠎ᠡ᠃ ᠣᠷᠣᠨ ᠤ | ᠭᠠᠳᠠᠨ᠎ᠠ᠂ ︽ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠣᠳᠣᠨ | ᠪᠦᠲᠦᠬᠡᠭᠳᠡᠬᠦᠨ ᠤ ᠣᠷᠳᠣᠨ᠂ ᠪᠡᠶᠡᠴᠢ ᠣᠶᠢᠯᠠᠭᠠᠯᠲᠠ ᠶᠢᠨ ᠣᠷᠳᠣᠨ︾ ᠤ ᠳᠡᠯᠭᠡᠨ ᠦᠵᠡᠭᠦᠯᠵᠦ ᠰᠢᠭᠤᠳ | ᠪᠣᠷᠣᠯᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠪᠡᠭᠡᠵᠢᠩ᠂ ᠱᠠᠩᠬᠠᠶ ᠶᠢᠨ ᠰᠣᠳᠣᠨ ᠪᠦᠲᠦᠬᠡᠭᠳᠡᠬᠦᠨ ᠤ | ᠣᠷᠳᠣᠨ ᠤ ᠰᠠᠭᠤᠷᠢᠨ ᠳᠡᠭᠡᠷ᠎ᠡ᠂ ᠭᠤᠸᠠᠩᠵᠧᠦ ᠶᠢᠨ ᠰᠣᠳᠣᠨ ᠪᠦᠲᠦᠬᠡᠭᠳᠡᠬᠦᠨ ᠤ ᠣᠷᠳᠣᠨ ᠢ ᠡᠵᠡᠩᠨᠡᠵᠦ᠂ ᠠᠶᠢᠮᠠᠭ | ᠬᠤᠳᠠ ᠬᠤᠶᠠᠷ᠂ ᠭᠤᠷᠪᠠᠳᠤᠭᠠᠷ ᠳᠡᠰ ᠤᠨ ᠬᠤᠲᠠ ᠳᠤ ᠰᠣᠳᠣᠨ ᠪᠦᠲᠦᠬᠡᠭᠳᠡᠬᠦᠨ ᠤ ᠣᠷᠳᠣᠨ ᠡᠵᠡᠩᠨᠡᠬᠦ ᠶᠢ ᠨᠢ | ᠵᠣᠷᠢᠭᠵᠢᠭᠤᠯᠤᠨ᠂ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠪᠦᠬᠦ ᠤᠯᠤᠰ ᠤᠨ ᠡᠯ᠎ᠡ | ᠲᠥᠷᠥᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠤᠯᠴᠠᠭᠤᠯᠤᠨ᠎ᠠ᠃ ᠭᠠᠳᠠᠭᠠᠳᠤ ᠳᠤ᠂ ᠧᠦ᠋ᠷᠣᠫᠠ ᠲᠢᠪ᠂ | ᠠᠮᠧᠷᠢᠺᠠ ᠲᠢᠪ᠂ ᠶᠠᠫᠣᠨ᠂ ᠺᠣᠷᠢᠶᠠ ᠵᠡᠷᠭᠡ ᠭᠠᠵᠠᠷ ᠤᠷᠤᠨ ᠤ ᠵᠠᠬ᠎ᠠ ᠳᠡᠯᠭᠡᠭᠦᠷ ᠲᠠᠬᠢ ᠨᠣᠯᠤᠤᠷ ᠤᠨ | ᠪᠦᠲᠦᠭᠡᠭᠳᠡᠬᠦᠨ ᠤ ᠬᠤᠪᠢ ᠶᠢᠨ ᠲᠤᠭ᠎ᠠ ᠶᠢ ᠦᠷᠭᠡᠳᠬᠡᠵᠦ᠂ ᠲᠥᠮᠥᠰᠥ᠂ ᠤᠰᠤ ᠦᠭᠡᠶᠢᠲᠡᠭᠦᠯᠦᠭᠰᠡᠨ ᠬᠠᠲᠠᠮᠠᠯ | ᠢᠳᠡᠰᠢᠨ ᠨᠣᠭᠤᠭ᠎ᠠ ᠵᠡᠷᠭᠡ ᠶᠢ ᠴᠢᠷᠮᠠᠶᠢᠵᠤ ᠪᠠᠶᠢᠭᠠᠳ ᠠᠮᠧᠷᠢᠺᠠ ᠶᠢᠨ ᠵᠠᠬ᠎ᠠ ᠳᠡᠯᠭᠡᠭᠦᠷ ᠲᠤ ᠲᠦᠯᠬᠢᠨ ᠭᠠᠷᠭᠠᠵᠤ᠂ | ᠴᠠᠭᠠᠨ ᠢᠳᠡᠭᠡᠨ ᠤ ᠠᠵᠤ ᠠᠬᠤᠶᠢᠯᠠᠯ ᠤᠳ ᠭᠠᠳᠠᠭᠰᠢ ᠦᠷᠭᠡᠳᠬᠡᠬᠦ ᠡᠷᠴᠢᠮ ᠢᠶᠠᠨ ᠴᠢᠩᠭᠠᠷᠠᠭᠤᠯᠵᠤ᠂ | ᠭᠠᠳᠠᠭᠠᠳᠤ ᠶᠢᠨ ᠴᠢᠨᠠᠷ ᠰᠠᠶᠢᠲᠠᠶ ᠡᠬᠢ ᠪᠠᠶᠠᠯᠢᠭ ᠢ ᠡᠵᠡᠯᠡᠨ᠂ ᠤᠯᠠᠨ ᠤᠯᠤᠰ ᠤᠨ ᠥᠷᠢᠰᠥᠯᠳᠦᠭᠡᠨ ᠤ ᠳᠤᠮᠳᠠ | ᠵᠣᠬᠢᠬᠤ ᠪᠠᠶᠢᠷᠢ ᠡᠵᠡᠯᠡᠨ᠎ᠡ᠃ ︽ᠢᠨᠲ᠋ᠧᠷ ᠰᠦᠯᠵᠢᠶ᠎ᠡ +︾ ᠶᠢ ᠭᠤᠣᠯᠳᠠᠯᠭ᠎ᠠ ᠲᠠᠢ ᠬᠦᠭᠵᠢᠭᠦᠯᠦᠨ᠂ ︽ᠡᠯᠧᠺᠲᠷᠦᠨ | ᠬᠤᠳᠠᠯᠳᠤᠭ᠎ᠠ ᠶᠢᠨ ᠪᠣᠷᠤᠯᠠᠭᠤᠯᠭ᠎ᠠ + ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ + ᠵᠢᠵᠢᠭᠯᠡᠨ ᠬᠤᠳᠠᠯᠳᠤᠬᠤ | ᠪᠡᠶᠡᠴᠢ ᠣᠶᠢᠯᠠᠭᠠᠯᠲᠠ︾ ᠶᠢᠨ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠵᠠᠭᠪᠤᠷ ᠢ ᠲᠠᠰᠤᠷᠠᠯᠲᠠ ᠦᠭᠡᠢ | ᠪᠦᠷᠢᠨᠰᠢᠭᠦᠯᠵᠦ᠂ ᠡᠯᠧᠺᠲᠷᠦᠨ ᠬᠤᠳᠠᠯᠳᠤᠭᠠᠨ ᠤ ᠲᠠᠪᠴᠠᠩ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ | ᠰᠡᠷᠢᠭᠦᠨ ᠬᠡᠯᠬᠢᠶᠡᠲᠦ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ | ᠮᠠᠨ ᠤ ᠤᠷᠤᠨ ᠤ ᠨᠡᠷ᠎ᠡ ᠠᠯᠳᠠᠷᠰᠢᠭᠰᠠᠨ ᠦᠬᠡᠷ ᠬᠤᠨᠢᠨ ᠤ ᠮᠢᠬ᠎ᠠ ᠵᠡᠷᠭᠡ ᠴᠢᠨᠠᠷ ᠰᠠᠶᠢᠲᠠᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠰᠢᠨ᠎ᠡ ᠰᠤᠷᠭᠤᠭ᠂ ᠪᠤᠰᠢᠭᠤ ᠲᠦᠷᠭᠡᠨ᠂ ᠳᠥᠭᠦᠮ ᠳᠦᠲᠡ ᠪᠠᠷ | ᠬᠡᠷᠡᠭᠯᠡᠭᠴᠢᠳ ᠤᠨ ᠭᠠᠷ ᠲᠤ ᠬᠦᠷᠭᠡᠵᠦ ᠥᠭᠭᠦᠨ᠎ᠡ᠃ | ᠸᠠᠩ ᠢᠥᠢ ᠹᠧᠩ᠄ | ᠭᠤᠷᠪᠠ ᠳᠤ᠂ ᠦᠢᠯᠡᠳᠬᠦᠨ ᠤ ᠪᠣᠭᠤᠳᠠᠯ ᠪᠠᠭᠯᠠᠭ᠎ᠠ ᠶᠢ ᠴᠢᠬᠤᠯᠠᠴᠢᠯᠠᠨ᠎ᠠ᠃ ᠪᠠᠶᠢᠴᠠᠭᠠᠨ ᠰᠤᠳᠤᠯᠤᠯᠲᠠ ᠪᠠᠷ | ᠣᠯᠵᠤ ᠮᠡᠳᠡᠭᠰᠡᠨ ᠨᠢ᠂ ᠮᠠᠨ ᠤ ᠣᠷᠣᠨ ᠤ ᠮᠠᠰᠢ ᠣᠯᠠᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ᠂ ᠵᠢᠱᠢᠶᠡᠯᠡᠪᠡᠯ ᠬᠤᠨᠢᠨ ᠮᠢᠬ᠎ᠠ᠂ ᠲᠤᠲᠤᠷᠭ᠎ᠠ᠂ ᠭᠤᠯᠢᠷ ᠵᠡᠷᠭᠡ ᠶᠢᠨ ᠪᠣᠭᠤᠳᠠᠯ ᠪᠠᠭᠯᠠᠭ᠎ᠠ ᠶᠢᠨ ᠬᠡᠪ | ᠪᠠᠷᠢᠮᠵᠢᠶ᠎ᠠ ᠨᠢ ᠶᠡᠭᠡ᠂ ᠭᠠᠳᠠᠷ ᠪᠣᠭᠤᠯᠲᠠ ᠨᠢ ᠶᠡᠷᠦᠮᠳᠡᠭ ᠭᠤᠶᠣ ᠪᠢᠰᠢ ᠪᠠᠶᠢᠨ᠎ᠠ᠂ ᠡᠨᠡ ᠨᠢ ᠵᠠᠬ᠎ᠠ ᠳᠡᠯᠭᠡᠭᠦᠷ ᠤᠨ | ᠤᠯᠡᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠪᠣᠯᠤᠨ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠣᠨᠴᠠᠯᠢᠭ ᠲᠠᠢ | ᠨᠡᠶᠢᠴᠡᠬᠦ ᠦᠭᠡᠢ ᠪᠠᠶᠢᠨ᠎ᠠ᠃ ᠳᠡᠭᠡᠷ᠎ᠡ ᠵᠠᠭᠤᠨ ᠤ ᠳᠠᠯ᠎ᠠ᠂ ᠨᠠᠶᠠᠭᠠᠳ ᠣᠨ ᠳᠤ ᠲᠦᠷᠦᠭᠰᠡᠳ ᠬᠡᠷᠡᠭᠯᠡᠭᠡᠨ ᠤ ᠭᠤᠣᠯ | ᠬᠦᠴᠦᠨ ᠪᠣᠯᠵᠤ ᠪᠠᠶᠢᠬᠤ ᠶᠢ ᠳᠠᠭᠠᠯᠳᠤᠭᠠᠳ᠂ ᠵᠢᠵᠢᠭ ᠪᠣᠭᠤᠳᠠᠯ᠂ ᠨᠠᠷᠢᠯᠢᠭ ᠪᠣᠭᠤᠳᠠᠯ ᠴᠢᠨᠠᠭᠰᠢᠯᠠᠪᠠᠯ ᠠᠮᠲᠠᠯᠠᠵᠤ | ᠪᠣᠯᠬᠤ ᠪᠣᠭᠤᠳᠠᠯ ᠨᠢ ᠬᠡᠷᠡᠭᠴᠡᠭᠡ ᠱᠠᠭᠠᠷᠳᠠᠯᠭ᠎ᠠ ᠪᠣᠯᠵᠤ᠂ ᠡᠭᠦᠨ ᠤ ᠳᠡᠭᠡᠷ᠎ᠡ ᠡᠮᠦᠨᠡᠲᠦ ᠤᠷᠤᠨ ᠤ ᠵᠠᠬ᠎ᠠ | ᠳᠡᠯᠭᠡᠭᠦᠷ ᠤᠨ ᠵᠢᠵᠢᠭ ᠪᠦᠭᠡᠳ ᠨᠠᠷᠢᠯᠢᠭ ᠢᠳᠡᠭᠡᠨ ᠤᠮᠳᠠᠭᠠᠨ ᠤ ᠳᠠᠳᠬᠠᠯ᠂ ᠰᠦᠯᠵᠢᠶᠡᠨ ᠳᠡᠭᠡᠷᠡᠬᠢ | ᠬᠤᠳᠠᠯᠳᠤᠭᠠᠨ ᠤ ᠵᠦᠭᠡᠭᠡᠪᠦᠷᠢᠯᠡᠬᠦ ᠱᠠᠭᠠᠷᠳᠠᠯᠭ᠎ᠠ ᠨᠢ ᠴᠥᠮ ᠦᠢᠯᠡᠳᠬᠦᠨ ᠤ ᠪᠠᠨ ᠪᠣᠭᠤᠳᠠᠯ ᠢ ᠴᠠᠭ ᠦᠶ᠎ᠡ ᠲᠠᠢ | ᠵᠣᠬᠢᠴᠠᠭᠤᠯᠬᠤ ᠶᠢ ᠤᠷᠢᠶᠠᠯᠠᠵᠤ ᠪᠠᠶᠢᠨ᠎ᠠ᠃ ᠶᠡᠷᠦ ᠶᠢᠨ ᠦᠭᠡᠨ ᠳᠤ ︽ᠬᠥᠮᠦᠨ ᠤ ᠰᠠᠶᠢᠬᠠᠨ ᠵᠠᠰᠠᠯ ᠳᠠᠭᠠᠨ᠂ | ᠮᠣᠷᠢᠨ ᠤ ᠰᠠᠶᠢᠬᠠᠨ ᠡᠮᠡᠭᠡᠯ ᠳᠡᠭᠡᠨ︾ ᠭᠡᠳᠡᠭ᠂ ᠦᠢᠯᠡᠳᠬᠦᠨ ᠤ ᠪᠣᠭᠤᠳᠠᠯ ᠪᠠᠭᠯᠠᠭ᠎ᠠ ᠨᠢ ᠮᠦᠨᠴᠦ ᠲᠡᠭᠦᠨ ᠤ ᠶᠠᠰᠤ | ᠴᠢᠨᠠᠷ ᠤᠨ ᠨᠢᠭᠡ ᠬᠡᠰᠡᠭ ᠨᠢ ᠮᠥᠨ᠃ ᠡᠶᠢᠮᠦ ᠠᠴᠠ᠂ ᠠᠳᠠᠯᠢ ᠪᠤᠰᠤ ᠬᠡᠪ ᠪᠠᠷᠢᠮᠵᠢᠶᠠᠲᠤ ᠪᠣᠭᠤᠳᠠᠯ ᠪᠠᠭᠯᠠᠭ᠎ᠠ ᠶᠢ | ᠵᠢᠷᠤᠵᠤ ᠲᠦᠯᠦᠪᠯᠡᠨ᠂ ᠠᠳᠠᠯᠢ ᠪᠤᠰᠤ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠣᠷᠣᠨ ᠨᠤᠲᠤᠭ ᠤᠨ ᠦᠪᠡᠷᠮᠢᠴᠡ ᠣᠨᠴᠠᠯᠢᠭ᠂ ᠦᠨᠳᠦᠰᠦᠲᠡᠨ ᠤ ᠰᠣᠶᠣᠯ ᠵᠡᠷᠭᠡ ᠡᠯᠧᠮᠧᠨ᠋ᠲ ᠲᠠᠢ | ᠠᠪᠴᠠᠯᠳᠤᠭᠤᠯᠵᠤ᠂ ᠥᠪᠡᠷᠮᠢᠴᠡ ᠭᠤᠶᠢᠳᠠ ᠦᠨᠳᠦᠰᠦᠲᠡᠨ ᠤ ᠵᠠᠩ ᠦᠢᠯᠡ ᠶᠢᠨ ᠪᠣᠭᠤᠳᠠᠯ ᠪᠠᠭᠯᠠᠭ᠎ᠠ ᠶᠢ ᠵᠢᠷᠤᠵᠤ | ᠲᠦᠯᠦᠪᠯᠡᠨ᠂ ᠬᠡᠷᠡᠭᠯᠡᠭᠴᠢᠳ ᠤᠨ ᠳᠤᠷ᠎ᠠ ᠪᠠᠬ᠎ᠠ ᠶᠢ ᠲᠠᠲᠠᠵᠤ᠂ ᠬᠡᠷᠡᠭᠯᠡᠭᠡ ᠶᠢ ᠠᠬᠢᠭᠤᠯᠬᠤ ᠬᠡᠷᠡᠭᠲᠡᠢ᠃ | ᠬᠥᠲᠥᠯᠥᠭᠴᠢ ᠄ | ᠳᠡᠭᠡᠷ᠎ᠡ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠲᠠᠨ ᠤ ᠦᠵᠡᠬᠦ ᠪᠠᠷ | ᠪᠠᠰᠠ ᠠᠯᠢ ᠠᠯᠢ ᠲᠠᠯ᠎ᠠ ᠪᠠᠷ ᠬᠦᠴᠦᠯᠡᠨ ᠪᠠᠲᠤᠯᠠᠬᠤ ᠴᠢᠬᠤᠯᠠᠲᠠᠢ ᠪᠠᠶᠢᠬᠤ ᠪᠣᠢ︖ | ᠸᠠᠩ ᠢᠥᠢ ᠹᠧᠩ᠄ | ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠦᠢᠯᠡᠳᠪᠦᠷᠢᠯᠡᠬᠦ᠂ ᠡᠳ᠋ᠰᠢᠭᠦᠯᠬᠦ᠂ | ᠭᠠᠳᠠᠭᠰᠢ ᠭᠠᠷᠭᠠᠬᠤ ᠵᠡᠷᠭᠡ ᠵᠠᠩᠭᠢᠯᠠᠭ᠎ᠠ ᠶᠢᠨ ᠲᠠᠯ᠎ᠠ ᠪᠠᠷ ᠡᠷᠴᠢᠮᠯᠡᠬᠦ ᠠᠴᠠ ᠭᠠᠳᠠᠨ᠎ᠠ ᠪᠠᠰᠠ ᠤᠯᠠᠨ ᠲᠠᠯ᠎ᠠ ᠶᠢᠨ | ᠪᠠᠲᠤᠯᠠᠭ᠎ᠠ ᠴᠢᠬᠤᠯᠠᠲᠠᠢ ᠶᠤᠮ᠃ ᠨᠢᠭᠡ ᠳᠤ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠪᠠᠶᠢᠬᠤ ᠬᠡᠷᠡᠭᠲᠡᠶ᠃ | ᠭᠤᠣᠯᠳᠠᠯᠭ᠎ᠠ ᠨᠢ ᠪᠣᠯ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ | ᠣᠯᠭᠤᠬᠤ ᠪᠠ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠨ ᠳᠠᠭᠠᠭᠠᠴᠢᠯᠠᠭᠤᠯᠬᠤ ᠶᠢ | ᠰᠠᠶᠢᠲᠤᠷ ᠠᠳᠬᠤᠵᠤ᠂ ᠭᠠᠵᠠᠷ ᠰᠢᠷᠣᠶ ᠶᠢ ᠬᠡᠪᠴᠢᠶᠡᠴᠢᠯᠡᠨ ᠡᠵᠡᠩᠨᠡᠬᠦ ᠳᠤ ᠰᠠᠶᠢᠨ ᠰᠠᠭᠤᠷᠢ ᠲᠠᠯᠪᠢᠵᠤ ᠥᠭᠬᠦ | ᠬᠡᠷᠡᠭᠲᠡᠶ᠃ ᠭᠠᠵᠠᠷ ᠰᠢᠷᠣᠶ ᠡᠪᠡᠰᠦ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠡᠮᠬᠢ ᠵᠢᠷᠤᠮ ᠲᠠᠢ | ᠡᠷᠭᠢᠯᠳᠦᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ | ᠦᠢᠯᠡᠳᠪᠦᠷᠢᠯᠡᠯ ᠢ ᠠᠬᠢᠭᠤᠯᠬᠤ ᠬᠡᠷᠡᠭᠲᠡᠢ᠃ ᠬᠤᠶᠠᠷ ᠲᠤ ᠡᠬᠢ ᠪᠠᠶᠠᠯᠢᠭ ᠣᠷᠴᠢᠨ ᠲᠣᠭᠤᠷᠢᠨ ᠤ ᠪᠠᠲᠤᠯᠠᠭ᠎ᠠ | ᠪᠠᠶᠢᠬᠤ ᠬᠡᠷᠡᠭᠲᠡᠶ᠃ ᠮᠠᠨ ᠤ ᠤᠷᠤᠨ ᠤ ᠲᠩᠷᠢ ᠨᠢ ᠴᠡᠯᠮᠡᠭ᠂ ᠲᠠᠯ᠎ᠠ ᠨᠢ ᠨᠣᠭᠤᠭᠠᠨ᠂ ᠤᠰᠤ ᠨᠢ ᠲᠤᠩᠭᠠᠯᠠᠭ ᠪᠣᠯᠬᠤ | ᠳᠠᠪᠠᠭᠤᠯᠢᠭ ᠪᠠᠶᠢᠭᠠᠯᠢ ᠶᠢᠨ ᠡᠬᠢ ᠪᠠᠶᠠᠯᠢᠭ ᠢ ᠰᠠᠶᠢᠲᠤᠷ ᠰᠠᠬᠢᠨ ᠬᠠᠮᠠᠭᠠᠯᠠᠵᠤ᠂ ᠬᠠᠷ᠎ᠠ ᠬᠥᠷᠥᠰᠥᠲᠦ ᠭᠠᠵᠠᠷ | ᠰᠢᠷᠣᠶ ᠶᠢ ᠬᠠᠮᠠᠭᠠᠯᠠᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ | ᠠᠷᠢᠯᠭᠠᠬᠤ ᠳᠠᠶᠢᠨ ᠢ ᠰᠠᠶᠢᠲᠤᠷ ᠬᠢᠵᠦ᠂ ᠪᠣᠬᠢᠷᠲᠤᠯ ᠦᠭᠡᠢ᠂ ᠣᠷᠭᠠᠨᠢᠭ ᠭᠠᠷᠤᠯᠲᠠ ᠶᠢᠨ ᠤᠷᠤᠨ ᠤ ᠨᠡᠷᠡᠲᠦ | ᠲᠡᠮᠳᠡᠭᠲᠦ ᠶᠢ ᠠᠯᠳᠠᠷᠰᠢᠭᠤᠯᠬᠤ ᠬᠡᠷᠡᠭᠲᠡᠢ᠃ | ᠸᠠᠩ ᠢᠥᠢ ᠹᠧᠩ᠄ | ᠭᠤᠷᠪᠠ ᠳᠤ᠂ ᠰᠢᠨᠵᠢᠯᠡᠭᠡ ᠮᠡᠷᠭᠡᠵᠢᠯ ᠤᠨ ᠪᠠᠲᠤᠯᠠᠭ᠎ᠠ ᠪᠠᠶᠢᠬᠤ ᠬᠡᠷᠡᠭᠲᠡᠶ᠃ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠬᠡᠬᠡᠵᠦ ᠬᠡᠷᠡᠭᠯᠡᠬᠦ ᠶᠢ ᠴᠢᠩᠭᠠᠳᠬᠠᠵᠤ᠂ ᠲᠠᠷᠢᠬᠤ᠂ | ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠡᠳ᠋ᠰᠢᠭᠦᠯᠬᠦ ᠭᠤᠭᠴᠤᠭ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠥᠬᠦᠭᠡᠷᠦᠮᠵᠢ ᠶᠢ ᠦᠭᠡᠷᠡᠴᠢᠯᠡᠨ ᠲᠡᠰ ᠳᠡᠪᠰᠢᠭᠦᠯᠬᠦ ᠶᠢ | ᠰᠠᠶᠢᠲᠤᠷ ᠠᠳᠬᠤᠵᠤ᠂ ᠪᠣᠬᠢᠷᠲᠤᠯ ᠦᠭᠡᠢ᠂ ᠰᠢᠮ᠎ᠡ ᠲᠡᠵᠢᠭᠡᠯᠲᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠬᠡᠷᠡᠭᠲᠡᠢ᠃ ᠳᠥᠷᠪᠡ ᠳᠤ᠂ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ | ᠪᠠᠶᠢᠬᠤ ᠬᠡᠷᠡᠭᠲᠡᠢ᠃ ᠭᠤᠣᠯ ᠨᠢ ᠲᠠᠷᠢᠶᠠᠯᠠᠩ ᠮᠠᠯ ᠠᠵᠤ ᠠᠬᠤᠶ ᠶᠢᠨ ᠣᠷᠣᠭᠤᠯᠤᠯᠲᠠ ᠶᠢᠨ ᠡᠳ᠋ ᠢ | ᠦᠢᠯᠡᠳᠪᠦᠷᠢᠯᠡᠵᠦ ᠬᠡᠷᠡᠭᠯᠡᠬᠦ ᠪᠠ ᠬᠢᠨᠠᠨ ᠬᠠᠮᠢᠶᠠᠷᠬᠤ ᠴᠢᠩᠭ᠎ᠠ ᠬᠠᠲᠠᠭᠤ ᠲᠥᠷᠢᠮ ᠢ ᠬᠡᠷᠡᠭᠵᠢᠭᠦᠯᠦᠨ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠬᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠢ ᠮᠦᠷᠳᠡᠨ ᠬᠠᠶᠢᠬᠤ | ᠰᠢᠰᠲ᠋ᠧᠮᠵᠢ ᠶᠢ ᠪᠠᠶᠢᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠪᠦᠬᠦ ᠶᠠᠪᠤᠴᠠ ᠶᠢ ᠬᠢᠨᠠᠨ ᠬᠠᠮᠢᠶᠠᠷᠬᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠬᠤᠭᠤᠯᠠᠨ ᠰᠢᠷᠡᠭᠡᠨ ᠳᠡᠭᠡᠷᠡᠬᠢ ᠠᠮᠤᠷ ᠲᠦᠪᠰᠢᠨ︾ ᠢ ᠪᠠᠲᠤᠯᠠᠬᠤ | ᠬᠡᠷᠡᠭᠲᠡᠢ᠃ | ᠬᠥᠲᠥᠯᠥᠭᠴᠢ᠄ | ᠸᠠᠩ ᠲᠢᠩᠬᠢᠮ ᠤᠨ ᠳᠠᠷᠤᠭ᠎ᠠ ᠶᠢᠨ ᠬᠦᠯᠢᠴᠡᠩᠭᠦᠶ ᠲᠠᠶᠢᠯᠤᠮᠵᠢ ᠬᠢᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ | ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠶ | ᠵᠤᠯᠭᠠᠶ᠎ᠠ︕ |