ᠰᠤᠷᠪᠤᠯᠵᠢᠯᠠᠭᠰᠠᠨ ᠴᠠᠭ᠄ 2017 ᠤᠨ ᠤ 6 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨᠠᠬᠢ 3 | ᠴᠠᠭ ᠲᠤ | | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠳᠡᠳ᠋ ᠳᠠᠷᠤᠭ᠎ᠠ ᠵᠣᠣ ᠶᠦᠩ ᠬᠤᠸᠠ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠶᠢᠷ᠎ᠡ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠳᠡᠳ᠋ ᠳᠠᠷᠤᠭ᠎ᠠ ᠵᠣᠣ ᠶᠦᠩ ᠬᠤᠸᠠ ᠶᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ | ᠮᠠᠨ ᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠤᠬᠠᠶ ᠣᠯᠠᠨ ᠲᠠᠢ ᠰᠦᠯᠵᠢᠶᠡᠨ ᠳᠡᠭᠡᠷ᠎ᠡ | ᠰᠠᠨᠠᠯ ᠢᠶᠠᠨ ᠰᠤᠯᠢᠯᠴᠠᠵᠤ᠂ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠶᠢ ᠬᠠᠷᠢᠭᠤᠯᠬᠤ ᠪᠤᠯᠤᠨ᠎ᠠ᠃ | ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ ᠪᠦᠬᠦᠨ ᠤ ᠲᠣᠰ ᠬᠤᠭᠤᠴᠠᠭᠠᠨ ᠤ | ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ | ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠲᠠᠷᠢᠶᠠᠯᠠᠩ | ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠪᠤᠯᠤᠨ᠎ᠠ᠂ ᠮᠠᠨ ᠤ ᠣᠷᠣᠨ ᠤ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠲᠤᠬᠠᠶ ᠦᠷᠭᠡᠨ ᠣᠯᠠᠨ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ | ᠰᠠᠨᠠᠯ ᠢᠶᠠᠨ ᠰᠤᠯᠢᠯᠴᠠᠬᠤ ᠪᠦᠭᠡᠳ ᠠᠰᠠᠭᠤᠯᠲᠠ ᠶᠢ ᠬᠠᠷᠢᠭᠤᠯᠬᠤ ᠪᠤᠯᠤᠨ᠎ᠠ᠃ ᠵᠣᠣ ᠳᠠᠷᠤᠭ᠎ᠠ ᠡ᠂ ᠲᠠᠨ ᠢ | ᠪᠠᠶᠠᠷᠯᠠᠨ ᠤᠭᠲᠤᠵᠤ ᠪᠠᠶᠢᠨ᠎ᠠ︕ | ᠵᠣᠣ ᠶᠦᠩ ᠬᠤᠸᠠ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠠᠳᠡ ᠲᠠ ᠪᠦᠬᠦᠨ ᠲᠠᠢ | ᠰᠠᠨᠠᠯ ᠢᠶᠠᠨ ᠰᠣᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ | ᠬᠥᠲᠥᠯᠥᠭᠴᠢ᠄ | ᠵᠣᠣ ᠳᠠᠷᠤᠭ᠎ᠠ ᠡ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠴᠢᠬᠤᠯᠠ ᠠᠴᠢ ᠬᠤᠯᠪᠤᠭᠳᠠᠯ ᠢ | ᠲᠠᠨᠢᠯᠴᠠᠭᠤᠯᠵᠤ ᠦᠭᠭᠦᠨ᠎ᠡ ᠤᠤ︖ | | ᠵᠣᠣ ᠶᠦᠩ ᠬᠤᠸᠠ᠄ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠲᠦᠰᠢᠭ ᠮᠥᠨ᠂ ᠶᠠᠳᠠᠭᠤ ᠬᠦᠴᠢᠷᠳᠡᠯᠲᠠᠢ ᠭᠠᠵᠠᠷ ᠣᠷᠣᠨ ᠤ ᠥᠪᠡᠷ ᠢ ᠪᠠᠨ | ᠦᠪᠡᠷᠲᠡᠭᠡᠨ ᠬᠥᠭᠵᠢᠭᠦᠯᠬᠦ ᠴᠢᠳᠠᠪᠤᠷᠢ ᠶᠢ ᠨᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠶᠠᠳᠠᠭᠤ ᠶᠢ | ᠲᠡᠳᠬᠦᠬᠦ ᠪᠤᠰᠤᠳ ᠠᠷᠭ᠎ᠠ ᠬᠡᠮᠵᠢᠶ᠎ᠡ ᠶᠢᠨ ᠤᠷᠳᠤ ᠤᠳᠠᠭᠠᠨ ᠪᠣᠳᠠᠲᠤ ᠦᠷ᠎ᠡ ᠪᠦᠲᠦᠮᠵᠢ ᠤᠯᠬᠤ ᠶᠢᠨ ᠴᠢᠬᠤᠯᠠ | ᠰᠠᠭᠤᠷᠢ ᠮᠥᠨ᠂ ᠣᠨᠳᠣᠤ ᠭᠠᠵᠠᠷ ᠲᠤ ᠨᠡᠭᠦᠯᠭᠡᠬᠦ᠂ ᠠᠮᠢ ᠠᠬᠤᠶ ᠶᠢ ᠬᠠᠮᠠᠭᠠᠯᠠᠬᠤ᠂ ᠰᠤᠷᠭᠠᠨ ᠬᠥᠮᠦᠵᠢᠯ ᠢᠶᠠᠷ | ᠶᠠᠳᠠᠭᠤ ᠠᠴᠠ ᠠᠩᠭᠢᠵᠢᠷᠠᠭᠤᠯᠬᠤ ᠶᠢ ᠬᠦᠭᠵᠢᠭᠦᠯᠬᠦ ᠨᠢ ᠪᠦᠷ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ | ᠤᠷᠲᠤ ᠬᠤᠭᠤᠴᠠᠭᠠᠨ᠎ᠠ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠎ᠡ᠃ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽13 · 5︾ ᠶᠢᠨ ᠲᠥᠯᠥᠪᠵᠢᠭᠦᠯᠭᠡ ᠶᠢᠨ ᠬᠦᠲᠦᠯᠪᠦᠷᠢ ᠳᠤ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠠᠢᠮᠠᠨ ᠭᠤᠣᠯᠳᠠᠯᠭ᠎ᠠ ᠲᠠᠢ ᠢᠨᠵᠧᠨᠧᠷᠢᠩ ᠤᠨ | ᠲᠡᠷᠢᠭᠦᠨ ᠳᠤ ᠲᠠᠯᠪᠢᠪᠠ᠃ ᠶᠡᠷᠦᠩᠬᠡᠶ ᠱᠦᠵᠢ ᠰᠢ ᠶᠢᠨ ᠫᠢᠩ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ | ᠬᠡᠷᠡᠭᠵᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠤᠯᠠᠨᠲᠠ ᠴᠢᠬᠤᠯᠠᠴᠢᠯᠠᠭᠰᠠᠨ ᠶᠤᠮ᠄ | ︽ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠲᠦᠢᠯ ᠤᠨ ᠴᠢᠬᠤᠯᠠ ᠶᠤᠮ᠂ ᠠᠵᠤ ᠤᠶᠢᠯᠡᠰ ᠢ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠪᠣᠳᠠᠲᠠᠶ ᠪᠠᠶᠢᠳᠠᠯ ᠳᠠᠭᠠᠨ ᠲᠤᠬᠢᠷᠠᠭᠤᠯᠵᠤ᠂ ᠰᠢᠨ᠎ᠡ ᠶᠢ | ᠡᠭᠦᠳᠦᠨ ᠲᠡᠭᠦᠯᠳᠡᠷᠵᠢᠭᠦᠯᠬᠦ ᠬᠡᠷᠡᠭᠲᠡᠢ︾ ᠭᠡᠵᠡᠢ᠃ ᠤᠳᠤᠬᠠᠨ ᠳᠤ᠂ ᠮᠠᠨ ᠤ ᠣᠷᠣᠨ ᠤ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠰᠢᠨ ᠲᠣᠭᠲᠠᠨᠢᠬᠤ ᠪᠠᠶᠢᠭᠠᠯᠢ ᠶᠢᠨ ᠨᠥᠬᠦᠴᠡᠯ | ᠪᠠᠷᠤᠭᠲᠠᠶ᠂ ᠭᠠᠵᠠᠷ ᠣᠷᠣᠨ ᠨᠢ ᠪᠦᠢᠳᠠ ᠪᠥᠭᠯᠡᠭᠦᠦ᠂ ᠰᠠᠭᠤᠷᠢ ᠪᠡᠯᠡᠳᠬᠡᠮᠵᠢ ᠪᠠᠭᠤᠷᠠᠶ᠂ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠬᠤᠴᠣᠷᠤᠩᠭᠤᠶ᠂ ᠰᠣᠶᠣᠯ ᠤᠨ ᠬᠢᠷᠢ ᠬᠡᠮᠵᠢᠶ᠎ᠡ ᠨᠢ ᠨᠡᠯᠢᠶᠡᠳ | ᠳᠣᠣᠷ᠎ᠠ᠂ ᠶᠠᠳᠠᠭᠤ ᠬᠦᠴᠢᠷᠳᠡᠯᠲᠡᠶ ᠪᠠᠶᠢᠭ᠎ᠠ ᠬᠡᠮᠵᠢᠶ᠎ᠡ ᠨᠢ ᠶᠡᠭᠡ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠪᠠᠭᠠᠰᠬᠠᠬᠤ ᠬᠦᠴᠢᠷᠳᠡᠯ ᠶᠡᠭᠡ᠂ ᠶᠠᠳᠠᠭᠤ ᠠᠴᠠ ᠠᠩᠭᠢᠵᠢᠷᠠᠭᠤᠯᠬᠤ ᠥᠪᠡᠷ ᠤᠨ ᠦᠷᠳᠡᠭ ᠥᠨᠳᠥᠷ ᠪᠠᠶᠢᠵᠤ᠂ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠠᠪᠤᠳᠠᠯ ᠰᠢᠪᠲᠤᠯᠤᠯᠲᠠ ᠶᠢᠨ ᠱᠠᠲᠤᠨ ᠳᠤ ᠤᠷᠤᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠪᠡᠶᠡᠯᠡᠭᠦᠯᠬᠦ ᠳᠤ ᠠᠵᠤ ᠦᠢᠯᠡᠰ ᠤᠨ ᠬᠥᠭᠵᠢᠯᠲᠡ ᠵᠠᠩᠭᠢᠯᠠᠭ᠎ᠠ ᠪᠤᠯᠵᠤ ᠪᠠᠶᠢᠨ᠎ᠠ᠃ | | ᠬᠥᠲᠥᠯᠥᠭᠴᠢ᠄ | ᠵᠣᠣ ᠳᠠᠷᠤᠭ᠎ᠠ᠂ ᠮᠠᠨ ᠤ ᠣᠷᠣᠨ ᠳᠤ ᠮᠢᠬᠠᠨ ᠬᠤᠨᠢᠨ ᠤ ᠠᠵᠤ ᠤᠶᠢᠯᠡᠰ ᠢ ᠬᠡᠷᠬᠢᠨ ᠬᠦᠭᠵᠢᠭᠦᠯᠬᠦ ᠲᠤᠬᠠᠢ | ᠲᠠᠨᠢᠯᠴᠠᠭᠤᠯᠵᠤ ᠦᠭᠭᠦᠨ᠎ᠡ ᠤᠤ︖ | ᠵᠣᠣ ᠶᠦᠩ ᠬᠤᠸᠠ᠄ | ᠮᠢᠬᠠᠨ ᠬᠤᠨᠢ ᠪᠣᠯ ᠥᠪᠥᠷ ᠮᠣᠩᠭᠤᠯ ᠤᠨ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠮᠥᠨ᠂ ᠬᠤᠨᠢᠨ | ᠮᠢᠬᠠᠨ ᠤ ᠭᠠᠷᠤᠯᠲᠠ ᠪᠦᠬᠦ ᠤᠯᠤᠰ ᠲᠤ ᠤᠷᠦ᠋ᠢᠯᠠᠭᠰᠠᠭᠠᠷ ᠢᠷᠡᠪᠡ᠃ ᠬᠠᠷᠢᠨ᠂ ᠤᠶᠢᠷ᠎ᠠ ᠶᠢᠨ ᠬᠡᠳᠦᠨ ᠵᠢᠯ ᠳᠤ | ᠬᠤᠨᠢᠨ ᠮᠢᠬᠠᠨ ᠤ ᠦᠨ᠎ᠡ ᠶᠡᠭᠡ ᠪᠠᠷ ᠪᠠᠭᠤᠷᠠᠵᠤ᠂ ᠵᠢᠩ ᠪᠦᠷᠢ ᠳᠡᠭᠡᠨ 14 ᠲᠥᠭᠦᠷᠢᠭ ᠪᠠᠶᠢᠭᠰᠠᠨ ᠠᠴᠠ ᠪᠠᠨ 6 | ᠲᠥᠭᠦᠷᠢᠭ ᠪᠤᠯᠤᠨ ᠪᠠᠭᠤᠷᠠᠵᠤ᠂ ᠮᠠᠯᠴᠢᠨ ᠲᠠᠷᠢᠶᠠᠴᠢᠳ ᠬᠤᠨᠢ ᠮᠠᠯᠵᠢᠪᠠᠯ ᠬᠤᠬᠢᠷᠠᠯ ᠳᠤ ᠤᠴᠠᠷᠠᠵᠤ ᠬᠤᠨᠢ ᠪᠠᠨ | ᠰᠦᠷᠦᠭ ᠰᠦᠷᠦᠭ ᠢᠶᠠᠷ ᠨᠢ ᠬᠤᠳᠠᠯᠳᠤᠵᠤ ᠪᠠᠶᠢᠨ᠎ᠠ᠃ ᠵᠠᠷᠢᠮ ᠬᠥᠮᠦᠨ ᠬᠤᠨᠢᠨ ᠮᠢᠬᠠᠨ ᠤ ᠦᠨ᠎ᠡ ᠬᠠᠩᠰᠢ | ᠦᠰᠬᠦ ᠳᠤ ᠯᠡ ᠬᠦᠰᠡᠯ ᠨᠠᠶᠢᠳᠠᠯᠭ᠎ᠠ ᠪᠠᠨ ᠲᠠᠯᠪᠢᠵᠤ ᠪᠠᠶᠢᠨ᠎ᠠ᠂ ᠭᠡᠲᠡᠯ᠎ᠡ ᠳᠡᠯᠡᠬᠡᠢ ᠶᠢᠨ ᠵᠠᠬ᠎ᠠ ᠳᠡᠯᠭᠡᠭᠦᠷ ᠠᠴᠠ | ᠠᠪᠴᠤ ᠦᠵᠡᠪᠡᠯ᠂ ᠳᠤᠮᠳᠠᠳᠤ ᠤᠯᠤᠰ ᠤᠨ ᠬᠤᠨᠢᠨ ᠮᠢᠬᠠᠨ ᠤ ᠦᠨ᠎ᠡ ᠥᠨᠳᠥᠷ ᠲᠤ ᠲᠤᠭᠠᠴᠠᠭᠳᠠᠨ᠎ᠠ᠃ | ᠪᠠᠶᠢᠴᠠᠭᠠᠨ ᠰᠤᠳᠤᠯᠤᠯᠲᠠ ᠬᠢᠬᠦ ᠪᠠᠷ ᠲᠡᠮᠵᠢᠠ᠂ ᠪᠢᠳᠡ ᠮᠢᠬᠠᠨ ᠬᠤᠨᠢ ᠲᠡᠵᠢᠭᠡᠨ ᠦᠷᠡᠵᠢᠭᠦᠯᠵᠦ ᠣᠷᠣᠯᠭ᠎ᠠ ᠪᠠᠨ | ᠨᠡᠮᠡᠭᠳᠡᠭᠦᠯᠬᠦ ᠰᠢᠨ᠎ᠡ ᠠᠷᠭ᠎ᠠ ᠵᠠᠮ ᠢ ᠡᠷᠢᠵᠦ ᠣᠯᠤᠭᠰᠠᠨ ᠪᠠᠶᠢᠨ᠎ᠠ᠄ ᠳᠡᠯᠡᠬᠡᠶ ᠶᠢᠨ ᠳᠡᠰ ᠤᠨ ᠰᠢᠯᠢᠳᠡᠭ ᠡᠭᠦᠯᠳᠡᠷ ᠤᠨ | ᠲᠤᠰᠬᠠᠶ ᠮᠢᠬᠠᠨ ᠬᠤᠨᠢᠨ ᠤ ᠡᠭᠦᠯᠳᠡᠷ ᠲᠤ ᠠᠦ᠋ᠰᠲᠷᠠᠯᠢᠶ᠎ᠠ ᠶᠢᠨ ᠴᠠᠭᠠᠨ ᠬᠤᠨᠢ᠂ ᠳ᠋ᠦ᠋ ᠪᠦᠸᠧ ᠬᠤᠨᠢ ᠶᠢ ᠲᠤᠰ | ᠭᠠᠵᠠᠷ ᠤᠨ ᠬᠤᠨᠢ ᠯᠤᠭ᠎ᠠ ᠡᠷᠯᠢᠰᠡᠵᠢᠭᠦᠯᠵᠦ᠂ 4 ᠰᠠᠷ᠎ᠠ ᠪᠣᠯᠤᠭᠰᠠᠨ ᠬᠤᠷᠠᠭ᠎ᠠ ᠨᠢᠭᠡ ᠪᠦᠷᠢ ᠠᠴᠠ 200—300 | ᠲᠥᠭᠦᠷᠢᠭ ᠢᠯᠡᠭᠦᠦ ᠣᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ | ᠴᠢᠨᠡᠭᠡᠯᠢᠭᠵᠢᠬᠦ ᠵᠠᠮ ᠢ ᠡᠷᠢᠵᠦ ᠤᠯᠤᠭᠰᠠᠨ ᠪᠠᠶᠢᠨ᠎ᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠭᠤᠣᠯᠳᠠᠯᠭ᠎ᠠ ᠲᠠᠢ ᠬᠤᠰᠢᠭᠤ ᠰᠢᠶᠠᠨ᠂ ᠭᠤᠣᠯᠳᠠᠯᠭ᠎ᠠ ᠲᠠᠢ ᠭᠠᠴᠠᠭ᠎ᠠ ᠲᠣᠰᠬᠤᠨ ᠮᠢᠬ᠎ᠠ ᠰᠠᠶᠢᠲᠠᠢ ᠳ᠋ᠦ᠋ ᠪᠦᠸᠧ | ᠬᠤᠨᠢ᠂ ᠠᠦ᠋ᠰᠲᠷᠠᠯᠢᠶ᠎ᠠ ᠶᠢᠨ ᠴᠠᠭᠠᠨ ᠬᠤᠨᠢ ᠶᠢ ᠢᠳᠡᠪᠬᠢᠲᠡᠢ ᠤᠷᠤᠭᠤᠯᠵᠤ᠂ ᠭᠠᠴᠠᠭ᠎ᠠ ᠲᠤᠰᠬᠤᠨ ᠢᠶᠠᠷ ᠨᠢᠭᠡᠴᠡ | ᠪᠤᠯᠭᠠᠨ ᠭᠠᠷ ᠬᠡᠭᠡᠯᠲᠦᠭᠦᠯᠭᠡ ᠶᠢᠨ ᠦᠷᠳᠡᠭᠡ ᠪᠠᠶᠢᠭᠤᠯᠵᠤ᠂ ᠬᠡᠭᠡᠯᠳᠦᠯᠭᠦᠯᠭᠡ ᠶᠢᠨ ᠠᠵᠢᠯᠲᠠᠨ ᠬᠦᠮᠦᠵᠢᠭᠦᠯᠬᠦ᠂ | ᠬᠤᠴᠠ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠤᠳᠤ ᠪᠠᠶᠢᠭ᠎ᠠ ᠡᠮ᠎ᠡ ᠬᠤᠨᠢ ᠲᠠᠢ ᠡᠷᠯᠢᠰᠡᠵᠢᠭᠦᠯᠵᠦ᠂ | ᠲᠤᠰᠤᠭᠰᠠᠨ ᠡᠷᠯᠢᠰᠡ ᠬᠤᠷᠠᠭᠠᠨ ᠤ ᠦᠰᠦᠯᠲᠡ ᠪᠤᠶᠢᠵᠢᠯᠲᠠ ᠨᠢ ᠲᠦᠷᠭᠡᠨ᠂ ᠨᠢᠲᠤᠯᠠᠯᠲᠠ ᠶᠢᠨ ᠨᠤᠷᠮ᠎ᠠ ᠨᠢ | ᠥᠨᠳᠥᠷ᠂ ᠮᠢᠬᠠᠨ ᠤ ᠴᠢᠨᠠᠷ ᠨᠢ ᠰᠠᠶᠢᠨ ᠪᠠᠶᠢᠳᠠᠭ᠃ ᠶᠠᠳᠠᠭᠤ ᠬᠦᠴᠢᠷᠳᠡᠯ ᠲᠠᠢ ᠡᠷᠦᠬᠡ ᠳᠤ ᠵᠠᠰᠠᠭ ᠤᠨ | ᠣᠷᠳᠣᠨ ᠠᠴᠠ ᠨᠦᠬᠦᠪᠦᠷᠢᠯᠡᠬᠦ᠂ ᠰᠦᠢᠳᠬᠡᠯ ᠬᠤᠷᠢᠶᠠᠬᠤ ᠦᠭᠡᠢ ᠪᠠᠷ ᠬᠡᠬᠡᠯᠳᠦᠭᠦᠯᠭᠡ ᠬᠢᠵᠦ ᠦᠭᠬᠦ ᠵᠡᠷᠭᠡ ᠲᠡᠳᠬᠦᠨ | ᠳᠡᠮᠵᠢᠬᠦ ᠬᠡᠯᠪᠡᠷᠢ ᠪᠠᠷ ᠳᠠᠮᠵᠢᠭᠤᠯᠤᠨ ᠡᠷᠯᠢᠰᠡ ᠮᠢᠬᠠᠨ ᠬᠤᠨᠢ ᠶᠢ ᠦᠷᠡᠵᠢᠭᠦᠯᠵᠦ ᠪᠠᠶᠢᠨ᠎ᠠ᠃ ᠡᠷᠯᠢᠰᠡᠵᠢᠭᠦᠯᠦᠨ | ᠰᠠᠶᠢᠵᠢᠷᠠᠭᠤᠯᠬᠤ ᠪᠣᠯ ᠮᠢᠬᠠᠨ ᠬᠤᠨᠢᠨ ᠤ ᠠᠵᠤ ᠦᠢᠯᠡᠰ ᠢ ᠬᠦᠭᠵᠢᠭᠦᠯᠬᠦ ᠰᠢᠪᠲᠤᠯᠤᠯᠲᠠ ᠶᠢᠨ ᠴᠢᠭ ᠪᠤᠯᠤᠨ᠎ᠠ᠃ | ᠠᠳᠠᠯᠢ ᠪᠤᠰᠤ ᠬᠡᠷᠡᠭᠯᠡᠭᠡᠨ ᠤ ᠪᠦᠯᠦᠭᠯᠡᠯ ᠤᠨ ᠬᠤᠨᠢᠨ ᠮᠢᠬᠠᠨ ᠤ ᠬᠡᠷᠡᠭᠯᠡᠭᠡᠨ ᠤ ᠳᠠᠳᠬᠠᠯ ᠨᠢ ᠠᠳᠠᠯᠢ ᠦᠭᠡᠢ ᠪᠠᠶᠢᠳᠠᠭ᠂ | ᠣᠷᠣᠨ ᠤ ᠭᠠᠳᠠᠨᠠᠬᠢ ᠬᠤᠨᠢᠨ ᠮᠢᠬᠠᠨ ᠤ ᠬᠡᠷᠡᠭᠯᠡᠭᠡ ᠨᠢ ᠭᠤᠤᠯᠳᠠᠭᠤ ᠬᠠᠯᠠᠭᠤᠨ ᠲᠤᠭᠤᠭ᠎ᠠ ᠪᠠᠷ ᠭᠤᠣᠯ ᠪᠣᠯᠭᠠᠵᠤ᠂ | ᠮᠢᠬᠠᠨ ᠤ ᠴᠢᠨᠠᠷ ᠤᠨ ᠲᠤᠬᠠᠶ ᠦᠨᠡᠯᠡᠯᠲᠡ ᠨᠢ ᠣᠷᠣᠨ ᠤ ᠳᠣᠲᠣᠷᠠᠬᠢ ᠲᠠᠢ ᠠᠳᠠᠯᠢ ᠦᠭᠡᠢ ᠪᠠᠶᠢᠵᠤ᠂ ᠬᠤᠨᠢᠨ ᠮᠢᠬ᠎ᠠ | ᠵᠦᠭᠡᠯᠡᠨ ᠪᠠᠶᠢᠬᠤ ᠶᠢ ᠱᠠᠭᠠᠷᠳᠠᠳᠠᠭ᠃ ᠣᠷᠣᠨ ᠤ ᠭᠠᠳᠠᠨ᠎ᠠ ᠪᠠᠶᠠᠨᠨᠠᠭᠤᠷ ᠬᠤᠲᠠ ᠶᠢᠨ ᠬᠤᠨᠢᠨ ᠮᠢᠬ᠎ᠠ ᠨᠢ ᠰᠢᠯᠢ ᠶᠢᠨ | ᠭᠤᠣᠯ ᠠᠶᠢᠮᠠᠭ ᠤᠨ ᠬᠤᠨᠢᠨ ᠮᠢᠬ᠎ᠠ ᠠᠴᠠ ᠢᠯᠡᠭᠦᠦ ᠬᠦᠷᠢᠶᠡᠯᠡᠯ ᠢ ᠤᠯᠵᠤ᠂ ᠦᠨ᠎ᠡ ᠬᠠᠩᠰᠢ ᠨᠢ ᠵᠢᠩ ᠪᠦᠷᠢ ᠳᠡᠭᠡᠨ | 2 ᠲᠥᠭᠦᠷᠢᠭ ᠦᠨᠡᠲᠡᠢ ᠪᠠᠶᠢᠳᠠᠭ᠃ ᠥᠪᠥᠷ ᠮᠣᠩᠭᠤᠯ ᠪᠣᠯ ᠪᠦᠬᠦ ᠤᠯᠤᠰ ᠤᠨ ᠬᠤᠨᠢᠨ ᠮᠢᠬ᠎ᠠ ᠦᠢᠯᠡᠳᠪᠦᠷᠢᠯᠡᠵᠦ | ᠭᠠᠷᠭᠠᠬᠤ ᠰᠠᠭᠤᠷᠢᠨ ᠭᠠᠵᠠᠷ ᠮᠦᠨ᠂ ᠬᠤᠨᠢᠨ ᠮᠢᠬᠠᠨ ᠤ ᠴᠢᠨᠠᠷ ᠨᠢ ᠴᠤ ᠣᠷᠣᠨ ᠤ ᠭᠠᠳᠠᠨᠠᠬᠢ ᠬᠡᠷᠡᠭᠯᠡᠭᠴᠢᠳ ᠤᠨ | ᠬᠡᠷᠡᠭᠴᠡᠭᠡ ᠶᠢ ᠬᠠᠩᠭᠠᠵᠤ ᠳᠡᠶᠢᠯᠳᠡᠭ᠃ ᠤᠯᠠᠭᠠᠨᠴᠠᠪ ᠬᠤᠲᠠ᠂ ᠬᠥᠯᠥᠨ ᠪᠤᠶᠢᠷ ᠬᠤᠳᠠ᠂ ᠪᠠᠶᠠᠨᠨᠠᠭᠤᠷ ᠬᠤᠳᠠ | ᠵᠢᠴᠢ ᠰᠢᠯᠢ ᠶᠢᠨ ᠭᠤᠤᠯ ᠠᠶᠢᠮᠠᠭ ᠤᠨ ᠬᠡᠰᠡᠭ ᠬᠤᠰᠢᠭᠤ ᠰᠢᠶᠠᠨ ᠳᠤ ᠬᠢᠭᠰᠡᠨ ᠪᠠᠶᠢᠴᠠᠭᠠᠨ ᠰᠤᠳᠤᠯᠤᠯᠲᠠ ᠠᠴᠠ | ᠦᠵᠡᠪᠡᠯ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠰᠠᠶᠢᠨ ᠡᠭᠦᠯᠳᠡᠷ ᠤᠨ ᠮᠠᠯ ᠬᠤᠳᠠᠯᠳᠤᠨ ᠠᠪᠬᠤ | ᠨᠥᠬᠦᠪᠥᠷᠢ ︵ᠬᠤᠴᠠ ᠪᠦᠷᠢ ᠶᠢᠨ ᠨᠥᠬᠦᠪᠥᠷᠢ 2000 ᠲᠥᠭᠦᠷᠢᠭ︶ ᠶᠢᠨ ᠳᠡᠮᠵᠢᠯᠭᠡ ᠳᠤᠤᠷ᠎ᠠ᠂ ᠵᠠᠷᠢᠮ | ᠲᠡᠵᠢᠭᠡᠪᠦᠷᠢ ᠶᠢᠨ ᠲᠤᠮᠤ ᠡᠷᠤᠭᠡ ᠬᠤᠴᠠ ᠬᠤᠳᠠᠯᠳᠤᠨ ᠠᠪᠴᠤ ᠡᠭᠦᠯᠳᠡᠷ ᠢ ᠰᠠᠶᠢᠵᠢᠷᠠᠭᠤᠯᠵᠤ᠂ ᠳ᠋ᠦ᠋ ᠪᠦᠸᠧ ᠬᠤᠨᠢ | ᠪᠠ ᠠᠦ᠋ᠰᠲᠷᠠᠯᠢᠶ᠎ᠠ ᠶᠢᠨ ᠴᠠᠭᠠᠨ ᠬᠤᠨᠢ ᠶᠢ ᠲᠤᠬᠠᠶ ᠶᠢᠨ ᠭᠠᠵᠠᠷ ᠤᠨ ᠬᠤᠨᠢ ᠲᠠᠢ ᠡᠷᠯᠢᠰᠡᠵᠢᠭᠦᠯᠦᠭᠰᠡᠨ ᠬᠤᠨᠢᠨ ᠤ | ᠮᠢᠬᠠᠨ ᠤ ᠭᠠᠷᠤᠯᠲᠠ ᠨᠢ ᠢᠯᠡᠳᠲᠡ ᠳᠡᠭᠡᠭᠰᠢᠯᠡᠵᠦ᠂ ᠮᠠᠰᠢ ᠰᠠᠶᠢᠨ ᠦᠷ᠎ᠡ ᠠᠰᠢᠭ ᠤᠯᠵᠤ ᠪᠠᠶᠢᠨ᠎ᠠ᠃ | | ᠬᠦᠲᠦᠯᠦᠭᠴᠢ᠄ | ᠲᠡᠭᠡᠪᠡᠯ ᠮᠠᠨ ᠤ ᠤᠷᠤᠨ ᠳᠤ ᠮᠢᠬᠠᠨ ᠦᠬᠡᠷ ᠤᠨ ᠠᠵᠤ ᠦᠢᠯᠡᠰ ᠢ ᠬᠡᠷᠬᠢᠨ ᠬᠥᠭᠵᠢᠭᠦᠯᠬᠦ ᠶᠢ | ᠲᠠᠨᠢᠯᠴᠠᠭᠤᠯᠤᠭᠠᠳ ᠦᠭᠭᠦᠨ᠎ᠡ ᠤᠤ︖ | | ᠵᠣᠣ ᠶᠦᠩ ᠬᠤᠸᠠ᠄ | ᠮᠢᠬᠠᠨ ᠦᠬᠡᠷ ᠪᠣᠯ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠳᠣᠲᠣᠷ᠎ᠠ ᠡᠪᠡᠰᠦ ᠪᠣᠷᠳᠤᠭ᠎ᠠ ᠶᠢ | ᠤᠯᠠᠷᠢᠭᠤᠯᠬᠤ ᠨᠣᠷᠮ᠎ᠠ ᠪᠠᠷ ᠨᠡᠯᠢᠶᠡᠳ ᠥᠨᠳᠥᠷ ᠪᠦᠭᠡᠳ ᠬᠡᠪᠡᠯᠢ ᠪᠠᠷ ᠳᠠᠮᠵᠢᠭᠤᠯᠤᠨ ᠥᠷᠲᠡᠭ ᠨᠡᠮᠡᠭᠳᠡᠭᠦᠯᠬᠦ | ᠴᠢᠳᠠᠪᠤᠷᠢ ᠪᠠᠷ ᠴᠢᠩᠭ᠎ᠠ ᠪᠠᠶᠢᠵᠤ᠂ ᠲᠠᠷᠢᠮᠠᠯ ᠤᠨ ᠡᠰᠢ ᠰᠦᠷᠡᠯ ᠪᠣᠯᠣᠨ ᠴᠢᠨᠠᠷ ᠰᠠᠶᠢᠲᠠᠶ ᠡᠪᠡᠰᠦ ᠪᠣᠷᠳᠤᠭ᠎ᠠ ᠶᠢᠨ | ᠡᠬᠢ ᠪᠠᠶᠠᠯᠢᠭ ᠢᠶᠠᠷ ᠡᠯᠪᠡᠭ ᠪᠦᠬᠦᠢ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠤᠨ᠂ ᠡᠪᠡᠰᠦ ᠪᠣᠷᠳᠤᠭ᠎ᠠ ᠶᠢᠨ | ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠭᠤᠷᠠᠭᠤᠯᠳᠠᠭ ᠶᠤᠮ᠃ | ᠭᠡᠪᠡᠴᠦ ᠲᠤᠰ ᠭᠠᠵᠠᠷ ᠤᠨ ᠦᠬᠡᠷ ᠤᠨ ᠮᠢᠬᠠᠨ ᠤ ᠭᠠᠷᠤᠯᠲᠠ ᠪᠠᠭ᠎ᠠ᠂ ᠲᠡᠵᠢᠭᠡᠨ ᠦᠷᠡᠵᠢᠭᠦᠯᠬᠦ ᠳᠤ ᠦᠷ᠎ᠡ | ᠠᠰᠢᠭ ᠢᠶᠠᠷ ᠳᠣᠣᠷ᠎ᠠ ᠪᠠᠶᠢᠳᠠᠭ᠃ ᠠᠩᠭᠧᠰ ᠦᠬᠡᠷ ᠨᠢ ᠳᠤᠮᠳᠠ ᠵᠢᠵᠢᠭ ᠬᠡᠯᠪᠡᠷᠢ ᠶᠢᠨ ᠪᠡᠶ᠎ᠡ ᠪᠢᠯᠳᠠᠷ ᠲᠠᠢ᠂ | ᠳᠡᠯᠡᠬᠡᠶ ᠶᠢᠨ ᠲᠡᠰ ᠤᠨ ᠴᠢᠨᠠᠷ ᠰᠠᠶᠢᠲᠠᠶ ᠮᠢᠬᠠᠨ ᠦᠬᠡᠷ ᠪᠣᠯᠣᠨ᠎ᠠ᠂ ᠮᠢᠬᠠᠨ ᠤ ᠴᠢᠨᠠᠷ ᠨᠢ ᠰᠠᠶᠢᠨ᠂ ᠳᠡᠭᠡᠳᠦ | ᠲᠡᠰ ᠤᠨ ᠦᠬᠡᠷ ᠤᠨ ᠮᠢᠬᠠᠨ ᠤ ᠭᠠᠷᠤᠯᠲᠠ ᠲᠠᠢ᠂ ᠥᠰᠥᠯᠲᠡ ᠪᠤᠶᠢᠵᠢᠯᠲᠠ ᠨᠢ ᠲᠦᠷᠭᠡᠨ᠂ ᠪᠤᠰᠤᠳ ᠡᠭᠦᠯᠳᠡᠷ ᠤᠨ | ᠦᠬᠡᠷ ᠲᠠᠢ ᠡᠷᠯᠢᠰᠡᠵᠢᠭᠦᠯᠪᠡᠯ ᠮᠢᠬᠠᠨ ᠤ ᠭᠠᠷᠤᠯᠲᠠ ᠨᠢ 15% ᠪᠠᠷ ᠳᠡᠭᠡᠭᠰᠢᠯᠡᠵᠦ᠂ ᠦᠬᠡᠷ ᠪᠦᠷᠢ ᠠᠴᠠ 80 ᠵᠢᠩ | ᠳᠡᠭᠡᠳᠦ ᠲᠡᠰ ᠤᠨ ᠮᠢᠬ᠎ᠠ ︵ᠵᠢᠩ ᠪᠦᠷᠢ ᠳᠡᠭᠡᠨ 200 —700 ᠲᠥᠭᠦᠷᠢᠭ ᠤᠨ ᠮᠢᠬ᠎ᠠ︶ ᠪᠠᠭᠤᠨ᠎ᠠ᠃ | ᠰᠢᠮᠧᠨ᠋ᠳᠡᠷ ᠦᠬᠡᠷ ᠢᠶᠠᠷ ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠦᠮᠵᠢ ᠰᠠᠶᠢᠲᠠᠶ ᠭᠠᠵᠠᠷ ᠲᠤ ᠦᠷᠭᠦᠯᠵᠢᠯᠡᠨ | ᠰᠢᠮᠧᠨ᠋ᠳᠡᠷ ᠤᠨ ᠲᠦᠷᠦᠯ ᠤᠨ ᠡᠭᠦᠯᠳᠡᠷ ᠢᠶᠠᠷ ᠰᠠᠶᠢᠵᠢᠷᠠᠭᠤᠯᠤᠨ᠎ᠠ᠃ ᠪᠤᠰᠤᠳ ᠭᠠᠵᠠᠷ ᠲᠤ ᠮᠢᠬᠠᠨ ᠦᠬᠡᠷ ᠤᠨ | ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠬᠦ ᠪᠠᠷ | ᠳᠠᠮᠵᠢᠭᠤᠯᠤᠨ᠂ ᠡᠷᠯᠢᠰᠡ ᠪᠤᠬ᠎ᠠ ᠶᠢ ᠥᠭᠡᠶᠢᠰᠬᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠤᠰᠢᠭᠤ | ᠰᠢᠶᠠᠨ ᠢᠶᠠᠷ ᠨᠢᠭᠡᠴᠢ ᠪᠣᠯᠭᠠᠨ ︽ᠪᠤᠬ᠎ᠠ ᠦᠭᠡᠢ ᠢᠴᠡᠭᠡᠯ ᠦᠷ᠎ᠡ ᠪᠠᠷ ᠬᠡᠭᠡᠯᠲᠦᠭᠦᠯᠬᠦ︾ ᠶᠢ ᠬᠡᠷᠡᠭᠵᠢᠭᠦᠯᠦᠨ᠂ ᠤᠳᠤ | ᠪᠠᠶᠢᠭ᠎ᠠ ᠦᠨᠢᠶᠡᠨ ᠳᠡᠭᠡᠨ ᠠᠩᠭᠧᠰ ᠦᠬᠡᠷ ᠤᠨ ᠢᠴᠡᠭᠡᠯ ᠦᠷ᠎ᠡ ᠪᠠᠷ ᠭᠠᠷ ᠬᠡᠭᠡᠯᠲᠦᠭᠦᠯᠭᠡ ᠬᠢᠵᠦ᠂ ᠮᠢᠬᠠᠨ ᠦᠬᠡᠷ ᠢ | ᠡᠭᠦᠯᠳᠡᠷ ᠰᠠᠶᠢᠵᠢᠷᠠᠭᠤᠯᠬᠤ ᠪᠠ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠲᠥᠯᠬᠢᠨ ᠠᠬᠢᠭᠤᠯᠵᠤ᠂ | ᠳᠡᠭᠡᠳᠦ ᠲᠡᠰ ᠤᠨ ᠦᠬᠡᠷ ᠤᠨ ᠮᠢᠬ᠎ᠠ ᠦᠢᠯᠡᠳᠪᠦᠷᠢᠯᠡᠨ᠂ ᠲᠠᠷᠢᠶᠠᠴᠢᠨ ᠮᠠᠯᠴᠢᠳ ᠢ ᠲᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠤᠨ᠎ᠠ᠃ ᠶᠠᠳᠠᠭᠤ ᠬᠦᠴᠢᠷᠳᠡᠯ ᠲᠠᠢ ᠡᠷᠦᠬᠡ ᠳᠤ ᠵᠠᠰᠠᠭ ᠤᠨ ᠣᠷᠳᠣᠨ ᠠᠴᠠ ᠨᠥᠬᠦᠪᠥᠷᠢ | ᠣᠯᠭᠤᠬᠤ ᠪᠠᠷ ᠳᠠᠮᠵᠢᠨ᠂ ᠦᠨ᠎ᠡ ᠲᠥᠯᠥᠪᠦᠷᠢ ᠦᠭᠡᠢ ᠬᠡᠭᠡᠯᠲᠦᠭᠦᠯᠭᠡ ᠬᠢᠵᠦ ᠥᠭᠬᠦ ᠶᠢ ᠪᠡᠶᠡᠯᠡᠭᠦᠯᠦᠨ᠎ᠡ᠃ | | ᠬᠦᠲᠦᠯᠦᠭᠴᠢ᠄ | ᠮᠠᠨ ᠤ ᠤᠷᠤᠨ ᠳᠤ ᠭᠠᠭ᠋ᠠᠢ ᠶᠢᠨ ᠠᠵᠤ ᠦᠢᠯᠡᠰ ᠢ ᠬᠡᠷᠬᠢᠨ ᠬᠥᠭᠵᠢᠭᠦᠯᠬᠦ ᠶᠢ ᠲᠠᠨᠢᠯᠴᠠᠭᠤᠯᠤᠭᠠᠳ ᠦᠭᠭᠦᠨ᠎ᠡ | ᠤᠤ︖ | | ᠵᠣᠣ ᠶᠦᠩ ᠬᠤᠸᠠ᠄ | ᠮᠠᠨ ᠤ ᠣᠷᠣᠨ ᠪᠣᠯ ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠣᠷᠣᠨ ᠮᠦᠨ᠂ 700 ᠵᠢᠩ ᠡᠷᠳᠡᠨᠢ | ᠰᠢᠰᠢ ᠪᠠᠷ ᠨᠢᠭᠡ ᠭᠠᠭ᠋ᠠᠶ ᠦᠰᠭᠡᠵᠦ ᠪᠣᠯᠣᠨ᠎ᠠ᠂ ᠲᠠᠷᠢᠶᠠᠴᠢᠨ ᠨᠢᠭᠡ ᠭᠠᠭ᠋ᠠᠶ ᠲᠡᠵᠢᠭᠡᠪᠡᠯ 1000 ᠲᠥᠭᠦᠷᠢᠭ ᠤᠨ | ᠴᠡᠪᠡᠷ ᠣᠷᠣᠯᠭ᠎ᠠ ᠣᠯᠣᠨ᠎ᠠ᠃ ᠮᠠᠨ ᠤ ᠣᠷᠣᠨ ᠤ ᠣᠷᠴᠢᠨ ᠠᠬᠤᠶ ᠶᠢᠨ ᠪᠠᠭᠲᠠᠭᠠᠮᠵᠢ ᠶᠡᠭᠡ᠂ ᠨᠡᠯᠢᠶᠡᠳ ᠶᠡᠭᠡ | ᠬᠥᠭᠵᠢᠯᠲᠡ ᠶᠢᠨ ᠨᠦᠬᠡᠴᠡ ᠬᠦᠴᠦᠨ ᠲᠠᠢ ᠶᠤᠮ᠂ ᠤᠯᠤᠰ ᠤᠨ ᠳᠣᠲᠣᠭᠠᠳᠤ ᠶᠢᠨ ᠨᠢᠭᠡ ᠪᠦᠯᠦᠭ ᠲᠤᠮᠤ | ᠬᠡᠯᠪᠡᠷᠢ ᠶᠢᠨ ᠭᠠᠭ᠋ᠠᠶ ᠲᠡᠵᠢᠭᠡᠬᠦ ᠠᠵᠤ ᠠᠬᠤᠶᠢᠯᠠᠯ ᠵᠠᠯᠭ᠎ᠠ ᠵᠠᠯᠭ᠎ᠠ ᠪᠠᠷ ᠮᠠᠨ ᠤ ᠤᠷᠤᠨ ᠳᠤ ᠦᠢᠯᠡᠳᠪᠦᠷᠢᠯᠡᠵᠦ | ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠪᠠ᠃ ᠡᠯ᠎ᠡ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠭᠤᠣᠯᠳᠠᠯᠭ᠎ᠠ ᠲᠠᠢ ᠬᠤᠰᠢᠭᠤ ᠰᠢᠶᠠᠨ ᠢᠯᠠᠩᠭᠤᠶ᠎ᠠ ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠣᠷᠣᠨ ᠶᠠᠳᠠᠭᠤ | ᠬᠦᠴᠢᠷᠳᠡᠯᠲᠡᠶ ᠡᠷᠦᠬᠡ ᠳᠤ ᠭᠠᠭ᠋ᠠᠢ ᠶᠢᠨ ᠲᠤᠷᠤᠢ ᠥᠭᠬᠦ ᠪᠤᠶᠤ ᠨᠥᠬᠦᠪᠥᠷᠢ ᠥᠭᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠨ᠂ ᠶᠠᠳᠠᠭᠤ ᠬᠦᠴᠢᠷᠳᠡᠯᠲᠡᠢ ᠡᠷᠤᠭᠡ ᠪᠠᠷ ᠭᠠᠭ᠋ᠠᠶ ᠲᠡᠵᠢᠭᠡᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠭᠠᠭ᠋ᠠᠶ ᠲᠡᠵᠢᠭᠡᠬᠦ ᠬᠡᠪᠴᠢᠶ᠎ᠡ ᠶᠢ ᠥᠷᠭᠡᠳᠬᠡᠨ᠎ᠡ᠃ ᠤᠷᠲᠤ ᠴᠠᠭᠠᠨ᠂ ᠲᠣᠮᠣ ᠴᠠᠭᠠᠨ᠂ ᠳ᠋ᠥᠯᠥᠸᠧᠺᠧ ᠡᠭᠦᠯᠳᠡᠷ ᠢᠶᠠᠷ | ᠭᠤᠣᠯ ᠪᠣᠯᠭᠠᠨ᠂ ᠰᠠᠶᠢᠨ ᠡᠭᠦᠯᠳᠡᠷ ᠤᠨ ᠭᠠᠭ᠋ᠠᠶ ᠶᠢ ᠲᠡᠵᠢᠭᠡᠨ ᠦᠷᠡᠵᠢᠭᠦᠯᠵᠦ᠂ ᠥᠰᠬᠡᠨ ᠪᠤᠶᠢᠵᠢᠭᠤᠯᠬᠤ | ᠬᠤᠷᠳᠤᠴᠠ ᠶᠢ ᠲᠦᠷᠭᠡᠳᠬᠡᠬᠦ ᠶᠢᠨ ᠲᠤᠰᠠᠳᠠ᠂ ᠲᠤᠬᠠᠢ ᠶᠢᠨ ᠣᠷᠣᠨ ᠤ ᠭᠠᠭ᠋ᠠᠶ ᠶᠢ ᠰᠠᠶᠢᠨ ᠡᠭᠦᠯᠳᠡᠷ ᠤᠨ | ᠭᠠᠭ᠋ᠠᠶ ᠲᠠᠢ ᠡᠷᠯᠢᠰᠡᠵᠢᠭᠦᠯᠬᠦ ᠭᠠᠷ ᠬᠡᠬᠡᠯᠲᠦᠯᠭᠡ ᠬᠢᠵᠦ ᠂ ᠭᠠᠭ᠋ᠠᠶ ᠶᠢᠨ ᠮᠢᠬᠠᠨ ᠤ ᠭᠠᠷᠤᠯᠲᠠ ᠪᠣᠯᠣᠨ ᠦᠷᠡᠵᠢᠯ ᠤᠨ | ᠴᠢᠳᠠᠪᠤᠷᠢ ᠶᠢ ᠦᠳᠲᠡᠷ ᠲᠦᠷᠭᠡᠨ ᠳᠡᠭᠡᠭᠰᠢᠯᠡᠭᠦᠯᠵᠦ ᠪᠣᠯᠣᠨ᠎ᠠ᠃ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠪᠠ ᠦᠶ᠎ᠡ | ᠮᠦᠴᠡ ᠶᠢ ᠰᠠᠶᠢᠲᠤᠷ ᠰᠢᠯᠢᠨ ᠰᠣᠩᠭᠤᠬᠤ ᠵᠡᠷᠭᠡ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠳᠠᠮᠵᠢᠭᠤᠯᠤᠨ᠂ | ᠠᠰᠢᠭ ᠰᠢᠮ᠎ᠡ ᠶᠢᠨ ᠦᠷᠳᠡᠭ ᠢ ᠳᠡᠭᠡᠭᠰᠢᠯᠡᠭᠦᠯᠦᠨ᠎ᠡ᠃ ᠶᠠᠳᠠᠭᠤ ᠶᠢ ᠲᠡᠳᠬᠦᠬᠦ ᠭᠤᠣᠯᠳᠠᠯᠭ᠎ᠠ ᠲᠠᠢ ᠬᠤᠰᠢᠭᠤ | ᠰᠢᠶᠠᠨ ᠢ ᠭᠠᠭ᠋ᠠᠶ ᠲᠡᠵᠢᠭᠡᠬᠦ ᠭᠤᠣᠯᠳᠠᠯᠭ᠎ᠠ ᠲᠠᠢ ᠰᠢᠶᠠᠨ ᠪᠣᠯᠭᠠᠵᠤ᠂ ᠭᠠᠭ᠋ᠠᠢ ᠶᠢᠨ ᠲᠤᠷᠤᠢ᠂ ᠲᠡᠵᠢᠭᠡᠯ | ᠪᠣᠷᠳᠤᠭ᠎ᠠ ᠶᠢᠨ ᠨᠥᠬᠦᠪᠥᠷᠢ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠭᠦᠯᠦᠨ᠎ᠡ᠃ | | ᠬᠦᠲᠦᠯᠦᠭᠴᠢ᠄ | ᠮᠠᠨ ᠤ ᠣᠷᠣᠨ ᠳᠤ ᠭᠡᠷ ᠤᠨ ᠲᠡᠵᠢᠭᠡᠪᠦᠷᠢ ᠵᠢᠭᠦᠷᠲᠡᠨ ᠤ ᠠᠵᠤ ᠦᠢᠯᠡᠰ ᠢ ᠬᠡᠷᠬᠢᠨ ᠬᠥᠭᠵᠢᠭᠦᠯᠬᠦ ᠶᠢ | ᠲᠠᠨᠢᠯᠴᠠᠭᠤᠯᠤᠭᠠᠳ ᠦᠭᠭᠦᠨ᠎ᠡ ᠤᠤ︖ | | ᠵᠣᠣ ᠶᠦᠩ ᠬᠤᠸᠠ᠄ | ᠶᠠᠳᠠᠭᠤ ᠬᠦᠴᠢᠷᠳᠡᠯᠲᠡᠶ ᠡᠷᠦᠬᠡ ᠨᠦᠭᠦᠳ ᠬᠦᠷᠢᠶ᠎ᠡ ᠬᠠᠰᠢᠶ᠎ᠠ᠂ ᠠᠭᠯᠠᠭ ᠠᠭᠤᠯᠠ᠂ ᠠᠳᠡᠷ ᠬᠡᠭᠡᠷ᠎ᠡ ᠪᠣᠯᠣᠨ | ᠭᠤᠣᠯ ᠨᠠᠭᠤᠷ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠭᠡᠷ ᠤᠨ ᠲᠡᠵᠢᠭᠡᠪᠦᠷᠢ ᠵᠢᠭᠦᠷᠲᠡᠨ | ᠲᠡᠵᠢᠭᠡᠨ ᠦᠷᠡᠵᠢᠭᠦᠯᠬᠦ ᠶᠢ ᠢᠳᠡᠪᠬᠢᠲᠡᠶ ᠬᠥᠭᠵᠢᠭᠦᠯᠵᠦ᠂ ᠪᠣᠬᠢᠷᠲᠤᠯ ᠦᠭᠡᠢ᠂ ᠰᠤᠯᠠ ᠲᠡᠵᠢᠭᠡᠭᠰᠡᠨ ᠲᠠᠬᠢᠶ᠎ᠠ ᠵᠡᠷᠭᠡ | ᠠᠮᠢ ᠠᠬᠤᠶ ᠶᠢᠨ ᠲᠦᠷᠦᠯ ᠲᠡᠮᠳᠡᠭᠲᠦ ᠡᠭᠦᠳᠬᠦ ᠶᠢ ᠳᠡᠮᠵᠢᠨ᠎ᠡ᠃ ᠭᠡᠷ ᠤᠨ ᠲᠡᠵᠢᠭᠡᠪᠦᠷᠢ ᠵᠢᠭᠦᠷᠲᠡᠨ ᠲᠡᠵᠢᠭᠡᠨ | ᠦᠷᠡᠵᠢᠭᠦᠯᠬᠦ ᠬᠦᠲᠦᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠺᠣᠮᠫᠠᠨᠢ | + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ︾ ᠶᠢᠨ ᠬᠡᠪ ᠵᠠᠭᠪᠤᠷ ᠢᠶᠠᠷ᠂ ᠠᠵᠤ ᠠᠬᠤᠶᠢᠯᠠᠯ ᠠᠴᠠ | ᠨᠢᠭᠡᠳᠦᠯᠲᠡᠶ ᠪᠠᠷ ᠴᠤᠷᠪᠠᠭ᠎ᠠ ᠬᠠᠩᠭᠠᠬᠤ᠂ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠮᠡᠷᠭᠡᠵᠢᠯ ᠤᠨ | ᠦᠢᠯᠡᠴᠢᠯᠡᠭᠡ ᠬᠠᠩᠭᠠᠬᠤ᠂ ᠨᠢᠭᠡᠳᠦᠯᠲᠡᠶ ᠪᠣᠷᠣᠯᠠᠭᠤᠯᠬᠤ᠂ ᠡᠷᠦᠬᠡ ᠬᠤᠪᠢᠶᠠᠨ ᠲᠡᠵᠢᠭᠡᠬᠦ᠂ ᠡᠷᠦᠬᠡ ᠬᠤᠪᠢᠶᠠᠨ | ᠳ᠋ᠦᠩᠨᠡᠨ ᠪᠣᠳᠣᠬᠤ ᠵᠡᠷᠭᠡ ︽ᠳᠥᠷᠪᠡᠨ ᠨᠢᠭᠡᠳᠦᠯᠲᠡᠶ ᠬᠤᠶᠠᠷ ᠬᠤᠪᠢᠶᠠᠷᠢᠯᠠᠯᠲᠠ︾ ᠶᠢᠨ ᠠᠷᠭ᠎ᠠ ᠮᠠᠶ᠋ᠢᠭ ᠢᠶᠠᠷ | ᠠᠵᠢᠯᠯᠠᠭᠤᠯᠬᠤ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠶᠠᠳᠠᠭᠤ ᠬᠦᠴᠢᠷᠳᠡᠯᠲᠡᠢ ᠡᠷᠦᠬᠡ ᠳᠤ ᠴᠤᠷᠪᠠᠭ᠎ᠠ᠂ | ᠲᠡᠵᠢᠭᠡᠯ ᠪᠣᠷᠳᠣᠭᠠᠨ ᠤ ᠨᠥᠬᠦᠪᠥᠷᠢ ᠣᠯᠭᠤᠵᠣ᠂ ᠬᠦᠲᠦᠴᠢ ᠠᠵᠤ ᠠᠬᠤᠶᠢᠯᠠᠯ ᠪᠡᠯᠡ ᠮᠥᠩᠭᠦ ᠶᠢ ᠨᠢ ᠤᠷᠢᠳᠴᠢᠯᠠᠨ | ᠲᠤᠰᠢᠶᠠᠵᠤ᠂ ᠬᠠᠮᠤᠭ ᠤᠨ ᠳᠣᠣᠷ᠎ᠠ ᠪᠠᠲᠤᠯᠠᠬᠤ ᠦᠨ᠎ᠡ ᠲᠣᠭᠲᠠᠭᠠᠨ᠂ ᠵᠢᠭᠦᠷᠲᠡᠨ ᠤ ᠭᠠᠷᠤᠯᠲᠠ ᠶᠢ ᠡᠭᠡᠭᠦᠯᠦᠨ | ᠬᠤᠷᠢᠶᠠᠬᠤ ᠦᠶ᠎ᠡ ᠳᠤ ᠰᠠᠭᠤᠯᠭᠠᠨ ᠬᠠᠰᠤᠬᠤ ᠬᠡᠪ ᠵᠠᠭᠪᠤᠷ ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ | ᠡᠷᠥᠭᠡ ᠨᠦᠭᠦᠳ ᠢ ᠠᠶᠤᠯ ᠲᠦᠭᠰᠢᠭᠦᠷᠢ ᠦᠭᠡᠢ ᠪᠦᠭᠡᠳ ᠪᠠᠭ᠎ᠠ ᠪᠡᠯᠡ ᠣᠷᠤᠭᠤᠯᠤᠯᠲᠠ ᠳᠤᠮᠳᠠ ᠠᠵᠤ | ᠦᠢᠯᠡᠰ ᠢᠶᠠᠨ ᠬᠥᠭᠵᠢᠭᠦᠯᠬᠦ ᠪᠣᠯᠭᠠᠨ᠎ᠠ᠃ ᠡᠭᠦᠯᠳᠡᠷ ᠰᠣᠩᠭᠤᠬᠤ ᠲᠠᠯ᠎ᠠ ᠪᠠᠷ᠂ ᠦᠩᠭᠡᠷᠡᠭᠰᠡᠨ ᠤ ᠰᠠᠶᠢᠨ ᠡᠭᠦᠯᠳᠡᠷ | ᠪᠣᠯᠬᠤ ᠪᠡᠭᠡᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 3 ᠳ᠋ᠤᠭᠠᠷ ᠨᠣᠮᠧᠷᠲᠤ᠂ ᠪᠡᠭᠡᠵᠢᠩ ᠲᠡᠬᠢᠶ᠎ᠠ | ᠵᠡᠷᠭᠡ ᠪᠠᠷ ᠭᠤᠣᠯᠯᠠᠭᠤᠯᠤᠨ᠎ᠠ ᠃ ᠭᠡᠷ ᠤᠨ ᠲᠡᠵᠢᠭᠡᠪᠦᠷᠢ ᠵᠢᠭᠦᠷᠲᠡᠨ ᠪᠣᠯ ᠠᠮᠠᠷᠬᠠᠨ ᠡᠪᠡᠳᠴᠢᠨ ᠬᠠᠯᠳᠠᠪᠤᠷᠢᠯᠠᠬᠤ᠂ | ᠠᠮᠠᠷᠬᠠᠨ ᠦᠬᠦᠵᠦ ᠰᠦᠢᠳᠬᠦ ᠲᠡᠵᠢᠭᠡᠨ ᠦᠷᠡᠵᠢᠭᠦᠯᠬᠦ ᠦᠢᠯᠡᠰ ᠪᠣᠯᠣᠨ᠎ᠠ᠂ ᠬᠡᠷ ᠤᠨ ᠲᠡᠵᠢᠭᠡᠪᠦᠷᠢ ᠵᠢᠭᠦᠷᠲᠡᠨ ᠤ | ᠳᠠᠭᠠᠳᠬᠠᠯ᠂ ᠵᠠᠬ᠎ᠠ ᠳᠡᠯᠭᠡᠭᠦᠷ ᠤᠨ ᠬᠢᠵᠢᠭ ᠡᠪᠡᠳᠴᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠᠲᠤᠯᠠᠭ᠎ᠠ ᠶᠢᠨ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠡᠵᠢᠭᠡᠨ ᠦᠷᠡᠵᠢᠭᠦᠯᠬᠦ ᠠᠶᠤᠯ | ᠲᠦᠭᠰᠢᠭᠦᠷᠢ ᠶᠢ ᠪᠠᠭᠤᠷᠠᠭᠤᠯᠤᠨ᠎ᠠ᠃ | | ᠬᠦᠲᠦᠯᠦᠭᠴᠢ᠄ | ᠡᠪᠡᠰᠦ ᠪᠣᠷᠳᠣᠭᠠᠨ ᠤ ᠠᠵᠤ ᠦᠢᠯᠡᠰ ᠢ ᠬᠡᠷᠬᠢᠨ ᠬᠥᠭᠵᠢᠭᠦᠯᠬᠦ ᠶᠢ ᠪᠠᠰᠠ ᠲᠠᠨᠢᠯᠴᠠᠭᠤᠯᠤᠭᠠᠳ ᠦᠭᠭᠦᠨ᠎ᠡ ᠤᠤ︖ | | | ᠵᠣᠣ ᠶᠦᠩ ᠬᠤᠸᠠ᠄ | ᠮᠢᠬᠠᠨ ᠬᠤᠨᠢ᠂ ᠮᠢᠬᠠᠨ ᠦᠬᠡᠷ᠂ ᠰᠠᠭᠠᠯᠢ ᠶᠢᠨ ᠦᠨᠢᠶ᠎ᠡ᠂ ᠭᠠᠭ᠋ᠠᠶ᠂ ᠭᠡᠷ ᠤᠨ ᠲᠡᠵᠢᠭᠡᠪᠦᠷᠢ ᠵᠢᠭᠦᠷᠲᠡᠨ | ᠲᠡᠵᠢᠭᠡᠨ ᠦᠷᠡᠵᠢᠭᠦᠯᠬᠦ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠪᠣᠷᠣ ᠴᠠᠷᠭᠠᠰᠤ ᠪᠠᠷ ᠭᠤᠣᠯ | ᠪᠣᠯᠭᠠᠭᠰᠠᠨ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ︔ | ᠨᠣᠬᠠᠶ ᠶᠢᠨ ᠬᠤᠰᠢᠭᠤ ᠲᠠᠷᠢᠬᠤ ᠪᠠᠷ ᠭᠤᠣᠯ ᠪᠣᠯᠭᠠᠭᠰᠠᠨ ᠠᠮᠤ ᠡᠪᠡᠰᠦ ᠡᠭᠡᠯᠵᠢᠯᠡᠨ ᠲᠡᠷᠢᠬᠤ ᠰᠠᠭᠤᠷᠢᠨ ᠭᠠᠵᠠᠷ ᠢ | ᠪᠠᠶᠢᠭᠤᠯᠤᠨ᠎ᠠ︔ ᠲᠡᠵᠢᠭᠡᠯ ᠪᠣᠷᠳᠤᠭ᠎ᠠ ᠳᠤ ᠲᠤᠰᠬᠠᠶ ᠬᠡᠷᠡᠭᠯᠡᠬᠦ ᠡᠷᠳᠡᠨᠢ ᠰᠢᠰᠢ ᠲᠠᠷᠢᠬᠤ ᠶᠢ ᠰᠠᠶᠢᠲᠤᠷ ᠠᠳᠬᠤᠵᠦ᠂ | ᠡᠷᠳᠡᠨᠢ ᠰᠢᠰᠢ ᠶᠢ ᠪᠦᠬᠦᠯᠢ ᠪᠣᠳᠠ ᠪᠠᠷ ᠨᠢ ᠳᠠᠷᠤᠰᠢᠭᠤᠯᠬᠤ ᠮᠡᠷᠭᠡᠵᠢᠯ ᠢ ᠳᠡᠯᠭᠡᠷᠡᠭᠦᠯᠦᠨ᠎ᠡ︔ ᠡᠷᠳᠡᠨᠢ ᠰᠢᠰᠢ ᠶᠢᠨ | ᠡᠰᠢ ᠰᠦᠷᠡᠯ ᠢ ᠰᠢᠷ᠎ᠠ ᠪᠠᠷ ᠨᠢ ᠳᠠᠷᠤᠰᠢᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ︔ ᠡᠷᠳᠡᠨᠢ ᠰᠢᠰᠢ᠂ ᠨᠡᠷᠡᠨ | ᠬᠤᠸᠠᠷ᠂ ᠰᠢᠷ᠎ᠠ ᠪᠤᠷᠴᠠᠭ ᠵᠡᠷᠭᠡ ᠲᠠᠷᠢᠮᠠᠯ ᠤᠨ ᠡᠰᠢ ᠰᠦᠷᠡᠯ ᠵᠡᠷᠭᠡ ᠶᠢ ᠬᠡᠮᠬᠡᠯᠡᠬᠦ ᠠᠷᠭ᠎ᠠ ᠮᠠᠶ᠋ᠢᠭ ᠢᠶᠠᠷ ᠲᠡᠵᠢᠭᠡᠯ | ᠡᠪᠡᠰᠦ ᠪᠣᠷᠳᠤᠭ᠎ᠠ ᠡᠳ᠋ᠰᠢᠭᠦᠯᠵᠦ᠂ ᠡᠪᠡᠰᠦ ᠪᠣᠷᠳᠤᠭ᠎ᠠ ᠶᠢ ᠬᠡᠮᠬᠡᠯᠡᠨ ᠨᠢᠴᠠᠯᠬᠤ ᠶᠢ ᠳᠡᠯᠭᠡᠷᠡᠭᠦᠯᠵᠦ᠂ ᠬᠡᠪᠡᠯᠢ ᠪᠠᠷ | ᠳᠠᠮᠵᠢᠭᠤᠯᠤᠨ ᠦᠷᠳᠡᠭ ᠢ ᠨᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠳᠠᠷᠤᠰᠢᠭᠤᠯᠬᠤ ᠵᠣᠭᠤᠷᠢ᠂ ᠡᠪᠡᠰᠦ ᠪᠣᠷᠳᠤᠭ᠎ᠠ | ᠬᠠᠳᠠᠭᠠᠯᠠᠬᠤ ᠬᠥᠮᠥᠷᠭᠡ ᠪᠠᠷᠢᠨ᠎ᠠ᠃ ᠡᠭᠦᠨ ᠤ ᠬᠠᠮᠲᠤ᠂ ᠲᠡᠵᠢᠭᠡᠵᠦ ᠦᠷᠡᠵᠢᠭᠦᠯᠬᠦ ᠠᠵᠤ ᠠᠬᠤᠶᠢᠯᠠᠯ ᠬᠢᠭᠡᠳ ᠡᠪᠡᠰᠦ | ᠪᠣᠷᠳᠤᠭ᠎ᠠ ᠳᠠᠷᠢᠬᠤ ᠶᠠᠳᠠᠭᠤ ᠬᠦᠴᠢᠷᠳᠡᠯᠲᠡᠶ ᠡᠷᠦᠬᠡ ᠯᠦᠭᠡ ᠶᠢᠨ ᠬᠠᠩᠭᠠᠯᠭ᠎ᠠ ᠬᠡᠷᠡᠭᠴᠡᠭᠡ ᠶᠢ ᠤᠶᠠᠯᠳᠤᠭᠤᠯᠤᠭᠰᠠᠨ | ᠠᠰᠢᠭ ᠲᠤᠰᠠ ᠶᠢᠨ ᠨᠢᠭᠲᠠ ᠬᠠᠷᠢᠴᠠᠭ᠎ᠠ ᠬᠤᠯᠪᠣᠭ᠎ᠠ ᠶᠢ ᠪᠠᠶᠢᠭᠤᠯᠤᠨ᠎ᠠ᠃ ᠡᠪᠡᠰᠦ ᠪᠣᠷᠳᠤᠭ᠎ᠠ ᠪᠠᠨ ᠰᠢᠨᠵᠢᠯᠡᠬᠦ | ᠤᠬᠠᠭᠠᠨᠴᠢ ᠪᠠᠷ ᠲᠡᠵᠢᠭᠡᠬᠦ ᠶᠢ ᠴᠢᠬᠤᠯᠠᠴᠢᠯᠠᠨ᠎ᠠ᠃ ᠣᠳᠣᠬᠠᠨ ᠳᠤ ᠬᠥᠬᠡ ᠡᠪᠡᠰᠦ ᠬᠢᠭᠡᠳ ᠡᠷᠳᠡᠨᠢ ᠰᠢᠰᠢ ᠶᠢᠨ | ᠦᠨ᠎ᠡ ᠬᠠᠩᠰᠢ ᠨᠢ ᠨᠡᠯᠢᠶᠡᠳ ᠣᠶᠢᠷᠠᠯᠴᠠᠭ᠎ᠠ ᠪᠠᠶᠢᠵᠤ᠂ ᠡᠷᠳᠡᠨᠢ ᠰᠢᠰᠢ ᠶᠢᠨ ᠰᠢᠮ᠎ᠡ ᠲᠡᠵᠢᠭᠡᠯ ᠤᠨ ᠥᠷᠲᠡᠭ ᠨᠢ | ᠬᠠᠭᠤᠷᠠᠶ ᠡᠪᠡᠰᠦ ᠶᠢᠨ ᠬᠢ ᠠᠴᠠ 4—5 ᠲᠠᠬᠢᠨ ᠪᠠᠶᠢᠳᠠᠭ ᠪᠣᠯᠬᠤᠷ᠂ ᠭᠠᠮᠰᠢᠭᠳᠠᠭᠰᠠᠨ ᠤᠷᠤᠨ ᠳᠤ ᠡᠪᠡᠰᠦ | ᠪᠣᠷᠳᠤᠭ᠎ᠠ ᠨᠦᠬᠦᠪᠦᠷᠢᠯᠡᠬᠦ ᠳᠤ᠂ ᠡᠪᠡᠰᠦ ᠵᠥᠭᠡᠭᠡᠪᠦᠷᠢᠯᠡᠬᠦ ᠶᠢᠨ ᠤᠷᠤᠨ ᠳᠤ ᠡᠷᠳᠡᠨᠢ ᠰᠢᠰᠢ ᠣᠷᠤᠭᠤᠯᠬᠤ ᠨᠢ ᠬᠠᠷᠢᠨ | ᠨᠡᠩ ᠶᠡᠭᠡ ᠠᠵᠤ ᠠᠬᠤᠶ ᠶᠢᠨ ᠦᠷ᠎ᠡ ᠠᠰᠢᠭ ᠲᠠᠢ ᠪᠠᠶᠢᠨ᠎ᠠ᠃ | | ᠬᠥᠲᠥᠯᠥᠭᠴᠢ᠄ | ᠵᠣᠣ ᠳᠠᠷᠤᠭ᠎ᠠ ᠡ᠂ ᠮᠠᠨ ᠤ ᠣᠷᠣᠨ ᠳᠤ ᠢᠳᠡᠰᠢᠨ ᠨᠣᠭᠤᠭᠠᠨ ᠤ ᠠᠵᠤ ᠦᠢᠯᠡᠰ ᠢ ᠬᠡᠷᠬᠢᠨ ᠬᠥᠭᠵᠢᠭᠦᠯᠵᠦ | ᠪᠠᠶᠢᠬᠤ ᠲᠤᠬᠠᠶ ᠲᠠᠨᠢᠯᠴᠠᠭᠤᠯᠤᠭᠠᠳ ᠥᠭᠭᠦᠨ᠎ᠡ ᠦᠦ︖ | | ᠵᠤᠤ ᠶᠦᠩ ᠬᠤᠸᠠ᠄ | ᠮᠠᠨ ᠤ ᠣᠷᠣᠨ ᠤ ᠨᠡᠷᠡᠨ ᠤ ᠲᠤᠰᠤᠯᠲᠠ ᠭᠦᠢᠴᠡᠳ᠂ ᠠᠭᠤᠷ ᠠᠮᠢᠰᠬᠤᠯ ᠬᠦᠢᠲᠡᠨ ᠰᠡᠷᠢᠭᠦᠨ ᠪᠠᠶᠢᠵᠤ᠂ | ᠢᠳᠡᠰᠢᠨ ᠨᠣᠭᠤᠭᠠᠨ ᠤ ᠠᠵᠤ ᠦᠢᠯᠡᠰ ᠢ ᠬᠥᠭᠵᠢᠭᠦᠯᠬᠦ ᠥᠪᠡᠷᠮᠢᠴᠡ ᠳᠠᠪᠠᠭᠤᠯᠢᠭ ᠲᠠᠯ᠎ᠠ ᠲᠠᠢ ᠶᠤᠮ᠃ 7᠂ 8᠂ | 9 ᠳ᠋ᠦ᠋ᠭᠡᠷ ᠰᠠᠷ᠎ᠠ ᠳᠤ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠭᠠᠷᠴᠤ᠂ | ᠶᠠᠭ ᠡᠮᠦᠨᠡᠲᠦ ᠣᠷᠣᠨ ᠤ ᠢᠳᠡᠰᠢᠨ ᠨᠣᠭᠤᠭ᠎ᠠ ᠶᠢᠨ ᠴᠤᠬᠠᠭ ᠤᠯᠠᠷᠢᠯ ᠪᠤᠯᠬᠤᠷ᠂ ᠪᠦᠬᠦ ᠤᠯᠤᠰ ᠤᠨ ᠵᠤᠨ | ᠨᠠᠮᠤᠷ ᠤᠨ ᠢᠳᠡᠰᠢᠨ ᠨᠣᠭᠤᠭᠠᠨ ᠤ ᠰᠠᠭᠤᠷᠢᠨ ᠭᠠᠵᠠᠷ ᠪᠠᠶᠢᠭᠤᠯᠵᠤ ᠪᠣᠯᠤᠨ᠎ᠠ᠃ 2016 ᠣᠨ ᠤ ᠵᠢᠯ ᠤᠨ ᠡᠴᠦᠰ | ᠪᠣᠯᠲᠠᠯ᠎ᠠ᠂ ᠮᠠᠨ ᠤ ᠣᠷᠣᠨ 231 ᠲᠦᠮᠡᠨ ᠮᠦ ᠲᠦᠬᠦᠭᠡᠷᠦᠮᠵᠢᠲᠦ ᠲᠠᠷᠢᠶᠠᠯᠠᠩ ᠪᠠᠶᠢᠭᠤᠯᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠪᠤᠷᠳᠤᠭᠤᠷ ᠣᠷᠣᠭᠤᠯᠬᠤ ᠵᠡᠷᠭᠡ ᠢᠵᠢ ᠪᠦᠷᠢᠳᠦᠭᠰᠡᠨ | ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠡᠪᠦᠯ ᠤᠨ ᠤᠯᠠᠷᠢᠯ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ | ᠤᠨᠠᠯᠲᠠ ᠪᠠ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠨᠡᠶᠢᠲᠡ ᠶᠢᠨ ᠬᠦᠨᠦᠭᠡᠯ ᠦᠭᠡᠢ ᠪᠣᠬᠢᠷᠲᠤᠯ ᠦᠬᠡᠢ | ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ | ᠪᠣᠯᠭᠠᠨ᠂ ᠵᠠᠬ᠎ᠠ ᠳᠡᠯᠭᠡᠭᠦᠷ ᠲᠤ ᠵᠣᠬᠢᠴᠠᠭᠤᠯᠬᠤ᠂ ᠣᠨᠴᠠᠯᠢᠭ ᠲᠠᠢ ᠬᠥᠭᠵᠢᠭᠦᠯᠬᠦ ᠵᠠᠷᠴᠢᠮ ᠢᠶᠠᠷ᠂ ᠶᠠᠳᠠᠭᠤ | ᠬᠦᠴᠢᠷᠳᠡᠯᠲᠡᠶ ᠡᠷᠦᠬᠡ ᠶᠢᠨ ᠢᠳᠡᠰᠢᠨ ᠨᠣᠭᠤᠭ᠎ᠠ ᠲᠠᠷᠢᠬᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠭᠠᠳᠠᠭᠰᠢ ᠢᠳᠡᠰᠢᠨ ᠨᠣᠭᠤᠭ᠎ᠠ ᠪᠣᠷᠣᠯᠠᠭᠤᠯᠬᠤ ᠳᠠᠭᠠᠨ ᠲᠦᠷᠦᠯ ᠪᠠᠷᠢᠮᠵᠢᠶ᠎ᠠ ᠶᠢ ᠨᠢᠭᠡᠳᠦᠭᠦᠯᠵᠦ᠂ ᠨᠡᠷᠡᠳᠤ | ᠪᠦᠲᠦᠭᠡᠭᠳᠡᠬᠦᠨ ᠤ ᠤᠬᠠᠮᠰᠠᠷ ᠢ ᠪᠤᠢ ᠪᠣᠯᠭᠠᠵᠤ᠂ ᠣᠷᠣᠨ ᠪᠦᠰᠡᠵᠢᠭᠦᠯᠦᠨ ᠪᠠᠶᠢᠷᠢᠰᠢᠭᠤᠯᠬᠤ᠂ ᠬᠡᠪᠴᠢᠶᠡᠵᠢᠭᠦᠯᠦᠨ | ᠦᠢᠯᠡᠳᠪᠦᠷᠢᠯᠡᠬᠦ ᠶᠢ ᠬᠡᠷᠡᠭᠵᠢᠭᠦᠯᠵᠦ᠂ ᠬᠤᠳᠠᠯᠳᠤᠨ ᠠᠪᠤᠭᠴᠢ ᠬᠤᠳᠠᠯᠳᠤᠭᠠᠴᠢᠨ ᠳᠤ ᠳᠥᠭᠦᠮ ᠦᠵᠡᠭᠦᠯᠪᠡ᠃ | ᠡᠭᠦᠨ ᠤ ᠬᠠᠮᠲᠤ᠂ ᠬᠥᠢᠳᠡᠨ ᠢᠶᠠᠷ ᠭᠡᠯᠬᠢᠶᠡᠵᠢᠬᠦᠯᠬᠦ ᠪᠠᠶᠢᠭᠤᠯᠤᠯᠲᠠ ᠶᠢ ᠴᠢᠩᠭᠠᠳᠬᠠᠵᠤ᠂ ᠬᠤᠷᠣᠭᠳᠠᠯ ᠢ ᠪᠠᠭᠠᠰᠬᠠᠵᠤ᠂ | ᠶᠠᠰᠤ ᠴᠢᠨᠠᠷ ᠢ ᠪᠠᠲᠤᠯᠠᠪᠠ᠃ ᠮᠠᠨ ᠤ ᠣᠷᠣᠨ ᠳᠤ ᠪᠦᠭᠦ ᠤᠯᠤᠰ ᠲᠠᠢ ᠠᠳᠠᠯᠢ ᠪᠠᠷ ᠢᠳᠡᠰᠢᠨ ᠨᠣᠭᠤᠭ᠎ᠠ ᠪᠠ | ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠵᠠᠬ᠎ᠠ ᠶᠢᠨ ᠦᠨ᠎ᠡ ᠨᠢ ᠳᠣᠣᠷ᠎ᠠ᠂ ᠵᠠᠬ᠎ᠠ ᠳᠡᠯᠭᠡᠭᠦᠷ ᠤᠨ ᠦᠨ᠎ᠡ ᠨᠢ | ᠥᠨᠳᠥᠷ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠤ ᠦᠨᠳᠦᠰᠦᠨ ᠰᠢᠯᠲᠠᠭᠠᠨ ᠨᠢ ᠭᠡᠪᠡᠯ | ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠬᠤ ᠳᠡᠯᠭᠡᠭᠦᠷ ᠤᠨ ᠦᠨ᠎ᠡ ᠨᠢ ᠳᠡᠩᠳᠡᠭᠦᠦ ᠥᠨᠳᠥᠷ ᠪᠠᠶᠢᠨ᠎ᠠ᠃ | ᠨᠡᠶᠢᠭᠡᠮ ᠲᠣᠭᠤᠷᠢᠭ ᠤᠨ ᠳᠡᠯᠭᠡᠭᠦᠷ ᠪᠠᠶᠢᠭᠤᠯᠪᠠᠯ ᠲᠠᠷᠢᠶᠠᠨ ᠵᠠᠬ᠎ᠠ ᠶᠢᠨ ᠦᠨ᠎ᠡ ᠶᠢ ᠳᠡᠭᠡᠭᠰᠢᠯᠡᠭᠦᠯᠵᠦ᠂ ᠵᠠᠬ᠎ᠠ | ᠳᠡᠯᠭᠡᠭᠦᠷ ᠤᠨ ᠦᠨ᠎ᠡ ᠶᠢ ᠪᠠᠭᠤᠷᠠᠭᠤᠯᠵᠤ ᠪᠣᠯᠣᠨ᠎ᠠ᠂ ᠡᠨᠡ ᠪᠣᠯ ᠣᠳᠣᠬᠠᠨ ᠤ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠡᠵᠡᠩᠨᠡᠯᠲᠡ ᠶᠢᠨ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠦᠨᠳᠦᠰᠦᠨ ᠠᠷᠭ᠎ᠠ ᠬᠡᠮᠵᠢᠶ᠎ᠡ ᠮᠥᠨ᠃ | ᠢᠳᠡᠰᠢᠨ ᠨᠣᠭᠤᠭᠠᠨ ᠤ ᠠᠵᠤ ᠦᠢᠯᠡᠰ ᠢ ᠬᠦᠭᠵᠢᠭᠦᠯᠬᠦ ᠳᠤ ᠶᠠᠳᠠᠭᠤ ᠬᠦᠴᠢᠷᠳᠡᠯᠲᠡᠶ ᠡᠷᠦᠬᠡ ᠤᠷᠢᠳᠠᠪᠠᠷ ᠠᠵᠢᠯ | ᠣᠯᠵᠤ᠂ ᠤᠷᠢᠳᠠᠪᠠᠷ ᠬᠥᠭᠵᠢᠵᠦ ᠪᠣᠯᠣᠨ᠎ᠠ᠃ | | ᠬᠥᠲᠥᠯᠥᠭᠴᠢ᠄ | ᠲᠥᠮᠥᠰᠥ ᠶᠢᠨ ᠦᠢᠯᠡᠰ ᠢ ᠬᠡᠷᠬᠢᠨ ᠬᠥᠭᠵᠢᠭᠦᠯᠬᠦ ᠲᠤᠬᠠᠶ ᠲᠠᠨᠢᠯᠴᠠᠭᠤᠯᠤᠭᠠᠳ ᠥᠭᠭᠦᠨ᠎ᠡ ᠦᠦ︖ | | ᠵᠤᠤ ᠶᠦᠩ ᠬᠤᠸᠠ᠄ | ᠮᠠᠨ ᠤ ᠣᠷᠣᠨ ᠪᠣᠯ ᠲᠥᠮᠥᠰᠥ ᠶᠢᠨ ᠲᠤᠮᠤ ᠣᠷᠣᠨ ᠮᠥᠨ᠂ ᠵᠢᠯ ᠪᠦᠷᠢ 1000 ᠲᠦᠮᠡᠨ ᠮᠦ ᠣᠷᠴᠢᠮ | ᠲᠠᠷᠢᠵᠤ᠂ ᠵᠠᠬ᠎ᠠ ᠳᠡᠯᠭᠡᠭᠦᠷ ᠤᠨ ᠠᠯᠳᠠᠷᠰᠢᠯ ᠨᠢ ᠴᠤ ᠥᠨᠳᠥᠷ ᠪᠠᠶᠢᠨ᠎ᠠ᠃ ᠲᠥᠮᠥᠰᠥ ᠶᠢᠨ ᠭᠠᠷᠤᠯᠲᠠ ᠶᠢᠨ | ᠣᠨᠣᠯ ᠢᠶᠠᠷ ᠪᠣᠯ ᠮᠦ ᠪᠦᠷᠢ ᠠᠴᠠ 8 ᠲᠣᠨ ᠬᠤᠷᠢᠶᠠᠨ᠎ᠠ᠂ ᠮᠠᠨ ᠤ ᠣᠷᠣᠨ ᠳᠤᠮᠳᠠᠴᠢ ᠪᠠᠷ ᠮᠦ ᠪᠦᠷᠢ ᠠᠴᠠ 1 | ᠲᠣᠨ ᠬᠤᠷᠢᠶᠠᠵᠤ ᠪᠠᠶᠢᠨ᠎ᠠ᠂ ᠭᠡᠪᠡᠴᠦ ᠮᠠᠨ ᠤ ᠣᠷᠣᠨ ᠳᠤ ᠮᠦ ᠪᠦᠷᠢ ᠠᠴᠠ 3—4 ᠲᠣᠨ ᠬᠤᠷᠢᠶᠠᠵᠤ ᠪᠠᠶᠢᠬᠤ | ᠭᠠᠵᠠᠷ ᠮᠠᠰᠢ ᠤᠯᠠᠨ ᠪᠠᠶᠢᠨ᠎ᠠ᠂ ᠣᠨᠴᠠ ᠵᠠᠷᠢᠮ ᠭᠠᠵᠠᠷ ᠮᠦ ᠪᠦᠷᠢ ᠠᠴᠠ ᠲᠦᠮᠡ ᠭᠠᠷᠤᠶ ᠵᠢᠩ ᠬᠤᠷᠢᠶᠠᠵᠤ᠂ | ᠭᠠᠷᠤᠯᠲᠠ ᠪᠠᠨ ᠨᠡᠮᠡᠭᠳᠡᠭᠦᠯᠬᠦ ᠣᠷᠣᠨ ᠵᠠᠶ ᠮᠠᠰᠢ ᠶᠡᠭᠡ ᠪᠠᠶᠢᠳᠠᠭ᠃ ︽ᠬᠤᠶᠠᠷ ᠢ ᠨᠡᠮᠡᠭᠳᠡᠭᠦᠯᠵᠦ᠂ ᠲᠠᠪᠤ ᠶᠢ | ᠳᠡᠯᠭᠡᠷᠡᠭᠦᠯᠬᠦ︾ ᠮᠡᠷᠭᠡᠵᠢᠯ ᠲᠤᠬᠠᠶᠢᠯᠠᠪᠠᠯ᠂ ᠨᠢᠭᠲᠠᠴᠠ ᠶᠢ ᠨᠡᠮᠡᠭᠳᠡᠭᠦᠯᠵᠦ ᠣᠷᠭᠠᠨᠢᠭ ᠪᠤᠷᠳᠤᠭᠤᠷ ᠨᠡᠮᠡᠵᠦ | ᠣᠷᠣᠭᠤᠯᠬᠤ ᠶᠢ ᠨᠡᠮᠡᠭᠳᠡᠭᠦᠯᠦᠨ᠂ ᠲᠥᠮᠥᠰᠥᠨ ᠤ ᠦᠷ᠎ᠡ ᠶᠢ ᠬᠤᠣᠷ ᠦᠭᠡᠶᠢᠳᠡᠭᠦᠯᠦᠨ ᠲᠠᠷᠢᠬᠤ᠂ ᠪᠡᠯᠡᠳᠬᠡᠮᠵᠢ ᠪᠠᠷ | ᠲᠠᠷᠢᠵᠤ ᠪᠤᠶᠢᠵᠢᠭᠤᠯᠬᠤ᠂ ᠪᠦᠷᠬᠦᠭᠦᠯ ᠬᠤᠴᠢᠬᠤ᠂ ᠮᠠᠰᠢᠨᠴᠢᠯᠠᠯᠲᠠ ᠪᠠᠷ ᠠᠵᠢᠯᠯᠠᠬᠤ᠂ ᠲᠤᠰᠬᠠᠶ ᠪᠤᠷᠳᠤᠭᠤᠷ | ᠬᠡᠷᠡᠭᠯᠡᠬᠦ ᠮᠡᠷᠭᠡᠵᠢᠯ ᠢᠶᠠᠷ ᠭᠤᠣᠯᠯᠠᠭᠤᠯᠤᠭᠰᠠᠨ ᠬᠤᠷᠠᠮᠠᠯ ᠮᠡᠷᠭᠡᠵᠢᠯ ᠢ ᠳᠡᠯᠭᠡᠷᠡᠭᠦᠯᠦᠨ᠎ᠡ︔ ᠲᠥᠮᠥᠰᠥᠨ ᠤ ᠦᠷ᠎ᠡ ᠶᠢ | ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠶᠠᠳᠠᠭᠤ | ᠬᠦᠴᠢᠷᠳᠡᠯ ᠲᠠᠢ ᠲᠣᠰᠬᠤᠨ ᠶᠠᠳᠠᠭᠤ ᠬᠦᠴᠢᠷᠳᠡᠯᠲᠡᠶ ᠡᠷᠦᠬᠡ ᠳᠤ ᠨᠥᠬᠦᠪᠥᠷᠢ ᠥᠭᠬᠦ ᠵᠡᠷᠭᠡ ᠠᠷᠭ᠎ᠠ ᠬᠡᠮᠵᠢᠶ᠎ᠡ | ᠠᠪᠬᠤ ᠪᠠᠷ ᠳᠠᠮᠵᠢᠭᠤᠯᠤᠨ ᠲᠥᠮᠥᠰᠥᠨ ᠤ ᠦᠷ᠎ᠡ ᠶᠢ ᠬᠤᠣᠷ ᠦᠭᠡᠶᠢᠳᠡᠭᠦᠯᠦᠨ ᠲᠠᠷᠢᠬᠤ ᠶᠢ ᠶᠡᠬᠡᠪᠡᠷ ᠳᠡᠯᠭᠡᠷᠡᠭᠦᠯᠵᠦ᠂ | ᠲᠥᠮᠥᠰᠥᠨ ᠤ ᠭᠠᠷᠤᠯᠲᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠲᠥᠮᠥᠰᠥᠨ ᠤ ᠦᠷ᠎ᠡ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠡ᠃ ︽ᠺᠣᠮᠫᠠᠨᠢ + ᠰᠠᠭᠤᠷᠢᠨ ᠭᠠᠵᠠᠷ + ᠶᠠᠳᠠᠭᠤ | ᠬᠦᠴᠢᠷᠳᠡᠯᠲᠡᠶ ᠲᠠᠷᠢᠶᠠᠴᠢᠨ ᠡᠷᠦᠬᠡ ︾ ᠶᠢᠨ ᠵᠠᠭᠪᠤᠷ ᠢ ᠳᠡᠯᠭᠡᠷᠡᠭᠦᠯᠵᠦ᠂ ᠳᠣᠲᠣᠭᠠᠳᠣ ᠳᠠᠭᠠᠨ ᠶᠠᠰᠤ ᠴᠢᠨᠠᠷ ᠢ | ᠠᠳᠬᠤᠵᠦ᠂ ᠭᠠᠳᠠᠭᠰᠢ ᠪᠠᠨ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠲᠥᠮᠥᠰᠥ ᠲᠠᠷᠢᠬᠤ ᠶᠢ ᠥᠷᠭᠡᠳᠬᠡᠨ | ᠦᠢᠯᠡᠳᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠵᠦ᠂ ᠥᠪᠥᠷ ᠮᠣᠩᠭᠤᠯ ᠢᠶᠠᠨ ᠪᠦᠬᠦ ᠤᠯᠤᠰ ᠤᠨ ᠲᠥᠮᠥᠰᠥ ᠲᠠᠷᠢᠬᠤ | ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠥᠷ᠎ᠡ ᠶᠢᠨ ᠲᠥᠷᠥᠯ ᠳᠤ ᠳ᠋ᠠ ᠰᠢ ᠶᠠᠩ᠂ | ᠰᠢᠶᠠ ᠫᠦᠸᠧ ᠳ᠋ᠢ᠂ ᠹᠧᠢ ᠡᠦ ᠷᠦᠢ ᠲᠧ ᠵᠡᠷᠭᠡ ᠣᠨᠴᠠ ᠳᠡᠰ ᠤᠨ ᠰᠢᠯᠢᠳᠡᠭ ᠥᠷ᠎ᠡ ᠶᠢ ᠰᠣᠩᠭᠤᠵᠤ ᠬᠡᠷᠡᠭᠯᠡᠨ᠎ᠡ᠃ | ᠲᠥᠮᠥᠰᠥ ᠶᠢ ᠳᠤᠰᠤᠯᠭᠠᠨ ᠤᠰᠤᠯᠠᠬᠤ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠳᠤᠰᠤᠯᠭᠠᠨ ᠤᠰᠤᠯᠠᠬᠤ | ᠪᠡᠯᠡᠳᠬᠡᠮᠵᠢ ᠤᠭᠰᠠᠷᠠᠭᠰᠠᠨ ᠶᠠᠳᠠᠭᠤ ᠬᠦᠴᠢᠷᠳᠡᠯᠲᠡᠶ ᠡᠷᠥᠭᠡ ᠳᠤ ᠲᠤᠰᠠᠯᠠᠮᠵᠢ ᠦᠵᠡᠭᠦᠯᠵᠦ᠂ ᠨᠡᠩ ᠣᠯᠠᠨ | ᠨᠥᠬᠦᠪᠥᠷᠢ ᠣᠯᠭᠤᠨ᠎ᠠ᠃ | | ᠬᠥᠲᠥᠯᠥᠭᠴᠢ᠄ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ ᠲᠠᠨ ᠳᠤ ᠪᠠᠰᠠ ᠶᠠᠮᠠᠷ ᠨᠥᠬᠦᠪᠦᠷᠢᠯᠡᠵᠦ | ᠲᠣᠳᠣᠷᠬᠠᠶᠢᠯᠠᠬᠤ ᠵᠦᠢᠯ ᠪᠠᠶᠢᠨ᠎ᠠ ᠦᠦ︖ | | ᠵᠤᠤ ᠶᠦᠩ ᠬᠤᠸᠠ᠄ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠪᠠᠰᠠ ᠤᠢ ᠰᠢᠭᠤᠢ ᠪᠠ ᠵᠢᠭᠤᠯᠴᠢᠯᠠᠯ ᠤᠨ ᠦᠢᠯᠡᠰ | ᠪᠠᠭᠲᠠᠨ᠎ᠠ᠃ ᠤᠢ ᠰᠢᠭᠤᠢ ᠶᠢᠨ ᠠᠵᠤ ᠦᠢᠯᠡᠰ ᠤᠨ ᠲᠠᠯ᠎ᠠ ᠪᠠᠷ ᠵᠢᠮᠢᠰ ᠤᠨ ᠮᠣᠳᠣ᠂ ᠡᠮ ᠤᠨ ᠮᠠᠲ᠋ᠧᠷᠢᠶᠠᠯ ᠵᠡᠷᠭᠡ | ᠠᠵᠤ ᠠᠬᠤᠶ ᠶᠢᠨ ᠤᠢ ᠶᠢ ᠢᠳᠡᠪᠬᠢᠲᠡᠶ ᠬᠥᠭᠵᠢᠭᠦᠯᠵᠦ᠂ ᠨᠣᠭᠤᠭᠠᠷᠠᠭᠤᠯᠬᠤ ᠮᠥᠷᠲᠡᠭᠡᠨ ᠪᠠᠰᠠ ᠪᠠᠶᠠᠵᠢᠭᠤᠯᠬᠤ | ᠬᠤᠣᠰ ᠠᠰᠢᠭ ᠤᠯᠬᠤ ᠬᠠᠷᠠᠯᠲᠠ ᠶᠢ ᠪᠡᠶᠡᠯᠡᠭᠦᠯᠦᠨ᠎ᠡ᠃ ᠭᠠᠭᠴᠠ ᠬᠦ ᠪᠠᠶᠠᠵᠢᠪᠠᠯ ᠰᠠᠶ᠋ᠢ ᠬᠥᠮᠦᠰ ᠤᠨ ᠮᠤᠳᠤ | ᠲᠡᠷᠢᠵᠦ ᠣᠶᠢᠵᠢᠭᠤᠯᠬᠤ ᠢᠳᠡᠪᠬᠢᠵᠢᠯ ᠢ ᠳᠠᠶᠢᠴᠢᠯᠠᠵᠤ ᠴᠢᠳᠠᠨ᠎ᠠ᠃ ᠢᠳᠡᠭᠡᠨ ᠤ ᠮᠥᠭᠦ ᠂ ᠡᠮ ᠤᠨ ᠮᠠᠲ᠋ᠧᠷᠢᠶᠠᠯ᠂ | ᠲᠡᠵᠢᠭᠡᠨ ᠦᠷᠡᠵᠢᠭᠦᠯᠬᠦ ᠦᠢᠯᠡᠰ ᠵᠡᠷᠭᠡ ᠤᠢ ᠮᠣᠳᠣᠨ ᠳᠤᠤᠷᠠᠬᠢ ᠠᠵᠤ ᠠᠬᠤᠶ ᠶᠢ ᠪᠤᠶᠢᠵᠢᠭᠤᠯᠬᠤ ᠪᠠ ᠨᠡᠭᠡᠭᠡᠨ | ᠠᠰᠢᠭᠯᠠᠬᠤ ᠶᠢ ᠴᠢᠬᠤᠯᠠᠴᠢᠯᠠᠵᠤ᠂ ᠡᠯᠡᠰᠦᠨ ᠤ ᠠᠵᠤ ᠦᠢᠯᠡᠰ ᠵᠡᠷᠭᠡ ᠤᠨᠴᠠᠯᠢᠭᠳᠤ ᠠᠵᠤ ᠦᠢᠯᠡᠰ ᠢ ᠶᠡᠬᠡᠪᠡᠷ | ᠬᠥᠭᠵᠢᠭᠦᠯᠦᠨ᠎ᠡ᠃ ᠵᠢᠭᠤᠯᠴᠢᠯᠠᠯ ᠤᠨ ᠡᠬᠢ ᠪᠠᠶᠠᠯᠢᠭ ᠲᠠᠢ ᠭᠠᠵᠠᠷ ᠣᠷᠣᠨ ᠳᠤ ᠤᠰᠤ ᠪᠠᠷ ᠴᠡᠪᠡᠷᠯᠡᠬᠦ ᠵᠣᠷᠯᠣᠩ᠂ | ᠲᠡᠷᠭᠡᠨ ᠤ ᠵᠣᠭᠰᠣᠭᠠᠯ᠂ ᠬᠤᠭ ᠨᠣᠪᠰᠢ ᠰᠢᠢᠳᠪᠦᠷᠢᠯᠡᠬᠦ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠦ᠂ | ᠵᠢᠭᠤᠯᠴᠢᠯᠠᠯ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠮᠠᠶ᠋ᠢᠭ ᠤᠨ᠂ ᠵᠢᠭᠤᠯᠴᠢᠯᠠᠯ ᠤᠨ | ᠮᠠᠶ᠋ᠢᠭ ᠤᠨ ᠂ ᠰᠡᠯᠡᠭᠦᠴᠡᠯ ᠤᠨ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ | ᠠᠷᠠᠳ ᠤᠨ ᠤᠯᠠᠮᠵᠢᠯᠠᠯᠲᠤ ᠢᠳᠡᠭᠡᠨ ᠤᠮᠳᠠᠭᠠᠨ᠂ ᠠᠷᠠᠳ ᠤᠨ ᠤᠯᠠᠮᠵᠢᠯᠠᠯᠲᠤ ᠵᠢᠭᠤᠯᠴᠢᠯᠠᠯ᠂ ᠠᠷᠠᠳ ᠤᠨ | ᠤᠯᠠᠮᠵᠢᠯᠠᠯᠲᠤ ᠤᠯᠠᠮᠵᠢᠯᠠᠯᠲᠤ ᠭᠠᠷ ᠤᠷᠠᠯᠠᠯ ᠵᠡᠷᠭᠡ ᠤᠨᠴᠠᠯᠢᠭᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ | ᠲᠤᠰ ᠭᠠᠵᠠᠷ ᠤᠨ ᠲᠡᠦᠬᠡ ᠰᠣᠶᠣᠯ ᠢ ᠠᠭᠤᠳᠠᠯᠬᠤ ᠶᠢ ᠴᠢᠬᠤᠯᠠᠴᠢᠯᠠᠵᠤ᠂ ᠵᠢᠭᠤᠯᠴᠢᠯᠠᠯ ᠤᠨ ᠦᠵᠡᠮᠵᠢ ᠶᠢᠨ | ᠣᠷᠣᠨ ᠤ ᠰᠣᠶᠣᠯ ᠤᠨ ᠠᠭᠤᠷ ᠠᠮᠢᠰᠬᠤᠯ ᠢ ᠳᠡᠭᠡᠭᠰᠢᠯᠡᠭᠦᠯᠦᠨ᠎ᠡ᠃ ᠤᠢ ᠰᠢᠭᠤᠢ᠂ ᠵᠢᠭᠤᠯᠴᠢᠯᠠᠯ ᠤᠨ ᠦᠢᠯᠡᠰ ᠢ | ᠬᠥᠭᠵᠢᠭᠦᠯᠬᠦ ᠪᠠᠷ ᠳᠠᠮᠵᠢᠭᠤᠯᠤᠨ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠤᠷᠢᠳᠠᠪᠠᠷ ᠠᠵᠢᠯ ᠣᠯᠭᠤᠬᠤ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠤᠷᠢᠳᠠᠪᠠᠷ ᠬᠤᠳᠠᠯᠳᠤᠨ ᠠᠪᠬᠤ | ᠵᠡᠷᠭᠡ ᠠᠷᠭ᠎ᠠ ᠬᠡᠯᠪᠡᠷᠢ ᠪᠠᠷ᠂ ᠶᠠᠳᠠᠭᠤ ᠬᠦᠴᠢᠷᠳᠡᠯ ᠲᠠᠢ ᠡᠷᠤᠬᠡ ᠶᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ | ᠪᠠᠶᠠᠵᠢᠭᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠢ ᠨᠢᠭᠡ ᠵᠦᠢᠯ ᠤᠨ ᠠᠵᠣ ᠠᠬᠤᠶ ᠶᠢᠨ ᠠᠵᠢᠯᠯᠠᠭ᠎ᠠ | ᠪᠣᠯᠣᠭᠰᠠᠨ ᠤ ᠬᠤᠪᠢ ᠳᠤ᠂ ᠠᠰᠢᠭ ᠲᠤᠰᠠ ᠶᠢ ᠬᠤᠯᠪᠣᠬᠤ ᠪᠣᠯ ᠭᠤᠣᠯ ᠪᠣᠯᠤᠨ᠎ᠠ᠃ ᠠᠰᠢᠭ ᠲᠤᠰᠠ ᠶᠢ ᠬᠤᠯᠪᠣᠬᠤ | ᠰᠠᠶᠢᠨ ᠰᠠᠶᠢᠬᠠᠨ ᠲᠣᠭᠲᠠᠴᠠ ᠶᠢ ᠪᠠᠶᠢᠭᠤᠯᠬᠤ ᠶᠢᠨ ᠭᠤᠣᠯᠳᠠᠯᠭ᠎ᠠ ᠪᠣᠯ ᠶᠠᠳᠠᠭᠤ ᠬᠦᠴᠢᠷᠳᠡᠯᠲᠡᠶ ᠡᠷᠦᠬᠡ ᠳᠤ | ᠨᠠᠷᠢᠯᠢᠭ ᠤᠨᠤᠪᠴᠢᠲᠠᠢ ᠪᠠᠷ ᠠᠰᠢᠭ ᠬᠦᠷᠲᠡᠭᠡᠬᠦ ᠪᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ | ᠵᠠᠶᠢᠯᠠᠰᠢ ᠦᠭᠡᠢ ᠨᠥᠬᠦᠴᠡᠯ ᠪᠣᠯᠭᠠᠵᠤ᠂ ᠶᠠᠳᠠᠭᠤ ᠬᠦᠴᠢᠷᠳᠡᠯ ᠲᠠᠢ ᠡᠷᠤᠭᠡ ᠶᠢ ᠰᠢᠨ᠎ᠡ ᠮᠠᠶ᠋ᠢᠭ ᠤᠨ ᠡᠵᠡᠩᠨᠡᠯᠲᠡ ᠶᠢᠨ | ᠪᠡᠶᠡᠴᠢ ᠴᠣᠭᠴᠠ ᠶᠢᠨ ᠤᠳᠤᠷᠢᠳᠤᠮᠵᠢ ᠪᠣᠯᠣᠭᠰᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ᠂ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠡ ᠪᠦᠲᠦᠮᠵᠢ ᠪᠣᠯᠤᠨ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠤᠨ ᠲᠡᠰ ᠢ ᠳᠡᠪᠰᠢᠭᠦᠯᠬᠦ ᠶᠢ | ᠠᠬᠢᠭᠤᠯᠬᠤ ᠶᠠᠪᠤᠳᠠᠯ ᠪᠣᠯᠣᠨ᠎ᠠ᠃ | | ᠬᠥᠲᠥᠯᠥᠭᠴᠢ᠄ | ᠵᠠ᠂ ᠰᠠᠶᠢᠨ ᠪᠣᠯᠣᠯ᠎ᠠ᠂ ᠵᠣᠣ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ | ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ | ᠪᠠᠶᠠᠷᠲᠠᠶ ᠵᠣᠯᠭᠠᠶ᠎ᠠ᠃ | | | | | | | | | | | | | | | | | | |