ᠰᠠᠭᠠᠯᠢ ᠶᠢᠨ ᠦᠨᠢᠶᠡᠨ ᠤ ᠬᠢᠮᠤᠷᠠᠭ᠎ᠠ ᠲᠠᠭᠰᠢᠭᠤᠷ ᠢ ᠵᠠᠰᠠᠬᠤ
ᠨᠡᠶᠢᠲᠡᠯᠡᠭᠰᠡᠨ ᠴᠠᠭ᠄
2019/4/16
     ᠡᠷᠲᠡ ᠮᠡᠳᠡᠵᠦ᠂ ᠡᠪᠡᠳᠴᠢᠨ ᠤ ᠪᠠᠶᠢᠳᠠᠯ ᠨᠢ ᠬᠥᠩᠭᠡᠨ᠂ ᠪᠡᠶ᠎ᠡ ᠶᠢᠨ ᠪᠠᠶᠢᠳᠠᠯ ᠨᠢ ᠨᠡᠯᠢᠶᠡᠳ ᠰᠠᠶᠢᠨ ᠰᠠᠭᠠᠯᠢ ᠶᠢᠨ ᠦᠨᠢᠶᠡᠨ ᠳᠤ᠂ 30% ᠶᠢᠨ ᠠᠨ ᠨᠠᠢ ᠶᠢᠨ ︵安乃近︶ ᠪᠤᠶᠤ ᠠᠨ ᠲᠥᠩ ᠳ᠋ᠢᠩ ︵定痛安) ᠢ 20 — 40 ᠮᠢᠯᠢᠯᠢᠲ᠋ᠧᠷ ᠪᠤᠯᠴᠢᠩ ᠳᠤ ᠲᠠᠷᠢᠨ᠎ᠠ᠂ ᠡᠳᠦᠷ ᠪᠦᠷᠢ 2 — 3 ᠤᠳᠠᠭ᠎ᠠ ᠲᠠᠷᠢᠵᠦ᠂ ᠦᠷᠭᠦᠯᠵᠢᠯᠡᠨ ᠬᠤᠶᠠᠷ ᠡᠳᠦᠷ ᠬᠡᠷᠡᠭᠯᠡᠪᠡᠯ ᠪᠥᠷᠢᠮᠦᠰᠦᠨ ᠡᠳᠡᠭᠡᠷᠡᠨ᠎ᠡ᠃ ᠵᠠᠯᠭᠠᠪᠠᠷ ᠬᠠᠯᠳᠠᠪᠤᠷᠢᠯᠠᠯ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠤᠳᠠᠭ᠎ᠠ ᠪᠦᠷᠢ ᠲᠠᠷᠢᠯᠭ᠎ᠠ ᠲᠠᠷᠢᠬᠤ ᠳᠠᠭᠠᠨ ᠴᠢᠩ ᠮᠸᠢ ᠰᠤ᠋ ︵青霉素︶  ᠶᠢ 400 ᠲᠦᠮᠡ— 600 ᠲᠦᠮᠡᠨ ᠳᠡᠯᠡᠬᠡᠢ ᠨᠡᠶᠢᠲᠡ ᠶᠢᠨ ᠨᠢᠭᠡᠴᠢ᠂ ᠯᠢᠶᠠᠨ ᠮᠸᠢ ᠰᠤ᠋ ︵链霉素︶  ᠶᠢ 200 ᠲᠦᠮᠡᠨ ᠳᠡᠯᠡᠬᠡᠢ ᠨᠡᠶᠢᠲᠡ ᠶᠢᠨ ᠨᠢᠭᠡᠴᠢ ᠨᠡᠮᠡᠵᠦ ᠪᠣᠯᠤᠨ᠎ᠠ᠃ ᠦᠨᠢᠶ᠎ᠡ ᠪᠠᠨ ᠰᠠᠭᠠᠭᠰᠠᠨ ᠤ ᠳᠠᠷᠠᠭ᠎ᠠ ᠲᠠᠷᠢᠨ᠎ᠠ᠃     ᠮᠡᠳᠡᠭᠰᠡᠨ ᠨᠢ ᠤᠷᠤᠢ᠂ ᠡᠪᠡᠳᠴᠢᠨ ᠤ ᠪᠠᠶᠢᠳᠠᠯ ᠬᠦᠨᠳᠦ᠂ ᠪᠡᠶ᠎ᠡ ᠶᠢᠨ ᠪᠠᠶᠢᠳᠠᠯ ᠨᠢ ᠪᠠᠷᠤᠭᠲᠠᠶ ᠰᠠᠭᠠᠯᠢ ᠶᠢᠨ ᠦᠨᠢᠶᠡᠨ ᠳᠤ᠂ 5% ᠶᠢᠨ ᠦᠵᠦᠮ ᠤᠨ ᠰᠢᠬᠢᠷ ᠤᠨ ᠾᠯᠣᠷᠲᠤ ᠨᠠᠲᠷᠢ ᠶᠢᠨ ᠲᠠᠷᠢᠯᠭ᠎ᠠ ᠶᠢᠨ ᠰᠢᠩᠭᠡᠨ ︵葡萄糖氧化钠︶ 500 —1500 ᠮᠢᠯᠢᠯᠢᠲᠷ᠂ ᠴᠢᠩ ᠮᠸᠢ ᠰᠤ᠋ ︵青霉素︶ 800 ᠲᠦᠮᠡ— 1200 ᠲᠦᠮᠡᠨ ᠳᠡᠯᠡᠬᠡᠢ ᠨᠡᠶᠢᠲᠡ ᠶᠢᠨ ᠨᠢᠭᠡᠴᠢ᠂ ᠯᠢᠶᠠᠨ ᠮᠸᠢ ᠰᠤ᠋ ︵链霉素︶ 400 ᠲᠦᠮᠡᠨ ᠳᠡᠯᠡᠬᠡᠢ ᠨᠡᠶᠢᠲᠡ ᠶᠢᠨ ᠨᠢᠭᠡᠴᠢ᠂ ᠸᠢᠲ᠋ᠠᠮᠢᠨC 2— 4 ᠭᠷᠠᠮ᠂ 10% ᠶᠢᠨ ᠠᠨ ᠨᠠ ᠺᠠ ︵安钠咖︶ 10 —30 ᠮᠢᠯᠢᠯᠢᠲ᠋ᠧᠷ ᠢ ᠨᠠᠮᠵᠢᠭᠤᠨ ᠰᠤᠳᠠᠯ ᠢᠶᠠᠷ ᠨᠢ ᠶᠡᠭᠦᠯᠡᠨ᠎ᠡ᠃ ᠶᠡᠭᠦᠯᠡᠬᠦ ᠶᠢᠨ ᠬᠠᠮᠲᠤ ᠠᠨ ᠨᠠᠢ ᠶᠢᠨ ︵安乃近︶  ᠪᠤᠶᠤ ᠠᠨ ᠲᠥᠩ ᠳ᠋ᠢᠩ 20 — 40 ᠮᠢᠯᠢᠯᠢᠲᠷ ᠢ ᠪᠤᠯᠴᠢᠩ ᠳᠤ ᠲᠠᠷᠢᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map