ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽2023 ᠣᠨ ᠤ ᠡᠷᠭᠢᠴᠡᠭᠦᠯᠦᠯ︾ ᠭᠡᠬᠦ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/28
图片1.png 
           ︵4 ᠳ᠋ᠤᠭᠡᠷ ᠲᠠᠯᠠᠪᠠᠶ︱ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠤᠰᠬᠠᠢ ᠲᠠᠯᠠᠪᠠᠶ︶        2023 ᠣᠨ ᠤ 12 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽2023 ᠣᠨ ᠤ ᠡᠷᠭᠢᠴᠡᠭᠦᠯᠦᠯ︾ ᠭᠡᠬᠦ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ ︵4 ᠳ᠋ᠤᠭᠡᠷ ᠲᠠᠯᠠᠪᠠᠶ ︱ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠤᠰᠬᠠᠢ ᠲᠠᠯᠠᠪᠠᠶ︶᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠭᠤᠣᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠠᠵᠢᠯ ᠤᠨ ᠭᠠᠵᠠᠷ ᠤᠨ ᠬᠠᠷᠢᠭᠤᠴᠠᠯᠭᠠᠲᠠᠨ ᠨᠥᠬᠦᠳ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃                      ︽ᠡᠷᠭᠢᠴᠡᠭᠦᠯᠦᠯ︾ 2023 ᠣᠨ ᠤ ᠰᠢᠷᠢᠰ ᠰᠣᠨᠢᠨ ᠮᠡᠳᠡᠭᠡ                     ᠨᠡᠶᠢᠲᠡᠯᠡᠬᠦ ᠬᠤᠷᠠᠯ ᠤᠨ ᠨᠡᠶᠢᠲᠡᠯᠡᠭᠰᠡᠨ ᠦᠭᠡ      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩᠡᠯ᠎ᠡ ᠵᠠᠭᠤᠴᠢᠯᠠᠭᠤᠷ ᠤᠨ ᠨᠠᠶᠢᠵᠠ ᠨᠠᠷ ᠄      ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ ᠮᠢᠨᠤ ᠬᠠᠮᠲᠤ ᠠᠵᠢᠯᠯᠠᠭᠰᠠᠳ ᠲᠠᠢ ᠪᠠᠨ ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠢ ᠲᠥᠯᠥᠭᠡᠯᠡᠨ᠂ ᠵᠠᠭᠤᠴᠢᠯᠠᠭᠤᠷ ᠤᠨ ᠨᠠᠶᠢᠵᠠ ᠨᠠᠷ ᠤᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠳᠣᠣᠷ᠎ᠠ ᠪᠢ ᠤᠯᠠᠨ ᠲᠠᠢ ᠬᠠᠮᠲᠤ ᠪᠠᠷ 2023 ᠣᠨ ᠤ ᠨᠢᠭᠡ ᠵᠢᠯ ᠤᠨ ᠲᠤᠷᠰᠢᠬᠢ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠢ ᠡᠷᠭᠢᠴᠡᠭᠦᠯᠦᠶ᠎ᠡ ᠃      2023 ᠣᠨ ᠳᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠰᠢᠨ᠎ᠡ ᠵᠠᠮ ᠨᠡᠭᠡᠭᠡᠵᠦ ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠲᠣᠭᠲᠠᠭᠠᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠠᠶᠢᠨ ᠦᠷ᠎ᠡ ᠪᠦᠲᠦᠮᠵᠢ ᠣᠯᠵᠤ᠂ ︽ᠲᠠᠪᠤᠨ ᠬᠦᠴᠦᠷᠬᠡᠭ︾ ᠳᠡᠭᠡᠷ᠎ᠡ ᠪᠣᠳᠠᠲᠠᠢ ᠢᠯᠡᠷᠡᠯ ᠲᠠᠢ ᠪᠣᠯᠪᠠ᠃      ︱ ᠡᠨᠡ ᠨᠢᠭᠡ ᠵᠢᠯ ᠳᠤ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠤᠯᠠᠮ ᠠᠴᠠ ᠤᠯᠠᠮ ᠴᠢᠩᠭᠠᠷᠠᠪᠠ ᠃ ︽ ᠬᠦᠨᠡᠰᠦᠨ ᠤ ᠤᠭᠤᠲᠠ ︾ ᠶᠢ ᠳᠦᠭᠦᠷᠲᠡᠯ᠎ᠡ ᠰᠠᠪᠠᠯᠠᠵᠤ ᠂ ᠠᠮᠤ ᠪᠤᠳᠠᠭᠠᠨ ᠤ ᠦᠢᠯᠡᠳᠪᠦᠷᠢᠯᠡᠯ ︽ 20 ᠵᠢᠯ ᠳᠠᠷᠠᠭᠠᠯᠠᠨ ᠡᠯᠪᠡᠭ ᠬᠤᠷᠢᠶᠠᠯᠲᠠ ︾ ᠲᠠᠢ ᠪᠣᠯᠵᠤ ᠂ ᠲᠠᠯᠠᠪᠠᠢ ᠂ ᠶᠡᠷᠦᠩᠬᠡᠢ ᠬᠤᠷᠢᠶᠠᠯᠲᠠ ᠂ ᠲᠠᠯᠠᠪᠠᠢ ᠨᠢᠭᠡᠴᠢ ᠶᠢᠨ ᠤᠨᠠᠯᠲᠠ ︽ ᠭᠤᠷᠪᠠᠨ ᠨᠡᠮᠡᠭᠳᠡᠯ ︾ ᠤᠨ ᠰᠠᠶᠢᠨ ᠪᠠᠶᠢᠳᠠᠯ ᠲᠠᠢ ᠪᠣᠯᠪᠠ ᠃ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 1.04 ᠳ᠋ᠦᠩᠰᠢᠭᠤᠷ ᠮᠦ ᠪᠠᠶᠢᠵᠤ᠂ ᠳᠡᠭᠡᠷ᠎ᠡ ᠵᠢᠯ ᠤᠨ ᠬᠢ ᠠᠴᠠ 49 ᠲᠦᠮᠡᠨ ᠮᠦ ᠨᠡᠮᠡᠭᠳᠡᠪᠡ᠃ ᠠᠮᠤ ᠪᠤᠳᠠᠭᠠᠨ ᠤ ᠶᠡᠷᠦᠩᠬᠡᠢ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 791.6 ᠳ᠋ᠦᠩᠰᠢᠭᠤᠷ ᠵᠢᠩ ᠳᠤ ᠬᠦᠷᠴᠦ᠂ ᠪᠥᠬᠦ ᠤᠯᠤᠰ ᠤᠨ ᠵᠢᠷᠭᠤᠳᠤᠭᠠᠷ ᠲᠤ ᠯᠠᠪᠳᠠᠭᠤᠨ ᠢᠶᠠᠷ ᠣᠷᠣᠪᠠ᠃ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠳᠤᠮᠳᠠᠴᠢ ᠤᠨᠠᠯᠲᠠ ᠳᠡᠭᠡᠷ᠎ᠡ ᠵᠢᠯ ᠤᠨ  ᠬᠢ ᠠᠴᠠ 7.4 ᠵᠢᠩ ᠨᠡᠮᠡᠭᠳᠡᠵᠦ ᠂ ᠮᠦ ᠪᠦᠷᠢ ᠳᠤ 755.5 ᠵᠢᠩ ᠬᠦᠷᠴᠦ ᠂ ᠶᠡᠷᠦᠩᠬᠡᠢ ᠤᠨᠠᠯᠲᠠ ᠂ ᠲᠠᠯᠠᠪᠠᠢ ᠨᠢᠭᠡᠴᠢ ᠶᠢᠨ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠴᠥᠮ ᠪᠦᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠪᠠ ᠃ ︽ᠢᠳᠡᠰᠢᠨ ᠨᠣᠭᠤᠭ᠎ᠠ︾ ᠶᠢ ᠭᠦᠢᠴᠡᠳ ᠬᠠᠩᠭᠠᠵᠤ᠂ ᠲᠦᠭᠦᠭᠡᠷᠦᠮᠵᠢᠲᠦ ᠲᠠᠷᠢᠶᠠᠯᠠᠩ ᠤᠨ ᠲᠠᠯᠠᠪᠠᠶ ᠶᠢ 23 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠶ ᠶᠢ 234 ᠲᠦᠮᠡᠨ ᠮᠦ ᠳᠤ ᠬᠦᠷᠦᠭᠦᠯᠵᠦ᠂ ᠪᠥᠬᠦ ᠣᠷᠣᠨ ᠳᠤ 550 ᠭᠠᠷᠤᠢ ᠲᠦᠮᠡᠨ ᠲᠣᠨ ᠢᠳᠡᠰᠢᠨ ᠨᠣᠭᠤᠭ᠎ᠠ ᠬᠠᠩᠭᠠᠪᠠ᠃ ︽ ᠮᠢᠬᠠᠨ ᠲᠠᠪᠠᠭ ︾ ᠢ ᠯᠠᠪᠳᠠᠭᠤᠨ ᠲᠣᠭᠲᠠᠭᠤᠨ ᠪᠠᠶᠢᠯᠭᠠᠵᠤ ᠂ ᠤᠳᠤ ᠦᠶ᠎ᠡ ᠶᠢᠨ ᠮᠠᠯ ᠠᠵᠤ ᠠᠬᠤᠢ ᠪᠣᠯᠣᠨ ᠬᠠᠰᠢᠶᠠᠯᠠᠨ ᠲᠡᠵᠢᠭᠡᠬᠦ ᠶᠢ ᠶᠡᠬᠡᠪᠡᠷ ᠬᠥᠭᠵᠢᠭᠦᠯᠵᠦ ᠂ ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠠᠯᠠᠰᠢᠨ ᠬᠤᠨᠢᠨ ᠤ ᠭᠠᠷᠤᠯᠲᠠ ᠶᠢ ᠲᠣᠭᠲᠠᠭᠤᠨ ᠢᠶᠠᠷ ᠦᠷ᠎ᠡ ᠠᠰᠢᠭ ᠢ ᠨᠡᠮᠡᠭᠳᠡᠭᠦᠯᠵᠦ ᠂ ᠮᠢᠬᠠᠨ ᠤ ᠲᠦᠷᠦᠯ ᠤᠨ ᠭᠠᠷᠤᠯᠲᠠ ᠶᠢᠨ ᠬᠡᠮᠵᠢᠶ᠎ᠡ 300 ᠲᠦᠮᠡᠨ ᠲᠣᠨ ᠢ ᠳᠠᠪᠠᠭ᠋ᠤ ᠪᠣᠯᠣᠮᠵᠢ ᠲᠠᠢ ᠪᠠᠶᠢᠵᠤ ᠂ ᠦᠬᠡᠷ ᠬᠤᠨᠢᠨ ᠤ ᠮᠢᠬᠠᠨ ᠤ ᠭᠠᠷᠤᠯᠲᠠ ᠶᠢᠨ ᠬᠡᠮᠵᠢᠶ᠎ᠡ ᠴᠥᠮ ᠪᠦᠬᠦ ᠤᠯᠤᠰ ᠤᠨ ᠨᠢᠭᠡᠳᠦᠭᠡᠷ ᠲᠤ ᠣᠷᠣᠵᠠᠢ ᠃ ︽ᠰᠠᠭᠠᠯᠢ ᠶᠢᠨ ᠰᠠᠪᠠ︾ ᠶᠢᠨ ᠶᠠᠰᠤ ᠴᠢᠨᠠᠷ ᠰᠠᠶᠢᠨ ᠪᠠᠶᠢᠵᠤ᠂ ᠢᠯᠢ᠂ ᠮᠧᠩ ᠨᠢᠦ ᠬᠤᠶᠠᠭᠤᠯᠠ ᠪᠠᠨ ᠪᠥᠬᠦ ᠳᠡᠯᠡᠬᠡᠢ ᠶᠢᠨ ᠰᠠᠭᠠᠯᠢ ᠶᠢᠨ ᠦᠢᠯᠡᠰ ᠤᠨ 10 ᠬᠦᠴᠦᠷᠬᠡᠭ ᠲᠤ ᠣᠷᠣᠵᠤ᠂ ᠲᠣᠰ ᠲᠣᠰ ᠲᠠᠪᠤᠳᠤᠭᠠᠷ ᠪᠠ ᠨᠠᠢᠮᠠᠳᠤᠭᠠᠷ ᠲᠤ ᠣᠷᠣᠵᠤ᠂ ᠪᠥᠬᠦ ᠣᠷᠣᠨ ᠤ ᠰᠠᠭᠠᠯᠢ ᠶᠢᠨ ᠦᠨᠢᠶ᠎ᠡ ᠲᠡᠵᠢᠭᠡᠬᠦ ᠪᠠ ᠰᠠᠭᠠᠯᠢ ᠶᠢᠨ ᠭᠠᠷᠤᠯᠲᠠ ᠪᠥᠬᠦ ᠤᠯᠤᠰ ᠤᠨ ᠲᠡᠷᠢᠭᠦᠨ ᠳᠤ ᠣᠷᠣᠵᠤ᠂ ᠰᠠᠭᠠᠯᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 2200 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠮᠵᠢ ᠲᠠᠢ ᠪᠠᠶᠢᠨ᠎ᠠ᠃      ︱ ᠡᠨᠡ ᠨᠢᠭᠡ ᠵᠢᠯ ᠳᠤ ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠠᠲᠤᠯᠠᠭ᠎ᠠ ᠤᠯᠠᠮ ᠠᠴᠠ ᠤᠯᠠᠮ ᠴᠢᠩᠭᠠᠷᠠᠪᠠ ᠃ ︽ᠨᠢᠭᠡ ᠬᠡᠰᠡᠭ ᠲᠠᠷᠢᠶᠠᠨ ᠭᠠᠵᠠᠷ ᠬᠤᠶᠠᠷ ᠬᠡᠰᠡᠭ ᠭᠠᠵᠠᠷ︾ ᠢ ᠰᠠᠶᠢᠲᠤᠷ ᠪᠠᠶᠢᠭᠤᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠠ ᠵᠠᠯᠠᠶᠢᠳ ᠬᠤᠰᠢᠭᠤ ᠴᠥᠮ ᠤᠯᠤᠰ ᠤᠨ ᠠᠩᠬᠠᠳᠤᠭᠠᠷ ᠪᠦᠯᠦᠭ ᠤᠨ ᠪᠥᠬᠦ ᠣᠷᠣᠨ ᠪᠦᠰᠡ ᠪᠠᠷ ᠲᠦᠯᠬᠢᠨ ᠠᠬᠢᠭᠤᠯᠬᠤ ᠲᠤᠷᠰᠢᠯᠲᠠ ᠶᠢᠨ ᠴᠡᠭ ᠲᠤ ᠰᠤᠩᠭᠤᠭᠳᠠᠨ ᠣᠷᠣᠵᠤ ᠂ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠨ ᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠶ ᠨᠢᠭᠡᠨᠲᠡ 5237 ᠲᠦᠮᠡᠨ ᠮᠦ ᠳᠤ ᠬᠦᠷᠴᠦ᠂ 2/3 ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠤᠯᠭᠠᠭᠤᠷᠢᠯᠠᠭᠰᠠᠨ ᠪᠠᠶᠢᠨ᠎ᠠ᠃ 50 ᠲᠦᠮᠡᠨ ᠮᠦ ᠬᠠᠷ᠎ᠠ ᠬᠦᠷᠦᠰᠦᠲᠦ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 1936 ᠲᠦᠮᠡᠨ ᠮᠦ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠵᠦ᠂ 10 ᠲᠦᠮᠡᠨ ᠮᠦ ᠬᠤᠵᠢᠷᠯᠢᠭ ᠭᠠᠵᠠᠷ ᠤᠨ ᠥᠭᠡᠷᠡᠴᠢᠯᠡᠯᠲᠡ ᠶᠢ ᠥᠷᠨᠢᠭᠦᠯᠵᠦ᠂ ᠤᠯᠤᠰ ᠤᠨ ᠬᠤᠵᠢᠷᠯᠢᠭ ᠭᠠᠵᠠᠷ ᠵᠡᠷᠭᠡ ᠪᠡᠯᠡᠳᠬᠡᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠣᠯᠬᠤ ᠪᠠᠷ ᠴᠢᠷᠮᠠᠶᠢᠪᠠ᠃ ᠰᠠᠶᠢᠨ ᠡᠭᠦᠯᠳᠡᠷ ᠢ ᠰᠠᠶᠢᠲᠤᠷ ᠬᠡᠷᠡᠭᠯᠡᠵᠦ᠂ ᠡᠨᠡ ᠵᠢᠯ ᠪᠢᠳᠡ 11 ᠵᠦᠢᠯ ᠤᠨ ᠡᠭᠦᠯᠳᠡᠷ ᠪᠣᠶᠢᠵᠢᠭᠤᠯᠬᠤ ᠪᠡᠷᠬᠡ ᠰᠡᠳᠦᠪ ᠢ ᠬᠠᠮᠲᠤᠷᠠᠨ ᠰᠢᠢᠳᠪᠦᠷᠢᠯᠡᠬᠦ ᠪᠠ 13 ᠵᠦᠢᠯ ᠤᠨ ︽ᠵᠠᠷᠯᠠᠨ ᠮᠠᠩᠯᠠᠶᠢᠯᠠᠭᠤᠯᠬᠤ︾ ᠢᠨᠵᠧᠨᠧᠷᠢᠩ ᠢ ᠡᠬᠢᠯᠡᠭᠦᠯᠵᠦ᠂ ᠦᠬᠡᠷ ᠬᠤᠨᠢᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢᠨ ᠲᠤᠭ᠎ᠠ ᠬᠡᠮᠵᠢᠶ᠎ᠡ ᠶᠢ ᠪᠥᠬᠦ ᠤᠯᠤᠰ ᠤᠨ ᠲᠡᠷᠢᠭᠦᠨ ᠳᠤ ᠪᠠᠶᠢᠯᠭᠠᠬᠤ ᠶᠢ ᠪᠠᠲᠤᠯᠠᠪᠠ᠃ ᠤᠯᠤᠰ ᠤᠨ ᠲᠡᠰ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ 9 ᠰᠠᠭᠤᠷᠢᠨ ᠭᠠᠵᠠᠷ ᠢ ᠪᠠᠶᠢᠭᠤᠯᠵᠤ ᠂ ᠲᠥᠮᠥᠰᠥ ᠶᠢᠨ ᠰᠠᠶᠢᠨ ᠦᠷᠡᠵᠢᠯᠲᠡ ᠶᠢᠨ ᠲᠠᠯᠠᠪᠠᠢ ᠂ ᠰᠢᠷ᠎ᠠ ᠪᠤᠷᠴᠠᠭ ᠤᠨ ᠦᠷᠡᠵᠢᠯᠲᠡ ᠶᠢᠨ ᠲᠠᠯᠠᠪᠠᠢ ᠲᠤᠰ ᠲᠤᠰ ᠪᠦᠬᠦ ᠤᠯᠤᠰ ᠤᠨ ᠨᠢᠭᠡᠳᠦᠭᠡᠷ ᠪᠠ ᠭᠤᠷᠪᠠᠳᠤᠭᠠᠷ ᠲᠤ ᠣᠷᠣᠪᠠ ᠃ 60 ︽ ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠵᠢᠱᠢᠶ᠎ᠡ ᠦᠵᠡᠭᠦᠯᠬᠦ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ 5 ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠣᠨ ᠪᠦᠰᠡ ᠶᠢᠨ ᠴᠢᠨᠠᠷᠲᠠᠢ ᠦᠯᠢᠭᠡᠷ ᠵᠢᠱᠢᠶ᠎ᠡ ᠦᠵᠡᠭᠦᠯᠬᠦ ᠴᠡᠭ ᠢ ᠪᠠᠶᠢᠭᠤᠯᠵᠤ᠂ 147 ᠰᠢᠯᠢᠳᠡᠭ ᠡᠭᠦᠯᠳᠡᠷ ᠢ ᠰᠣᠩᠭᠤᠨ ᠭᠠᠷᠭᠠᠵᠤ᠂ ᠪᠥᠬᠦ ᠣᠷᠣᠨ ᠤ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠵᠦ᠂ ᠭᠠᠷᠤᠯᠲᠠ ᠪᠠᠨ ᠨᠡᠮᠡᠭᠳᠡᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠶᠢ 16% ᠳᠤ ᠬᠦᠷᠦᠭᠦᠯᠬᠦ  ᠶᠢ ᠳᠠᠶᠢᠴᠢᠯᠠᠪᠠ᠃ ᠰᠠᠶᠢᠨ ᠮᠡᠷᠭᠡᠵᠢᠯ ᠢ ᠰᠠᠶᠢᠲᠤᠷ ᠳᠡᠯᠭᠡᠷᠡᠭᠦᠯᠵᠦ ᠂ 8 ᠠᠵᠤ ᠠᠬᠤᠶᠢᠯᠠᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠡᠭᠦᠳᠦᠨ ᠪᠠᠶᠢᠭᠤᠯᠵᠤ ᠂ 810 ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠣᠩᠭᠤᠨ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ ᠂ 50 ︽ ᠵᠠᠰᠠᠭ  ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠬᠡᠷᠡᠭᠯᠡᠭᠡ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ ᠪᠠᠶᠢᠭᠤᠯᠵᠤ ᠂ 2.27 ᠲᠦᠮᠡᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠵᠡᠢ ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠵᠠᠭᠪᠤᠷ ᠢ ᠠᠩᠬ᠎ᠠ ᠡᠭᠦᠳᠴᠦ᠂ ᠲᠠᠷᠢᠶᠠᠯᠠᠩ ᠤᠨ ᠮᠡᠷᠭᠡᠵᠢᠯᠲᠡᠨ ᠤ ᠰᠢᠭᠤᠳ ᠲᠠᠷᠢᠶᠠᠨ ᠭᠠᠵᠠᠷ ᠲᠤ ᠬᠦᠷᠴᠦ ᠦᠢᠯᠡᠴᠢᠯᠡᠭᠡ ᠥᠷᠨᠢᠭᠦᠯᠬᠦ ᠶᠢ ᠪᠡᠶᠡᠯᠡᠭᠦᠯᠪᠡ ᠃      ︱ ᠡᠨᠡ ᠨᠢᠭᠡ ᠵᠢᠯ ᠳᠤ ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠤᠯᠠᠮ ᠠᠴᠠ ᠤᠯᠠᠮ ᠴᠢᠩᠭᠠᠷᠠᠪᠠ ᠃ ᠪᠥᠬᠦ ᠬᠡᠯᠬᠢᠶ᠎ᠡ ᠶᠢ ᠠᠵᠤ ᠦᠢᠯᠡᠰ ᠤᠨ ᠰᠢᠨ᠎ᠡ ᠬᠥᠳᠡᠯᠭᠡᠭᠴᠢ ᠡᠨᠧᠷᠭᠢ ᠪᠣᠯᠭᠠᠨ ᠬᠥᠭᠵᠢᠭᠦᠯᠵᠦ᠂ 7 ᠲᠣᠮᠣ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ︽ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠴᠢᠩᠭᠠᠳᠬᠠᠬᠤ︾ ᠪᠠᠷ ᠬᠦᠴᠦᠯᠡᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ 149 ᠳᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ ᠮᠠᠭᠠᠳᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠰ  ᠠᠴᠠ ᠳᠡᠭᠡᠭᠰᠢᠬᠢ ᠳᠠᠭᠠᠭᠤᠯᠤᠭᠴᠢ ᠠᠵᠤ ᠠᠬᠤᠶᠢᠯᠠᠯ  ᠨᠢ 770 ᠬᠦᠷᠪᠡ ᠃ ᠰᠦ ᠶᠢᠨ ᠦᠢᠯᠡᠰ᠂ ᠲᠥᠮᠥᠰᠥ 2 ᠤᠯᠤᠰ ᠤᠨ ᠲᠠᠰ ᠤᠨ ᠠᠵᠤ ᠦᠢᠯᠡᠰ ᠤᠨ ᠰᠦᠷᠦᠭᠵᠢᠯ ᠢ ᠰᠢᠨ᠎ᠡ ᠪᠠᠷ ᠡᠭᠦᠳᠦᠨ ᠪᠠᠶᠢᠭᠤᠯᠵᠤ᠂ 3 ᠤᠯᠤᠰ ᠤᠨ ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠪᠠ 8 ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠰᠢᠨ᠎ᠡ ᠪᠠᠷ ᠡᠭᠦᠳᠦᠨ ᠪᠠᠶᠢᠭᠤᠯᠵᠤ᠂ ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠨᠢ ᠪᠥᠬᠦ ᠤᠯᠤᠰ ᠤᠨ ᠨᠢᠭᠡᠳᠦᠭᠡᠷ ᠲᠤ ᠣᠷᠣᠪᠠ᠃ ᠨᠡᠶᠢᠭᠡᠮᠴᠢᠯᠡᠭᠰᠡᠨ ᠦᠢᠯᠡᠴᠢᠯᠡᠭᠡ ᠶᠢ ︽ᠠᠯᠲᠠᠨ ᠲᠦᠯᠬᠢᠭᠦᠷ︾ ᠪᠣᠯᠭᠠᠵᠤ᠂ 5 ᠬᠤᠰᠢᠭᠤ ᠰᠢᠶᠠᠨ᠂ 20 ᠰᠢᠶᠠᠩ ᠪᠠᠯᠭᠠᠰᠤ᠂ 100 ᠲᠣᠰᠬᠤᠨ ᠳᠤ ᠲᠥᠪᠯᠡᠷᠡᠭᠦᠯᠦᠨ ᠵᠠᠯᠭᠠᠯᠳᠤᠭᠰᠠᠨ ᠦᠯᠢᠭᠡᠷ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 2400 ᠲᠦᠮᠡᠨ ᠮᠦ ᠳᠤ ᠳᠠᠶᠢᠴᠢᠯᠡᠨ ᠬᠦᠷᠭᠡᠪᠡ ᠃ 37 ᠦᠬᠡᠷ ᠬᠤᠨᠢ ᠲᠡᠵᠢᠭᠡᠨ ᠦᠷᠡᠵᠢᠭᠦᠯᠬᠦ ᠲᠣᠮᠣ ᠰᠢᠶᠠᠨ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠪᠥᠬᠦ ᠣᠷᠣᠨ ᠤ 60% ᠶᠢᠨ ᠦᠬᠡᠷ ᠬᠤᠨᠢ ᠲᠡᠵᠢᠭᠡᠨ ᠦᠷᠡᠵᠢᠭᠦᠯᠬᠦ ᠶᠢ ᠬᠠᠮᠤᠷᠪᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠨᠢ ᠲᠠᠷᠢᠶᠠᠯᠠᠩ ᠢ ᠲᠤᠰᠠᠯᠠᠬᠤ ︽ᠰᠢᠨ᠎ᠡ ᠬᠦᠴᠦᠨ︾ ᠪᠣᠯᠵᠤ᠂ ᠪᠥᠬᠦ ᠣᠷᠣᠨ ᠤ 30 ᠬᠤᠰᠢᠭᠤ ᠰᠢᠶᠠᠨ ᠳᠤ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ ᠶᠢᠨ ᠵᠠᠭᠪᠤᠷ ᠢ ᠳᠡᠯᠭᠡᠷᠡᠭᠦᠯᠵᠦ᠂ 2353 ᠨᠡᠷᠡᠰ ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ ᠶᠢ ᠠᠵᠢᠯ ᠤᠨ ᠪᠠᠶᠢᠷᠢ ᠳᠤ ᠭᠠᠷᠭᠠᠨ ᠦᠢᠯᠡᠴᠢᠯᠡᠵᠦ᠂ 11097 ᠮᠠᠯᠴᠢᠨ ᠲᠠᠷᠢᠶᠠᠴᠢᠨ ᠡᠷᠦᠬᠡ ᠶᠢ ᠬᠠᠪᠰᠤᠷᠤᠨ ᠪᠠᠩᠬᠢ ᠶᠢᠨ ᠵᠢᠭᠡᠯᠡᠯᠭᠡ ᠶᠢᠨ ᠢᠲᠡᠭᠡᠮᠵᠢ ᠣᠯᠭᠤᠨ ᠭᠦᠢᠴᠡᠳᠬᠡᠵᠦ᠂ ᠢᠲᠡᠭᠡᠮᠵᠢ ᠣᠯᠭᠤᠭᠰᠠᠨ ᠲᠤᠭ᠎ᠠ ᠬᠡᠮᠵᠢᠶ᠎ᠡ ᠨᠢ 31.04 ᠳ᠋ᠦᠩᠰᠢᠭᠤᠷ ᠲᠥᠭᠦᠷᠢᠭ ᠲᠤ ᠬᠥᠷᠪᠡ᠃ ᠲᠠᠷᠢᠶᠠᠯᠠᠩ ᠤᠨ ᠳᠠᠭᠠᠳᠬᠠᠯ ᠤᠨ ᠪᠦᠷᠬᠦᠴᠡ ᠶᠢ ᠨᠡᠮᠡᠭᠳᠡᠭᠦᠯᠵᠦ ᠂ 40 ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠳᠤ ᠭᠤᠷᠪᠠᠨ ᠶᠡᠭᠡ ᠭᠤᠣᠯ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠦᠷᠳᠡᠭ ᠤᠨ ᠳᠠᠭᠠᠳᠬᠠᠯ ᠢ ᠦᠷᠨᠢᠭᠦᠯᠪᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠰᠢᠨ᠎ᠡ ᠠᠮᠢᠵᠢᠷᠠᠯ ᠤᠨ ᠬᠦᠴᠦᠨ ᠪᠣᠯᠵᠤ ᠂ ᠤᠯᠤᠰ ᠤᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠂ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠪᠠ ︽ ᠬᠥᠨᠳᠡᠢ ᠲᠣᠰᠬᠤᠨ ︾ ᠤ ᠭᠠᠵᠠᠷ ᠰᠢᠷᠣᠢ ᠶᠢᠨ ᠡᠵᠡᠩᠨᠡᠯᠲᠡ ᠶᠢᠨ ᠠᠵᠢᠯ ᠢ ᠰᠢᠨ᠎ᠡ ᠪᠠᠷ ᠡᠭᠦᠳᠦᠨ ᠰᠠᠶᠢᠲᠤᠷ ᠬᠢᠪᠡ ᠃ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ︽ᠭᠤᠷᠪᠠ ᠶᠢ ᠬᠤᠪᠢᠷᠠᠭᠤᠯᠬᠤ︾ ᠵᠡᠷᠭᠡ 34 ᠵᠦᠢᠯ ᠤᠨ ᠨᠡᠶᠢᠲᠡᠯᠢᠭ ᠥᠭᠡᠷᠡᠴᠢᠯᠡᠯᠲᠡ ᠶᠢᠨ ᠵᠠᠭᠪᠤᠷ ᠢ ᠳ᠋ᠦᠩᠨᠡᠨ ᠳᠡᠯᠭᠡᠷᠡᠭᠦᠯᠵᠦ᠂ ︽ᠫᠧᠩᠰᠡᠲᠦ ᠦᠵᠡᠮᠵᠢ︾ ᠶᠢ ︽ᠣᠶ ᠰᠢᠭᠤᠢ︾ ᠪᠣᠯᠭᠠᠨ ᠬᠤᠪᠢᠷᠠᠭᠤᠯᠬᠤ ᠶᠢ ᠠᠬᠢᠭᠤᠯᠪᠠ ᠃ ᠬᠠᠮᠲᠤ ᠶᠢᠨ ᠠᠵᠤ ᠠᠬᠤᠢ ᠶᠢᠨ ︽ᠲᠡᠳᠭᠦᠬᠦ ᠬᠥᠲᠥᠯᠥᠨ ᠳᠠᠭᠠᠭᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ᠂ ᠪᠥᠬᠦ ᠣᠷᠣᠨ ᠤ ᠪᠣᠶ ᠪᠦᠬᠦᠢ ᠭᠠᠴᠠᠭ᠎ᠠ ᠲᠣᠰᠬᠤᠨ ᠤ ᠬᠠᠮᠲᠤ ᠶᠢᠨ ᠣᠷᠣᠯᠭ᠎ᠠ ᠶᠢ 10 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠵᠤ᠂ ᠲᠦᠷᠦᠭᠦᠸ ᠭᠤᠷᠪᠠᠨ ᠤᠯᠠᠷᠢᠯ ᠳᠤ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13863 ᠲᠥᠭᠦᠷᠢᠭ ᠪᠠᠶᠢᠵᠤ᠂ 7.6% ᠪᠠᠷ ᠨᠡᠮᠡᠭᠳᠡᠪᠡ᠃      ︱ ᠡᠨᠡ ᠨᠢᠭᠡ ᠵᠢᠯ ᠳᠤ ᠂ ᠲᠠᠷᠢᠶᠠᠯᠠᠩ ᠮᠠᠯ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠤᠯᠠᠮ ᠠᠴᠠ ᠤᠯᠠᠮ ᠴᠢᠩᠭᠠᠷᠠᠪᠠ ᠃ ᠲᠥᠷᠥ ᠶᠢᠨ ᠪᠣᠳᠣᠯᠭ᠎ᠠ  ᠨᠢ ᠲᠤᠭ᠎ᠠ ᠬᠡᠮᠵᠢᠶ᠎ᠡ ᠣᠯᠠᠨ  ᠪᠠᠶᠢᠬᠤ ᠳᠤ ᠴᠢᠷᠮᠠᠶᠢᠵᠤ ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠣᠨ ᠤ ᠴᠢᠷᠮᠠᠶᠢᠯᠭ᠎ᠠ ᠶᠢᠨ ᠤᠯᠤᠰ ᠤᠨ ᠪᠡᠯᠡ ᠮᠥᠩᠭᠦ ᠶᠢᠨ ᠲᠤᠭ᠎ᠠ ᠪᠠ ᠲᠥᠷᠥᠯ ᠵᠦᠢᠯ ᠤᠨ ᠲᠤᠭ᠎ᠠ ᠳᠠᠬᠢᠨᠲᠠ ᠰᠢᠨ᠎ᠡ ᠦᠨᠳᠦᠷ ᠢ ᠡᠭᠦᠳᠪᠡ᠃ ᠤᠯᠤᠰ ᠤᠨ ᠳᠡᠮᠵᠢᠯᠭᠡ ᠶᠢᠨ ᠲᠣᠳᠣᠷᠬᠠᠢ ᠬᠠᠭᠤᠳᠠᠰᠤᠨ ᠳᠠᠬᠢ 9 ᠵᠦᠢᠯ ᠤᠨ ᠤᠴᠢᠷ ᠶᠠᠪᠤᠳᠠᠯ ᠢ ᠪᠦᠬᠦᠨ ᠢ ᠲᠦᠷᠦ ᠶᠢᠨ ᠶᠠᠪᠤᠳᠠᠯ ᠤᠨ ᠬᠤᠷᠢᠶᠠᠨ ᠤ ︽ ᠰᠠᠨᠠᠯ ︾ ᠳᠤ ᠣᠷᠣᠭᠤᠯᠵᠤ ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠬᠤ ᠶᠢ ᠪᠡᠶᠡᠯᠡᠭᠦᠯᠪᠡ ᠃ ᠲᠥᠷᠥ ᠶᠢᠨ ᠪᠣᠳᠣᠯᠭ᠎ᠠ ᠶᠢᠨ ᠠᠯᠲᠠᠨ ᠤ ᠠᠭᠤᠯᠤᠭᠳᠠᠴᠠ ᠪᠠᠷ ᠥᠨᠳᠥᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠬᠡᠷᠡᠭᠵᠢᠭᠦᠯᠬᠦ ᠲᠥᠰᠥᠯ︾ ︽ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︽ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠵᠡᠷᠭᠡ 7 ᠵᠦᠢᠯ ᠤᠨ ᠠᠯᠲᠠᠨ ᠤ ᠠᠭᠤᠯᠤᠭᠳᠠᠴᠠ ᠪᠠᠷ ᠥᠨᠳᠥᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ 100 ᠭᠠᠷᠤᠢ ᠠᠵᠢᠯ ᠤᠨ ᠲᠥᠰᠥᠯ ᠢ ᠢᠵᠢ ᠪᠦᠷᠢᠳᠦᠭᠦᠯᠦᠨ ᠨᠡᠶᠢᠲᠡᠯᠡᠵᠦ ᠨᠠᠶᠢᠳᠠᠪᠤᠷᠢᠵᠢᠭᠤᠯᠬᠤ ᠶᠢ ᠠᠳᠬᠤᠨ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠶᠢᠨ ᠦᠷ᠎ᠡ ᠠᠰᠢᠭ ᠢ ᠠᠩᠬ᠎ᠠ ᠠᠯᠬᠤᠮ ᠢᠯᠡᠷᠡᠭᠦᠯᠪᠡ᠃ ᠬᠠᠤᠯᠢ ᠴᠠᠭᠠᠵᠠ ᠶᠢᠨ ᠰᠢᠰᠲ᠋ᠧᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾ 4 ᠳᠦᠷᠢᠮ ᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠬᠠᠤᠯᠢ ᠴᠠᠭᠠᠵᠠ ᠶᠢᠨ ᠲᠤᠯᠭᠠᠭᠤᠷᠢᠯᠠᠯ ᠤᠯᠠᠮ ᠨᠢᠭᠡ ᠠᠯᠬᠤᠮ ᠴᠢᠩᠭᠠᠷᠠᠪᠠ᠃      ︱ ᠡᠨᠡ ᠨᠢᠭᠡ ᠵᠢᠯ ᠳᠤ ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠬᠥᠭᠵᠢᠯᠲᠡ ᠤᠯᠠᠮ ᠠᠴᠠ ᠤᠯᠠᠮ ᠴᠢᠩᠭᠠᠷᠠᠪᠠ ᠃ ᠪᠣᠬᠢᠷᠲᠤᠯ ᠦᠭᠡᠢ ᠬᠥᠭᠵᠢᠯᠲᠡ ᠶᠢᠨ ᠪᠠᠶᠢᠳᠠᠯ ᠪᠢᠯᠬᠠᠮ᠎ᠠ ᠪᠠᠶᠢᠵᠤ ᠂ ᠲᠠᠷᠢᠶᠠᠯᠠᠩ ᠤᠨ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠨᠢᠭᠡᠳᠦᠯᠲᠡᠢ ᠰᠡᠷᠭᠡᠶᠢᠯᠡᠨ ᠵᠠᠰᠠᠬᠤ ᠲᠠᠯᠠᠪᠠᠶ 5696 ᠲᠦᠮᠡᠨ ᠮᠦ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠯᠠᠪᠠᠶ 5567 ᠲᠦᠮᠡᠨ ᠮᠦ ᠪᠠᠶᠢᠵᠤ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠰᠥᠭᠡᠷᠭᠦ ᠨᠡᠮᠡᠭᠳᠡᠯ ᠢ ᠪᠠᠲᠤᠯᠠᠪᠠ᠃ ᠰᠦᠯᠢᠶᠥᠦ ᠪᠦᠷᠬᠦᠪᠴᠢ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠤᠵᠠᠭᠠᠨ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠶᠢ 659 ᠲᠦᠮᠡᠨ ᠮᠦ ᠨᠡᠮᠡᠵᠦ᠂ ᠪᠥᠬᠦ ᠠᠮᠢᠳᠤ ᠪᠣᠳᠠᠰ ᠤᠨ ᠵᠠᠳᠠᠷᠠᠮᠠᠳᠠᠭᠠᠢ ᠰᠦᠯᠢᠶᠥᠦ ᠪᠦᠷᠬᠦᠪᠴᠢ ᠶᠢ 119 ᠲᠦᠮᠡᠨ ᠮᠦ ᠳᠡᠯᠭᠡᠷᠡᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 91.2% ᠲᠤ ᠬᠦᠷᠦᠭᠦᠯᠪᠡ ᠃ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 82% ᠲᠤ ᠬᠦᠷᠦᠭᠦᠯᠪᠡ ᠃ ᠲᠠᠷᠢᠶᠠᠯᠠᠩ ᠤᠨ ᠤᠰᠤ ᠠᠷᠪᠢᠯᠠᠬᠤ ᠦᠷ᠎ᠡ ᠪᠦᠲᠦᠮᠵᠢ ᠥᠨᠳᠥᠷ ᠪᠠᠶᠢᠵᠤ ᠂ ᠢᠨᠵᠧᠨᠧᠷᠢᠩ ᠂ ᠲᠠᠷᠢᠶᠠᠯᠠᠩ ᠤᠨ ᠮᠡᠷᠭᠡᠰᠢᠯ ᠂ ᠡᠭᠦᠯᠳᠡᠷ᠂ ᠪᠦᠲᠦᠴᠡ ᠂ ᠲᠣᠭᠲᠠᠴᠠ ᠵᠡᠷᠭᠡ ︽ ᠲᠠᠪᠤᠨ ᠬᠡᠰᠡᠭ ︾ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠵᠦ ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠢᠯᠡᠳᠬᠡᠮᠵᠢ ᠶᠢ0.574 ᠳᠤ ᠬᠦᠷᠭᠡᠵᠦ ᠂ ᠠᠩᠬ᠎ᠠ ᠤᠳᠠᠭ᠎ᠠ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠭᠠᠪᠠ ᠃ ᠪᠣᠬᠢᠷᠲᠤᠯ ᠦᠭᠡᠢ ᠨᠠᠷᠠᠲᠤ ᠲᠡᠮᠳᠡᠭᠲᠦ ᠠᠯᠳᠠᠷᠰᠢᠵᠤ᠂ 668 ᠰᠢᠯᠢᠳᠡᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠭᠠᠷᠴᠠᠭᠯᠠᠯ︾ ᠳᠤ ᠵᠢᠭᠰᠠᠭᠠᠭᠳᠠᠵᠤ᠂ ᠪᠥᠬᠦ ᠤᠯᠤᠰ ᠤᠨ ᠲᠡᠷᠢᠭᠦᠨ ᠳᠤ ᠣᠷᠣᠪᠠ᠃ ᠰᠢᠨ᠎ᠡ ᠪᠠᠷ ᠭᠡᠷᠡᠴᠢᠯᠡᠭᠰᠡᠨ ᠪᠣᠬᠢᠷᠲᠤᠯ ᠦᠭᠡᠢ ᠢᠳᠡᠭᠡᠨ ᠤ ᠪᠦᠲᠦᠭᠡᠭᠳᠡᠬᠦᠨ 319 ᠪᠠᠶᠢᠵᠤ᠂ ᠭᠠᠷᠤᠯᠲᠠ ᠨᠢ 44.46 ᠲᠦᠮᠡᠨ ᠲᠣᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ 342 ᠪᠠᠶᠢᠵᠤ᠂ ᠭᠠᠷᠤᠯᠲᠠ ᠨᠢ 304.88 ᠲᠦᠮᠡᠨ ᠲᠣᠨ ᠪᠠᠶᠢᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠡᠩᠴᠡᠭᠰᠡᠨ ᠨᠣᠷᠮ᠎ᠠ 5 ᠵᠢᠯ ᠳᠠᠷᠠᠭᠠᠯᠠᠨ 97% ᠠᠴᠠ ᠳᠡᠭᠡᠭᠰᠢ ᠶᠢ ᠪᠠᠲᠤᠯᠠᠪᠠ᠃      2024 ᠣᠨ ᠳᠤ ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠵᠦ ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ ᠶᠢ ᠪᠠᠷᠢᠮᠲᠠᠯᠠᠨ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠬᠡᠯᠪᠡᠷᠢ ᠶᠢᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠲᠠ ᠪᠦᠬᠦᠨ ᠳᠤ ᠪᠠᠶᠠᠷᠯᠠᠯ᠎ᠠ ᠃                     ︽2023 ᠣᠨ ᠤ ᠡᠷᠭᠢᠴᠡᠭᠦᠯᠦᠯ︾ ᠭᠡᠬᠦ ᠭᠤᠣᠯ ᠰᠡᠳᠦᠪᠲᠦ                    ᠰᠣᠨᠢᠨ ᠮᠡᠳᠡᠭᠡ ᠨᠡᠶᠢᠲᠡᠯᠡᠬᠦ ᠬᠤᠷᠠᠯ  ᠲᠡᠭᠡᠷ᠎ᠡ ᠰᠤᠷᠪᠤᠯᠵᠢᠯᠠᠭᠴᠢ ᠶᠢᠨ                    ᠠᠰᠠᠭᠤᠯᠲᠠ ᠶᠢ ᠬᠠᠷᠢᠭᠤᠯᠪᠠ       ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠡᠨᠡ ᠵᠢᠯ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠡᠯᠪᠡᠭ ᠬᠤᠷᠢᠶᠠᠯᠲᠠ ᠣᠯᠪᠠ᠂ ᠰᠠᠶ᠋ᠢᠬᠠᠨ ᠲᠢᠩᠬᠢᠮ ᠤᠨ ᠳᠠᠷᠤᠭ᠎ᠠ ᠵᠣᠣ ᠢᠦᠢ ᠱᠧᠩ ᠪᠠᠰᠠ ᠲᠠᠯᠠᠪᠠᠶ᠂ ᠲᠠᠯᠠᠪᠠᠶ ᠨᠢᠭᠡᠴᠢ ᠶᠢᠨ ᠤᠨᠠᠯᠲᠠ ᠵᠡᠷᠭᠡ ᠪᠠᠷ ᠨᠡᠮᠡᠭᠳᠡᠬᠦ ᠶᠢ ᠳᠤᠷᠠᠳᠤᠭᠰᠠᠨ ᠪᠠᠶᠢᠨ᠎ᠠ᠃ ᠠᠰᠠᠭᠤᠬᠤ ᠨᠢ ᠥᠪᠥᠷ ᠮᠣᠩᠭᠤᠯ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠬᠡᠷᠬᠢᠨ ᠰᠠᠶᠢᠲᠤᠷ ᠠᠳᠬᠤᠵᠤ ᠪᠠᠶᠢᠬᠤ ᠪᠤᠢ ︖      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠯᠢ ᡁᠢ ᠸᠧᠢ᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ︕ ᠤᠯᠠᠨ ᠤ ᠮᠡᠳᠡᠭᠡᠵᠢ ᠪᠠᠷ ᠂ ᠲᠠᠯᠠᠪᠠᠢ ᠨᠢᠭᠡᠴᠢ ᠶᠢᠨ ᠤᠨᠠᠯᠲᠠ ᠪᠣᠯ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠶᠢᠨ ᠵᠠᠩᠭᠢᠯᠠᠭ᠎ᠠ ᠮᠥᠨ ᠃ ᠥᠪᠥᠷ ᠮᠣᠩᠭᠤᠯ ᠤᠨ  ᠬᠢᠨ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠣᠯ ᠪᠣᠯᠬᠤ ᠠᠮᠤ ᠲᠣᠰᠣᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠪᠠᠷ ᠳᠡᠭᠡᠭᠰᠢᠯᠡᠭᠦᠯᠵᠦ᠂ ᠪᠢᠳᠡ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠯᠠᠪᠠᠶ ᠶᠢ ᠲᠣᠭᠲᠠᠪᠤᠷᠢᠵᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ︾ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠥᠷᠥ ᠶᠢᠨ ᠪᠣᠳᠣᠯᠭ᠎ᠠ ᠶᠢ ᠠᠳᠬᠤᠬᠤ᠂ ᠰᠠᠶᠢᠨ ᠲᠠᠷᠢᠶᠠᠨ ᠭᠠᠵᠠᠷ ᠢ ᠠᠳᠬᠤᠬᠤ᠂ ᠰᠠᠶᠢᠨ ᠡᠭᠦᠯᠳᠡᠷ ᠢ ᠠᠳᠬᠤᠬᠤ᠂ ᠬᠤᠷᠠᠮᠠᠯ ᠢ ᠠᠳᠬᠤᠬᠤ᠂ ᠵᠢᠱᠢᠶ᠎ᠡ ᠦᠵᠡᠭᠦᠯᠬᠦ ᠶᠢ ᠠᠳᠬᠤᠬᠤ︾ ᠪᠠᠷ ᠳᠠᠮᠵᠢᠭᠤᠯᠤᠨ᠂ 545 ᠲᠦᠮᠡᠨ ᠮᠦ ᠪᠦᠬᠦᠢ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠪᠥᠬᠦ ᠣᠷᠣᠨ ᠤ ᠲᠠᠯᠠᠪᠠᠢ ᠨᠢᠭᠡᠴᠢ ᠶᠢᠨ ᠳᠤᠮᠳᠠᠴᠢ ᠤᠨᠠᠯᠲᠠ ᠶᠢ 755.5 ᠵᠢᠩ ᠪᠣᠯᠭᠠᠨ ᠳᠡᠭᠡᠭᠰᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.4 ᠵᠢᠩ ᠨᠡᠮᠡᠭᠳᠡᠭᠦᠯᠦᠨ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠡᠮᠵᠢᠶ᠎ᠡ ︵5.8 ᠵᠢᠩ / ᠮᠦ︶ ᠠᠴᠠ ᠪᠠᠰᠠ 1.6 ᠵᠢᠩ ᠥᠨᠳᠥᠷ ᠪᠣᠯᠤᠭᠰᠠᠨ ᠪᠠᠶᠢᠨ᠎ᠠ᠃      ᠨᠢᠭᠡ ᠲᠠᠯ᠎ᠠ ᠪᠠᠷ᠂ ᠪᠢᠳᠡ ᠲᠥᠷᠥ ᠶᠢᠨ ᠪᠣᠳᠣᠯᠭ᠎ᠠ ᠶᠢ ᠴᠢᠩᠭ᠎ᠠ ᠠᠳᠬᠤᠨ ᠲᠠᠯᠠᠪᠠᠶ ᠨᠢᠭᠡᠴᠢ ᠶᠢᠨ ᠤᠨᠠᠯᠲᠠ ᠶᠢ ᠳᠠᠶᠢᠴᠢᠯᠠᠨ ᠠᠬᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠵᠢᠯ ᠤᠨ ᠲᠤᠰᠬᠠᠢ ᠠᠩᠭᠢ ᠪᠠᠶᠢᠭᠤᠯᠵᠤ᠂ 8 ᠲᠥᠰᠥᠯ ᠢ ᠢᠵᠢ ᠪᠦᠷᠢᠳᠦᠭᠦᠯᠦᠨ ᠳᠠᠷᠤᠮᠠᠯᠯᠠᠨ ᠲᠠᠷᠬᠠᠭᠠᠵᠤ᠂ 5 ᠨᠡᠷᠡᠰ ᠲᠢᠩᠬᠢᠮ ᠤᠨ ᠲᠠᠰ ᠤᠨ ᠺᠠᠳ᠋ᠷ ᠢ ᠳᠠᠭᠠᠭᠠᠨ ᠬᠤᠯᠪᠣᠭᠠᠯᠠᠭᠤᠯᠬᠤ ᠪᠠᠷ ᠲᠣᠬᠢᠷᠠᠭᠤᠯᠤᠨ᠂ 5 ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠ 12 ᠮᠡᠷᠭᠡᠵᠢᠯ ᠤᠨ ᠳᠤᠭᠤᠶᠢᠯᠠᠩ ᠢ ᠪᠠᠶᠢᠭᠤᠯᠵᠤ ᠠᠶᠢᠮᠠᠭ ᠬᠤᠲᠠ ᠬᠤᠪᠢᠶᠠᠨ ᠦᠢᠯᠡᠴᠢᠯᠡᠨ ᠵᠢᠯᠤᠭᠤᠳᠴᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠪᠦᠬᠦᠨ ᠢ  ᠵᠢᠷᠤᠵᠤ ᠬᠠᠳᠠᠭᠠᠯᠠᠨ ᠂ ᠭᠠᠷᠠᠭ ᠲᠤ ᠲᠣᠬᠢᠷᠠᠭᠤᠯᠤᠨ᠂ ᠰᠠᠷ᠎ᠠ ᠳᠤ ᠮᠡᠳᠡᠭᠳᠡᠬᠦ ᠶᠢ ᠬᠡᠷᠡᠭᠵᠢᠭᠦᠯᠵᠦ᠂ ᠡᠯ᠎ᠡ ᠱᠠᠲᠤᠨ ᠤ ᠬᠢᠨ ᠬᠡᠰᠡᠭ ᠬᠤᠪᠢᠶᠠᠨ 60 ᠭᠠᠷᠤᠢ ᠤᠳᠠᠭ᠎ᠠ ᠬᠢᠨᠠᠨ ᠵᠢᠯᠤᠭᠤᠳᠴᠤ ᠪᠠᠶᠢᠴᠠᠭᠠᠪᠠ᠃      ᠨᠥᠭᠦᠭᠡ ᠲᠠᠯ᠎ᠠ ᠪᠠᠷ᠂ ᠪᠢᠳᠡ ᠰᠠᠶᠢᠨ ᠲᠠᠷᠢᠶᠠᠨ ᠭᠠᠵᠠᠷ ᠰᠠᠶᠢᠨ ᠦᠷ᠎ᠡ ᠶᠢ ᠪᠣᠲᠠᠲᠠᠢ ᠠᠳᠬᠤᠨ ᠲᠠᠯᠠᠪᠠᠢ ᠨᠢᠭᠡᠴᠢ ᠶᠢᠨ ᠤᠨᠠᠯᠲᠠ ᠶᠢ ᠪᠠᠲᠤᠯᠠᠪᠠ ᠃ ᠨᠢᠭᠡ ᠳᠤ ︽ ᠰᠠᠶᠢᠨ ᠲᠠᠷᠢᠶᠠᠨ ᠭᠠᠵᠠᠷ ︾ ᠢ ︽ ᠠᠮᠤ ᠪᠤᠳᠠᠭᠠᠨ ᠤ ᠲᠠᠷᠢᠶ᠎ᠠ ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ︽ᠭᠤᠷᠪᠠ ᠶᠢ ᠡᠪᠳᠡᠵᠦ᠂ ᠲᠠᠪᠤ ᠶᠢ ᠨᠢᠭᠡᠳᠬᠡᠬᠦ︾ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢᠶᠠᠷ ᠳᠠᠮᠵᠢᠭᠤᠯᠤᠨ᠂ ︽ᠵᠢᠵᠢᠭ ᠲᠠᠷᠢᠶᠠᠨ ᠭᠠᠵᠠᠷ︾ ᠢ ︽ᠶᠡᠭᠡ ᠲᠠᠷᠢᠶᠠᠨ ᠭᠠᠵᠠᠷ︾ ᠪᠣᠯᠭᠠᠨ ᠬᠤᠪᠢᠷᠠᠭᠤᠯᠵᠤ᠂ 245 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠨᠡᠶᠢᠲᠡ 5234 ᠲᠦᠮᠡᠨ ᠮᠦ ᠪᠠᠶᠢᠭᠤᠯᠵᠤ ᠳᠠᠭᠤᠰᠬᠠᠭᠠᠳ᠂ ᠠᠮᠤ ᠪᠤᠳᠠᠭᠠᠨ ᠤ ᠦᠢᠯᠡᠳᠪᠦᠷᠢᠯᠡᠯ ᠢ 500 ᠳ᠋ᠦᠩᠰᠢᠭᠤᠷ ᠵᠢᠩ ᠠᠴᠠ ᠳᠡᠭᠡᠭᠰᠢ ᠲᠤᠯᠭᠠᠭᠤᠷᠢᠯᠠᠭᠤᠯᠪᠠ᠃ ᠬᠤᠶᠠᠷ ᠲᠤ ︽ ᠰᠠᠶᠢᠨ ᠦᠷ᠎ᠡ︾ ᠪᠠᠷ ︽ ᠥᠨᠳᠥᠷ ᠤᠨᠠᠯᠲᠠ ︾ ᠶᠢ ᠲᠤᠰᠠᠯᠠᠬᠤ ᠶᠢ ᠲᠦᠯᠬᠢᠨ ᠠᠬᠢᠭᠤᠯᠪᠠ᠃ 2700 ᠲᠦᠮᠡᠨ ᠲᠥᠭᠦᠷᠢᠭ ᠣᠷᠣᠭᠤᠯᠵᠤ᠂ ᠭᠤᠣᠯ ᠪᠣᠯᠬᠤ ᠠᠮᠤ ᠲᠣᠰᠣᠨ ᠤ ᠲᠠᠷᠢᠮᠠᠯ ᠤᠨ ᠦᠷ᠎ᠡ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ 60 ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ᠂ 9 ᠵᠦᠢᠯ ︵ᠲᠥᠷᠥᠯ︶ ᠤᠨ ᠠᠮᠤ ᠲᠣᠰᠣᠨ ᠤ ᠲᠠᠷᠢᠮᠠᠯ ᠤᠨ ᠰᠠᠶᠢᠨ ᠦᠷ᠎ᠡ ᠶᠢ 147 ᠰᠣᠩᠭᠤᠨ ᠭᠠᠷᠭᠠᠵᠤ᠂ ᠪᠥᠬᠦ ᠣᠷᠣᠨ ᠢ ᠳᠠᠶᠢᠴᠢᠯᠠᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ 98%   ᠠᠴᠠ ᠳᠡᠭᠡᠭᠰᠢ ᠳᠤ ᠬᠦᠷᠦᠭᠦᠯᠪᠡ ᠃      ᠪᠠᠰᠠ ᠨᠢᠭᠡ ᠲᠠᠯ᠎ᠠ ᠪᠠᠷ᠂ ᠪᠢᠳᠡ ᠮᠡᠷᠭᠡᠵᠢᠯ ᠤᠨ ᠬᠤᠷᠠᠮᠠᠯ ᠢ ᠠᠳᠬᠤᠨ ᠲᠠᠯᠠᠪᠠᠢ ᠨᠢᠭᠡᠴᠡ ᠶᠢᠨ ᠤᠨᠠᠯᠲᠠ ᠶᠢ ᠳᠡᠭᠡᠭᠰᠢᠯᠡᠭᠦᠯᠪᠡ ᠃ ᠡᠨᠡ ᠵᠢᠯ᠂ 11 ᠵᠦᠢᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ 27 ᠨᠡᠶᠢᠲᠡᠯᠢᠭ ᠮᠡᠷᠭᠡᠵᠢᠯ ᠤᠨ ᠵᠠᠭᠪᠤᠷ ᠢ ᠰᠢᠯᠢᠳᠡᠭᠵᠢᠭᠦᠯᠦᠨ ᠬᠤᠷᠠᠮᠳᠤᠭᠤᠯᠵᠤ᠂ ᠡᠷᠳᠡᠨᠢ ᠰᠢᠰᠢ ᠶᠢ ᠨᠢᠭᠲᠠ ᠳᠠᠷᠢᠵᠤ ᠳᠤᠰᠤᠯᠭᠠᠨ ᠤᠰᠤᠯᠠᠬᠤ᠂ ᠰᠢᠷ᠎ᠠ ᠪᠤᠷᠴᠠᠭ ᠤᠨ ᠶᠡᠭᠡ ᠳᠠᠯᠠᠩ ᠥᠨᠳᠥᠷ ᠲᠠᠪᠴᠠᠩ᠂ ᠲᠥᠮᠥᠰᠥ ᠶᠢ ᠥᠨᠳᠥᠷ ᠳᠠᠯᠠᠩ ᠢᠶᠠᠷ ᠳᠤᠰᠤᠯᠭᠠᠨ ᠤᠰᠤᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠪᠥᠬᠦ ᠣᠷᠣᠨ ᠤ ᠭᠤᠣᠯ ᠳᠡᠯᠭᠡᠷᠡᠭᠦᠯᠬᠦ ᠮᠡᠷᠭᠡᠵᠢᠯ ᠤᠨ ᠬᠡᠷᠡᠭᠯᠡᠭᠡᠨ ᠤ ᠲᠠᠯᠠᠪᠠᠶ ᠶᠢ 4300 ᠲᠦᠮᠡᠨ ᠮᠦ ᠳᠤ ᠣᠶᠢᠷᠠᠲᠤᠭᠤᠯᠬᠤ ᠶᠢ ᠳᠠᠶᠢᠴᠢᠯᠠᠪᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠦᠷᠢ ᠳᠤ ᠨᠡᠶᠢᠲᠡ 12.6 ᠲᠦᠮᠡᠨ ᠰᠠᠤᠷᠢ ︵ᠢᠵᠢ︶ ᠳᠤ ᠨᠥᠬᠦᠪᠦᠷᠢ ᠥᠭᠴᠦ᠂ ᠡᠭᠦᠨ ᠳᠤ ᠪᠸᠢ ᠳ᠋ᠸᠦ ᠨᠡᠷᠡᠮᠵᠢᠲᠦ ᠵᠠᠮᠴᠢᠯᠠᠭ᠎ᠠ ᠶᠢᠨ ᠬᠠᠪᠰᠤᠷᠤᠨ ᠵᠢᠯᠤᠭᠤᠳᠬᠤ ᠰᠢᠰᠲ᠋ᠧᠮ ᠪᠠ ᠳᠡᠭᠡᠳᠦ ᠴᠢᠳᠠᠪᠬᠢᠲᠤ ᠦᠷ᠎ᠡ ᠰᠠᠴᠤᠬᠤ ᠮᠠᠰᠢᠨ ᠢ 2.35 ᠲᠦᠮᠡ ᠰᠢᠨ᠎ᠡ ᠪᠠᠷ ᠨᠡᠮᠡᠭᠳᠡᠭᠦᠯᠵᠦ᠂ ᠪᠥᠬᠦ ᠣᠷᠣᠨ ᠤ ᠪᠸᠢ ᠳ᠋ᠸᠦ ᠨᠡᠷᠡᠮᠵᠢᠲᠦ ᠵᠠᠮᠴᠢᠯᠠᠭ᠎ᠠ ᠶᠢᠨ ᠨᠠᠷᠢᠯᠢᠭ ᠲᠠᠷᠢᠯᠲᠠ ᠶᠢ 1500 ᠭᠠᠷᠤᠢ ᠲᠦᠮᠡᠨ ᠮᠦ ᠳᠤ ᠬᠦᠷᠦᠭᠦᠯᠵᠦ᠂ ᠥᠨᠳᠥᠷ ᠨᠢᠭᠲᠠᠴᠠ ᠲᠠᠢ ᠪᠠᠶᠢᠳᠠᠯ ᠳᠣᠣᠷ᠎ᠠ ᠴᠢᠬᠢ ᠪᠦᠷᠢᠨ ᠪᠠᠶᠢᠬᠤ ᠶᠢ ᠪᠦᠲᠦᠮᠵᠢᠲᠡᠶ ᠪᠠᠲᠤᠯᠠᠪᠠ᠃ ᠣᠨᠴᠠᠭᠠᠶᠢᠯᠠᠨ ᠳᠤᠷᠠᠳᠤᠭᠤᠰᠢᠲᠠᠢ ᠵᠦᠢᠯ ᠭᠡᠪᠡᠯ᠂ ᠪᠢᠳᠡ ᠡᠨᠡ ᠵᠢᠯ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ 8 ᠵᠦᠢᠯ ᠢ ᠨᠡᠶᠢᠲᠡᠯᠡᠨ ᠬᠡᠷᠡᠭᠵᠢᠭᠦᠯᠵᠦ᠂ 4 ᠵᠦᠢᠯ ᠤᠨ ᠵᠠᠭᠪᠤᠷ 10 ᠶᠡᠭᠡ ᠨᠡᠶᠢᠲᠡᠯᠢᠭ ᠵᠢᠱᠢᠶ᠎ᠡ  ᠶᠢ ᠳᠡᠯᠭᠡᠷᠡᠭᠦᠯᠵᠦ᠂ ᠦᠢᠯᠡᠴᠢᠯᠡᠭᠡᠨ ᠤ ᠲᠠᠯᠠᠪᠠᠶ ᠨᠢ 2400 ᠲᠦᠮᠡᠨ ᠮᠦ ᠶᠢ ᠳᠠᠪᠠᠵᠤ᠂ ᠠᠳᠠᠯᠢ ᠬᠤᠭᠤᠴᠠᠭᠠᠨ ᠤ  ᠬᠢ ᠠᠴᠠ 14.3% ᠪᠠᠷ ᠨᠡᠮᠡᠭᠳᠡᠨ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ ᠨᠡᠩ ᠣᠯᠠᠨ ᠲᠠᠯᠠᠪᠠᠢ ᠨᠢᠭᠡᠴᠡ ᠶᠢᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠢ ᠲᠠᠷᠢᠶᠠᠨ ᠭᠠᠵᠠᠷ ᠲᠤ ᠨᠠᠶᠢᠳᠠᠪᠤᠷᠢᠵᠢᠭᠤᠯᠵᠠᠢ᠃      ᠲᠠᠬᠢᠪᠠᠯ ᠂ ᠪᠢᠳᠡ ᠦᠯᠢᠭᠡᠷ ᠵᠢᠱᠢᠶ᠎ᠡ ᠦᠵᠡᠭᠦᠯᠬᠦ ᠶᠢ ᠴᠢᠩᠭ᠎ᠠ ᠠᠳᠬᠤᠨ ᠥᠨᠳᠥᠷ ᠤᠨᠠᠯᠲᠠ ᠡᠭᠦᠳᠬᠦ ᠶᠢ ᠬᠥᠲᠥᠯᠥᠨ ᠵᠢᠯᠤᠭᠤᠳᠪᠠ᠃ ︽ᠲᠣᠮᠣ ᠬᠦᠷᠢᠶᠡᠯᠡᠩ ᠲᠣᠭᠤᠷᠢᠭ︾ ᠤᠨ ᠣᠨᠣᠯᠵᠢᠬᠤᠨ ᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ 8 ᠳ᠋ᠦᠩᠰᠢᠭᠤᠷ ᠰᠢᠬᠠᠮ ᠲᠥᠭᠦᠷᠢᠭ ᠨᠢᠭᠡᠳᠦᠯᠲᠡᠢ ᠲᠥᠯᠥᠪᠯᠡᠨ᠂ 21 ᠡᠷᠳᠡᠨᠢ ᠰᠢᠰᠢ᠂ 13 ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠠᠬᠢᠭᠤᠯᠬᠤ ᠰᠢᠶᠠᠨ ᠢ ᠪᠦᠲᠦᠭᠡᠨ ᠪᠠᠶᠢᠭᠤᠯᠵᠤ᠂ 64 ᠬᠤᠰᠢᠭᠤ ᠰᠢᠶᠠᠨ ᠤ 55 ᠲᠦᠮᠡᠨ ᠮᠦ᠂ 486 ᠮᠢᠩᠭᠠᠨ ᠮᠦ᠂ 511 ᠵᠠᠭᠤᠨ ᠮᠦ ᠶᠢᠨ ᠭᠤᠣᠯ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ 545 ᠲᠦᠮᠡᠨ ᠮᠦ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ ᠂ ᠨᠠᠮᠤᠷ ᠤᠨ ᠠᠮᠤ ᠪᠤᠳᠠᠭᠠᠨ ᠤ ︽ᠨᠢᠭᠡ  ᠳᠤ ᠰᠦᠷᠴᠢᠵᠦ ᠣᠯᠠᠨ ᠢ ᠠᠬᠢᠭᠤᠯᠬᠤ︾ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠪᠥᠬᠦ ᠣᠷᠣᠨ ᠤ ᠡᠯ᠎ᠡ ᠱᠠᠲᠤᠨ ᠤ ᠬᠢᠨ ᠮᠡᠷᠭᠡᠵᠢᠯ ᠤᠨ ᠪᠣᠯᠪᠠᠰᠤᠷᠠᠯ᠂ ᠲᠤᠬᠠᠢ ᠶᠢᠨ ᠲᠠᠯᠠᠪᠤᠷ ᠤᠨ ᠬᠤᠷᠠᠯ ᠢ 116 ᠤᠳᠠᠭ᠎ᠠ ᠬᠤᠷᠠᠯᠳᠤᠭᠤᠯᠵᠤ᠂ ᠰᠦᠯᠵᠢᠶᠡᠨ ᠳᠡᠭᠡᠷᠡᠬᠢ ᠪᠣᠯᠪᠠᠰᠤᠷᠠᠯ ᠢ ᠵᠡᠷᠭᠡᠪᠡᠷ ᠥᠷᠨᠢᠭᠦᠯᠵᠦ᠂ ᠨᠡᠶᠢᠲᠡ 12 ᠲᠦᠮᠡ ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ ᠥᠨᠳᠥᠷ ᠤᠨᠠᠯᠲᠠ ᠶᠢᠨ ᠮᠡᠷᠭᠡᠵᠢᠯ ᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠪᠡ᠃ ᠪᠢᠳᠡ ᠠᠮᠤ ᠳᠤᠰᠤᠨ ᠤ ᠲᠠᠷᠢᠮᠠᠯ ᠤᠨ ᠥᠨᠳᠥᠷ ᠤᠨᠠᠯᠲᠠ ᠶᠢᠨ ᠤᠷᠤᠯᠳᠤᠭᠠᠨ ᠢ ᠵᠣᠬᠢᠶᠠᠨ ᠪᠠᠶᠢᠭᠤᠯᠪᠠ ᠂ ᠡᠭᠦᠨ ᠳᠤ ᠡᠷᠳᠡᠨᠢ ᠰᠢᠰᠢ ᠂ ᠰᠢᠷ᠎ᠠ ᠪᠤᠷᠴᠠᠭ ᠂ ᠪᠤᠭᠤᠳᠠᠢ ᠵᠡᠷᠭᠡ 7 ᠭᠤᠣᠯ ᠪᠣᠯᠬᠤ ᠠᠮᠤ ᠳᠤᠰᠤᠨ ᠤ ᠲᠠᠷᠢᠮᠠᠯ ᠳᠠᠬᠢᠨᠲᠠ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠴᠦ ᠂ 3 ᠰᠢᠯᠢᠮᠳᠡᠭ ᠤᠨ ᠥᠨᠳᠥᠷ ᠤᠨᠠᠯᠲᠠ ᠲᠠᠢ ᠲᠠᠷᠢᠶᠠᠨ ᠭᠠᠵᠠᠷ ᠨᠢ ᠤᠯᠤᠰ ᠤᠨ ᠤᠮᠠᠷᠠᠲᠤ ᠶᠢᠨ ᠰᠢᠯᠢᠮᠳᠡᠭ ᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠳᠤ ᠰᠤᠩᠭᠤᠭᠳᠠᠨ ᠣᠷᠣᠪᠠ᠃      ᠦᠢᠯᠡᠳᠦᠯᠭᠡ ᠰᠡᠳᠬᠦᠯ ᠤᠨ ᠬᠤᠷᠢᠶ᠎ᠠ ᠶᠢᠨ ᠰᠤᠷᠪᠤᠯᠵᠢᠯᠠᠭᠴᠢ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠲᠡᠭᠡᠪᠡᠯ ᠡᠨᠡ ᠵᠢᠯ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠵᠤ᠂ ᠶᠠᠮᠠᠷ ᠶᠠᠮᠠᠷ ᠠᠵᠢᠯ ᠬᠢᠭᠰᠡᠨ ᠪᠣᠶ︖      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠢᠨ ᠯᠢ ᠯᠦᠩ᠄ ᠥᠪᠥᠷ ᠮᠣᠩᠭᠤᠯ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠮᠠᠭᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠰᠠᠭᠤᠷᠢ ᠢᠨᠵᠧᠨᠧᠷᠢᠩ ᠪᠣᠯᠭᠠᠭᠰᠠᠭᠠᠷ ᠢᠷᠡᠵᠡᠶ᠃ ᠪᠥᠬᠦ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠦ ᠪᠠᠶᠢᠭᠤᠯᠵᠤ᠂ ᠪᠥᠬᠦ ᠣᠷᠣᠨ ᠤ 2/3 ᠠᠴᠠ ᠳᠡᠭᠡᠭᠰᠢᠬᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠤᠯᠭᠠᠭᠤᠷᠢᠯᠠᠭᠰᠠᠨ ᠪᠠᠶᠢᠨ᠎ᠠ᠃ ᠶᠡᠷᠦᠩᠬᠡᠢ ᠱᠦᠵᠢ ᠶᠢᠨ ᠵᠡᠭᠦᠨ ᠬᠤᠶᠢᠲᠤ ᠶᠢᠨ ᠲᠦᠷᠪᠡᠨ ᠮᠤᠵᠢ ᠳᠤ ᠳᠤᠷᠠᠳᠤᠭᠰᠠᠨ ︽ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠤᠷᠢᠳᠠᠪᠠᠷ ᠪᠦᠲᠦᠭᠡᠨ ᠪᠠᠶᠢᠭᠤᠯᠬᠤ ︾ ᠴᠢᠬᠤᠯᠠ ᠱᠠᠭᠠᠷᠳᠠᠯᠭ᠎ᠠ ᠶᠢ ᠪᠢᠳᠡ ᠭᠤᠣᠯᠳᠠᠭᠤ ᠭᠤᠷᠪᠠᠨ ︽ ᠤᠷᠢᠳᠠᠪᠠᠷ︾ ᠭᠡᠬᠦ ᠦᠰᠦᠭ ᠤᠨ ᠲᠠᠯ᠎ᠠ ᠠᠴᠠ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠪᠠ ᠃      ᠨᠢᠭᠡᠳᠦᠭᠡᠷ ᠲᠤ ᠂ ᠪᠡᠶᠡᠯᠡᠭᠦᠯᠬᠦ ᠴᠠᠭ ᠤᠨ ᠲᠠᠯ᠎ᠠ ᠪᠠᠷ ︽ ᠤᠷᠢᠳᠠᠪᠠᠷ ︾ ᠬᠢᠪᠡ᠃ ᠡᠨᠡ ᠵᠢᠯ ᠮᠠᠨ ᠤ ᠣᠷᠣᠨ ᠲᠡᠮᠡᠴᠡᠨ ᠣᠯᠬᠤ ᠡᠭᠦᠷᠭᠡ ᠶᠢᠨ ᠲᠠᠯ᠎ᠠ ᠪᠠᠷ ︽ᠭᠤᠷᠪᠠᠨ ᠨᠢᠭᠡᠳᠦᠭᠡᠷ︾ ᠢ ᠣᠯᠵᠤ᠂ 395 ᠲᠦᠮᠡᠨ ᠮᠦ ᠵᠢᠯ ᠤᠨ ᠡᠭᠦᠷᠭᠡ ᠶᠢ ᠲᠡᠮᠡᠴᠡᠨ ᠣᠯᠵᠤ᠂ ᠪᠥᠬᠦ ᠤᠯᠤᠰ ᠤᠨ ᠶᠡᠷᠦᠩᠬᠡᠢ ᠡᠭᠦᠷᠭᠡ ᠶᠢᠨ ᠨᠡᠮᠡᠭᠳᠡᠯ ᠤᠨ ᠬᠡᠮᠵᠢᠶ᠎ᠡ ᠪᠠᠷ ᠡᠯ᠎ᠡ ᠮᠤᠵᠢ ᠶᠢᠨ ᠨᠢᠭᠡᠳᠦᠭᠡᠷ ᠲᠤ ᠣᠷᠣᠪᠠ︔ ᠪᠠᠶᠠᠨᠨᠠᠭᠤᠷ ᠬᠤᠳᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠣᠯᠣᠨ ᠬᠢᠩᠭᠠᠨ ᠠᠶᠢᠮᠠᠭ ᠤᠨ ᠵᠠᠯᠠᠶᠢᠳ ᠬᠤᠰᠢᠭᠤ ᠤᠯᠤᠰ ᠤᠨ ᠠᠩᠬᠠᠳᠠᠭᠴᠢ ᠪᠦᠯᠦᠭ ᠪᠦᠬᠦ ᠣᠷᠣᠨ ᠪᠦᠰᠡ ᠪᠠᠷ ᠠᠬᠢᠭᠤᠯᠬᠤ ᠲᠤᠷᠰᠢᠯᠲᠠ ᠶᠢᠨ ᠴᠢᠭ᠋ ᠤᠨ ᠠᠵᠢᠯ ᠳᠤ ᠠᠮᠵᠢᠯᠲᠠᠲᠠᠢ ᠰᠣᠩᠭᠤᠭᠳᠠᠵᠤ ᠂ ᠭᠠᠭᠴᠠ ᠮᠤᠵᠢ ᠶᠢᠨ ᠲᠤᠷᠰᠢᠯᠲᠠ ᠶᠢᠨ ᠴᠢᠭ᠋ ᠤᠨ ᠲᠤᠭ᠎ᠠ  ᠨᠢ ᠪᠦᠬᠦ ᠤᠯᠤᠰ ᠲᠤ ᠲᠡᠷᠢᠭᠦᠯᠡᠪᠡ ︔ 2024 ᠣᠨ ᠤ 710 ᠲᠦᠮᠡᠨ ᠮᠦ ᠶᠢᠨ ᠤᠯᠤᠰ ᠤᠨ ᠵᠢᠭᠡᠯᠡᠯᠭᠡ ᠶᠢᠨ ᠲᠥᠷᠥᠯ ᠵᠦᠢᠯ ᠢ ᠠᠮᠵᠢᠯᠲᠠ ᠲᠠᠢ ᠲᠡᠮᠡᠴᠡᠨ ᠣᠯᠵᠤ᠂ ᠣᠨ ᠤ ᠡᠭᠦᠷᠭᠡ ᠶᠢᠨ ᠬᠡᠮᠵᠢᠶ᠎ᠡ ᠪᠠ ᠪᠡᠯᠡ ᠮᠥᠩᠭᠦ ᠶᠢᠨ ᠲᠤᠭ᠎ᠠ ᠲᠡᠦᠬᠡᠨ ᠳᠤ ᠨᠢᠭᠡᠳᠦᠭᠡᠷ ᠲᠤ ᠣᠷᠣᠪᠠ᠃      ᠬᠤᠶᠠᠳᠤᠭᠠᠷ ᠲᠤ᠂ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠤ ᠲᠠᠯ᠎ᠠ ᠪᠠᠷ ︽ ᠤᠷᠢᠳᠠᠪᠡᠷ ︾ ᠲᠦᠷᠦᠭᠦᠯᠡᠪᠡ ᠃ ᠪᠥᠬᠦ ᠤᠯᠤᠰ ᠤᠨ ︽ᠲᠣᠮᠣ ᠲᠠᠷᠢᠶᠠᠨ ᠭᠠᠵᠠᠷ︾ ᠤᠨ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠪᠠ ᠃ ᠨᠢᠭᠡ ᠳᠤ ︽ ᠶᠡᠭᠡ ᠰᠠᠭᠤᠷᠢ ᠵᠢᠷᠤᠭ︾ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠨᠢᠭᠡ ᠵᠢᠷᠤᠭ ᠢ ᠪᠣᠶ ᠪᠣᠯᠭᠠᠵᠤ᠂ ᠨᠠᠷᠢᠯᠢᠭ ᠣᠨᠣᠴᠠᠲᠠᠢ ᠪᠠᠷ ᠬᠠᠮᠢᠶᠠᠷᠤᠨ ᠡᠵᠡᠮᠳᠡᠬᠦ ᠶᠢ ᠪᠡᠶᠡᠯᠡᠭᠦᠯᠪᠡ᠃ ᠬᠤᠶᠠᠷ ᠲᠤ ︽ ᠶᠡᠭᠡ  ᠵᠠᠯᠭᠠᠯᠳᠤᠭᠰᠠᠨ ᠣᠷᠣᠨ ︾ ᠢ ᠬᠥᠭᠵᠢᠭᠦᠯᠵᠦ ᠂ ︽ ᠭᠤᠷᠪᠠ ᠶᠢ ᠡᠪᠳᠡᠬᠦ ᠂ ᠲᠠᠪᠤ ᠶᠢ ᠨᠢᠭᠡᠳᠬᠡᠬᠦ ᠂ ᠨᠢᠭᠡ ᠶᠢ ᠰᠢᠨ᠎ᠡ ᠪᠠᠷ ᠪᠠᠶᠢᠭᠤᠯᠬᠤ ︾ ᠪᠠᠷ ᠳᠠᠮᠵᠢᠭᠤᠯᠤᠨ ᠭᠠᠵᠠᠷ ᠰᠢᠷᠣᠢ ᠶᠢᠨ  ᠬᠡᠰᠡᠭᠴᠢᠯᠡᠭᠰᠡᠨ ᠠᠰᠠᠭᠤᠳᠠᠯ ᠢ ᠰᠢᠢᠳᠪᠦᠷᠢᠯᠡᠪᠡ᠃ ᠭᠤᠷᠪᠠ ᠳᠤ ︽ᠤᠰᠤ ᠶᠡᠬᠡᠪᠡᠷ ᠠᠷᠪᠢᠯᠠᠬᠤ︾ ᠶᠢ ᠬᠡᠷᠡᠭᠵᠢᠭᠦᠯᠵᠦ᠂ ᠪᠥᠬᠦ ᠣᠷᠣᠨ ᠳᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠲᠠᠯᠠᠪᠠᠶ ᠶᠢ 3400 ᠲᠦᠮᠡᠨ ᠮᠦ ᠪᠠᠶᠢᠭᠤᠯᠪᠠ ᠃ ᠳᠥᠷᠪᠡ ᠳᠤ ︽ ᠶᠡᠭᠡ ᠬᠠᠮᠠᠭᠠᠯᠠᠯᠲᠠ ︾ ᠶᠢ ᠪᠡᠶᠡᠯᠡᠭᠦᠯᠵᠦ ᠂ ᠬᠠᠷ᠎ᠠ ᠬᠦᠷᠦᠰᠦᠲᠤ ᠭᠠᠵᠠᠷ ᠢ ᠬᠠᠮᠠᠭᠠᠯᠠᠬᠤ ᠂ ᠬᠤᠵᠢᠷᠯᠢᠭ ᠭᠠᠵᠠᠷ ᠢ ᠠᠰᠢᠭᠯᠠᠬᠤ ᠂ ᠡᠯᠡᠰᠦᠵᠢᠭᠰᠡᠨ ᠲᠠᠷᠢᠶᠠᠨ ᠭᠠᠵᠠᠷ ᠢ ᠵᠠᠰᠠᠬᠤ ᠲᠠᠢ ᠵᠣᠬᠢᠴᠠᠯᠳᠤᠭᠤᠯᠤᠨ ᠲᠦᠯᠬᠢᠨ ᠠᠬᠢᠭᠤᠯᠪᠠ᠃ ᠲᠠᠪᠤ ᠳᠤ ︽ ᠶᠡᠭᠡ ᠲᠤᠷᠰᠢᠯᠲᠠ ᠶᠢᠨ ᠴᠢᠭ᠋︾ ᠢ ᠪᠣᠶᠢᠵᠢᠭᠤᠯᠵᠤ ᠂ ᠤᠯᠤᠰ ᠠᠴᠠ ᠡᠨᠡ ᠵᠢᠯ ᠠᠴᠠ ᠡᠬᠢᠯᠡᠭᠰᠡᠨ ᠲᠠᠪᠤᠨ ᠲᠦᠷᠦᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ᠋ ᠢ ᠪᠦᠬᠦᠨ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠵᠤ ᠂ ᠤᠯᠠᠭᠠᠨᠴᠠᠪ ᠲᠤ ᠪᠦᠬᠦ ᠤᠯᠤᠰ ᠤᠨ ᠠᠩᠬᠠᠳᠠᠭᠴᠢ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠳᠦᠭᠡᠷ ᠳᠡᠰ ᠤᠨ ᠬᠠᠮᠲᠤ ᠪᠠᠷ ᠪᠦᠲᠦᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠡᠬᠢᠯᠡᠭᠦᠯᠵᠡᠢ ᠃      ᠭᠤᠷᠪᠠᠳᠤᠭᠠᠷ ᠲᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ︽ ᠤᠷᠢᠳᠠᠪᠡᠷ︾ ᠪᠣᠳᠤᠯᠬᠢᠯᠠᠪᠠ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠪᠠᠷ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠡᠯᠡ ᠮᠥᠩᠭᠦ ᠥᠭᠬᠦ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠮᠥᠷᠳᠡᠨ ᠪᠠᠶᠢᠴᠠᠭᠠᠵᠤ ᠰᠢᠢᠳᠪᠦᠷᠢᠯᠡᠪᠡ ᠃ ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠂ ᠬᠤᠲᠠ ᠰᠢᠶᠠᠨ ᠤ ᠢᠵᠢ ᠪᠦᠷᠢᠳᠦᠭᠦᠯᠬᠦ ᠶᠢ ᠬᠦᠴᠦᠨ ᠦᠭᠡᠢ ᠪᠣᠯᠭᠠᠵᠤ᠂ ᠪᠡᠯᠡ ᠮᠥᠩᠭᠦ ᠶᠢ ᠲᠤᠰᠬᠠᠢ ᠲᠠᠩᠰᠠᠨ ᠡᠷᠦᠬᠡ ᠪᠠᠷ ᠬᠠᠮᠢᠶᠠᠷᠬᠤ ᠪᠠ ᠣᠷᠣᠨ ᠬᠤᠪᠢᠶᠠᠨ ᠲᠥᠷᠥᠯ ᠬᠤᠪᠢᠶᠠᠵᠤ ᠵᠦᠷᠢᠶᠡᠵᠢᠬᠦᠯᠦᠨ ᠨᠥᠬᠦᠪᠦᠷᠢ ᠥᠭᠬᠦ ᠶᠢ ᠬᠡᠷᠡᠭᠵᠢᠭᠦᠯᠵᠦ᠂ 2000 ᠲᠦᠮᠡᠨ ᠲᠥᠭᠦᠷᠢᠭ ᠲᠣᠬᠢᠷᠠᠭᠤᠯᠤᠨ 10 ᠰᠢᠶᠠᠨ ᠪᠠ 100 ᠲᠣᠰᠬᠤᠨ ᠢ ᠱᠠᠩᠨᠠᠪᠠ ᠃ ᠳᠦᠷᠢᠮ ᠤᠨ ᠪᠠᠲᠤᠯᠠᠭ᠎ᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠵᠡᠷᠭᠡ 26 ᠵᠦᠢᠯ ᠤᠨ ᠳᠦᠷᠢᠮ ᠪᠠ 2 ᠵᠦᠢᠯ ᠤᠨ ᠲᠥᠯᠦᠪᠵᠢᠭᠦᠯᠭᠡ ᠶᠢ ᠨᠡᠶᠢᠲᠡᠯᠡᠪᠡ᠃ ᠪᠡᠶᠡᠴᠢ ᠴᠣᠭᠴᠠ ᠶᠢᠨ ᠪᠠᠲᠤᠯᠠᠭ᠎ᠠ ᠶᠢᠨ ᠲᠠᠯ᠎ᠠ ᠪᠠᠷ ᠂ 1.2 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠰᠢᠩᠭᠡᠬᠡᠨ ᠠᠪᠴᠤ ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠦᠬᠦ ᠶᠠᠪᠤᠴᠠ ᠳᠤ ᠣᠷᠣᠯᠴᠠᠭᠤᠯᠪᠠ ᠃ ᠡᠩᠨᠡᠭᠡᠨ ᠤ ᠪᠠᠲᠤᠯᠠᠭ᠎ᠠ ᠶᠢᠨ ᠲᠠᠯ᠎ᠠ ᠪᠠᠷ ᠂ ᠬᠠᠷ᠎ᠠ ᠬᠦᠷᠦᠰᠦᠲᠤ ᠭᠠᠵᠠᠷ᠂ ᠬᠤᠵᠢᠷᠯᠢᠭ ᠭᠠᠵᠠᠷ ᠂ ᠬᠠᠭᠤᠷᠠᠢ ᠭᠠᠵᠠᠷ ᠵᠡᠷᠭᠡ ᠭᠤᠷᠪᠠᠨ ᠶᠡᠭᠡ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠪᠠ ᠃ ᠬᠡᠪ ᠵᠠᠭᠪᠤᠷ ᠤᠨ ᠰᠢᠨ᠎ᠡ ᠶᠢ ᠡᠭᠦᠳᠬᠦ ᠲᠠᠯ᠎ᠠ ᠪᠠᠷ᠂ 14 ᠵᠦᠢᠯ ᠤᠨ ᠨᠡᠶᠢᠲᠡᠯᠢᠭ ᠬᠡᠪ ᠵᠠᠭᠪᠤᠷ ᠢ ᠲᠥᠪ ᠤᠨ ᠤᠯᠤᠰ ᠲᠥᠷᠥ ᠶᠢᠨ ᠰᠤᠳᠤᠯᠭᠠᠨ ᠤ ᠲᠠᠰᠤᠭ ᠤᠨ ︽ᠰᠤᠷᠤᠯᠴᠠᠯᠭ᠎ᠠ ᠪᠠ ᠰᠤᠳᠤᠯᠭᠠᠨ︾ ᠳᠤ ᠨᠡᠶᠢᠲᠡᠯᠡᠵᠦ᠂ ᠪᠥᠬᠦ ᠤᠯᠤᠰ ᠤᠨ ᠨᠡᠶᠢᠲᠡᠯᠢᠭ ᠵᠢᠱᠢᠶ᠎ᠡ ᠪᠣᠯᠤᠭᠰᠠᠨ ᠪᠠᠶᠢᠨ᠎ᠠ᠃      ᠣᠳᠣᠬᠠᠨ ᠳᠤ᠂ ᠮᠠᠨ ᠤ ᠣᠷᠣᠨ ᠶᠠᠭ ︽ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢᠨ ᠲᠡᠷᠢᠭᠦᠨ ᠤ ᠠᠵᠢᠯᠯᠠᠭ᠎ᠠ ᠶᠢᠨ ᠲᠥᠰᠥᠯ︾ ᠢ ᠨᠠᠶᠢᠷᠠᠭᠤᠯᠤᠨ ᠵᠣᠬᠢᠶᠠᠵᠤ ᠪᠣᠢ ᠂ ᠪᠥᠬᠦ ᠤᠯᠤᠰ ᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠤᠷᠢᠳᠠᠪᠠᠷ ᠪᠡᠶᠡᠯᠡᠭᠦᠯᠬᠦ ᠪᠣᠯᠣᠨ᠎ᠠ᠃      ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠮᠠᠨ ᠤ ᠣᠷᠣᠨ ᠪᠣᠯ ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ ᠪᠠᠶᠢᠵᠤ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠤᠤᠯᠤᠭᠤᠷ ᠤᠨ ᠭᠠᠷᠤᠯᠲᠠ ᠴᠥᠮ ᠪᠥᠬᠦ ᠤᠯᠤᠰ ᠲᠤ ᠲᠡᠷᠢᠭᠦᠯᠡᠵᠦ ᠪᠠᠶᠢᠨ᠎ᠠ᠂ ᠭᠡᠪᠡᠴᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠬᠢᠷᠢ ᠲᠦᠪᠰᠢᠨ ᠨᠡᠯᠢᠶᠡᠳ ᠬᠥᠭᠵᠢᠭᠰᠡᠨ ᠮᠤᠵᠢ ᠬᠤᠲᠠ  ᠲᠠᠢ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠂ ᠲᠡᠭᠡᠪᠡᠯ ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨᠪᠣᠶ︖      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ  ᠢ ᠬᠦᠭᠵᠢᠭᠦᠯᠬᠦ ᠭᠠᠵᠠᠷ ᠤᠨ ᠳᠡᠳ᠋ ᠳᠠᠷᠤᠭ᠎ᠠ ᠸᠠᠩ ᠱᠤᠸᠠᠢ᠄ ᠡᠨᠡ ᠵᠢᠯ ᠠᠴᠠ ᠨᠠᠭᠠᠰᠢ᠂ ᠪᠢᠳᠡ ᠠᠵᠤ ᠦᠢᠯᠡᠳᠪᠦᠷᠢᠵᠢᠯᠲᠡ ᠪᠣᠯᠣᠨ ᠪᠦᠬᠦ ᠬᠡᠯᠬᠢᠶ᠎ᠡ ᠶᠢᠨ ᠰᠡᠳᠬᠢᠬᠦᠢ ᠶᠢ ᠪᠠᠷᠢᠮᠲᠠᠯᠠᠵᠤ ᠂ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠠᠵᠤ ᠦᠢᠯᠡᠰ ᠤᠨ ᠳᠠᠪᠠᠭᠤᠯᠢᠭ ᠢ ᠥᠷᠭᠡᠳᠬᠡᠵᠦ ᠂ ᠬᠢᠨᠠᠨ ᠰᠢᠯᠭᠠᠵᠤ ᠠᠬᠢᠭᠤᠯᠬᠤ ᠶᠢ ᠴᠢᠩᠭᠠᠳᠬᠠᠵᠤ ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠤᠨ ᠬᠥᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠲᠦᠷᠭᠡᠨ ᠳᠠᠪᠰᠢᠯᠲᠠ ᠲᠠᠢ ᠪᠣᠯᠵᠠᠢ ᠃ ᠵᠢᠱᠢᠯᠲᠡ ᠪᠠᠷ 2023 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 4500 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ ︔ ᠭᠤᠣᠯ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ 70% ᠠᠴᠠ ᠳᠡᠭᠡᠭᠰᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠣᠷᠴᠢᠮ ᠨᠡᠮᠡᠭᠳᠡᠪᠡ ᠃ ᠪᠥᠬᠦ ᠣᠷᠣᠨ ᠤ ᠳᠠᠭᠠᠭᠤᠯᠤᠭᠴᠢ ᠠᠵᠤ ᠠᠬᠤᠶᠢᠯᠠᠯ ᠨᠢ 307 ᠲᠦᠮᠡᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠳᠠᠭᠠᠭᠤᠯᠵᠤ᠂ 80% ᠠᠴᠠ ᠳᠡᠭᠡᠭᠰᠢᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠪᠠ ᠬᠤᠷᠰᠢᠶ᠎ᠠ ᠨᠢ ᠮᠠᠯᠵᠢᠬᠤ ᠲᠠᠷᠢᠶᠠᠯᠠᠬᠤ ᠡᠷᠦᠬᠡ ᠯᠦᠭᠡ ᠵᠠᠬᠢᠶᠠᠯᠠᠭ᠎ᠠ ᠶᠢᠨ ᠬᠠᠭᠤᠳᠠᠰᠤ ᠶᠢ ᠲᠣᠭᠲᠠᠪᠤᠷᠢᠵᠢᠭᠤᠯᠬᠤ᠂ ᠠᠰᠢᠭ ᠣᠯᠵᠠᠪᠤᠷᠢ ᠶᠢᠨ ᠰᠠᠭᠤᠷᠢ ᠶᠢ ᠪᠠᠲᠤᠯᠠᠬᠤ᠂ ᠬᠤᠪᠢ ᠣᠷᠣᠭᠤᠯᠤᠯᠲᠠ ᠪᠠᠷ ᠠᠰᠢᠭ ᠣᠷᠣᠯᠭ᠎ᠠ ᠬᠤᠪᠢᠶᠠᠬᠤ ᠵᠡᠷᠭᠡ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠪᠠ᠃      ᠡᠨᠡ ᠵᠢᠯ ᠂ ᠪᠢᠳᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠢᠯ ᠢ ᠭᠤᠷᠪᠠᠨ ᠲᠠᠯ᠎ᠠ ᠪᠠᠷ ᠭᠤᠣᠯᠳᠠᠯᠭ᠎ᠠ ᠲᠠᠢ ᠲᠦᠯᠬᠢᠨ ᠠᠬᠢᠭᠤᠯᠪᠠ ᠃ ᠨᠢᠭᠡ ᠳᠤ ᠲᠦᠷᠦ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ︽ᠲᠥᠮᠥᠰᠥᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠢᠷᠭᠤᠭᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠪᠠ ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠨ ᠲᠦᠯᠬᠢᠨ ᠠᠬᠢᠭᠤᠯᠪᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠢᠷ᠎ᠠ ᠪᠤᠷᠴᠠᠭ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ᠂ ᠪᠠᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ᠂ ᠬᠤᠨᠢᠨ ᠠᠷᠠᠰᠤᠨ ᠤ ᠢᠳᠡᠭᠡᠨᠵᠢᠭᠦᠯᠦᠯᠲᠡ ᠶᠢᠨ ᠲᠤᠷᠰᠢᠯᠲᠠ ᠶᠢᠨ ᠴᠢᠭ᠋ ᠵᠡᠷᠭᠡ ᠰᠢᠷᠢᠰ ᠠᠯᠢ ᠣᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃      ᠬᠤᠶᠠᠷ ᠲᠤ ᠲᠦᠷᠦᠯ ᠵᠦᠢᠯ ᠤᠨ ᠳᠡᠮᠵᠢᠯᠭᠡ ᠶᠢ ᠴᠢᠩᠭᠠᠳᠬᠠᠪᠠ᠃ ᠰᠦ ᠶᠢᠨ ᠦᠢᠯᠡᠰ ᠪᠠ ᠲᠥᠮᠥᠰᠥ ᠵᠡᠷᠭᠡ 2 ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ᠂ 3 ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠂ 8 ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠰᠢᠨ᠎ᠡ ᠪᠠᠷ ᠡᠭᠦᠳᠦᠨ ᠪᠠᠶᠢᠭᠤᠯᠵᠤ ᠂ ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠨᠢ ᠪᠦᠬᠦ ᠤᠯᠤᠰ ᠤᠨ ᠨᠢᠭᠡᠳᠦᠭᠡᠷ ᠲᠤ ᠣᠷᠣᠪᠠ ᠃ ᠡᠨᠡ ᠵᠢᠯ ᠤᠨ ᠤᠯᠤᠰ ᠤᠨ ᠠᠵᠤ ᠦᠢᠯᠡᠰ ᠤᠨ ᠰᠦᠷᠦᠭᠵᠢᠯ ᠤᠨ ᠵᠦᠢᠯᠡᠰ ᠤᠨ 60% ᠠᠴᠠ ᠳᠡᠭᠡᠭᠰᠢᠬᠢ ᠪᠡᠯᠡ ᠮᠥᠩᠭᠦ ᠶᠢ ᠪᠣᠯᠪᠠᠰᠤᠷᠠᠭᠤᠯᠬᠤ ᠦᠢᠯᠡᠰ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠡᠮᠵᠢᠬᠦ ᠳᠤ ᠬᠡᠷᠡᠭᠯᠡᠪᠡ᠃ ᠡᠭᠦᠨ ᠤ ᠬᠠᠮᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠢ ᠤᠯᠤᠰ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠭᠦᠯᠦᠨ ᠬᠥᠭᠵᠢᠭᠦᠯᠬᠦ ᠲᠥᠷᠥᠯ ᠵᠦᠢᠯ ᠤᠨ ᠭᠤᠣᠯᠳᠠᠯᠭ᠎ᠠ ᠲᠠᠢ ᠳᠡᠮᠵᠢᠬᠦ ᠬᠡᠪᠴᠢᠶᠡᠨ ᠳᠤ ᠣᠷᠣᠭᠤᠯᠵᠤ᠂ ᠠᠯᠠᠰᠢᠨ ᠦᠬᠡᠷ᠂ ᠲᠥᠮᠥᠰᠥ᠂ ᠠᠯᠠᠰᠢᠨ ᠬᠤᠨᠢ᠂ ᠨᠣᠬᠠᠢ ᠶᠢᠨ ᠬᠤᠰᠢᠭᠤ᠂ ᠴᠠᠭᠠᠨ ᠭᠤᠶᠣᠣ ᠰᠦᠸᠧ ᠶᠠᠩ ᠵᠡᠷᠭᠡ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠤᠨ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠢᠯ ᠥᠷᠨᠢᠭᠦᠯᠬᠦ ᠶᠢ ᠳᠡᠮᠵᠢᠪᠡ ᠃      ᠭᠤᠷᠪᠠ ᠳᠤ ᠪᠡᠶᠡᠴᠢ ᠴᠣᠭᠴᠠ ᠪᠠᠷ ᠳᠠᠶᠢᠴᠢᠯᠠᠬᠤ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠲᠠᠪᠤᠨ ᠵᠢᠯ ᠤᠨ ᠠᠵᠢᠯᠯᠠᠭ᠎ᠠ ︵2021 ︱ 2025 ᠣᠨ︶ ᠶᠢᠨ ᠲᠥᠯᠥᠪᠯᠡᠭᠡ ᠶᠢ ᠬᠡᠷᠡᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠶᠢᠷᠠᠬᠤ ᠶᠢ ᠳᠡᠮᠵᠢᠵᠦ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠦᠷᠭᠦᠯᠵᠢᠯᠡᠨ ᠴᠢᠩᠭᠠᠷᠠᠭᠤᠯᠪᠠ ᠃ 2023 ᠣᠨ ᠳᠤ᠂ ᠪᠥᠬᠦ ᠣᠷᠣᠨ ᠤ ᠤᠯᠤᠰ ᠤᠨ ᠲᠠᠰ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ 59 ᠪᠣᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠤᠨ ᠲᠤᠭ᠎ᠠ 711 ᠪᠣᠯᠵᠤ᠂ ᠪᠥᠬᠦ ᠣᠷᠣᠨ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ 500 ᠡᠭᠦᠳᠦᠨ ᠪᠠᠶᠢᠭᠤᠯᠪᠠ᠃      ᠬᠥᠬᠡᠬᠤᠲᠠ ᠶᠢᠨ ᠡᠳᠦᠷ ᠤᠨ ᠰᠣᠨᠢᠨ ︵ ᠬᠥᠬᠡᠬᠤᠲᠠ ᠶᠢᠨ ᠬᠠᠮ ᠵᠠᠭᠤᠴᠢᠯᠠᠭᠤᠷ ︶ ᠤ ᠰᠤᠷᠪᠤᠯᠵᠢᠯᠠᠭᠴᠢ ᠄ ᠮᠠᠨ ᠤ ᠤᠯᠤᠰ ᠪᠣᠯ ᠲᠥᠬᠦᠭᠡᠷᠦᠮᠵᠢᠲᠦ ᠲᠠᠷᠢᠶᠠᠯᠠᠩ ᠤᠨ ᠨᠢᠭᠡᠳᠦᠭᠡᠷ ᠲᠣᠮᠣ ᠤᠯᠤᠰ ᠪᠣᠯᠣᠨ᠎ᠠ ᠂ ᠲᠥᠬᠦᠭᠡᠷᠦᠮᠵᠢᠲᠦ ᠲᠠᠷᠢᠮᠠᠯ ᠂ ᠲᠡᠵᠢᠭᠡᠪᠦᠷᠢ ᠂ ᠵᠢᠭᠠᠰᠤᠨ ᠤ ᠠᠵᠤ ᠦᠢᠯᠡᠰ ᠨᠢᠭᠡᠨᠲᠡ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠯ᠎ᠡ ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠬᠤᠯᠠ ᠢᠷᠡᠯᠲᠡ ᠪᠣᠯᠵᠠᠢ ᠃ ᠥᠪᠡᠷᠲᠡᠭᠡᠨ ᠵᠠᠰᠠᠬᠤ ᠣᠷᠣᠨ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠡᠨᠡ ᠵᠢᠯ ᠶᠠᠮᠠᠷ ᠶᠠᠮᠠᠷ ᠠᠵᠢᠯ ᠬᠢᠵᠦ᠂ ᠶᠠᠮᠠᠷ ᠦᠷ᠎ᠡ ᠪᠦᠲᠦᠮᠵᠢ ᠣᠯᠣᠭᠰᠠᠨ ᠪᠣᠶ︖      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠠᠵᠢᠯ ᠤᠨ ᠭᠠᠵᠠᠷ ᠤᠨ ᠳᠠᠷᠤᠭ᠎ᠠ ᠯᠢ ᡁᠢ ᠫᠢᠩ᠄ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠪᠣᠯ ᠲᠣᠮᠣ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ ᠴᠢᠬᠤᠯᠠ ᠠᠷᠭ᠎ᠠ ᠬᠡᠯᠪᠡᠷᠢ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠰᠠᠶᠢᠨ ᠦᠷ᠎ᠡ ᠪᠦᠲᠦᠮᠵᠢ ᠣᠯᠪᠠ᠃      ᠨᠢᠭᠡ ᠳᠤ ᠲᠥᠬᠦᠭᠡᠷᠦᠮᠵᠢᠲᠦ ᠲᠠᠷᠢᠮᠠᠯ ᠤᠨ ᠦᠢᠯᠡᠰ ᠤᠨ ᠣᠳᠣᠬᠢᠴᠢᠯᠠᠯᠲᠠ ᠢᠯᠡᠳᠲᠡ  ᠲᠡᠭᠡᠭᠰᠢᠯᠡᠪᠡ ᠃ ︽ᠨᠢᠭᠡ ᠫᠧᠩ ᠬᠤᠶᠠᠷ ᠥᠷᠥᠭᠡ︾ ︵ᠰᠦᠯᠢᠶᠥᠦ ᠫᠧᠩ᠂ ᠨᠡᠷᠡᠨ ᠬᠡᠷᠡᠯ ᠤᠨ ᠬᠦᠯᠡᠮᠵᠢ ᠪᠠ ᠰᠢᠯ ᠣᠶᠤᠨᠲᠤ ᠬᠦᠯᠡᠮᠵᠢ︶ ᠭᠤᠷᠪᠠᠨ ᠵᠦᠢᠯ ᠤᠨ ᠲᠥᠷᠥᠯ ᠬᠡᠯᠪᠡᠷᠢ ᠳᠤ ᠴᠢᠭᠯᠡᠭᠦᠯᠦᠨ᠂ ︽ᠪᠠᠶᠢᠭᠤᠯᠬᠤ᠂ ᠥᠭᠡᠷᠡᠴᠢᠯᠡᠬᠦ᠂ ᠳᠡᠭᠡᠭᠰᠢᠯᠡᠭᠦᠯᠬᠦ︾ ︵ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠵᠤ ᠥᠭᠡᠷᠡᠴᠢᠯᠡᠬᠦ ᠪᠠ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ︶ ᠭᠤᠷᠪᠠᠨ ᠵᠦᠢᠯ ᠤᠨ ᠵᠠᠭᠪᠤᠷ ᠢ ᠬᠡᠷᠡᠭᠯᠡᠵᠦ᠂ ᠭᠤᠣᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠠᠬᠢᠭᠤᠯᠪᠠ ᠃ ᠡᠨᠡ ᠵᠢᠯ ᠪᠥᠬᠦ ᠣᠷᠣᠨ ᠳᠤ23.78 ᠲᠦᠮᠡᠨ ᠮᠦ ᠰᠢᠨ᠎ᠡ ᠪᠠᠷ ᠪᠠᠶᠢᠭᠤᠯᠵᠤ᠂ ᠲᠥᠯᠥᠪᠯᠡᠭᠡ ᠠᠴᠠ 18.9% ᠳᠠᠪᠠᠪᠠ᠃ 7.54 ᠲᠦᠮᠡᠨ ᠮᠦ ᠬᠠᠭᠤᠴᠢᠷᠠᠭᠰᠠᠨ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ ᠂ ᠲᠥᠯᠥᠪᠯᠡᠭᠡ ᠠᠴᠠ 42.3%ᠳᠠᠪᠠᠪᠠ ᠃ ᠪᠥᠬᠦ ᠣᠷᠣᠨ ᠤ ᠵᠠᠭᠤᠨ ᠮᠦ ᠠᠴᠠ ᠳᠡᠭᠡᠭᠰᠢᠬᠢ ᠲᠥᠬᠦᠭᠡᠷᠦᠮᠵᠢᠲᠦ ᠲᠠᠷᠢᠮᠠᠯ ᠤᠨ ᠬᠦᠷᠢᠶᠡᠯᠡᠩ ᠲᠣᠭᠤᠷᠢᠭ 1426 ᠬᠦᠷᠴᠦ ᠂ ᠲᠠᠯᠠᠪᠠᠶ ᠨᠢ 87.6 ᠲᠦᠮᠡᠨ ᠮᠦ ᠳᠤ ᠬᠦᠷᠪᠡ ᠃ ᠬᠤᠶᠠᠷ ᠲᠤ ᠲᠥᠬᠦᠭᠡᠷᠦᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃ ᠪᠥᠬᠦ ᠣᠷᠣᠨ ᠳᠤ360.9 ᠲᠦᠮᠡᠨ ᠲᠡᠭᠰᠢ ᠳᠥᠷᠪᠡᠯᠵᠢᠨ ᠮᠧᠲᠷ ᠤᠨ ᠳᠤᠯᠠᠭᠠᠨ ᠬᠦᠯᠡᠮᠵᠢ ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠪᠡ︔ 60.9 ᠲᠦᠮᠡᠨ ᠳᠤᠯᠠᠭᠠᠨ ᠬᠦᠯᠡᠮᠵᠢ ᠶᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 44% ᠨᠡᠮᠡᠭᠳᠡᠪᠡ᠃ ᠭᠤᠷᠪᠠ ᠳᠤ ᠲᠥᠬᠦᠭᠡᠷᠦᠮᠵᠢᠲᠦ ᠵᠢᠭᠠᠰᠤᠨ ᠤ ᠠᠵᠤ ᠦᠢᠯᠡᠰ ᠲᠣᠭᠲᠠᠭᠤᠨ ᠢᠶᠠᠷ ᠬᠥᠭᠵᠢᠪᠡ ᠃ ᠪᠥᠬᠦ ᠣᠷᠣᠨ ᠳᠤ ᠲᠥᠬᠦᠭᠡᠷᠦᠮᠵᠢᠲᠦ ᠵᠢᠭᠠᠰᠤᠨ ᠤ ᠠᠵᠤ ᠦᠢᠯᠡᠰ ᠢ 21.18 ᠾᠧᠺᠲ᠋ᠠᠷ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠠᠯᠠᠪᠠᠶ ᠨᠢ 1.5 ᠲᠦᠮᠡᠨ ᠾᠧᠺᠲ᠋ᠠᠷ ᠢ ᠳᠠᠪᠠᠪᠠ᠃      ᠡᠨᠡ ᠵᠢᠯ᠂ ᠥᠪᠡᠷᠲᠡᠭᠡᠨ ᠵᠠᠰᠠᠬᠤ ᠣᠷᠣᠨ ᠳᠥᠷᠪᠡᠨ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠪᠡ ᠃ ᠨᠢᠭᠡ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠲᠥᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2023 ︱ 2025 ᠣᠨ︶︾ ᠢ ᠳᠠᠷᠤᠮᠠᠯᠯᠠᠨ ᠲᠠᠷᠬᠠᠭᠠᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠲᠤᠭᠤᠷᠪᠢᠵᠤ᠂ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠠᠩᠭᠢ ᠶᠢ ᠪᠠᠶᠢᠭᠤᠯᠤᠨ᠂ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠥᠭᠵᠢᠯᠲᠡ ᠶᠢᠨ ᠬᠠᠷᠠᠯᠲᠠ ᠪᠠ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠪᠠ᠃ ᠬᠤᠶᠠᠷ ᠲᠤ ᠭᠤᠣᠯᠳᠠᠯᠭ᠎ᠠ ᠲᠠᠢ ᠲᠦᠯᠬᠢᠨ ᠠᠬᠢᠭᠤᠯᠪᠠ ᠃ ᠪᠤᠭᠤᠲᠤ ᠬᠤᠳᠠ ᠪᠣᠯᠣᠨ ᠪᠠᠶᠠᠨᠨᠠᠭᠤᠷ ᠬᠤᠳᠠ ᠳᠤ ᠪᠦᠬᠦ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠤᠰᠬᠠᠢ ᠵᠦᠢᠯ ᠢᠶᠠᠷ ᠲᠦᠯᠬᠢᠨ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠤ ᠂ ᠰᠢᠯᠢ ᠶᠢᠨ ᠭᠤᠣᠯ ᠠᠶᠢᠮᠠᠭ ᠲᠤ ᠬᠠᠰᠢᠶᠠᠯᠠᠨ ᠲᠡᠵᠢᠭᠡᠵᠦ ᠪᠠᠶᠢᠭ᠎ᠠ ᠪᠠ ᠮᠠᠯ ᠮᠠᠯᠵᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠤ ᠂ ᠱᠠᠭᠠᠷᠳᠠᠯᠭ᠎ᠠ ᠳᠤᠷᠠᠳᠴᠤ ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ ᠂ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠪᠦᠬᠦ ᠣᠷᠣᠨ  ᠤ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠪᠠ ᠃ ᠭᠤᠷᠪᠠ ᠳᠤ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠤᠭᠤᠲᠤ ᠬᠤᠳᠠ 2 ᠲᠦᠮᠡᠨ ᠮᠦ ᠬᠠᠭᠤᠴᠢᠨ ᠲᠥᠬᠦᠭᠡᠷᠦᠮᠵᠢ ᠶᠢ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠥᠭᠡᠷᠡᠴᠢᠯᠡᠨ ᠳᠡᠭᠡᠭᠰᠢᠯᠡᠭᠦᠯᠵᠦ ᠂ ︽ ᠢᠳᠡᠰᠢᠨ ᠨᠣᠭᠤᠭ᠎ᠠ ︾ ᠶᠢᠨ ᠴᠢᠨᠠᠷ ᠰᠠᠶᠢᠲᠠᠢ ᠬᠠᠩᠭᠠᠯᠭ᠎ᠠ ᠶᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ ︔ ᠤᠷᠠᠳ ᠤᠨ ᠬᠤᠶᠢᠲᠤ ᠬᠤᠰᠢᠭᠤᠨ ᠤ 2.9 ᠲᠦᠮᠡᠨ ᠮᠦ ᠶᠢᠨ ᠪᠣᠯᠣᠳ ᠭᠤᠯᠳᠤᠩ ᠫᠧᠩ ᠢ ᠬᠡᠪᠴᠢᠶᠡᠵᠢᠭᠦᠯᠦᠨ ᠪᠠᠶᠢᠭᠤᠯᠵᠤ᠂ ᠳᠠᠷᠢᠬᠤ ᠡᠷᠦᠬᠡ ᠶᠢᠨ ᠣᠷᠣᠯᠭ᠎ᠠ ᠶᠢ ᠳᠤᠮᠳᠠᠴᠢ ᠪᠠᠷ 2500 ᠲᠥᠭᠦᠷᠢᠭ ᠨᠡᠮᠡᠭᠳᠡᠭᠦᠯᠵᠦ᠂ ᠲᠠᠷᠢᠶᠠᠴᠢᠳ ᠢ ᠳᠠᠭᠠᠭᠤᠯᠤᠨ ᠠᠷᠠᠳ ᠢ ᠪᠠᠶᠠᠵᠢᠭᠤᠯᠬᠤ ᠦᠷ᠎ᠡ ᠪᠦᠲᠦᠮᠵᠢ ᠢᠯᠡᠳᠲᠡ ᠪᠣᠯᠪᠠ᠃ ᠳᠥᠷᠪᠡ ᠳᠤ ᠪᠡᠯᠡ ᠮᠥᠩᠭᠦ ᠶᠢᠨ ᠪᠠᠲᠤᠯᠠᠭ᠎ᠠ ᠃ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠡᠯᠡ ᠮᠥᠩᠭᠦ ᠶᠢ 2.5 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠪᠡ︔ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠳᠠᠮ ᠬᠦᠦ ᠶᠢᠨ ᠲᠤᠰᠬᠠᠢ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠪᠡᠯᠡ ᠮᠥᠩᠭᠦ ᠶᠢ 6306 ᠲᠦᠮᠡᠨ ᠲᠥᠭᠦᠷᠢᠭ ᠴᠢᠷᠮᠠᠶᠢᠨ ᠣᠯᠵᠤ᠂ ᠥᠪᠡᠷᠲᠡᠭᠡᠨ ᠵᠠᠰᠠᠬᠤ ᠣᠷᠣᠨ 1576 ᠲᠦᠮᠡᠨ ᠲᠥᠭᠦᠷᠢᠭ ᠢ ᠢᠵᠢ ᠪᠦᠷᠢᠳᠦᠭᠦᠯᠪᠡ᠃ 1374 ᠲᠦᠮᠡᠨ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠭᠤᠶᠤᠴᠢᠯᠠᠵᠤ᠂ ᠲᠦᠭᠦᠭᠡᠷᠦᠮᠵᠢᠲᠦ ᠵᠢᠭᠠᠰᠤᠨ ᠤ ᠠᠵᠤ ᠦᠢᠯᠡᠰ ᠤᠨ ᠲᠥᠪᠯᠡᠷᠡᠨ ᠵᠠᠯᠭᠠᠯᠳᠤᠭᠰᠠᠨ ᠨᠠᠭᠤᠷ ᠴᠥᠭᠦᠷᠥᠮ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠤᠰᠤᠨ ᠭᠠᠷᠤᠯᠲᠠ ᠶᠢ ᠠᠩᠬ᠎ᠠ ᠪᠣᠯᠪᠠᠰᠤᠷᠠᠭᠤᠯᠬᠤ ᠪᠠ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠢᠶᠠᠷ  ᠬᠠᠳᠠᠭᠠᠯᠠᠬᠤ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠪᠡ ᠃      ᠲᠠᠷᠠᠭᠠᠴᠢ ᠶᠢᠨ ᠠᠯᠬᠤᠮ ᠳᠤ᠂ ᠪᠢᠳᠡ ᠳᠠᠭᠠᠭᠤᠯᠤᠭᠴᠢ ᠶᠢ ᠬᠦᠴᠦᠯᠡᠨ ᠠᠳᠬᠤᠵᠤ᠂ ᠬᠦᠷᠢᠶᠡᠯᠡᠩ ᠲᠣᠭᠤᠷᠢᠭ ᠪᠠᠶᠢᠭᠤᠯᠤᠨ᠂ ᠲᠤᠯᠭᠠᠭᠤᠷᠢᠯᠠᠯ ᠢᠶᠠᠨ ᠴᠢᠩᠭᠠᠳᠬᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠳᠡᠯᠭᠡᠨ ᠦᠵᠡᠭᠦᠯᠵᠦ᠂ ᠠᠬᠢᠭᠤᠯᠬᠤ ᠵᠠᠭᠪᠤᠷ ᠤᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map