ᠰᠤᠷᠪᠤᠯᠵᠢᠯᠠᠭᠰᠠᠨ ᠵᠣᠴᠢᠨ᠄ ᠭᠦᠸᠧ ᠵᠠᠨ ᠵᠢᠶᠠᠩ | ᠰᠤᠷᠪᠤᠯᠵᠢᠯᠠᠭᠰᠠᠨ ᠴᠠᠭ᠄ 2023 ︱ 05 ︱ 08 | ᠭᠤᠣᠯ ᠠᠭᠤᠯᠭ᠎ᠠ ᠄ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠠᠴᠠ ︽ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠰᠠᠶᠢᠳᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠰᠠᠨᠠᠯ ︾ ︵ ᠳᠣᠷᠣᠭᠰᠢ ︽ ᠬᠡᠷᠡᠭᠵᠢᠭᠦᠯᠬᠦ ᠰᠠᠨᠠᠯ ︾ ᠭᠡᠵᠦ ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠵᠠᠢ ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ | ᠠᠯᠪᠠᠨ ᠭᠡᠷ ᠤᠨ ᠬᠠᠷᠢᠭᠤᠴᠠᠯᠭᠠᠲᠠᠨ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖ | ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠶᠢᠨ ᠫᠢᠩ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ | ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠣᠳᠣᠯᠬᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠣᠨ᠎ᠠ ᠭᠡᠵᠦ ᠴᠢᠬᠤᠯᠠᠴᠢᠯᠠᠪᠠ ᠃ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠤᠷᠢᠳᠠᠪᠠᠷ | ᠲᠠᠷᠢᠶᠠᠯᠠᠩ ᠢ ᠬᠦᠴᠦᠷᠬᠡᠭᠵᠢᠭᠦᠯᠬᠦ ᠬᠡᠷᠡᠭᠲᠡᠢ ᠂ ᠲᠠᠷᠢᠶᠠᠯᠠᠩ ᠢ ᠬᠦᠴᠦᠷᠬᠡᠭᠵᠢᠭᠦᠯᠪᠡᠯ ᠰᠠᠶ᠋ᠢ ᠤᠯᠤᠰ ᠢᠶᠠᠨ | ᠬᠦᠴᠦᠷᠬᠡᠭᠵᠢᠭᠦᠯᠵᠦ ᠴᠢᠳᠠᠨ᠎ᠠ ᠃ ᠲᠠᠷᠢᠶᠠᠯᠠᠩ ᠤᠨ ᠬᠦᠴᠦᠷᠬᠡᠭ ᠤᠯᠤᠰ ᠪᠠᠶᠢᠬᠤ ᠦᠭᠡᠢ ᠪᠣᠯ ᠪᠦᠬᠦᠶᠢᠯᠡ | ᠣᠳᠣᠬᠢᠴᠢᠯᠠᠭᠰᠠᠨ ᠬᠦᠴᠦᠷᠬᠡᠭ ᠤᠯᠤᠰ ᠪᠠᠶᠢᠵᠤ ᠴᠢᠳᠠᠬᠤ ᠦᠭᠡᠢ ︔ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠳᠠᠷᠤᠢ ᠪᠦᠬᠦ ᠲᠠᠯ᠎ᠠ ᠶᠢᠨ ᠪᠢᠰᠢ | ᠶᠤᠮ ᠃ 2022 ᠣᠨ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠵᠦ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠭᠠᠵᠤ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠭᠠᠳ ᠂ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠰᠢᠨ᠎ᠡ ᠠᠬᠢᠴᠠ ᠲᠠᠢ ᠪᠣᠯᠪᠠ ᠃ | 2022 ᠣᠨ ᠳᠤ ᠂ ᠪᠦᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ︽ ᠠᠷᠪᠠ ᠶᠢᠰᠦᠨ ᠵᠢᠯ ᠳᠠᠷᠠᠭᠠᠯᠠᠨ | ᠡᠯᠪᠡᠭ ᠬᠤᠷᠢᠶᠠᠯᠲᠠ ︾ ᠤᠯᠵᠤ ᠂ ᠠᠮᠤ ᠪᠤᠳᠠᠭᠠᠨ ᠤ ᠤᠨᠠᠯᠲᠠ 780 ᠳ᠋ᠦᠩᠰᠢᠭᠤᠷ ᠵᠢᠩ ᠳᠤ ᠬᠦᠷᠴᠦ ᠂ ᠠᠮᠤ | ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠳᠤᠮᠳᠠᠴᠢ ᠤᠨᠠᠯᠲᠠ ᠮᠦ ᠪᠦᠷᠢ ᠳᠤ 748.1 ᠵᠢᠩ ᠳᠤ ᠬᠦᠷᠴᠦ ᠂ | ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ ︔ ᠮᠠᠯ ᠠᠵᠤ ᠠᠬᠤᠢ ᠶᠢᠨ ᠦᠢᠯᠡᠳᠪᠦᠷᠢᠯᠡᠯ ᠢ ︽ᠠᠷᠪᠠᠨ | ᠨᠠᠢᠮᠠᠨ ᠵᠢᠯ ᠳᠠᠷᠠᠭᠠᠯᠠᠨ ᠲᠣᠭᠲᠠᠭᠤᠨ ᠪᠠᠶᠢᠯᠭᠠᠬᠤ︾ ᠶᠢ ᠪᠡᠶᠡᠯᠡᠭᠦᠯᠵᠦ᠂ ᠪᠥᠬᠦ ᠣᠷᠣᠨ ᠤ ᠭᠠᠭ᠋ᠠᠢ ᠦᠬᠡᠷ ᠬᠤᠨᠢ | ᠵᠢᠭᠦᠷᠲᠡᠨ ᠤ ᠮᠢᠬᠠᠨ ᠤ ᠭᠠᠷᠤᠯᠲᠠ 278 ᠲᠦᠮᠡᠨ ᠲᠣᠨ ᠳᠤ ᠬᠦᠷᠴᠦ᠂ ᠦᠨᠢᠶᠡᠨ ᠰᠦ ᠶᠢᠨ ᠭᠠᠷᠤᠯᠲᠠ 734 | ᠲᠦᠮᠡᠨ ᠲᠣᠨ ᠳᠤ ᠬᠥᠷᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠳᠤᠬᠢᠷᠠᠭᠤᠯᠵᠤ ᠪᠤᠯᠬᠤᠶᠢᠴᠠ ᠣᠷᠣᠯᠭ᠎ᠠ 19641 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.1% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠪᠠ GDP ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ | ᠪᠣᠯᠪᠠ︔ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠠᠶᠢᠳᠠᠯ ᠢ | ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠪᠠ᠃ ᠡᠨᠡ ᠵᠢᠯ ᠪᠣᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ | ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠢᠯ ᠮᠥᠨ ᠂ ︽ᠲᠠᠷᠢᠶᠠᠯᠠᠩ | ᠲᠠᠷᠢᠶᠠᠯᠠᠬᠤ ᠣᠷᠣᠨ ᠲᠠᠷᠢᠶᠠᠴᠢᠨ ︾ ᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ ᠃ 2 ᠰᠠᠷ᠎ᠠ ᠶᠢᠨ | 13 ᠤ ᠡᠳᠦᠷ ᠂ ︽ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠰᠠᠶᠢᠳᠤᠷ ᠬᠢᠬᠦ ᠲᠤᠬᠠᠢ ᠨᠠᠮ ᠤᠨ ᠲᠥᠪ ᠬᠤᠷᠢᠶ᠎ᠠ ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ ︾ ᠢ ᠨᠡᠶᠢᠭᠡᠮ ᠨᠡᠶᠢᠲᠡ ᠳᠤ ᠢᠯᠡ ᠨᠡᠶᠢᠲᠡᠯᠡᠪᠡ ᠂ ᠡᠨᠡ ᠪᠣᠯ ᠰᠢᠨ᠎ᠡ ᠵᠠᠭᠤᠨ ᠠᠴᠠ | ᠨᠠᠭᠠᠰᠢ ᠲᠥᠪ ᠠᠴᠠ ᠵᠠᠯᠭᠠᠭ᠎ᠠ ᠪᠠᠷ ᠨᠡᠶᠢᠲᠡᠯᠡᠭᠰᠡᠨ ᠬᠤᠷᠢᠳᠠᠭᠴᠢ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ | ᠤ ᠠᠵᠢᠯ ᠢ ᠵᠢᠯᠤᠭᠤᠳᠬᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠣᠨ᠎ᠠ ᠂ ᠡᠨᠡ ᠨᠢ ᠨᠠᠮ ᠤᠨ | ᠲᠥᠪ ᠬᠤᠷᠢᠶᠠᠨ ᠤ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠠᠵᠢᠯ ᠢ ᠴᠢᠩᠭᠠᠳᠬᠠᠬᠤ ᠢᠯᠡ | ᠲᠣᠳᠣ ᠣᠪᠣᠷ ᠢ ᠳᠠᠬᠢᠨᠲᠠ ᠬᠠᠷᠠᠭᠤᠯᠵᠤ ᠂ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ ᠬᠦᠴᠦᠷᠬᠡᠭᠵᠢᠭᠦᠯᠬᠦ ᠴᠢᠩᠭ᠎ᠠ | ᠳᠣᠬᠢᠶ᠎ᠠ ᠶᠢ ᠳᠠᠮᠵᠢᠭᠤᠯᠤᠭᠰᠠᠨ ᠪᠠᠶᠢᠨ᠎ᠠ ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ | ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ | ᠲᠤᠭᠤᠰᠢᠯᠠᠭᠤᠯᠵᠦ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ︽ ᠬᠡᠷᠡᠭᠵᠢᠭᠦᠯᠬᠦ ᠰᠠᠨᠠᠯ ︾ | ᠢ ᠲᠣᠭᠲᠠᠭᠠᠨ ᠨᠡᠶᠢᠲᠡᠯᠡᠪᠡ ᠃ ︽ᠬᠡᠷᠡᠭᠵᠢᠭᠦᠯᠬᠦ ᠰᠠᠨᠠᠯ ︾ ᠳᠤ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ | ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠶᠢ ᠲᠣᠭᠲᠠᠭᠠᠵᠤ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠪᠠᠷ ᠲᠠᠲᠠᠬᠤ ᠬᠦᠴᠦᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠬᠤ ᠳᠤ ᠡᠷᠬᠡᠪᠰᠢ ᠪᠠᠲᠤ ᠰᠠᠬᠢᠬᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ᠂ ᠪᠠᠴᠢᠮ | ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠤᠨ ᠲᠣᠭᠤᠷᠢᠨ ᠳᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠶᠢᠨ ᠲᠣᠭᠤᠷᠢᠨ ᠳᠤ᠂ ᠭᠤᠣᠯᠳᠠᠯᠭ᠎ᠠ ᠲᠠᠢ ᠡᠭᠦᠷᠭᠡ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠤ ᠠᠵᠢᠯ ᠢ ᠢᠮᠠᠭᠲᠠ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠶᠢᠨ ᠪᠠᠶᠢᠷᠢᠨ ᠳᠤ ᠲᠠᠯᠪᠢᠵᠤ᠂ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ ᠡᠷᠡᠰ | ᠵᠣᠷᠢᠭ ᠢ ᠭᠦᠢᠴᠡᠳ ᠢᠯᠡᠷᠡᠭᠦᠯᠪᠡ᠃ | ᠬᠥᠲᠥᠯᠥᠭᠴᠢ ᠄ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖ | ᠵᠣᠴᠢᠨ ᠭᠦᠸᠧ ᠵᠠᠨ ᠵᠢᠶᠠᠩ᠄ ︽ᠬᠡᠷᠡᠭᠵᠢᠭᠦᠯᠬᠦ ᠰᠠᠨᠠᠯ︾ ᠳᠤ ᠨᠡᠶᠢᠲᠡ 9 ᠬᠡᠰᠡᠭ 39 ᠵᠦᠢᠯ ᠪᠤᠶ᠂ | ᠡᠭᠦᠨ ᠤ ᠭᠤᠣᠯ ᠠᠭᠤᠯᠭ᠎ᠠ ᠶᠢ ︽ᠠᠮᠤ ᠪᠤᠳᠠᠭ᠎ᠠ ᠶᠢ ᠲᠣᠭᠲᠠᠪᠤᠷᠢᠵᠢᠭᠤᠯᠬᠤ ᠂ ᠨᠠᠭᠠᠲᠤ ᠵᠠᠬ᠎ᠠ ᠶᠢᠨ ᠬᠤᠷᠢᠭ᠎ᠠ | ᠱᠤᠭᠤᠮ ᠢ ᠰᠠᠬᠢᠬᠤ ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠂ ᠪᠦᠲᠦᠭᠡᠨ ᠪᠠᠶᠢᠭᠤᠯᠤᠯᠲᠠ ᠶᠢ ᠮᠠᠨᠳᠤᠭᠤᠯᠬᠤ᠂ | ᠪᠠᠲᠤᠯᠠᠭ᠎ᠠ ᠶᠢ ᠴᠢᠩᠭᠠᠳᠬᠠᠬᠤ︾ ᠭᠡᠵᠦ ᠬᠤᠷᠢᠶᠠᠩᠭᠤᠶᠢᠯᠠᠵᠤ ᠪᠣᠯᠣᠨ᠎ᠠ᠃ ︽ ᠠᠮᠤ ᠪᠤᠳᠠᠭ᠎ᠠ ᠶᠢ | ᠲᠣᠭᠲᠠᠪᠤᠷᠢᠵᠢᠭᠤᠯᠬᠤ ︾ ᠳᠤ ᠠᠮᠤ ᠪᠤᠳᠠᠭ᠎ᠠ ᠪᠣᠯᠣᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭ᠎ᠠ ᠠᠳᠬᠤᠨ | ᠰᠠᠶᠢᠲᠤᠷ ᠠᠳᠬᠤᠵᠤ ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠪᠣᠯᠣᠨ ᠲᠤᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ ᠂ ᠪᠦᠬᠦ ᠣᠷᠣᠨ ᠤ ᠠᠮᠤ ᠪᠤᠳᠠᠭᠠᠨ ᠤ | ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ ︽ ᠬᠤᠷᠢᠭ᠎ᠠ ᠱᠤᠭᠤᠮ ᠢ ᠰᠠᠬᠢᠬᠤ ︾ ᠳᠤ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ | ᠪᠣᠯᠣᠨ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ | ᠬᠦᠴᠦᠨ ᠢ ᠴᠢᠩᠭᠠᠳᠬᠠᠵᠤ ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠲᠣᠭᠲᠠᠭᠤᠨ ᠢᠶᠠᠷ | ᠲᠡᠭᠦᠯᠳᠡᠷᠵᠢᠭᠦᠯᠵᠦ ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ | ᠬᠡᠷᠡᠭᠲᠡᠢ ᠭᠡᠵᠦ ᠴᠢᠬᠤᠯᠠᠴᠢᠯᠠᠪᠠ ᠃ ︽ᠣᠷᠣᠯᠭ᠎ᠠ ᠶᠢᠨ ᠨᠡᠮᠡᠭᠳᠡᠯ ᠢ ᠠᠬᠢᠭᠤᠯᠬᠤ︾ ᠳᠤ ᠮᠠᠯᠴᠢᠨ ᠲᠠᠷᠢᠶᠠᠴᠢᠨ ᠤ | ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠦᠷ᠎ᠡ | ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠳᠤ ᠨᠠᠩ ᠭᠦᠢᠴᠡᠳ ᠡᠳ᠋ ᠬᠥᠷᠥᠩᠭᠡ ᠶᠢᠨ ᠡᠷᠬᠡ | ᠠᠰᠢᠭ ᠣᠯᠭᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠬᠦ | ᠬᠡᠷᠡᠭᠲᠡᠢ ᠭᠡᠵᠦ ᠴᠢᠬᠤᠯᠠᠴᠢᠯᠠᠪᠠ᠃ ︽ᠪᠦᠲᠦᠭᠡᠨ ᠪᠠᠶᠢᠭᠤᠯᠤᠯᠲᠠ ᠶᠢ ᠮᠠᠨᠳᠤᠭᠤᠯᠬᠤ︾ ᠳᠤ ᠠᠶᠢᠯ ᠲᠣᠰᠬᠤᠨ ᠤ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ | ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︽ᠪᠠᠲᠤᠯᠠᠭ᠎ᠠ ᠶᠢ ᠴᠢᠩᠭᠠᠳᠬᠠᠬᠤ ︾ ᠳᠤ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠨᠠᠮ ᠤᠨ | ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠳᠠᠬᠢ ᠪᠥᠬᠦ | ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ | ᠬᠥᠲᠥᠯᠥᠭᠴᠢ ᠄ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ ᠂ ᠠᠮᠤ ᠪᠤᠳᠠᠭ᠎ᠠ | ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ | ᠪᠣᠯ ᠢᠮᠠᠭᠲᠠ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠶᠠᠪᠤᠳᠠᠯ | ᠪᠣᠯᠣᠨ᠎ᠠ ᠭᠡᠪᠡ᠃ ︽ᠬᠡᠷᠡᠭᠵᠢᠭᠦᠯᠬᠦ ᠰᠠᠨᠠᠯ︾ ᠳᠤ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ | ᠴᠢᠩᠭ᠎ᠠ ᠠᠳᠬᠤᠵᠤ ᠰᠠᠶᠢᠲᠤᠷ ᠠᠳᠬᠤᠬᠤ ᠲᠤᠬᠠᠢ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠲᠤᠳᠬᠠᠪᠠ᠃ | ᠬᠠᠷᠠᠯᠲᠠ ᠶᠢᠨ ᠲᠠᠯ᠎ᠠ ᠪᠠᠷ ᠂ ᠭᠤᠣᠯᠳᠠᠯᠭ᠎ᠠ ᠨᠢ ᠳᠠᠯᠠᠪᠠᠢ ᠶᠢ ᠲᠣᠭᠲᠠᠪᠤᠷᠢᠵᠢᠭᠤᠯᠤᠨ ᠂ ᠳᠠᠯᠠᠪᠠᠢ | ᠨᠢᠭᠡᠴᠢ ᠶᠢᠨ ᠤᠨᠠᠯᠳᠠ ᠶᠢ ᠨᠢ ᠲᠡᠭᠡᠭᠰᠢᠯᠡᠬᠦᠯᠦᠨ ᠂ ᠭᠠᠷᠤᠯᠲᠠ ᠶᠢ ᠨᠢ ᠢᠯᠡᠭᠦᠬᠡᠨ ᠨᠡᠮᠡᠭᠳᠡᠭᠦᠯᠬᠦ ᠪᠠᠷ ᠴᠢᠷᠮᠠᠶᠢᠨ᠎ᠠ ᠃ | ᠨᠢᠭᠡ ᠳᠤ ᠲᠠᠯᠠᠪᠠᠢ ᠶᠢ ᠲᠣᠭᠲᠠᠭᠤᠨ ᠪᠠᠶᠢᠯᠭᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠠᠯᠲᠠᠲᠤ | ᠡᠭᠦᠷᠭᠡ ᠶᠢ ᠦᠷᠭᠦᠯᠵᠢᠯᠡᠨ ᠡᠯ᠎ᠡ ᠠᠶᠢᠮᠠᠭ ᠬᠤᠲᠠ ᠳᠤ ᠪᠠᠭᠤᠯᠭᠠᠵᠤ᠂ ᠣᠷᠣᠨ ᠪᠦᠰᠡ ᠬᠤᠪᠢᠶᠠᠨ ᠰᠢᠷ᠎ᠠ ᠪᠤᠷᠴᠠᠭ᠂ | ᠡᠷᠳᠡᠨᠢ ᠰᠢᠰᠢ ᠵᠡᠷᠭᠡ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠢ ᠳᠡᠯᠭᠡᠷᠡᠭᠦᠯᠵᠦ᠂ | ᠠᠮᠤ ᠬᠠᠳᠠᠭᠠᠯᠠᠬᠤ ᠲᠠᠷᠢᠶ᠎ᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠪᠥᠬᠦ ᠣᠷᠣᠨ ᠤ ᠠᠮᠤ | ᠪᠤᠳᠠᠭᠠᠨ ᠤ ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠭᠤᠨ ᠪᠠᠶᠢᠯᠭᠠᠬᠤ ᠶᠢ ᠦᠨᠡᠨᠬᠦ | ᠪᠠᠲᠤᠯᠠᠨ᠎ᠠ᠃ ᠡᠭᠦᠨ ᠤ ᠬᠠᠮᠲᠤ᠂ ᠰᠢᠷ᠎ᠠ ᠪᠤᠷᠴᠠᠭ ᠲᠣᠰᠣᠯᠢᠭ ᠲᠠᠷᠢᠮᠠᠯ ᠢ ᠦᠷᠭᠡᠳᠬᠡᠨ ᠳᠠᠷᠢᠵᠤ ᠂ ᠲᠠᠷᠢᠶᠠᠨ | ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠢ ᠬᠡᠷᠡᠭᠵᠢᠭᠦᠯᠦᠨ᠂ ᠬᠤᠵᠢᠷᠯᠢᠭ ᠭᠠᠵᠠᠷ ᠢ ᠠᠰᠢᠭᠯᠠᠨ ᠰᠢᠷ᠎ᠠ | ᠪᠤᠷᠴᠠᠭ ᠳᠠᠷᠢᠬᠤ ᠶᠢ ᠰᠦᠪᠡᠭᠴᠢᠯᠡᠵᠦ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠡᠢ ᠰᠤᠯᠢᠪᠴᠠᠯ | ᠲᠠᠷᠢᠶᠠᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠯᠢᠮᠳᠡᠭ ᠤᠨ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ᠃ | ᠬᠤᠶᠠᠷ ᠲᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠡᠷᠡᠭᠵᠢᠭᠦᠯᠬᠦ ᠰᠠᠨᠠᠯ︾ ᠳᠤ᠂ ᠤᠯᠤᠰ ᠤᠨ | ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ 300 ᠲᠦᠮᠡᠨ ᠮᠦ ᠥᠨᠳᠥᠷ ᠤᠨᠠᠯᠲᠠ ᠲᠠᠢ | ᠥᠨᠳᠥᠷ ᠦᠷ᠎ᠡ ᠠᠰᠢᠭ ᠲᠠᠢ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠰᠦ ᠶᠢᠨ ᠦᠢᠯᠡᠰ ᠤᠨ ᠠᠵᠤ | ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2023 ᠣᠨ ᠳᠤ ᠰᠦ ᠶᠢᠨ ᠦᠢᠯᠡᠰ ᠤᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 2000 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ᠣᠲᠣ ᠦᠶ᠎ᠡ ᠶᠢᠨ ᠲᠦᠭᠦᠭᠡᠷᠦᠮᠵᠢᠲᠦ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ | ᠲᠦᠭᠦᠭᠡᠷᠦᠮᠵᠢᠲᠦ ᠲᠠᠷᠢᠶᠠᠯᠠᠩ ᠤᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ | ᠣᠷᠣᠨ ᠢ ᠪᠦᠲᠦᠭᠡᠨ ᠪᠠᠶᠢᠭᠤᠯᠵᠤ᠂ ᠲᠦᠭᠦᠭᠡᠷᠦᠮᠵᠢᠲᠦ ᠲᠠᠷᠢᠶᠠᠯᠠᠩ ᠤᠨ ᠲᠠᠯᠠᠪᠠᠶ ᠶᠢ 20 ᠲᠦᠮᠡᠨ ᠮᠦ ᠣᠷᠴᠢᠮ | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠣᠲᠣ ᠦᠶ᠎ᠡ ᠶᠢᠨ ᠲᠦᠭᠦᠭᠡᠷᠦᠮᠵᠢᠲᠦ ᠮᠠᠯ ᠠᠵᠤ ᠠᠬᠤᠢ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠠᠯᠠᠰᠢᠨ ᠦᠬᠡᠷ | ᠲᠡᠵᠢᠭᠡᠨ ᠦᠷᠡᠵᠢᠭᠦᠯᠬᠦ ᠶᠢ ᠥᠷᠭᠡᠳᠬᠡᠨ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ ᠡᠷᠳᠡᠨᠢ ᠰᠢᠰᠢ ᠶᠢᠨ ᠭᠤᠣᠯ | ᠭᠠᠷᠤᠯᠲᠠ ᠶᠢᠨ ᠣᠷᠣᠨ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠳᠠᠪᠠᠭᠤᠯᠢᠭ ᠣᠷᠣᠨ ᠤ ᠭᠠᠭ᠋ᠠᠢ ᠲᠡᠵᠢᠭᠡᠬᠦ | ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠤᠨ᠎ᠠ᠃ ᠲᠣᠮᠣ ᠢᠳᠡᠭᠡᠨ ᠤ ᠦᠵᠡᠯᠲᠡ ᠶᠢ ᠪᠤᠢ ᠪᠣᠯᠭᠠᠵᠤ ᠂ | ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠲᠦᠷᠭᠡᠨ ᠪᠠᠶᠢᠭᠤᠯᠵᠤ ᠂ ︽ ᠬᠤᠯᠢᠰᠢᠨ ᠢᠳᠡᠭᠡᠨ ︾ | ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ | ᠠᠷᠭ᠎ᠠ ᠬᠡᠮᠵᠢᠶ᠎ᠡ ᠶᠢᠨ ᠲᠠᠯ᠎ᠠ ᠪᠠᠷ ᠂ ᠭᠠᠵᠠᠷ ᠰᠢᠷᠣᠢ ᠪᠠᠷ ᠠᠮᠤ ᠪᠤᠳᠠᠭ᠎ᠠ ᠶᠢ ᠪᠠᠲᠤᠯᠠᠬᠤ᠂ ᠮᠠᠷᠭᠡᠵᠢᠯ ᠢᠶᠠᠷ | ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢᠨ ᠪᠣᠳᠠᠰ ᠤᠨ ᠰᠠᠭᠤᠷᠢ ᠶᠢ ᠭᠤᠣᠯᠳᠠᠯᠭ᠎ᠠ ᠲᠠᠢ ᠪᠠᠷ ᠴᠢᠩᠭᠠᠳᠬᠠᠨ᠎ᠠ ᠃ | ᠨᠢᠭᠡ ᠳᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠲᠠᠷᠢᠶᠠᠨ ᠭᠠᠵᠠᠷ ᠤᠨ | ᠬᠠᠮᠠᠭᠠᠯᠠᠯᠲᠠ ᠪᠠ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ ᠂ ᠲᠠᠷᠢᠶᠠᠨ ᠭᠠᠵᠠᠷ ᠢ | ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ ᠃ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ | ᠪᠠᠶᠢᠭᠤᠯᠬᠤ ᠲᠥᠯᠦᠪᠵᠢᠭᠦᠯᠭᠡ ᠶᠢ ᠲᠣᠭᠲᠠᠭᠠᠵᠤ ᠂ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠬᠤᠶᠠᠷ ᠲᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠦᠭᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠨ᠎ᠠ ᠃ ᠲᠠᠷᠢᠶᠠᠯᠠᠩ ᠮᠠᠯ ᠠᠵᠤ | ᠠᠬᠤᠢ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠳᠤᠯᠤᠯᠳᠠ ᠶᠢ ᠠᠬᠢᠭᠤᠯᠵᠤ᠂ ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠡᠭᠦᠯᠳᠡᠷ ᠪᠣᠶᠢᠵᠢᠭᠤᠯᠬᠤ | ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃ ᠲᠠᠷᠢᠶᠠᠯᠠᠩ ᠤᠨ ᠮᠠᠰᠢᠨ ᠢ ᠰᠤᠳᠤᠯᠤᠨ ᠨᠡᠭᠡᠭᠡᠵᠦ | ᠳᠡᠯᠭᠡᠷᠡᠭᠦᠯᠬᠦ ᠶᠢ ᠴᠢᠩᠭᠠᠳᠬᠠᠵᠤ ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ | ᠥᠭᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠠᠵᠢᠯᠯᠠᠬᠤ ᠬᠡᠮᠵᠢᠶ᠎ᠡ ᠶᠢ ᠨᠥᠬᠦᠪᠦᠷᠢ ᠲᠠᠢ | ᠪᠦᠲᠦᠮᠵᠢᠲᠡᠢ ᠪᠠᠷ ᠬᠤᠯᠪᠣᠭᠳᠠᠭᠤᠯᠬᠤ ᠶᠢ ᠲᠦᠯᠬᠢᠨ ᠠᠬᠢᠭᠤᠯᠤᠨ᠎ᠠ ᠃ | ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠂ ᠲᠠᠷᠢᠶᠠᠴᠢᠳ ᠤᠨ ᠠᠮᠤ ᠪᠤᠳᠠᠭ᠎ᠠ ᠲᠠᠷᠢᠵᠦ ᠵᠣᠭᠤᠰ ᠮᠦᠩᠭᠦ | ᠤᠯᠵᠤ ᠦᠷ᠎ᠡ ᠠᠰᠢᠭ ᠬᠦᠷᠲᠡᠬᠦ ᠂ ᠣᠷᠣᠨ ᠨᠤᠲᠤᠭ ᠤᠨ ᠬᠢᠨ ᠠᠮᠤ ᠪᠤᠳᠠᠭ᠎ᠠ ᠶᠢ ᠠᠳᠬᠤᠵᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠴᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠵᠤ ᠂ | ᠣᠷᠣᠨ ᠨᠤᠲᠤᠭ ᠤᠨ ᠬᠢᠨ ᠤ ᠠᠮᠤ ᠪᠤᠳᠠᠭ᠎ᠠ ᠠᠳᠬᠤᠬᠤ ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ | ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢ ᠴᠢᠩᠭᠠᠳᠬᠠᠵᠤ ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠪᠠᠷ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠠᠵᠢᠯ ᠤᠨ | ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠶᠠᠷ ᠲᠤ ᠲᠥᠷᠥ ᠶᠢᠨ ᠪᠣᠳᠣᠯᠭ᠎ᠠ ᠪᠠᠷ ᠬᠥᠲᠥᠯᠥᠨ | ᠵᠢᠯᠤᠭᠤᠳᠬᠤ ᠶᠢ ᠠᠳᠬᠤᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠵᠦ ᠂ ᠭᠤᠷᠪᠠᠨ ᠶᠡᠭᠡ ᠭᠤᠣᠯ ᠠᠮᠤ ᠪᠤᠳᠠᠭᠠᠨ ᠤ ᠤᠷᠤᠨ ᠳᠤ ᠪᠦᠬᠦ ᠥᠪᠡᠷ ᠤᠨ | ᠦᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ ᠃ ᠠᠮᠤ ᠪᠤᠳᠠᠭᠠᠨ ︵ ᠲᠣᠰᠤ︶ ᠤ ᠭᠠᠷᠤᠯᠲᠠ ᠶᠡᠬᠡᠲᠡᠢ ᠰᠢᠶᠠᠨ ᠢ ᠱᠠᠩᠨᠠᠨ ᠬᠥᠬᠢᠭᠦᠯᠬᠦ | ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ ᠃ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠶᠢ ᠠᠷᠭᠠᠴᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠬᠥᠲᠥᠯᠥᠭᠴᠢ᠄ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠰᠠᠬᠢᠬᠤ | ᠲᠠᠯ᠎ᠠ ᠪᠠᠷ᠂ ᠮᠠᠨ ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠵᠣᠴᠢᠨ ᠭᠦᠸᠧ ᠵᠠᠨ ᠵᠢᠶᠠᠩ ᠄ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠳᠡᠭᠡᠨ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠤᠯᠬᠤ ᠤᠯᠠᠨ | ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ ︽ᠬᠡᠷᠡᠭᠵᠢᠭᠦᠯᠬᠦ ᠰᠠᠨᠠᠯ︾ ᠳᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠨᠠᠭᠠᠲᠤ ᠵᠠᠬ᠎ᠠ ᠶᠢᠨ ᠡᠭᠦᠷᠭᠡ ᠶᠢᠨ | ᠨᠢᠭᠡ ᠪᠣᠯᠭᠠᠵᠤ ᠦᠷᠭᠦᠯᠵᠢᠯᠡᠨ ᠴᠢᠬᠤᠯᠠᠴᠢᠯᠠᠨ ᠪᠠᠶᠢᠷᠢᠯᠠᠭᠤᠯᠪᠠ᠃ ᠨᠢᠭᠡ ᠳᠤ ᠬᠢᠨᠠᠨ ᠬᠡᠮᠵᠢᠵᠦ ᠬᠠᠪᠰᠤᠷᠤᠨ | ᠲᠡᠳᠬᠦᠵᠦ ᠨᠠᠶᠢᠳᠠᠪᠤᠷᠢᠵᠢᠭᠤᠯᠤᠯᠳᠠ ᠶᠢ ᠠᠳᠬᠤᠨ᠎ᠠ ᠃ ᠡᠳᠦᠷ ᠲᠤᠲᠤᠮ ᠤᠨ ᠬᠥᠳᠡᠯᠦᠩᠭᠦᠢ ᠪᠠᠷ ᠬᠢᠨᠠᠨ ᠬᠡᠮᠵᠢᠬᠦ ᠪᠠ | ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠶᠢ | ᠬᠡᠷᠡᠭᠵᠢᠭᠦᠯᠵᠦ᠂ ᠢᠯᠭᠠᠨ ᠲᠠᠨᠢᠬᠤ ᠶᠢᠨ ᠨᠠᠷᠢᠯᠢᠭ ᠣᠨᠣᠪᠴᠢᠲᠤ ᠴᠢᠨᠠᠷ᠂ ᠬᠠᠪᠰᠤᠷᠤᠨ ᠲᠡᠳᠬᠦᠬᠦ ᠴᠢᠭᠯᠡᠭᠦᠯᠦᠯᠲᠦ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠵᠢᠭ ᠠᠴᠠ ᠪᠣᠯᠵᠤ ᠡᠪᠡᠳᠴᠢᠨ ᠠᠴᠠ ᠪᠣᠯᠵᠤ ᠭᠠᠮᠰᠢᠭ ᠠᠴᠠ | ᠪᠤᠯᠵᠤ ᠳᠠᠬᠢᠨ ᠶᠠᠳᠠᠭᠤᠷᠠᠬᠤ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠨ᠎ᠠ᠃ ᠲᠥᠷᠥᠯ | ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ᠂ ᠬᠦᠰᠡᠯ ᠡᠷᠡᠮᠡᠯᠵᠡᠯ ᠲᠠᠢ | ᠬᠢᠨᠠᠨ ᠰᠢᠯᠭᠠᠬᠤ ᠡᠷᠦᠬᠡ ᠳᠤ ᠨᠡᠭᠡᠭᠡᠨ ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ︔ ᠡᠪᠡᠳᠴᠢᠨ ᠡᠮᠭᠡᠭ ᠪᠠ ᠵᠡᠮᠳᠡᠭ ᠠᠴᠠ ᠪᠣᠯᠵᠤ ᠬᠥᠳᠡᠯᠮᠦᠷᠢᠯᠡᠬᠦ ᠴᠢᠳᠠᠪᠤᠷᠢ ᠪᠠᠨ | ᠠᠯᠳᠠᠭᠰᠠᠨ ᠪᠤᠶᠤ ᠬᠥᠳᠡᠯᠮᠦᠷᠢᠯᠡᠬᠦ ᠴᠢᠳᠠᠪᠤᠷᠢ ᠦᠭᠡᠢ ᠪᠣᠯᠤᠭᠰᠠᠨ ᠪᠠᠶᠢᠪᠠᠯ᠂ ᠦᠨᠳᠦᠰᠦᠨ ᠵᠦᠢᠯ ᠢ ᠪᠠᠲᠤᠯᠠᠬᠤ | ᠠᠵᠢᠯ ᠢ ᠰᠠᠶᠢᠲᠤᠷ ᠬᠢᠨ᠎ᠡ᠃ ᠬᠤᠶᠠᠷ ᠲᠤ ᠬᠥᠭᠵᠢᠯᠲᠡ ᠶᠢᠨ ᠬᠦᠳᠡᠯᠭᠡᠬᠦ ᠬᠦᠴᠦᠨ ᠤ ᠪᠤᠶᠢᠵᠢᠭᠤᠯᠤᠯᠳᠠ ᠶᠢ | ᠠᠳᠬᠤᠨ᠎ᠠ ᠃ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠦᠨᠳᠦᠰᠦᠨ | ᠱᠠᠭᠠᠷᠳᠠᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠤ ᠬᠥᠭᠵᠢᠯᠲᠡ ᠶᠢ ᠲᠦᠷᠭᠡᠳᠬᠡᠬᠦ ᠶᠢ | ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠵᠣᠷᠢᠭ ᠰᠠᠨᠠᠭ᠎ᠠ ᠶᠢ ᠲᠡᠳᠬᠦᠨ ᠣᠶᠤᠨ ᠢ | ᠲᠡᠳᠬᠦᠬᠦ ᠶᠢ ᠨᠠᠩ ᠢᠯᠡᠭᠦᠦ ᠴᠢᠬᠤᠯᠠᠴᠢᠯᠠᠵᠤ᠂ ᠠᠵᠤ ᠦᠢᠯᠡᠰ ᠤᠨ ᠠᠵᠢᠯ ᠣᠯᠭᠤᠯᠲᠠ ᠳᠤ ᠠᠩᠬᠠᠷᠤᠯ ᠢᠶᠠᠨ | ᠲᠥᠪᠯᠡᠷᠡᠭᠦᠯᠦᠨ᠂ ᠣᠷᠣᠯᠭ᠎ᠠ ᠶᠢᠨ ᠵᠥᠷᠢᠶ᠎ᠡ᠂ ᠬᠥᠭᠵᠢᠯᠲᠡ ᠶᠢᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ | ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ | ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠮᠡᠷᠭᠡᠵᠢᠯ᠂ ᠲᠥᠬᠦᠭᠡᠷᠦᠮᠵᠢ᠂ ᠡᠵᠡᠩᠨᠡᠯᠲᠡ | ᠪᠣᠷᠣᠯᠠᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠶᠢ ᠭᠤᠣᠯᠳᠠᠯᠭ᠎ᠠ ᠲᠠᠢ ᠳᠡᠮᠵᠢᠨ᠎ᠡ᠃ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠠᠵᠢᠯ ᠤᠯᠭᠤᠯᠳᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ ᠂ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠨ᠎ᠠ᠃ ᠭᠤᠷᠪᠠ ᠳᠤ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ | ᠲᠡᠬᠦᠯᠳᠡᠷᠵᠢᠬᠦᠯᠦᠯᠳᠡ ᠶᠢ ᠠᠳᠬᠤᠨ᠎ᠠ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠦᠷᠭᠦᠯᠵᠢᠯᠡᠨ ᠴᠢᠩᠭᠠᠳᠬᠠᠵᠤ ᠂ ᠣᠨᠳᠣᠣ ᠭᠠᠵᠠᠷ ᠲᠤ ᠨᠡᠭᠦᠯᠭᠡᠵᠦ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠢ | ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ | ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠨ᠎ᠠ ᠃ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ︽ᠲᠦᠮᠡᠨ | ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠵᠡᠷᠭᠡ ᠬᠠᠪᠰᠤᠷᠤᠨ | ᠲᠡᠳᠬᠦᠬᠦ ᠲᠣᠭᠲᠠᠴᠠ ᠶᠢ ᠭᠦᠨᠵᠡᠭᠡᠶᠢᠷᠡᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠬᠦ ︽ ᠳᠣᠬᠢᠭᠤᠷ ︾ ᠤᠨ ᠦᠢᠯᠡᠳᠦᠯ ᠢ ᠰᠠᠶᠢᠲᠤᠷ | ᠪᠠᠳᠠᠷᠠᠭᠤᠯᠵᠤ ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ ᠃ | ᠬᠥᠲᠥᠯᠥᠭᠴᠢ᠄ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠲᠠᠯ᠎ᠠ ᠪᠠᠷ | ᠶᠠᠮᠠᠷ ᠶᠠᠮᠠᠷ ᠠᠰᠢᠭᠲᠠᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠶ︖ | ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠠᠪᠤᠳᠠᠯ ᠢ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠤ | ᠠᠵᠢᠯ ᠤᠨ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ | ᠴᠢᠬᠤᠯᠠᠴᠢᠯᠠᠪᠠ ᠃ ᠡᠭᠦᠨ ᠳᠤ᠂ ︽ᠬᠡᠷᠡᠭᠵᠢᠭᠦᠯᠬᠦ ᠰᠠᠨᠠᠯ︾ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠳᠣᠣᠷᠠᠬᠢ ᠳᠥᠷᠪᠡᠨ ᠲᠠᠯ᠎ᠠ ᠶᠢ ᠭᠤᠣᠯᠳᠠᠯᠭ᠎ᠠ ᠲᠠᠢ ᠰᠠᠶᠢᠲᠤᠷ | ᠠᠳᠬᠤᠨ᠎ᠠ᠄ | ᠨᠢᠭᠡ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠴᠠᠯᠢᠩ ᠤᠨ ᠴᠢᠨᠠᠷᠲᠠᠢ ᠣᠷᠣᠯᠭ᠎ᠠ ᠶᠢ | ᠨᠡᠮᠡᠭᠳᠡᠭᠦᠯᠦᠨ᠎ᠡ ᠃ ᠮᠠᠨ ᠤ ᠣᠷᠣᠨ ᠤ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠢ ᠣᠷᠣᠯᠭ᠎ᠠ ᠪᠠᠰᠠ ᠮᠠᠰᠢ ᠶᠡᠭᠡ | ᠨᠡᠮᠡᠭᠳᠡᠬᠦ ᠣᠷᠣᠨ ᠵᠠᠢ ᠲᠠᠢ ᠪᠠᠶᠢᠨ᠎ᠠ᠃ ᠤᠯᠤᠰ ᠤᠨ ᠡᠯ᠎ᠡ ᠵᠦᠢᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ | ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠠᠵᠢᠯ | ᠣᠯᠭᠤᠯᠲᠠ ᠶᠢᠨ ᠪᠣᠯᠪᠠᠰᠤᠷᠠᠯ ᠢ ᠴᠢᠩᠭᠠᠳᠬᠠᠵᠤ ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠂ | ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠴᠦ ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ | ᠣᠯᠭᠤᠯᠲᠠ ᠶᠢ ᠲᠣᠭᠲᠠᠪᠤᠷᠢᠵᠢᠭᠤᠯᠤᠨ᠎ᠠ᠃ ᠡᠭᠦᠨ ᠤ ᠬᠠᠮᠲᠤ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠷᠳᠡᠨᠢ ᠰᠢᠰᠢ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ | ᠬᠤᠨᠢ᠂ ᠢᠮᠠᠭᠠᠨ ᠨᠤᠤᠯᠤᠭᠤᠷ ᠂ ᠲᠥᠮᠥᠰᠥ᠂ ᠲᠡᠵᠢᠭᠡᠯ ᠡᠪᠡᠰᠦ ᠪᠣᠷᠳᠤᠭ᠎ᠠ ᠵᠡᠷᠭᠡ 7 ᠲᠣᠮᠣ ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ | ᠬᠦᠴᠦᠷᠬᠡᠭᠵᠢᠭᠦᠯᠦᠨ ᠬᠡᠯᠬᠢᠶᠡᠰᠦ ᠶᠢ ᠨᠥᠬᠦᠪᠦᠷᠢᠯᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ ᠰᠢᠩᠭᠡᠬᠡᠨ ᠠᠪᠴᠤ ᠣᠶᠢᠷ᠎ᠠ ᠬᠠᠪᠢ ᠳᠤᠨᠢ ᠲᠤᠬᠠᠢ ᠶᠢᠨ | ᠭᠠᠵᠠᠷ ᠲᠤᠨᠢ ᠠᠵᠢᠯ ᠣᠯᠭᠤᠨ᠎ᠠ᠃ | ᠬᠤᠶᠠᠷ ᠲᠤ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠵᠦ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ | ᠳᠡᠭᠡᠭᠰᠢᠯᠡᠭᠦᠯᠦᠨ᠎ᠡ᠃ ᠮᠠᠨ ᠤ ᠣᠷᠣᠨ ᠤ ᠭᠡᠷ ᠪᠦᠯᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ ᠪᠣᠯ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢᠨ ᠭᠤᠣᠯ ᠬᠦᠴᠦᠨ ᠪᠣᠯᠣᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ | ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠬᠤᠷᠰᠢᠶ᠎ᠠ᠂ ᠵᠢᠱᠢᠶ᠎ᠡ ᠦᠵᠡᠭᠦᠯᠬᠦ ᠬᠤᠷᠰᠢᠶ᠎ᠠ ᠪᠠ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠦᠢᠯᠡᠴᠢᠯᠡᠭᠡᠨ ᠤ ᠠᠷᠭ᠎ᠠ ᠮᠠᠶ᠋ᠢᠭ ᠲᠤ ᠢᠳᠡᠪᠬᠢᠲᠡᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠣᠯᠠᠨ | ᠭᠤᠭᠴᠤᠭ᠎ᠠ᠂ ᠪᠥᠬᠦ ᠶᠠᠪᠤᠴᠠ ᠶᠢᠨ ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡᠨ ᠤ | ᠵᠠᠭᠪᠤᠷ ᠢ ᠬᠥᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠵᠢᠵᠢᠭ ᠮᠠᠯᠴᠢᠨ ᠡᠷᠦᠬᠡ ᠶᠢ | ᠳᠠᠶᠢᠴᠢᠯᠠᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ᠂ ᠡᠵᠡᠩᠨᠡᠨ ᠪᠣᠷᠣᠯᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠭᠤᠷᠪᠠ ᠳᠤ ᠡᠳ᠋ ᠬᠥᠷᠥᠩᠭᠡ ᠶᠢᠨ ᠡᠷᠬᠡ ᠣᠯᠭᠤᠯᠲᠠ ᠪᠠᠷ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ | ᠨᠡᠮᠡᠭᠳᠡᠭᠦᠯᠦᠨ᠎ᠡ ᠃ ᠮᠠᠨ ᠤ ᠣᠷᠣᠨ ᠤ ᠡᠳ᠋ ᠬᠥᠷᠥᠩᠭᠡ ᠶᠢᠨ ᠴᠡᠪᠡᠷ ᠣᠷᠣᠯᠭ᠎ᠠ ᠳᠤ ᠪᠠᠰᠠ ᠮᠠᠰᠢ ᠶᠡᠭᠡ ᠳᠠᠯᠳᠠ | ᠬᠦᠴᠦᠨ ᠲᠠᠢ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠬᠡ | ᠣᠯᠭᠤᠬᠤ ᠶᠢ ᠯᠠᠪᠳᠠᠭᠤᠨ ᠢᠶᠠᠷ ᠠᠬᠢᠭᠤᠯᠤᠨ᠂ ᠠᠮᠢᠳᠤᠯᠢᠭ ᠡᠷᠬᠡ ᠶᠢ ᠡᠮᠬᠢ ᠵᠢᠷᠤᠮ ᠲᠠᠢ ᠪᠡᠶᠡᠯᠡᠭᠦᠯᠵᠦ᠂ ᠮᠠᠯᠴᠢᠨ | ᠲᠠᠷᠢᠶᠠᠴᠢᠨ ᠳᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠵᠤ᠂ ᠨᠥᠬᠦᠴᠡᠯ ᠡᠭᠦᠳᠴᠦ ᠪᠠᠶᠢᠭᠠᠳ | ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠵᠦ᠂ ᠮᠠᠯᠴᠢᠨ ᠲᠠᠷᠢᠶᠠᠴᠢᠨ ᠳᠤ | ᠥᠭᠡᠷᠡᠴᠢᠯᠡᠯᠲᠡ ᠶᠢᠨ ᠠᠰᠢᠭ ᠢ ᠨᠠᠩ ᠢᠯᠡᠭᠦᠦ ᠡᠳ᠋ᠯᠡᠭᠦᠯᠦᠨ᠎ᠡ ᠃ | ᠳᠥᠷᠪᠡ ᠳᠤ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢ ᠲᠦᠷᠦ ᠶᠢᠨ ᠪᠣᠳᠣᠯᠭ᠎ᠠ ᠪᠠᠷ ᠪᠠᠲᠤᠯᠠᠨ᠎ᠠ ᠃ ᠮᠠᠨ ᠤ | ᠣᠷᠣᠨ ᠤ ᠰᠢᠯᠵᠢᠭᠦᠯᠦᠭᠰᠡᠨ ᠴᠡᠪᠡᠷ ᠣᠷᠣᠯᠭ᠎ᠠ ᠪᠣᠯ ᠮᠠᠯᠴᠢᠨ ᠲᠠᠷᠢᠶᠠᠴᠢᠨ ᠢᠯᠠᠩᠭᠤᠶ᠎ᠠ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ | ᠣᠷᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢᠨ ᠨᠥᠬᠦᠪᠦᠷᠢ ᠦᠭᠬᠦ ᠶᠢ ᠦᠷᠭᠦᠯᠵᠢᠯᠡᠨ ᠢᠳᠡᠪᠬᠢᠯᠡᠨ ᠣᠯᠵᠤ᠂ ᠮᠠᠯᠴᠢᠨ | ᠲᠠᠷᠢᠶᠠᠴᠢᠳ ᠤᠨ ᠰᠢᠯᠵᠢᠯᠲᠡ ᠶᠢᠨ ᠴᠢᠨᠠᠷᠲᠠᠢ ᠣᠷᠣᠯᠭ᠎ᠠ ᠵᠢᠯ ᠳᠠᠷᠠᠭᠠᠯᠠᠨ ᠨᠡᠮᠡᠭᠳᠡᠬᠦ ᠶᠢ ᠦᠨᠡᠨᠬᠦ ᠪᠠᠲᠤᠯᠠᠨ᠎ᠠ᠃ | ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ | ᠲᠥᠷᠥ ᠶᠢᠨ ᠪᠣᠳᠣᠯᠭ᠎ᠠ ᠶᠢ ᠰᠠᠶᠢᠲᠤᠷ ᠲᠠᠶᠢᠯᠪᠤᠷᠢᠯᠠᠨ᠂ ᠨᠥᠬᠦᠪᠦᠷᠢ ᠶᠢᠨ ᠲᠠᠩᠰᠠ ᠶᠢ ᠰᠠᠶᠢᠲᠤᠷ ᠪᠤᠳᠤᠵᠤ᠂ ᠮᠠᠯᠴᠢᠨ | ᠲᠠᠷᠢᠶᠠᠴᠢᠨ ᠢ ᠣᠷᠣᠯᠭ᠎ᠠ ᠶᠢᠨ ᠨᠡᠮᠡᠭᠳᠡᠯᠳᠡ ᠳᠤ ᠪᠠᠳᠤ ᠢᠳᠡᠭᠡᠯ ᠲᠠᠢ ᠪᠤᠯᠭᠠᠨ᠎ᠠ ᠃ | ᠬᠥᠲᠥᠯᠥᠭᠴᠢ᠄ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ | ᠠᠬᠢᠭᠤᠯᠬᠤ ᠪᠣᠶ︖ ᠶᠠᠮᠠᠷ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠤᠢ ︖ | ᠵᠣᠴᠢᠨ ᠭᠦᠸᠧ ᠵᠠᠨ ᠵᠢᠶᠠᠩ᠄ ᠨᠢᠳᠤᠨᠤᠨ ᠤ ᠵᠢᠯ ᠤᠨ ᠡᠴᠦᠰ ᠲᠤ ᠬᠤᠷᠠᠯᠳᠤᠭᠰᠠᠨ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯᠳᠤᠭᠠᠨ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠨᠤᠲᠤᠭ ᠤᠨ ᠣᠨᠴᠠ | ᠭᠠᠷᠤᠯᠲᠠ︾ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ | ︽ᠬᠡᠷᠡᠭᠵᠢᠭᠦᠯᠬᠦ ᠰᠠᠨᠠᠯ︾ ᠳᠤ ᠡᠭᠦᠨ ᠢ ᠦᠨᠳᠦᠰᠦᠯᠡᠨ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ᠭᠤᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠳᠤᠷᠠᠳᠤᠨ ᠭᠠᠷᠭᠠᠪᠠ᠃ | ᠨᠢᠭᠡ ᠳᠤ ᠣᠨᠴᠠᠯᠢᠭ ᠢ ᠢᠯᠡᠷᠡᠭᠦᠯᠬᠦ ᠳᠡᠭᠡᠷ᠎ᠡ ᠬᠦᠴᠦ ᠲᠠᠯᠪᠢᠨ᠎ᠠ ᠃ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠪᠣᠯ ᠨᠢᠭᠡ ᠭᠠᠵᠠᠷ ᠣᠷᠣᠨ ᠤ ᠬᠥᠷᠥᠰᠥ ᠰᠢᠷᠣᠢ ᠶᠢ ᠰᠠᠶᠢᠲᠤᠷ | ᠠᠰᠢᠭᠯᠠᠵᠤ ᠂ ᠨᠤᠲᠤᠭ ᠤᠰᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠠᠪᠤᠳᠠᠯ ᠪᠣᠯᠣᠨ᠎ᠠ ᠃ ᠡᠭᠦᠯᠳᠡᠷ ᠢ | ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠ | ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠴᠢᠬᠤᠯᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠶᠢ ᠠᠬᠢᠭᠤᠯᠬᠤ ᠳᠦᠷᠢᠮ ᠪᠠ ᠰᠦ ᠶᠢᠨ ᠦᠢᠯᠡᠰ ᠮᠢᠬᠠᠨ ᠤ ᠦᠢᠯᠡᠰ ᠢ ᠬᠥᠭᠵᠢᠭᠦᠯᠦᠨ ᠮᠠᠨᠳᠤᠭᠤᠯᠬᠤ | ᠳᠦᠷᠢᠮ ᠢ ᠲᠣᠭᠲᠠᠭᠠᠵᠤ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ ᠢᠮᠠᠭᠠᠨ ᠨᠤᠤᠯᠤᠭᠤᠷ ᠂ ᠲᠡᠵᠢᠭᠡᠯ | ᠡᠪᠡᠰᠦ ᠪᠣᠷᠳᠤᠭ᠎ᠠ ᠵᠡᠷᠭᠡ ᠠᠵᠤ ᠦᠢᠯᠡᠰ ᠤᠨ ᠬᠡᠯᠬᠢᠶ᠎ᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠬᠤᠶᠠᠷ ᠲᠤ ᠠᠵᠤ ᠦᠢᠯᠡᠰ ᠢ ᠠᠭᠤᠰᠤᠯᠴᠠᠭᠤᠯᠬᠤ ᠳᠡᠭᠡᠷ᠎ᠡ ᠬᠦᠴᠦ ᠲᠠᠯᠪᠢᠨ᠎ᠠ᠃ ᠭᠤᠯᠳᠤ ᠴᠢᠭᠯᠡᠯ ᠢᠶᠠᠷ ᠂ | ᠦᠢᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠶᠢ ᠨᠡᠪᠲᠡᠷᠡᠭᠦᠯᠦᠨ᠎ᠡ ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠪᠣᠯᠣᠨ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ ᠂ ᠤᠷᠢᠳᠴᠢᠯᠠᠨ ᠬᠢᠭᠰᠡᠨ ᠨᠣᠭᠤᠭ᠎ᠠ ᠵᠠᠭᠤᠰᠢ ᠵᠡᠷᠭᠡ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ | ᠶᠡᠬᠡᠪᠡᠷ ᠬᠥᠭᠵᠢᠭᠦᠯᠦᠨ ᠂ ᠦᠬᠡᠷ ᠬᠤᠨᠢᠨ ᠮᠢᠬ᠎ᠠ ᠶᠢ ᠨᠠᠷᠢᠯᠢᠭ ᠰᠠᠯᠭᠠᠬᠤ ᠂ ᠬᠦᠢᠲᠡᠨ ᠰᠢᠨ᠎ᠡ ᠮᠢᠬ᠎ᠠ | ᠪᠣᠯᠪᠠᠰᠤᠷᠠᠭᠤᠯᠬᠤ᠂ ᠪᠤᠯᠭᠤᠭᠰᠠᠨ ᠢᠳᠡᠭᠡᠨ ᠦᠢᠯᠡᠳᠬᠦ ᠶᠢ ᠬᠥᠭᠵᠢᠭᠦᠯᠵᠦ ᠂ ︽ ᠮᠠᠯ ᠲᠡᠭᠡᠭᠡᠪᠦᠷᠢᠯᠡᠬᠦ︾ ᠶᠢ ︽ᠮᠢᠬ᠎ᠠ | ᠲᠡᠭᠡᠭᠡᠪᠦᠷᠢᠯᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠵᠤ ᠂ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ ᠶᠢ 72% ᠲᠤ ᠬᠦᠷᠦᠭᠦᠯᠬᠦ ᠪᠠᠷ | ᠴᠢᠷᠮᠠᠶᠢᠨ᠎ᠠ ᠃ ᠬᠥᠨᠳᠡᠯᠡᠨ ᠴᠢᠭᠯᠡᠯ ᠢᠶᠠᠷ ᠂ ᠲᠠᠷᠢᠶᠠᠯᠠᠩ ᠰᠣᠶᠣᠯ ᠵᠤᠭᠠᠴᠠᠯ ᠢ ᠨᠡᠶᠢᠯᠡᠭᠦᠯᠦᠨ᠎ᠡ᠃ ᠣᠲᠣ ᠦᠶ᠎ᠡ ᠶᠢᠨ | ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠬᠥᠳᠡᠭᠡ ᠲᠣᠰᠬᠤᠨ ᠤ | ᠢᠳᠡᠭᠡᠨ ᠤᠮᠳᠠᠭᠠᠨ ᠪᠠᠷᠠᠭ᠎ᠠ ᠬᠤᠳᠠᠯᠳᠤᠨ ᠠᠪᠬᠤ᠂ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ ᠰᠡᠯᠡᠭᠦᠴᠡᠯ᠂ | ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ᠂ ᠮᠡᠳᠡᠭᠡ ᠵᠠᠩᠭᠢ ᠶᠢᠨ ᠵᠠᠭᠤᠴᠢ ᠵᠡᠷᠭᠡ ᠠᠮᠢᠳᠤᠷᠠᠯ ᠤᠨ | ᠦᠢᠯᠡᠴᠢᠯᠡᠭᠡ ᠶᠢ ᠳᠡᠮᠵᠢᠨ ᠬᠥᠭᠵᠢᠭᠦᠯᠵᠦ᠂ ᠬᠥᠳᠡᠭᠡ ᠲᠣᠰᠬᠤᠨ ᠤ ᠦᠢᠯᠡᠳᠬᠦᠨ ᠬᠤᠳᠠᠯᠳᠤᠵᠤ ᠪᠠᠶᠢᠭᠰᠠᠨ | ᠠᠴᠠ ᠪᠠᠨ ᠵᠡᠷᠭᠡᠪᠡᠷ ᠦᠢᠯᠡᠴᠢᠯᠡᠭᠡ ᠬᠤᠳᠠᠯᠳᠤᠬᠤ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ | ᠭᠤᠷᠪᠠ ᠳᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠨ᠎ᠠ ᠃ ᠡᠯ᠎ᠡ ᠲᠥᠷᠥᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠰᠢᠶᠠᠨ | ᠰᠢᠶᠠᠩ ᠲᠣᠰᠬᠤᠨ ᠤ ᠠᠵᠤ ᠦᠢᠯᠡᠰ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ | ᠰᠢᠶᠠᠨ ᠤ ᠬᠡᠪᠴᠢᠶᠡᠨ ᠤ ᠠᠵᠤ ᠦᠢᠯᠡᠰ ᠤᠨ ᠳᠠᠭᠠᠭᠠᠬᠤ ᠪᠠ ᠢᠵᠢ ᠪᠦᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ | ᠬᠦᠴᠦᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠪᠠᠯᠭᠠᠰᠤ ᠶᠢᠨ ᠲᠥᠪᠯᠡᠷᠡᠭᠦᠯᠬᠦ ᠴᠢᠳᠠᠮᠵᠢ ᠶᠢ ᠴᠢᠩᠭᠠᠷᠠᠭᠤᠯᠤᠨ᠂ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠭᠠᠷᠤᠯᠲᠠ ᠶᠢᠨ ᠣᠷᠣᠨ ᠲᠡᠶᠢᠰᠢ ᠳᠣᠷᠣᠭᠰᠢ ᠪᠠᠭᠤᠯᠭᠠᠵᠤ᠂ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠵᠦ᠂ | ᠬᠤᠲᠠ ᠬᠥᠳᠡᠭᠡ ᠬᠤᠯᠪᠤᠭᠠᠯᠠᠨ ᠬᠥᠳᠡᠯᠦᠯᠴᠡᠭᠰᠡᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ | ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠠᠴᠠ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ | ᠦᠢᠯᠡᠰ ᠪᠠ ᠦᠵᠡᠰᠬᠦᠯᠡᠩᠳᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠣᠶ︖ | ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ | ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠲᠣᠰᠬᠤᠨ ᠤ ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ | ᠠᠬᠢᠭᠤᠯᠵᠤ᠂ ᠬᠥᠳᠡᠭᠡ ᠲᠣᠰᠬᠤᠨ ᠤ ᠥᠩᠭᠡᠨ ᠲᠠᠯ᠎ᠠ ᠠᠴᠠ ᠳᠣᠲᠣᠷ ᠲᠠᠯ᠎ᠠ ᠳᠤ ᠬᠦᠷᠦᠭᠰᠡᠨ ᠂ ᠬᠡᠯᠪᠡᠷᠢ ᠴᠤᠭ | ᠰᠦᠯᠳᠡ ᠶᠢ ᠬᠤᠣᠰᠯᠠᠭᠤᠯᠤᠭᠰᠠᠨ ᠪᠥᠬᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃ | ︽ᠬᠡᠷᠡᠭᠵᠢᠭᠦᠯᠬᠦ ᠰᠠᠨᠠᠯ︾ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠳᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠂ ᠡᠭᠦᠨ ᠳᠤ | ᠬᠠᠲᠠᠭᠤ ᠲᠣᠨᠤᠭ᠂ ᠵᠥᠭᠡᠯᠡᠨ ᠲᠣᠨᠤᠭ ᠢ ᠬᠤᠶᠠᠷ ᠲᠠᠯ᠎ᠠ ᠪᠠᠷ ᠠᠳᠬᠤᠬᠤ ᠪᠠᠷ ᠭᠤᠣᠯᠳᠠᠯᠭ᠎ᠠ ᠪᠣᠯᠭᠠᠵᠠᠢ᠃ | ᠨᠢᠭᠡ ᠲᠠᠯ᠎ᠠ ᠪᠠᠷ ᠬᠠᠲᠠᠭᠤ ᠲᠣᠨᠤᠭ ᠤᠨ ᠪᠠᠶᠢᠭᠤᠯᠤᠯᠲᠠ ᠶᠢ ᠠᠳᠬᠤᠨ᠎ᠠ ᠃ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ᠂ | ᠬᠥᠳᠡᠭᠡ ᠲᠣᠰᠬᠤᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠪᠠᠷ ᠭᠤᠣᠯᠳᠠᠯᠭ᠎ᠠ ᠪᠣᠯᠭᠠᠵᠤ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ ᠰᠢᠶᠠᠨ ᠤ | ᠬᠡᠪᠴᠢᠶ᠎ᠡ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠠᠶᠢᠯ ᠲᠣᠰᠬᠤᠨ ᠤ ᠲᠥᠯᠦᠪᠵᠢᠭᠦᠯᠭᠡ ᠶᠢ | ᠲᠣᠭᠤᠷᠢᠭ ᠬᠤᠪᠢᠶᠠᠨ ᠲᠦᠷᠦᠯ ᠬᠤᠪᠢᠶᠠᠨ ᠵᠢᠷᠤᠵᠤ ᠲᠦᠯᠦᠪᠯᠡᠨ᠎ᠡ ᠃ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ᠂ ᠮᠠᠯᠴᠢᠨ ᠲᠠᠷᠢᠶᠠᠴᠢᠨ ᠤ ᠣᠷᠣᠨ ᠰᠠᠭᠤᠴᠠ᠂ ᠬᠥᠳᠡᠭᠡ ᠲᠣᠰᠬᠤᠨ ᠤ ᠰᠠᠭᠤᠷᠢ | ᠲᠦᠭᠦᠭᠡᠷᠦᠮᠵᠢ ᠂ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠵᠠᠢ ᠪᠠ ᠠᠵᠤ ᠦᠢᠯᠡᠰ ᠲᠤ ᠬᠡᠷᠡᠭᠯᠡᠬᠦ ᠭᠠᠵᠠᠷ | ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ | ᠵᠣᠷᠯᠣᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ 6 ᠲᠦᠮᠡ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ | ᠪᠠᠶᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ 500 | ᠭᠡᠰᠡᠭ ᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠬᠢᠯᠢ ᠬᠢᠵᠠᠭᠠᠷ ᠣᠷᠣᠨ ᠤ ᠲᠠᠷᠠᠬᠠᠢ ᠬᠡᠯᠪᠡᠷᠢ ᠶᠢᠨ ᠤᠰᠤᠨ | ᠰᠤᠷᠪᠤᠯᠵᠢ ᠶᠢᠨ ᠴᠡᠭ ᠤᠨ ᠢᠨᠵᠧᠨᠧᠷᠢᠩ 820 ᠭᠡᠰᠡᠭ ᠢ ᠰᠢᠨ᠎ᠡ ᠪᠠᠷ ᠥᠷᠭᠡᠳᠬᠡᠨ ᠪᠠᠶᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠰᠤᠨ ᠳᠤ ᠥᠯᠥ | ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠡᠭᠦᠨ ᠤ ᠬᠠᠮᠲᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠣᠯᠠᠨ ᠲᠦᠮᠡᠨ ᠤ | ᠰᠠᠨᠠᠯ ᠢ ᠢᠯᠡᠭᠦᠬᠡᠨ ᠰᠣᠨᠣᠰᠴᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠳᠤ ᠪᠥᠬᠦ ᠶᠠᠪᠤᠴᠠ ᠪᠠᠷ ᠣᠷᠤᠯᠴᠠᠭᠤᠯᠤᠨ᠎ᠠ ᠃ | ᠨᠦᠬᠦᠭᠡ ᠨᠢᠭᠡ ᠲᠠᠯ᠎ᠠ ᠪᠠᠷ ᠵᠥᠭᠡᠯᠡᠨ ᠲᠣᠨᠤᠭ ᠤᠨ ᠪᠠᠶᠢᠭᠤᠯᠤᠯᠲᠠ ᠶᠢ ᠠᠳᠬᠤᠨ᠎ᠠ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ | ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠨ᠎ᠠ᠃ ᠨᠢᠭᠡ ᠳᠤ ᠬᠥᠳᠡᠭᠡ ᠲᠣᠰᠬᠤᠨ ᠤ ᠵᠠᠰᠠᠯᠲᠠ ᠶᠢ | ᠴᠢᠩᠭᠠᠳᠬᠠᠨ ᠰᠠᠶᠢᠵᠢᠷᠠᠭᠤᠯᠤᠨ᠎ᠠ ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ ᠂ ᠲᠣᠣᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢ | ᠭᠦᠨᠵᠡᠭᠡᠶᠢᠷᠡᠭᠦᠯᠵᠦ ᠂ ᠬᠤᠪᠢ ᠬᠤᠷᠠᠮᠳᠤᠭᠤᠯᠬᠤ ᠳᠦᠷᠢᠮ ᠂ ᠨᠠᠷᠢᠨ ᠳᠠᠩᠰᠠ ᠶᠢᠨ ᠳᠦᠷᠢᠮ ᠂ ᠲᠣᠭᠠᠴᠢᠯᠠᠯᠲᠠ ᠂ | ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠭᠦᠢᠴᠡᠳᠬᠡᠬᠦ ᠵᠡᠷᠭᠡ ᠵᠠᠰᠠᠯᠲᠠ ᠶᠢᠨ ᠠᠷᠭ᠎ᠠ ᠬᠡᠯᠪᠡᠷᠢ ᠶᠢ ᠳᠡᠯᠭᠡᠷᠡᠭᠦᠯᠦᠨ | ᠬᠡᠷᠡᠭᠯᠡᠵᠦ ᠂ ᠬᠥᠳᠡᠭᠡ ᠲᠣᠰᠬᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ ᠃ ᠬᠤᠶᠠᠷ ᠲᠤ | ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨᠴᠢ ᠴᠢᠨᠠᠷᠲᠠᠢ ᠤᠬᠠᠭᠤᠯᠤᠨ ᠲᠠᠶᠢᠯᠪᠤᠷᠢᠯᠠᠬᠤ ᠶᠢ | ᠥᠷᠭᠡᠨ ᠢᠶᠠᠷ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠨᠠᠮ ᠤᠨ ᠦᠭᠡ ᠶᠢ ᠰᠣᠨᠣᠰᠬᠤ᠂ ᠨᠠᠮ ᠤᠨ | ᠠᠴᠢ ᠶᠢ ᠮᠡᠳᠡᠷᠡᠬᠦ᠂ ᠨᠠᠮ ᠢᠶᠠᠨ ᠳᠠᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠ ︽ᠨᠠᠮ ᠤᠨ ᠲᠠᠭᠤᠨ ᠢ | ᠲᠦᠮᠡᠨ ᠡᠷᠦᠬᠡ ᠳᠤ ᠬᠦᠷᠭᠡᠬᠦ︾ ᠭᠡᠬᠦ ᠭᠤᠣᠯ ᠰᠡᠳᠦᠪᠲᠦ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ | ᠵᠢᠷᠤᠮᠵᠢᠯ ᠢ ᠲᠣᠭᠲᠠᠭᠠᠬᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠴᠢᠩᠭᠠᠷᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠨᠠᠶᠢᠷ ᠲᠠᠯ᠎ᠠ ᠶᠢ ᠠᠲᠠᠭᠠᠷᠬᠠᠨ | ᠠᠳᠠᠯᠢᠳᠬᠠᠬᠤ᠂ ᠠᠰᠠᠷᠠᠨ ᠲᠡᠵᠢᠭᠡᠬᠦ ᠶᠢ ᠬᠦᠩᠭᠡᠪᠴᠢᠯᠡᠨ ᠬᠦᠨᠳᠦ ᠪᠠᠷ ᠣᠷᠣᠰᠢᠭᠤᠯᠬᠤ᠂ ᠪᠦᠷᠢᠯᠭᠡᠨ ᠰᠦᠢᠳᠬᠡᠬᠦ | ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠵᠠᠰᠠᠨ᠎ᠠ᠃ | ᠬᠥᠲᠥᠯᠥᠭᠴᠢ᠄ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠴᠠᠷᠠᠭᠠᠨ ᠳᠤ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠬᠤ | ᠲᠠᠯ᠎ᠠ ᠪᠠᠷ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠬᠢᠯᠠᠰ ᠴᠡᠭ ᠪᠠᠶᠢᠬᠤ ᠪᠣᠶ︖ | ᠵᠣᠴᠢᠨ ᠭᠦᠸᠧ ᠵᠠᠨ ᠵᠢᠶᠠᠩ ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠳᠤ ᠦᠨᠡᠨ ᠪᠣᠳᠠᠲᠠᠢ ᠪᠠᠷ | ᠠᠵᠢᠯᠯᠠᠨ᠎ᠠ᠂ ᠦᠨᠡᠨ ᠵᠣᠭᠤᠰ ᠮᠥᠩᠭᠦ ᠪᠠᠷ ᠪᠡᠯᠡ ᠣᠷᠤᠭᠤᠯᠵᠦ᠂ ᠲᠦᠷᠦ ᠶᠢᠨ ᠪᠣᠳᠣᠯᠭ᠎ᠠ ᠶᠢᠨ ᠬᠠᠮᠲᠤᠷᠠᠯ ᠬᠦᠴᠦᠨ | ᠪᠠ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ︽ᠬᠡᠷᠡᠭᠵᠢᠭᠦᠯᠬᠦ ᠰᠠᠨᠠᠯ︾ ᠳᠤ ᠣᠷᠤᠭᠤᠯᠤᠯᠲᠠ᠂ | ᠴᠢᠳᠠᠪᠤᠷᠢᠲᠠᠨ᠂ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠲᠥᠷᠥ ᠶᠢᠨ | ᠪᠣᠳᠣᠯᠭ᠎ᠠ ᠶᠢᠨ ᠬᠢᠯᠠᠰ ᠴᠡᠭ ᠢ ᠳᠤᠷᠠᠳᠤᠨ ᠭᠠᠷᠭᠠᠪᠠ᠃ ᠨᠢᠭᠡᠳᠦᠭᠡᠷ ᠲᠤ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠤᠯᠠᠨ ᠡᠰᠢᠲᠦ ᠣᠷᠤᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ ᠃ ᠨᠢᠭᠡ ᠳᠤ ᠵᠠᠰᠠᠭ ᠤᠨ | ᠣᠷᠳᠣᠨ ᠤ ᠣᠷᠤᠭᠤᠯᠤᠯᠲᠠ᠃ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠡᠩ ᠤᠨ ᠣᠯᠠᠨ | ᠨᠡᠶᠢᠲᠡ ᠶᠢᠨ ᠲᠥᠰᠥᠪ ᠲᠤ ᠤᠷᠢᠳ ᠢᠶᠠᠷ ᠪᠠᠲᠤᠯᠠᠬᠤ ᠬᠦᠷᠢᠶ᠎ᠡ ᠴᠠᠷᠠᠭ᠎ᠠ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠣᠷᠤᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠵᠠᠷ ᠰᠢᠷᠣᠢ ᠶᠢ ᠰᠢᠯᠵᠢᠭᠦᠯᠦᠨ | ᠥᠭᠭᠦᠭᠰᠡᠨ ᠠᠰᠢᠭ ᠣᠷᠣᠯᠭ᠎ᠠ ᠶᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ | ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠠᠷ | ᠳᠡᠮᠵᠢᠬᠦ ᠬᠡᠪᠴᠢᠶᠡᠨ ᠳᠤ ᠣᠷᠣᠭᠤᠯᠬᠤ ᠶᠢ ᠴᠢᠬᠤᠯᠠᠴᠢᠯᠠᠨ᠎ᠠ ᠃ ᠬᠤᠶᠠᠷ ᠲᠤ ᠮᠥᠩᠭᠦᠨ ᠭᠦᠢᠯᠭᠡᠭᠡᠨ ᠤ | ᠣᠷᠤᠭᠤᠯᠤᠯᠲᠠ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ | ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠢᠲᠡᠭᠡᠮᠵᠢᠲᠦ | ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ᠂ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ᠂ ᠮᠠᠯᠵᠢᠬᠤ | ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠲᠠᠯ᠎ᠠ ᠪᠠᠷ | ᠬᠠᠶᠢᠨ ᠰᠦᠪᠡᠭᠴᠢᠯᠡᠵᠦ ᠰᠢᠨ᠎ᠡ ᠶᠢ ᠡᠭᠦᠳᠦᠨ᠎ᠡ᠃ ᠭᠤᠷᠪᠠ ᠳᠤ ᠨᠡᠶᠢᠭᠡᠮ ᠤᠨ ᠬᠥᠷᠥᠩᠭᠡ ᠶᠢᠨ ᠣᠷᠤᠭᠤᠯᠤᠯᠲᠠ ᠃ | ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠬᠢᠭᠡᠳ ᠮᠥᠩᠭᠦᠨ ᠭᠦᠢᠯᠭᠡᠭᠡᠨ᠂ ᠨᠡᠶᠢᠭᠡᠮ ᠤᠨ ᠣᠷᠤᠭᠤᠯᠤᠯᠲᠠ ᠶᠢᠨ | ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ | ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ ᠬᠡᠷᠡᠭᠵᠢᠭᠦᠯᠬᠦ ᠶᠢ ᠵᠣᠷᠢᠭᠵᠢᠭᠤᠯᠤᠨ᠂ | ᠮᠥᠩᠭᠦᠨ ᠭᠦᠢᠯᠭᠡᠭᠡᠨ ᠪᠠ ᠨᠡᠶᠢᠭᠡᠮ ᠤᠨ ᠬᠥᠷᠥᠩᠭᠡ ᠶᠢ ᠵᠠᠬ᠎ᠠ ᠳᠡᠯᠭᠡᠭᠦᠷᠴᠢᠯᠡᠬᠦ ᠵᠠᠷᠴᠢᠮ ᠢᠶᠠᠷ ᠲᠠᠷᠢᠶᠠᠯᠠᠩ ᠮᠠᠯ ᠠᠵᠤ | ᠠᠬᠤᠢ ᠮᠠᠯᠵᠢᠬᠤ ᠲᠠᠷᠢᠶᠠᠯᠠᠬᠤ ᠣᠷᠣᠨ ᠳᠤ ᠨᠠᠩ ᠢᠯᠡᠭᠦᠦ ᠣᠷᠣᠭᠤᠯᠬᠤ ᠶᠢ ᠳᠠᠶᠢᠴᠢᠯᠠᠨ᠎ᠠ᠃ ᠬᠤᠶᠠᠳᠤᠭᠠᠷ ᠲᠤ᠂ | ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠪᠠ ᠦᠢᠯᠡᠴᠢᠯᠡᠭᠡᠨ ᠤ ᠭᠤᠣᠯ ᠴᠣᠭᠴᠠ ᠶᠢᠨ ᠴᠢᠳᠠᠪᠤᠷᠢ ᠶᠢ | ᠳᠡᠭᠡᠭᠰᠢᠯᠡᠭᠦᠯᠬᠦ᠂ ᠳᠠᠷᠢᠵᠤ ᠲᠡᠵᠢᠭᠡᠬᠦ ᠪᠣᠯᠪᠠᠰᠤᠷᠠᠭᠤᠯᠬᠤ ᠴᠢᠳᠠᠪᠤᠷᠢᠲᠠᠨ ᠤ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠯ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠴᠢ ᠶᠢ | ᠬᠥᠮᠥᠵᠢᠭᠦᠯᠬᠦ ᠵᠡᠷᠭᠡ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ 1.5 ᠲᠦᠮᠡ ᠠᠴᠠ ᠳᠡᠭᠡᠭᠰᠢ | ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠪᠣᠶᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ︽ ᠳᠠᠭᠠᠭᠤᠯᠤᠭᠴᠢ ︾ ᠶᠢ 780 ᠬᠥᠮᠥᠵᠢᠭᠦᠯᠦᠨ᠎ᠡ᠃ ᠬᠤᠲᠠ ᠶᠢᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠲᠣᠭᠲᠠᠮᠠᠯ ᠬᠤᠭᠤᠴᠠᠭ᠎ᠠ ᠲᠠᠢ ᠪᠠᠷ ᠬᠥᠳᠡᠭᠡ ᠲᠣᠰᠬᠤᠨ ᠳᠤ ᠦᠢᠯᠡᠴᠢᠯᠡᠬᠦ ᠶᠢ | ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠳᠤ ᠣᠷᠳᠣ ᠬᠤᠭᠤᠴᠠᠭ᠎ᠠ ᠪᠠᠷ | ᠦᠢᠯᠡᠴᠢᠯᠡᠭᠰᠡᠳ ᠲᠤ ᠲᠤᠰᠢᠶᠠᠯ ᠳᠡᠪᠰᠢᠬᠦ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠲᠠᠯ᠎ᠠ ᠪᠠᠷ ᠵᠣᠬᠢᠬᠤ | ᠬᠠᠷᠠᠭᠠᠯᠵᠠᠯ ᠦᠵᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ | ᠠᠵᠢᠯᠯᠠᠭ᠎ᠠ ᠂ ᠣᠶᠤᠲᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠳᠤᠷ᠎ᠠ ᠠᠴᠠ ᠪᠠᠨ | ᠦᠢᠯᠡᠴᠢᠯᠡᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ ᠃ ᠭᠤᠷᠪᠠᠳᠤᠭᠠᠷ ᠲᠤ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ ᠨᠢᠭᠡ ᠳᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠪᠣᠲᠠᠲᠠᠶᠢᠵᠢᠭᠤᠯᠤᠨ᠎ᠠ᠃ ᠲᠠᠪᠤᠨ ᠱᠠᠲᠤᠨ ᠤ | ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠶᠢ ᠪᠠᠷᠢᠮᠲᠠᠯᠠᠵᠤ᠂ ᠡᠯ᠎ᠡ ᠱᠠᠲᠤᠨ ᠤ | ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠲᠥᠯᠥᠪᠵᠢᠭᠦᠯᠦᠨ ᠪᠠᠶᠢᠷᠢᠯᠠᠭᠤᠯᠵᠤ᠂ | ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ ᠠᠬᠢᠭᠤᠯᠵᠤ᠂ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠤᠣᠯ | ᠣᠶᠤᠨ ᠴᠢᠳᠠᠯ ᠢᠶᠠᠨ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ | ᠠᠵᠢᠯ ᠳᠡᠭᠡᠷ᠎ᠡ ᠲᠠᠯᠪᠢᠵᠤ᠂ ᠨᠢᠭᠡᠳᠦᠭᠡᠷ ᠹᠷᠣᠨᠲ ᠤᠨ ᠶᠡᠷᠦᠩᠬᠡᠢ ᠵᠢᠯᠣᠭᠤᠳᠤᠭᠴᠢ ᠪᠣᠯᠭᠠᠨ᠎ᠠ ᠃ ᠬᠤᠶᠠᠷ ᠲᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ ᠬᠢᠨᠠᠨ ᠰᠢᠯᠭᠠᠵᠤ ᠦᠨᠡᠯᠡᠨ ᠵᠢᠱᠢᠬᠦ ᠶᠢ ᠪᠠᠬᠢᠵᠢᠭᠦᠯᠦᠨ | ᠥᠷᠭᠡᠳᠬᠡᠵᠦ ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠭᠰᠠᠨ ᠪᠠᠶᠢᠳᠠᠯ ᠢ ᠠᠶᠢᠮᠠᠭ ᠬᠤᠳᠠ ᠂ ᠬᠤᠰᠢᠭᠤ ᠰᠢᠶᠠᠨ ᠂ ᠰᠢᠶᠠᠩ ᠪᠠᠯᠭᠠᠰᠤ ᠭᠤᠷᠪᠠᠨ ᠱᠠᠲᠤᠨ ᠤ | ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ | ᠲᠤᠰᠢᠶᠠᠯ ᠤᠨ ᠮᠡᠳᠡᠭᠦᠯᠦᠯᠲᠡ ᠶᠢ ᠬᠢᠨᠠᠨ ᠰᠢᠯᠭᠠᠵᠤ ᠬᠢᠨᠠᠨ ᠰᠢᠯᠭᠠᠬᠤ ᠶᠢᠨ ᠴᠢᠬᠤᠯᠠ ᠠᠭᠤᠯᠭ᠎ᠠ ᠪᠣᠯᠭᠠᠵᠤ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠥᠲᠥᠯᠥᠭᠴᠢ᠄ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ | ᠶᠠᠮᠠᠷ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠭᠰᠡᠨ ᠪᠣᠶ︖ | ᠵᠣᠴᠢᠨ ᠭᠦᠸᠧ ᠵᠠᠨ ᠵᠢᠶᠠᠩ᠄ ᠶᠡᠷᠦᠩᠬᠡᠢ ᠱᠦᠵᠢ ᠰᠢ ᠶᠢᠨ ᠫᠢᠩ ᠲᠠᠷᠢᠶᠠᠯᠠᠩ ᠤᠨ ᠬᠦᠴᠦᠷᠬᠡᠭ ᠤᠯᠤᠰ ᠢ | ᠲᠦᠷᠭᠡᠪᠴᠢᠯᠡᠨ ᠪᠦᠲᠦᠭᠡᠨ ᠪᠠᠶᠢᠭᠤᠯᠬᠤ ᠳᠤ ᠥᠭᠡᠷᠡᠴᠢᠯᠡᠯᠲᠡ ᠶᠢᠨ ᠬᠦᠳᠡᠯᠭᠡᠬᠦ ᠬᠦᠴᠦᠨ ᠢ ᠨᠡᠮᠡᠭᠳᠡᠭᠦᠯᠵᠦ᠂ | ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ ᠭᠡᠵᠦ ᠴᠢᠬᠤᠯᠠᠴᠢᠯᠠᠵᠠᠢ᠃ ᠰᠢᠨ᠎ᠡ | ᠴᠠᠭ ᠦᠶ᠎ᠡ ᠰᠢᠨ᠎ᠡ ᠠᠶᠠᠨ ᠵᠠᠮ ᠳᠤ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ | ᠰᠡᠳᠬᠢᠴᠡ ᠪᠣᠯ ᠲᠠᠷᠢᠶᠠᠴᠢᠨ ᠪᠣᠯᠣᠨ ᠭᠠᠵᠠᠷ ᠰᠢᠷᠣᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠡᠨᠡᠬᠦ ᠭᠤᠣᠯ | ᠰᠢᠵᠢᠮ ᠢ ᠦᠷᠭᠦᠯᠵᠢᠯᠡᠨ ᠡᠵᠡᠮᠳᠡᠵᠦ ᠂ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠡᠷᠬᠡ ᠶᠢ ᠰᠠᠯᠭᠠᠬᠤ ᠪᠠ ᠡᠷᠬᠡ ᠴᠢᠳᠠᠪᠤᠷᠢ ᠶᠢ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠵᠦ ᠂ ᠥᠷᠭᠡᠨ ᠤᠯᠠᠨ | ᠲᠠᠷᠢᠶᠠᠴᠢᠨ ᠳᠤ ᠥᠭᠡᠷᠡᠴᠢᠯᠡᠯᠲᠡ ᠶᠢᠨ ᠳᠤᠮᠳᠠ ᠨᠡᠩ ᠤᠯᠠᠨ ᠦᠷ᠎ᠡ ᠪᠦᠲᠦᠭᠡᠯ ᠢ ᠡᠳ᠋ᠯᠡᠭᠦᠯᠦᠨ᠎ᠡ᠃ ︽ᠬᠡᠷᠡᠭᠵᠢᠭᠦᠯᠬᠦ | ᠰᠠᠨᠠᠯ︾ ᠳᠤ ᠭᠤᠣᠯᠳᠠᠭᠤ ᠬᠤᠶᠠᠷ ᠲᠠᠯ᠎ᠠ ᠠᠴᠠ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠃ | ᠨᠢᠭᠡ ᠳᠤ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ ᠃ ᠭᠤᠣᠯᠳᠠᠭᠤ ᠲᠠᠷᠢᠶᠠᠯᠠᠬᠤ ᠮᠠᠯᠵᠢᠬᠤ ᠣᠷᠣᠨ ᠤ ᠳᠠᠭᠠᠭᠠᠴᠢᠯᠠᠭᠰᠠᠨ ᠭᠠᠵᠠᠷ ᠂ ᠣᠷᠣᠨ | ᠰᠠᠭᠤᠴᠠ ᠶᠢᠨ ᠰᠠᠭᠤᠷᠢ ᠭᠠᠵᠠᠷ ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠭᠤᠷᠪᠠᠨ ᠬᠡᠰᠡᠭ ᠭᠠᠵᠠᠷ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠲᠦᠯᠬᠢᠨ | ᠠᠬᠢᠭᠤᠯᠤᠨ᠎ᠠ ᠃ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠲᠠᠯ᠎ᠠ ᠪᠠᠷ᠂ ᠬᠤᠶᠠᠳᠤᠭᠠᠷ ᠡᠭᠡᠯᠵᠢ ᠶᠢᠨ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ | ᠲᠤᠷᠰᠢᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠤᠷᠲᠤᠳᠬᠠᠨ | ᠳᠠᠭᠠᠭᠠᠴᠢᠯᠠᠭᠤᠯᠬᠤ ᠠᠵᠢᠯ ᠤᠨ ᠵᠠᠭᠪᠤᠷ ᠢ ᠳ᠋ᠦᠩᠨᠡᠬᠦ ᠪᠠᠷ ᠭᠤᠣᠯᠳᠠᠯᠭ᠎ᠠ ᠪᠣᠯᠭᠠᠨ᠎ᠠ᠃ ᠲᠠᠷᠢᠶᠠᠴᠢᠳ ᠤᠨ ᠬᠦᠰᠡᠯ | ᠰᠠᠨᠠᠭ᠎ᠠ ᠶᠢ ᠬᠦᠨᠳᠦᠳᠬᠡᠬᠦ ᠤᠷᠢᠲᠠᠯ ᠳᠣᠣᠷ᠎ᠠ᠂ ᠭᠠᠵᠠᠷ ᠰᠢᠷᠣᠢ ᠶᠢ ᠨᠠᠷᠢᠯᠢᠭ ᠭᠡᠰᠡᠭᠯᠡᠬᠦ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠳᠠᠯ᠎ᠠ ᠪᠠᠷ ᠬᠠᠶᠢᠨ ᠰᠦᠪᠡᠭᠴᠢᠯᠡᠨ᠎ᠡ᠃ ᠣᠷᠣᠨ ᠰᠠᠭᠤᠴᠠ ᠶᠢᠨ ᠭᠠᠵᠠᠷ ᠤᠨ ᠲᠠᠯ᠎ᠠ ᠪᠠᠷ᠂ ᠮᠠᠯᠵᠢᠬᠤ | ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠪᠠ ᠲᠠᠷᠢᠶᠠᠨ ᠭᠠᠵᠠᠷ ᠢ | ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠪᠠ ᠣᠷᠣᠨ ᠰᠠᠭᠤᠴᠠ ᠶᠢᠨ ᠲᠥᠷᠥᠯ ᠤᠨ ᠭᠡᠷ ᠪᠠᠶᠢᠰᠢᠩ ᠢ | ᠲᠤᠰᠬᠠᠶᠢᠯᠠᠨ ᠴᠡᠭᠴᠡᠯᠡᠨ ᠵᠠᠰᠠᠬᠤ ᠬᠤᠶᠠᠷ ᠵᠦᠢᠯ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠬᠤ ᠪᠠᠷ | ᠭᠤᠣᠯᠳᠠᠯᠭ᠎ᠠ ᠪᠣᠯᠭᠠᠨ᠎ᠠ᠃ ᠣᠷᠣᠨ ᠰᠠᠭᠤᠴᠠ ᠶᠢᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠶᠢ ᠪᠦᠲᠦᠮᠵᠢᠲᠡᠢ | ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ᠲᠠᠯ᠎ᠠ ᠪᠠᠷ᠂ ᠭᠤᠣᠯᠳᠠᠯᠭ᠎ᠠ ᠨᠢ 10 ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ | ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠤᠯᠤᠰ᠂ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠮᠠᠯᠴᠢᠨ ᠲᠠᠷᠢᠶᠠᠴᠢᠨ ᠤ | ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠭᠰᠠᠨ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ | ᠣᠯᠵᠠᠪᠤᠷᠢ ᠶᠢ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠢ ᠶᠢ | ᠬᠥᠭᠵᠢᠭᠦᠯᠦᠨ᠎ᠡ᠃ ᠭᠤᠣᠯᠳᠠᠯᠭ᠎ᠠ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠪᠠ ᠠᠰᠢᠭ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠵᠣᠷᠢᠭᠵᠢᠭᠤᠯᠬᠤ ᠮᠥᠷᠲᠡᠭᠡᠨ ᠪᠠᠰᠠ | ᠤᠯᠠᠨ ᠶᠠᠩᠵᠤᠴᠢᠯᠠᠭᠰᠠᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠡᠬᠢ | ᠪᠠᠶᠠᠯᠢᠭ ᠢ ᠳᠠᠭᠠᠭᠠᠴᠢᠯᠠᠭᠤᠯᠬᠤ ᠂ ᠠᠳᠠᠯ ᠠᠬᠤᠢ ᠶᠢ ᠲᠦᠷᠢᠶᠡᠰᠦᠯᠡᠭᠦᠯᠬᠦ ᠂ ᠵᠠᠭᠤᠴᠢᠯᠠᠬᠤ ᠦᠢᠯᠡᠴᠢᠯᠡᠭᠡ ᠂ ᠡᠳ᠋ | ᠬᠥᠷᠥᠩᠭᠡ ᠶᠢᠨ ᠬᠡᠷᠡᠭᠯᠡᠬᠦ ᠡᠷᠬᠡ ᠪᠠᠷ ᠬᠤᠪᠢ ᠣᠷᠣᠬᠤ ᠵᠡᠷᠭᠡ ᠠᠶᠤᠯ ᠲᠦᠭᠰᠢᠭᠦᠷᠢ ᠪᠠᠷ ᠨᠡᠯᠢᠶᠡᠳ ᠪᠠᠭ᠎ᠠ ᠂ ᠠᠰᠢᠭ | ᠣᠷᠣᠯᠭ᠎ᠠ ᠨᠢ ᠲᠣᠭᠲᠠᠪᠤᠷᠢᠲᠠᠢ ᠡᠵᠡᠩᠨᠡᠯᠲᠡ ᠶᠢᠨ ᠠᠵᠢᠯᠯᠠᠭ᠎ᠠ ᠶᠢ ᠥᠷᠨᠢᠭᠦᠯᠵᠦ ᠂ ᠬᠠᠮᠲᠤ ᠶᠢᠨ ᠠᠵᠤ ᠠᠬᠤᠢ ᠶᠢᠨ | ᠣᠷᠣᠯᠭ᠎ᠠ ᠪᠠ ᠦᠢᠯᠡᠴᠢᠯᠡᠭᠡ ᠶᠢ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ | ᠪᠦᠷᠢᠨᠰᠢᠭᠦᠯᠵᠦ᠂ ᠬᠠᠮᠲᠤ ᠶᠢᠨ ᠪᠦᠷᠢᠯᠳᠦᠭᠦᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠡᠵᠡᠩᠨᠡᠬᠦ | ᠡᠷᠬᠡ ᠶᠢ ᠭᠦᠢᠴᠡᠳ ᠪᠠᠲᠤᠯᠠᠨ᠎ᠠ ᠃ |